ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ  ᠵᠤᠶᠢᠯ ᠤᠨ ᠬᠤᠯᠪᠣᠭᠳᠠᠯ ᠪᠦᠬᠦᠢ  ᠵᠤᠶᠢᠯᠡᠰ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-03-05
ᠸᠠᠩ ᠸᠧᠨ ᠲᠤᠰᠬᠠᠶ ᠰᠡᠳᠦᠪᠲᠦ ᠬᠤᠷᠠᠯ ᠢ ᠡᠷᠬᠢᠯᠡᠨ‌ᠬᠤᠷᠠᠯᠳᠤᠭᠤᠯᠵᠤ        ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ  ᠵᠤᠶᠢᠯ ᠤᠨ ᠬᠤᠯᠪᠣᠭᠳᠠᠯ ᠪᠦᠬᠦᠢ  ᠵᠤᠶᠢᠯᠡᠰ ᠢ ᠰᠤᠳᠤᠯᠤᠨ ᠪᠠᠶᠢᠷᠢᠯᠠᠭᠤᠯᠪᠠ     3 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠲᠤᠰᠬᠠᠶ ᠰᠡᠳᠦᠪᠲᠦ ᠬᠤᠷᠠᠯ ᠢ  ᠡᠷᠬᠢᠯᠡᠨ ᠬᠤᠷᠠᠯᠳᠤᠭᠤᠯᠵᠤ᠂ 2020 ᠣᠨ ᠤ  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ  ᠵᠤᠶᠢᠯ ᠤᠨ ᠬᠤᠯᠪᠣᠭᠳᠠᠯ ᠪᠥᠬᠦᠶ ᠵᠤᠶᠢᠯᠡᠰ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ᠂  ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠢᠶᠠ ᠰᠢᠶᠤᠤ ᠫᠢᠩ ᠬᠤᠷᠠᠯ ᠳᠤ ᠣᠷᠣᠯᠴᠠᠪᠠ᠃
         ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠨᠠᠭᠤᠷ ᠬᠤᠶᠠᠷ ᠲᠠᠯᠠᠢ︾  ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠤᠬᠠᠢ ᠴᠢᠬᠤᠯᠠ ᠵᠢᠭᠠᠪᠤᠷᠢ  ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠭ᠎ᠠ ᠶᠢᠨ  ᠨᠠᠭᠤᠷ ᠤᠰᠤᠨ ᠤ ᠠᠮᠢ ᠠᠬᠤᠢ ᠶᠢᠨ ᠵᠠᠰᠠᠯᠲᠠ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠵᠠᠰᠠᠵᠤ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ  ᠵᠠᠰᠠᠵᠤ᠂ ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ ᠠᠴᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠵᠠᠰᠠᠯᠲᠠ ᠶᠢᠨ ᠠᠵᠢᠯ ᠢ  ᠦᠷᠬᠦᠯᠵᠢᠯᠡᠨ ᠠᠬᠢᠭᠤᠯᠵᠤ᠂ ︽ᠲᠦᠷᠪᠡ ᠶᠢ ᠡᠵᠡᠮᠳᠡᠵᠦ ᠭᠤᠷᠪᠠ ᠶᠢ ᠰᠢᠢᠳᠪᠦᠷᠢᠯᠡᠬᠦ︾ ᠲᠦᠷᠦᠯ ᠵᠦᠢᠯ ᠤᠨ ᠠᠬᠢᠴᠠ ᠶᠢ  ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠠᠮᠢᠳᠤᠷᠠᠯ ᠵᠡᠷᠭᠡ ᠪᠣᠬᠢᠷᠲᠤᠯ ᠤᠨ  ᠳᠠᠭ᠎ᠠ ᠶᠢᠨ ᠨᠠᠭᠤᠷ ᠲᠤ ᠦᠵᠡᠭᠦᠯᠬᠦ ᠨᠥᠯᠥᠭᠡ ᠶᠢ ᠡᠬᠢ ᠡᠭᠦᠰᠦᠯ ᠠᠴᠠ ᠨᠢ ᠲᠠᠰᠤᠯᠬᠤ ᠬᠡᠷᠡᠭᠲᠡᠢ᠃  ᠲᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂  ᠲᠡᠭᠡᠳᠦ ᠱᠠᠲᠤᠨ ᠤ  ᠲᠦᠷᠦᠯ  ᠵᠤᠶᠢᠯ ᠤᠨ ᠳᠡᠮᠵᠢᠯᠭᠡ ᠶᠢ ᠴᠢᠷᠮᠠᠶᠢᠨ ᠣᠯᠵᠤ᠂ ᠪᠡᠯᠡ ᠮᠥᠩᠭᠦ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠵᠠᠰᠠᠬᠤ ᠠᠵᠢᠯ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠪᠣᠯᠤᠨ  ᠤᠶᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠲᠤᠰ ᠲᠤᠰ ᠤᠨ  ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤᠪᠠᠷ ᠬᠠᠮᠵᠢᠯᠴᠠᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠵᠠᠰᠠᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠴᠠᠭ ᠬᠤᠭᠤᠴᠠᠭ᠎ᠠ ᠪᠣᠯᠤᠨ ᠠᠬᠢᠴᠠ ᠶᠢᠨ ᠱᠠᠭᠠᠷᠳᠠᠯᠭ᠎ᠠ ᠶᠣᠰᠣᠭᠠᠷ ᠥᠨᠳᠥᠷ ᠪᠦᠲᠦᠮᠵᠢᠲᠡᠢ ᠬᠡᠷᠡᠭᠵᠢᠭᠦᠯᠵᠦ᠂ ᠲᠥᠯᠥᠪᠵᠢᠭᠦᠯᠭᠡ ᠶᠢᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ ︵ᠰᠤᠷᠪᠤᠯᠵᠢᠯᠠᠭᠴᠢ ᠴᠧᠨ ᠶᠦᠨ   ᠱᠠᠩ ᠶᠦᠨ ᠰᠢᠶᠠ︶                            ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                            ᠤᠷᠴᠢᠭᠤᠯᠤᠭᠴᠢ᠄ ᠼᠦᠢ ᠴᠢᠩ                            ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2