ᠱᠢ ᠼᠦᠢ ᠴᠢᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠠ ᠰᠤᠷᠤᠯᠭ᠎ᠠ ᠪᠠᠨ ᠰᠡᠷᠭᠦᠭᠡᠬᠦ ᠪᠡᠯᠡᠳᠬᠡᠯ ᠠᠵᠢᠯ ᠢ  ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-03-26
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ  ᠤ ᠢᠯᠠᠯᠲᠠ ᠶᠢ ᠴᠤᠬᠢᠨ ᠣᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ  ᠤᠨ ᠪᠠ  ᠲᠡᠭᠡᠳᠦ ᠵᠡᠷᠭᠡ ᠶᠢᠨ ᠭᠤᠷᠪᠠᠳᠤᠭᠠᠷ  ᠤᠨ ᠤ ᠰᠤᠷᠤᠭᠴᠢ ᠶᠢᠨ  ᠡᠮᠬᠢ ᠵᠢᠷᠤᠮ ᠲᠠᠢ᠂ ᠠᠮᠤᠷ ᠲᠦᠪᠰᠢᠨ ᠰᠤᠷᠭᠠᠭᠤᠯᠢ ᠡᠬᠢᠯᠡᠬᠦ ᠶᠢ ᠪᠠᠲᠤᠯᠠᠬᠤ  ᠶᠢᠨ ᠲᠦᠯᠦᠭᠡ᠂ 3 ᠰᠠᠷ᠎ᠠ ᠶᠢᠨ 24 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠼᠦᠢ ᠴᠢᠨ ᠮᠠᠨ ᠤ ᠰᠢᠶᠠᠨ ᠤ ᠡᠯ᠎ᠡ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠤᠯᠭ᠎ᠠ ᠪᠠᠨ ᠰᠡᠷᠭᠦᠭᠡᠬᠦ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠪᠠ ᠠᠷᠠᠳ  ᠲᠦᠮᠡᠨ ᠳᠤ ᠬᠠᠷᠢᠭᠤᠴᠠᠬᠤ ᠦᠨᠳᠦᠷᠴᠡ ᠳᠤ ᠵᠣᠭᠰᠣᠵᠤ᠂ ᠰᠤᠷᠤᠭᠴᠢᠳ ᠲᠤ ᠬᠠᠷᠢᠭᠤᠴᠠᠬᠤ᠂ ᠬᠡᠷ ᠤᠨ ᠠᠬᠠᠮᠠᠳ ᠲᠤ ᠬᠠᠷᠢᠭᠤᠴᠠᠬᠤ᠂ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠢ ᠠᠳᠬᠤᠵᠤ᠂ ᠨᠢᠭᠡ ᠲᠠᠯ᠎ᠠ ᠪᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠳᠬᠤᠵᠤ᠂ ᠨᠠᠷᠢᠯᠢᠬᠵᠢᠭᠤᠯᠤᠨ ᠬᠠᠮᠢᠶᠠᠷᠴᠤ᠂ ᠪᠠᠷᠢᠮᠵᠢᠶᠠᠵᠢᠭᠤᠯᠤᠨ ᠦᠢᠯᠡᠴᠢᠯᠡᠵᠦ᠂ ᠪᠥᠬᠦ ᠰᠢᠶᠠᠨ ᠤ ᠥᠷᠭᠡᠨ ᠣᠯᠠᠨ ᠪᠠᠭᠰᠢ ᠰᠤᠷᠤᠭᠴᠢᠳ ᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠮᠤᠷ ᠲᠦᠪᠰᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ ᠭᠡᠵᠡᠶ᠃     ᠱᠢ ᠼᠦᠢ ᠴᠢᠨ ᠨᠠᠷ ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ᠂ ᠳᠥᠷᠪᠡᠳᠦᠭᠡᠷ ᠳᠤᠮᠳᠠᠳᠤ ᠰᠤᠷᠭᠠᠭᠤᠯᠢ ᠵᠢᠴᠢ ᠬᠤᠩ ᠶᠤᠸᠠᠨ ᠳᠤᠮᠳᠠᠳᠤ ᠰᠤᠷᠭᠠᠭᠤᠯᠢ ᠳᠤ  ᠭᠦᠨᠵᠡᠭᠡᠶᠢᠷᠡᠵᠤ᠂ ᠡᠯ᠎ᠡ ᠰᠤᠷᠭᠠᠭᠤᠯᠢ ᠶᠢᠨ ᠬᠢᠴᠢᠶᠡᠯ ᠤᠨ ᠬᠡᠷ᠂ ᠪᠠᠶᠢᠷᠢ ᠵᠢᠴᠢ ᠰᠤᠷᠤᠭᠴᠢᠳ ᠤᠨ ᠬᠤᠭᠤᠯᠠᠨ ᠬᠡᠷ ᠤᠨ  ᠲᠤᠬᠢᠷᠠᠭᠤᠯᠤᠯᠳᠡ ᠪᠠᠶᠢᠷᠢᠯᠠᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ  ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠤᠷᠭᠠᠭᠤᠯᠢ ᠶᠢᠨ ᠬᠦᠷᠢᠶᠡᠨ ᠤ  ᠠᠷᠢᠭᠤᠳᠬᠠᠯ᠂ ᠪᠠᠶᠢᠷᠢ ᠶᠢᠨ ᠬᠠᠮᠢᠶᠠᠷᠤᠯᠲᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠬᠦ᠂ ᠰᠤᠷᠭᠠᠭᠤᠯᠢ ᠶᠢᠨ ᠡᠮᠴᠢ ᠶᠢ ᠪᠣᠳᠠᠲᠠᠶᠢᠵᠢᠭᠤᠯᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃     ᠱᠢ ᠼᠦᠢ ᠴᠢᠨ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠨᠢ ᠲᠦᠭ ᠲᠦᠮᠡᠨ ᠠᠶᠢᠯ  ᠡᠷᠦᠬᠡ ᠳᠤ ᠬᠤᠯᠪᠣᠭᠳᠠᠨ᠎ᠠ᠂ ᠰᠤᠷᠭᠠᠭᠤᠯᠢ ᠳᠤ ᠣᠷᠣᠬᠤ ᠪᠣᠭᠤᠮᠲᠠ ᠶᠢ ᠴᠢᠩᠭ᠎ᠠ ᠡᠵᠡᠮᠳᠡᠵᠦ᠂ ᠬᠠᠮᠢᠶ᠎ᠠ ᠪᠥᠬᠦᠶ  ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠡᠭᠦᠳᠡᠨ ᠡᠮᠦᠨᠡᠬᠢ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠴᠡᠭ ᠪᠠ ᠲᠦᠷ ᠴᠠᠭ ᠤᠨ ᠠᠵᠢᠭᠯᠠᠬᠤ ᠲᠠᠰᠤᠭ ᠢ ᠵᠢᠷᠤᠮᠵᠢᠭᠤᠯᠤᠨ ᠪᠠᠶᠢᠷᠢᠯᠠᠭᠤᠯᠵᠤ᠂ ᠰᠤᠷᠭᠠᠭᠤᠯᠢ ᠳᠤ ᠣᠷᠣᠬᠤ ᠶᠠᠪᠤᠴᠠ ᠶᠢ ᠴᠢᠩᠳᠠᠯᠠᠵᠤ᠂ ᠰᠤᠷᠭᠠᠭᠤᠯᠢ ᠳᠤ ᠣᠷᠣᠬᠤ ᠠᠴᠠ ᠡᠮᠦᠨᠡᠬᠢ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠠᠵᠢᠯ ᠢ ᠵᠢᠷᠤᠮᠵᠢᠯ ᠲᠠᠢ ᠰᠠᠶᠢᠲᠤᠷ ᠬᠢᠵᠦ᠂ ᠬᠠᠮᠢᠶ᠎ᠠ ᠥᠬᠡᠶ ᠬᠥᠮᠦᠰ ᠤᠨ ᠰᠤᠷᠭᠠᠭᠤᠯᠢ ᠳᠤ ᠣᠷᠣᠬᠤ ᠶᠢ ᠡᠷᠡᠰ ᠬᠤᠷᠢᠭᠯᠠᠬᠤ ᠬᠡᠷᠡᠭᠲᠡᠶ︔ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠡᠯ᠎ᠡ ᠬᠤᠯᠪᠣᠭᠳᠠᠯ ᠪᠥᠬᠦᠶ ᠬᠠᠷᠢᠭᠤᠴᠠᠯᠭᠠᠲᠤ  ᠤᠳᠤᠷᠢᠳᠤᠯᠭ᠎ᠠ᠂ ᠬᠠᠷᠢᠭᠤᠴᠠᠯᠭᠠᠲᠠᠨ ᠨᠢ ᠡᠷᠬᠡᠪᠰᠢ ᠠᠵᠢᠯ ᠤᠨ ᠪᠠᠶᠢᠷᠢ ᠳᠠᠭᠠᠨ ᠬᠦᠷᠴᠦ᠂ ᠲᠠᠷᠠᠬᠠᠶ ᠪᠤᠲᠠᠷᠬᠠᠶ ᠰᠤ‌‍ᠷᠭᠠᠭᠤᠯᠢ ᠳᠤ ᠣᠷᠣᠬᠤ᠂ ᠡᠷᠡᠭᠦᠯ ᠢᠶᠠᠷ ᠰᠤᠷᠭᠠᠭᠤᠯᠢ ᠳᠤ ᠣᠷᠣᠬᠤ᠂ ᠠᠮᠤᠷ ᠲᠦᠪᠰᠢᠨ ᠢᠶᠠᠷ ᠰᠤᠷᠭᠠᠭᠤᠯᠢ ᠳᠤ ᠣᠷᠣᠬᠤ᠂ ᠡᠮᠬᠢ ᠵᠢᠷᠤᠮ ᠲᠠᠢ ᠰᠤᠷᠭᠠᠭᠤᠯᠢ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ᠃      ᠱᠢ ᠼᠦᠢ ᠴᠢᠨ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠢᠵᠢᠭ  ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠪᠡᠯᠡᠳᠬᠡᠯ ᠲᠥᠰᠦᠯ ᠢ ᠰᠠᠶᠢᠲᠤᠷ ᠬᠢᠵᠦ᠂ ᠠᠵᠢᠯ ᠤᠨ  ᠬᠦᠴᠦᠨ ᠢ ᠲᠣᠬᠢᠷᠠᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠨ᠂ ᠰᠡᠷᠭᠡᠶᠢᠯᠡᠨ ᠡᠵᠡᠮᠳᠡᠬᠦ  ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ  ᠰᠢᠢᠳᠪᠤᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠰᠢᠢᠳᠪᠤᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠡᠯ᠎ᠡ ᠰᠤᠷᠭᠠᠭᠤᠯᠢ ᠨᠤᠭᠤᠳ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ  ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠰᠤᠷᠭᠠᠭᠤᠯᠢ ᠶᠢᠨ ᠪᠠᠭᠰᠢ ᠠᠵᠢᠯᠲᠠᠨ᠂ ᠬᠤᠭᠤᠯᠠᠨ ᠭᠡᠷ  ‍ᠤᠨ‌ᠠᠵᠢᠯᠯᠠᠭᠴᠢ᠂ ᠬᠤᠭᠤᠯᠠ ᠲᠣᠬᠢᠷᠠᠭᠤᠯᠬᠤ  ᠤᠶᠢᠯᠡᠴᠢᠯᠡᠭᠡᠨ ᠤ ᠠᠵᠢᠯᠲᠠᠨ᠂ ᠠᠷᠢᠭᠤᠨ ᠴᠡᠪᠡᠷ ᠤᠨ ᠠᠵᠢᠯᠲᠠᠨ ᠵᠡᠷᠭᠡ ᠳᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠰᠡᠷᠭᠡᠶᠢᠯᠡᠨ ᠡᠵᠡᠮᠳᠡᠬᠦ  ᠪᠠᠶᠢᠷᠢᠯᠠᠭᠤᠯᠤᠯᠳᠡ ᠶᠢ ᠪᠣᠳᠠᠲᠠᠶᠢᠵᠢᠭᠤᠯᠬᠤ ᠪᠠ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠱᠢ ᠼᠦᠢ ᠴᠢᠨ ᠱᠠᠭᠠᠷᠳᠠᠭᠰᠠᠨ ᠨᠢ᠂ ᠬᠠᠮᠢᠶ᠎ᠠ ᠪᠥᠬᠦᠶ ᠰᠠᠯᠠᠭ᠎ᠠ ᠮᠥᠴᠢᠷ ᠡᠯ᠎ᠡ ᠰᠤᠷᠭᠠᠭᠤᠯᠢ ᠶᠢᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠡᠳ᠋ ᠪᠣᠳᠠᠰ ᠤᠨ ᠬᠠᠮᠢᠶᠠᠷᠤᠯᠲᠠ ᠪᠠ ᠲᠣᠬᠢᠷᠠᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠴᠢᠩᠭᠠᠳᠬᠠᠬᠤ  ᠬᠡᠷᠡᠭᠳᠡᠢ︔ ᠡᠯ᠎ᠡ ᠰᠤᠷᠭᠠᠭᠤᠯᠢ ᠨᠤᠭᠤᠳ ᠡᠳᠦᠷ ᠲᠤᠲᠤᠮ ᠤᠨ ᠠᠷᠢᠭᠤᠨ ᠴᠡᠪᠡᠷ᠂ ᠠᠷᠢᠭᠤᠳᠬᠠᠯ᠂ ᠰᠠᠯᠬᠢ ᠨᠡᠪᠲᠡᠷᠡᠭᠦᠯᠬᠦ ᠳᠦᠷᠢᠮ  ᠢ ᠪᠠᠶᠢᠭᠤᠯᠤᠨ ᠪᠦᠷᠢᠨᠰᠢᠭᠦᠯᠵᠦ᠂ ᠠᠩᠭᠢ ᠶᠢᠨ ᠭᠡᠷ᠂ ᠪᠠᠶᠢᠷᠢ ᠶᠢᠨ ᠭᠡᠷ᠂ ᠠᠯᠪᠠᠨ ᠭᠡᠷ᠂ ᠬᠤᠭᠤᠯᠠᠨ ᠭᠡᠷ᠂ ᠠᠰᠠᠷ ᠤᠨ ᠱᠠᠲᠤ᠂ ᠵᠣᠷᠯᠣᠩ ᠵᠡᠷᠭᠡ ᠭᠤᠤᠯᠳᠠᠯᠭ᠎ᠠ ᠲᠠᠢ ᠬᠡᠰᠡᠭ ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ  ᠰᠡᠷᠭᠡᠶᠢᠯᠡᠨ ᠡᠵᠡᠮᠳᠡᠬᠦ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠤᠭᠤᠮ ᠢ ᠪᠠᠲᠤ ᠪᠠᠬᠢ ᠪᠤᠢ ᠪᠣᠯᠭᠠᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ᠂ ᠠᠮᠢ ᠨᠠᠰᠤᠨ ᠤ ᠠᠮᠤᠷ ᠲᠦᠪᠰᠢᠨ ᠪᠠ ᠬᠡᠪ ᠤᠨ  ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ  ᠪᠤᠯᠵᠤ ᠪᠠᠶᠢᠴᠠᠭᠠᠪᠠ᠃ ︵ᠰᠤᠷᠪᠤᠯᠵᠢᠯᠠᠭᠴᠢ ᠱᠠᠩ ᠶᠦᠨ ᠰᠢᠶᠠ︶                         ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ                         ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2