3 ᠰᠠᠷ᠎ᠠ ᠶᠢᠨ 27 ᠤ ᠦᠳᠡ ᠡᠮᠦᠨ᠎ᠡ᠂ ᠳᠤᠮᠳᠠᠳᠤ ᠤᠯᠤᠰ ᠠᠴᠠ ᠡᠪ ᠬᠠᠮᠲᠤ ᠨᠠᠮ ᠤᠨ ᠯᠢᠶᠠᠩᠴᠧᠩ | ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠬᠤᠷᠠᠯᠳᠤᠪᠠ᠃ ᠬᠤᠷᠠᠯ ᠤᠨ ᠭᠤᠤᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 2019 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠡᠷᠭᠢᠴᠡᠭᠦᠯᠵᠦ᠂ 2020 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | | | | | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ | ᠳ᠋ᠠᠢ ᠴᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠮᠠ ᠶᠦᠩ ᠽᠠᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠨ ᠺᠤᠸᠠᠨ | ᠬᠤᠷᠠᠯ ᠳᠤ ᠣᠷᠣᠯᠴᠠᠵᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠭᠤᠷᠪᠠᠳᠤᠭᠠᠷ ᠲᠠᠰᠤᠭ ᠤᠨ ᠡᠷᠬᠢᠯᠡᠭᠴᠢ ᠸᠠᠩ ᠸᠧᠢ ᠪᠢᠩ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠦᠷᠪᠡᠨ ᠶᠡᠭᠡ ᠤᠳᠤᠷᠢᠳᠬᠤ ᠪᠠᠭ ᠤᠨ ᠰᠢᠶᠠᠨ ᠳᠠᠭᠠᠨ | ᠪᠠᠶᠢᠭ᠎ᠠ ᠤᠳᠤᠷᠢᠳᠤᠯᠭ᠎ᠠ ᠤᠷᠤᠯᠴᠠᠵᠦ᠂ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ᠂ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠤᠷᠠᠯ ᠳᠤ | ᠣᠷᠣᠯᠴᠠᠪᠠ᠃ | ᠸᠠᠩ ᠸᠧᠨᠵᠢᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠳᠡ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠳᠡᠭᠡᠳᠦ | ᠱᠠᠲᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ | ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠤᠯᠤᠰ | ᠲᠦᠷᠦ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ | ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠤᠨ ᠰᠤᠷᠲᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠢᠳᠬᠡᠵᠦ᠂ | ᠮᠠᠨ ᠤ ᠰᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠣᠯᠵᠠᠢ᠃ | ᠸᠠᠩ ᠸᠧᠨ ᠴᠢᠬᠤᠯᠠᠴᠢᠯᠠᠭᠰᠠᠨ ᠨᠢ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ᠂ ᠠᠩᠬᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠡᠴᠦᠰ ᠤᠨ ᠵᠢᠯ ᠪᠣᠯᠤᠨ᠎ᠠ᠃ | ᠪᠢᠳᠡ ᠣᠳᠣᠬᠠᠨ ᠤ ᠪᠠᠶᠢᠳᠠᠯ ᠡᠭᠦᠷᠭᠡ ᠶᠢ ᠲᠣᠳᠣᠷᠬᠠᠶ ᠲᠠᠨᠢᠵᠤ᠂ ᠯᠠᠪᠳᠠᠭᠤᠨ ᠲᠣᠭᠲᠠᠭᠤᠨ ᠪᠠᠶᠢᠵᠤ᠂ ᠯᠠᠪᠳᠠᠭᠤᠨ | ᠲᠣᠭᠲᠠᠭᠤᠨ ᠢᠶᠠᠷ ᠠᠷᠭᠠᠴᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠤᠶᠢᠯᠡᠳᠤᠯᠭᠡᠵᠢᠭᠦᠯᠵᠦ᠂ ᠤᠯᠤᠰ | ᠲᠦᠷᠦ ᠶᠢᠨ ᠬᠢᠨᠠᠯᠳᠡ ᠶᠢ ᠨᠠᠷᠢᠯᠢᠭ ᠣᠨᠣᠴᠠᠲᠠᠶ ᠪᠦᠲᠦᠮᠵᠢᠲᠡᠶ ᠴᠢᠩᠭᠠᠳᠬᠠᠵᠤ᠂ ᠲᠤᠭᠤᠰᠢᠯᠠᠭᠤᠯᠬᠤ ᠶᠢ ᠵᠥᠪᠬᠡᠨ | ᠣᠪᠣᠷ ᠢᠶᠠᠨ ᠢᠯᠡᠳᠭᠡᠭᠡᠳᠨᠠᠶᠢᠳᠠᠪᠤᠷᠢᠵᠢᠭᠤᠯᠬᠤ ᠦᠭᠡᠢ᠂ ᠡᠷᠡᠰ ᠰᠢᠭᠤᠷᠬᠠᠶ ᠬᠡᠷᠡᠭᠵᠢᠭᠦᠯᠬᠦ ᠦᠭᠡᠢ ᠪᠠᠶᠢᠬᠤ ᠵᠡᠷᠭᠡ | ᠠᠰᠠᠭᠤᠳᠠᠯ ᠢ ᠬᠦᠴᠦᠯᠡᠨ ᠰᠢᠢᠳᠪᠤᠷᠢᠯᠡᠬᠦ ᠬᠡᠷᠡᠭᠲᠡᠶ᠃ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ | ᠦᠵᠡᠯ ᠰᠠᠨᠠᠭ᠎ᠠ ᠤᠬᠠᠮᠰᠠᠷᠲᠤ ᠴᠢᠨᠠᠷ ᠢᠶᠠᠨ ᠲᠠᠰᠤᠷᠠᠯᠲᠠ ᠦᠬᠡᠢ ᠴᠢᠩᠭᠠᠳᠬᠠᠵᠤ᠂ ᠤᠯᠤᠰ ᠲᠦᠷᠦ ᠶᠢᠨ | ᠬᠢᠨᠠᠯᠲᠠ ᠶᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠨ᠎ᠠ︔ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠬᠤ ᠬᠡᠷᠡᠭᠲᠡᠢ︔ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠤᠨ ᠬᠢᠨᠠᠯᠲᠠ ᠶᠢ ᠴᠢᠩᠭᠠᠳᠬᠠᠨ᠎ᠠ᠃ ︽ᠴᠢᠩᠭ᠎ᠠ︾ | ᠶᠢᠨ ᠭᠤᠣᠯ ᠬᠦᠭ ᠠᠶᠠᠰ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠰᠠᠶᠢᠲᠤᠷ ᠬᠢᠬᠦ ᠶᠢ ᠪᠠᠷᠢᠮᠳᠠᠯᠠᠵᠤ᠂ | ᠴᠥᠬᠦᠷᠡᠰᠢ ᠦᠭᠡᠢ ᠤᠷᠤᠭᠰᠢᠯᠠᠨ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠵᠦ ᠰᠠᠬᠢᠯᠭ᠎ᠠ ᠪᠠᠲᠤ ᠶᠢ | ᠴᠢᠩᠳᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠢᠯᠵᠢᠷᠡᠯ ᠢ ᠵᠠᠯᠬᠠᠭᠠᠨ | ᠰᠢᠳᠬᠡᠬᠦ ᠥᠨᠳᠥᠷ ᠳᠠᠷᠤᠯᠲᠠ ᠶᠢ ᠪᠠᠲᠤᠯᠠᠵᠤ᠂ ᠬᠢᠨᠠᠯᠲᠠ ᠲᠠᠯᠪᠢᠬᠤ ᠰᠢᠰᠲ᠋ᠧᠮ ᠤᠨ ᠰᠢᠨ᠎ᠡ ᠶᠢ ᠡᠭᠦᠳᠬᠦ ᠶᠢ | ᠠᠬᠢᠭᠤᠯᠬᠤ ᠬᠡᠷᠡᠭᠲᠡᠢ ᠭᠡᠪᠡ᠃ | ᠸᠠᠩ ᠸᠧᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠠᠷᠢᠨ ᠬᠢᠨᠠᠮᠠᠭᠠᠢ ᠬᠠᠷᠢᠭᠤᠴᠠᠯᠭ᠎ᠠ ᠡᠭᠦᠷᠭᠡᠯᠡᠨ | ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠦᠬᠦ | ᠰᠢᠶᠠᠨ ᠤ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠩ ᠥᠨᠳᠥᠷ ᠤᠯᠤᠰ ᠲᠦᠷᠦ ᠶᠢᠨ ᠵᠣᠭᠰᠣᠴᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠦᠵᠡᠯ | ᠰᠠᠨᠠᠭᠠᠨ ᠤ ᠬᠥᠮᠦᠵᠢᠯ ᠴᠢᠩᠭ᠎ᠠ ᠪᠠᠶᠢᠬᠤ᠂ ᠬᠢᠨᠠᠯᠲᠠ ᠬᠠᠮᠢᠶᠠᠷᠤᠯᠲᠠ ᠴᠢᠩᠭ᠎ᠠ ᠪᠠᠶᠢᠬᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ᠂ ᠢᠯᠵᠢᠷᠡᠯ ᠢ ᠵᠠᠯᠬᠠᠭᠠᠨ ᠰᠢᠳᠬᠡᠬᠦ ᠴᠢᠩᠭ᠎ᠠ ᠪᠠᠶᠢᠬᠤ ᠶᠢ ᠪᠡᠶᠡᠯᠡᠭᠦᠯᠬᠦ ᠶᠢᠨ ᠬᠠᠮᠲᠤ | ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠ ᠶᠢ ᠢᠯᠭᠠᠨ ᠰᠠᠯᠭᠠᠬᠤ︾ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ᠃ ᠵᠢᠴᠢ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠬᠤ ᠲᠤᠬᠠᠶ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠡᠷᠡᠭᠵᠢᠭᠦᠯᠬᠦ ᠰᠠᠨᠠᠯ︾᠂ ︽ᠭᠦᠳᠬᠡᠨ ᠵᠠᠭᠠᠯᠳᠤᠵᠤ ᠭᠦᠵᠢᠷᠯᠡᠨ | ᠬᠤᠤᠷᠯᠠᠭᠰᠠᠨ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠯᠲᠡ ᠶᠢ ᠪᠠᠶᠢᠴᠠᠭᠠᠨ ᠰᠢᠢᠳᠪᠤᠷᠢᠯᠡᠵᠦ ᠺᠠᠳ᠋ᠷ ᠤᠨ | ᠨᠡᠷ᠎ᠡ ᠶᠢ ᠲᠥᠪ ᠪᠤᠯᠭᠠᠬᠤ ᠲᠤᠬᠠᠶ ᠬᠡᠷᠡᠭᠵᠢᠭᠦᠯᠬᠦ ᠠᠷᠭ᠎ᠠ︾᠂ ︽ᠤᠯᠠᠭᠠᠨᠴᠠᠪ ᠬᠤᠲᠠ ᠶᠢᠨ ᠨᠠᠮ ᠵᠠᠰᠠᠭ ᠤᠨ | ᠺᠠᠳ᠋ᠷ ᠤᠨ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ | ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ᠂ ᠵᠣᠷᠢᠭᠲᠠᠶ ᠬᠢᠵᠦ ᠵᠣᠷᠢᠭᠲᠠᠶ ᠠᠵᠢᠯᠯᠠᠭᠰᠠᠳ ᠤᠨ ᠠᠯᠳᠠᠭ᠎ᠠ ᠪᠤᠷᠤᠭᠤ ᠶᠢ | ᠵᠠᠯᠠᠷᠠᠭᠤᠯᠬᠤ ᠳᠤ᠂ ᠠᠵᠢᠯ ᠬᠢᠭᠰᠡᠳ ᠲᠤ ᠲᠦᠰᠢᠭ ᠪᠣᠯᠵᠤ᠂ ᠭᠦᠳᠬᠡᠨ ᠵᠠᠭᠠᠯᠳᠤᠭᠴᠢ ᠳᠤ ᠰᠡᠯᠡᠮ᠎ᠡ ᠦᠵᠡᠭᠦᠯᠬᠦ | ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠦᠬᠦ ᠲᠠᠯ᠎ᠠ ᠶᠢᠨ | ᠬᠠᠷᠢᠭᠤᠴᠠᠯᠭ᠎ᠠ ᠪᠣᠯᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠢᠯᠵᠠᠷᠠᠯ ᠢ ᠡᠰᠡᠷᠭᠦᠴᠡᠬᠦ | ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠦ᠂ | ᠭᠤᠤᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠬᠡᠷᠡᠭ ᠢ ᠪᠡᠶ᠎ᠡ ᠪᠠᠷ ᠨᠢ ᠰᠢᠪᠠᠳᠠᠨ | ᠰᠢᠢᠳᠪᠤᠷᠢᠯᠡᠭᠦᠯᠬᠦ ᠬᠡᠷᠡᠭᠲᠡᠶ᠃ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠦᠷᠦᠭᠦᠯᠡᠨ ᠨᠠᠮ ᠤᠨ ᠤᠯᠤᠰ ᠲᠦᠷᠦ ᠶᠢᠨ | ᠪᠠᠶᠢᠭᠤᠯᠤᠯᠳᠡ ᠶᠢ ᠴᠢᠩᠭᠠᠳᠬᠠᠵᠤ᠂ ᠡᠷᠬᠡ ᠶᠢᠨ ᠬᠡᠪᠴᠢᠶ᠎ᠡ᠂ ᠲᠦᠷᠢᠮ ᠲᠣᠭᠲᠠᠭᠠᠯ᠂ ᠵᠢᠷᠤᠮ ᠢ ᠴᠢᠩᠭ᠎ᠠ ᠵᠢᠷᠤᠮᠯᠠᠨ | ᠠᠵᠢᠯ ᠢᠶᠠᠨ ᠥᠷᠨᠢᠭᠦᠯᠵᠦ᠂ ᠲᠤᠰ ᠪᠡᠶ᠎ᠡ ᠶᠢᠨ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ | ᠲᠤᠳᠤᠭᠠᠳᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠰᠠᠬᠢᠯᠭ᠎ᠠ | ᠪᠠᠲᠤ ᠶᠢ ᠵᠥᠷᠢᠴᠡᠭᠰᠡᠨ ᠪᠠ ᠬᠠᠤᠯᠢ ᠴᠠᠭᠠᠵᠠ ᠶᠢ ᠵᠥᠷᠢᠴᠡᠭᠰᠡᠳ ᠲᠤ ︽ᠥᠴᠦᠬᠡᠨ ᠴᠦ ᠢᠯᠳᠠᠷ ᠬᠠᠶᠠᠬᠤ ᠦᠭᠡᠢ︾ | ᠪᠠᠶᠢᠵᠤ᠂ ︽ᠳ᠋ᠧᠩ ᠤᠨ ᠳᠣᠤᠷ᠎ᠠ ᠬᠠᠷᠠᠩᠭᠤᠶ ᠪᠠᠶᠢᠬᠤ︾ ᠶᠢ ᠡᠷᠡᠰ ᠰᠡᠷᠭᠡᠶᠢᠯᠡᠬᠦ ᠬᠡᠷᠡᠭᠲᠡᠶ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠰᠠᠬᠢᠯᠭ᠎ᠠ ᠪᠠᠲᠤ ᠪᠠᠷ | ᠥᠪᠡᠷ ᠢ ᠪᠠᠨ ᠱᠠᠭᠠᠷᠳᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨᠴᠢᠳᠠᠪᠤᠷᠢ ᠪᠠᠨ | ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠤᠷᠢᠭᠳᠠᠢ | ᠲᠡᠮᠡᠴᠡᠬᠦ ᠳᠡᠭᠡᠨ ᠴᠢᠳᠠᠮᠠᠭᠠᠢ ᠪᠠᠶᠢᠯᠳᠤᠭᠴᠢ ᠪᠣᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᡁᠢ ᠭᠠᠩ ᠯᠢᠶᠠᠩᠴᠧᠩ | ᠰᠢᠶᠠᠨ ᠤ ᠠᠷᠪᠠ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢ ᠲᠦᠯᠦᠭᠡᠯᠡᠨ ︽ᠬᠢᠨᠠᠯᠲᠠ ᠲᠠᠯᠪᠢᠬᠤ ᠲᠤᠰᠬᠠᠶ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ | ᠭᠦᠢᠴᠡᠳᠭᠡᠵᠦ ᠴᠠᠭ ᠦᠶ ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ︾ ᠭᠡᠬᠦ ᠰᠡᠳᠦᠪ | ᠲᠠᠢ ᠠᠵᠢᠯ ᠤᠨ ᠮᠡᠳᠡᠭᠦᠯᠦᠯᠲᠡ ᠬᠢᠪᠠ᠃ ᠢᠯᠡᠳᠬᠡᠯ ᠳᠤ 2019 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ | ᠡᠨᠡ ᠵᠢᠯ ᠤᠨ ᠠᠵᠢᠯ ᠤᠨ ᠭᠤᠤᠯ ᠡᠭᠦᠷᠭᠡ ᠶᠢ ᠳᠤᠷᠠᠳᠤᠨ ᠭᠠᠷᠭᠠᠪᠠ᠃ 2020 ᠤᠨ ᠪᠣᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ | ᠵᠢᠯ ᠪᠣᠯᠤᠨ᠎ᠠ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠴᠢᠩᠭ᠎ᠠ︾ ᠪᠠᠶᠢᠬᠤ ᠭᠤᠤᠯ | ᠬᠥᠭ ᠠᠶᠠᠰ ᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠲᠦᠷᠢᠮ ᠪᠠ ᠦᠨᠳᠦᠰᠦᠨ ᠬᠠᠤᠯᠢ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠰᠢᠶᠠᠨ ᠤ ᠨᠠᠮ ᠤᠨ ᠬᠤᠷᠢᠶ᠎ᠠ ᠶᠢ | ᠬᠠᠪᠰᠤᠷᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠪᠠ ᠤᠯᠤᠰ ᠤᠨ ᠬᠢᠨᠠᠯᠲᠠ | ᠲᠠᠯᠪᠢᠬᠤ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ | ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠴᠢᠳᠠᠬᠤ | ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠ ᠪᠠᠷ ᠲᠦᠯᠬᠢᠨ ᠠᠬᠢᠭᠤᠯᠵᠤ᠂ ᠬᠢᠨᠠᠯᠲᠠ | ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠬᠤᠷᠠᠯ ᠳᠡᠭᠡᠷ᠎ᠡ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠦᠪᠯᠡᠯ ᠲᠦᠯᠬᠢᠨ ᠠᠬᠢᠭᠤᠯᠵᠤ᠂ ᠬᠢᠨᠠᠯᠲᠠ ᠲᠠᠯᠪᠢᠵᠤ ᠪᠠᠲᠤᠯᠠᠨ ᠬᠡᠷᠡᠭᠵᠢᠭᠦᠯᠬᠦ᠂ ᠲᠡᠭᠦᠯᠳᠡᠷᠵᠢᠭᠦᠯᠦᠨ | ᠬᠥᠭᠵᠢᠭᠦᠯᠬᠦ ᠶᠢ ᠠᠬᠢᠭᠤᠯᠬᠤ ᠤᠶᠢᠯᠡᠳᠤᠯ ᠢ ᠭᠦᠢᠴᠡᠳ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ | ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠵᠤ᠂ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ | ᠲᠣᠭᠲᠠᠭᠠᠭᠰᠠᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ ᠪᠠ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠭᠡᠰᠢᠭᠦᠨ ᠪᠢᠰᠢ ᠰᠢᠶᠠᠩ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ | ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠵᠤᠶᠢᠯ ᠤᠨ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ᠂ | ᠰᠢᠶᠠᠨ ᠤ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠂ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠪᠠᠶᠢᠭᠤᠯᠭ᠎ᠠ ᠶᠢᠨ ᠡᠯ ᠡ ᠶᠠᠮᠤᠨ ᠲᠠᠰᠤᠭ ︵ᠲᠥᠪ | ︶ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ︵ᠰᠤᠷᠪᠤᠯᠵᠢᠯᠠᠭᠴᠢ ᠸᠠᠩ ᠪᠢᠨ᠂ ᠯᠢ ᠰᠢᠶᠣᠤ | ᠾᠦᠢ᠂ ᠸᠠᠩ ᠭᠦᠸᠧ ᠵᠢᠶᠦ᠋ᠨ︶ | | | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ | ᠬᠢᠨᠠᠭᠴᠢ᠄ ᠶᠠᠩ ᠸᠧᠨ ᠵᠢᠶᠦ᠋ᠨ ᠯᠢ ᠵᠢᠶᠠᠨ ᠹᠠᠩ ᠭᠤᠤ ᠸᠧᠶ |