ᠠᠰᠠᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ | ᠬᠤᠭᠤᠴᠠᠭᠠᠨ ᠳᠤ᠂ ᠬᠡᠷ ᠪᠦᠯᠢ ᠶᠢᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ ᠳᠤ ᠶᠠᠭᠤ ᠶᠢ | ᠠᠩᠬᠠᠷᠬᠤ ᠴᠢᠬᠤᠯᠠᠳᠠᠢ ᠪᠤᠢ︖ | ᠬᠠᠷᠢᠭᠤᠯᠲᠠ᠄ 1. ᠵᠢᠩᠬᠢᠨᠢ ᠬᠠᠮ ᠳᠡᠯᠭᠡᠭᠦᠷ᠂ ᠨᠣᠭᠤᠭ᠎ᠠ ᠶᠢᠨ ᠳᠡᠯᠭᠡᠭᠦᠷ ᠵᠡᠷᠭᠡ ᠳᠤ ᠬᠦᠷᠴᠦ ᠢᠳᠡᠭᠡᠨ ᠤ | ᠮᠠᠲ᠋ᠧᠷᠢᠶᠠᠯ ᠬᠤᠳᠠᠯᠳᠤᠨ ᠠᠪᠬᠤ ᠶᠢᠨ ᠬᠠᠮᠲᠤ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ | ᠬᠡᠷᠡᠭᠲᠡᠶ᠃ ᠬᠡᠭᠡᠷ᠎ᠡ ᠶᠢᠨ ᠠᠮᠢᠲᠠᠨ ᠢ ᠬᠤᠳᠠᠯᠳᠤᠨ ᠠᠪᠬᠤ ᠪᠤᠶᠤ ᠢᠳᠡᠵᠦ ᠤᠬᠳᠤ ᠪᠣᠯᠬᠤ ᠦᠭᠡᠢ᠂ ᠠᠮᠢᠳᠤ ᠮᠠᠯ | ᠵᠢᠭᠦᠷᠲᠡᠨ ᠢ ᠥᠪᠡᠷ ᠢᠶᠠᠨ ᠠᠯᠠᠵᠤ ᠨᠢᠳᠤᠯᠠᠵᠤ ᠪᠣᠯᠬᠤ ᠦᠭᠡᠢ᠂ ᠢᠷᠡᠯᠲᠡ ᠨᠢ ᠲᠣᠳᠣᠷᠬᠠᠢ ᠪᠤᠰᠤ ᠮᠠᠯ ᠵᠢᠭᠦᠷᠲᠡᠨ ᠤ | ᠮᠢᠬ᠎ᠠ ᠶᠢ ᠢᠳᠡᠵᠦ ᠪᠣᠯᠬᠤ ᠦᠭᠡᠢ᠃ | 2. ᠢᠳᠡᠭᠡᠨ ᠢ ᠨᠥᠭᠡᠴᠡᠯᠡᠨ ᠬᠠᠳᠠᠭᠠᠯᠠᠬᠤ ᠦᠭᠡᠢ᠃ ᠠᠮᠠᠷᠬᠠᠨ ᠢᠯᠵᠢᠷᠡᠬᠦ ᠵᠢᠮᠢᠰ ᠨᠣᠭᠤᠭ᠎ᠠ ᠶᠢ | ᠴᠢᠳᠠᠬᠤ ᠶᠢᠨ ᠬᠢᠷᠢ ᠪᠠᠷ ᠪᠠᠷᠢᠨ ᠬᠤᠳᠠᠯᠳᠤᠨ ᠠᠪᠴᠦ ᠪᠠᠷᠢᠨ ᠢᠳᠡᠨ᠎ᠡ᠃ ᠬᠠᠳᠠᠭᠠᠯᠠᠬᠤ ᠳᠤ ᠲᠡᠰᠪᠦᠷᠢᠲᠡᠶ | ᠬᠥᠯᠳᠡᠭᠦᠤ ᠮᠢᠬᠠᠨ ᠤ ᠦᠢᠯᠡᠳᠭᠦᠨ ᠪᠠ ᠢᠳᠡᠰᠢᠨ ᠨᠣᠭᠤᠭ᠎ᠠ ᠵᠡᠷᠭᠡ ᠶᠢ ᠵᠣᠬᠢᠬᠤ ᠬᠡᠮᠵᠢᠶ᠎ᠡ ᠪᠠᠷ ᠬᠠᠳᠠᠭᠠᠯᠠᠵᠤ | ᠪᠣᠯᠣᠨ᠎ᠠ᠃ | 3. ᠬᠤᠭᠤᠴᠠᠭ᠎ᠠ ᠬᠡᠲᠦᠷᠡᠭᠰᠡᠨ ᠢᠳᠡᠭᠡᠨ ᠢ ᠢᠳᠡᠬᠦ ᠦᠭᠡᠢ᠃ | 4. ᠢᠳᠡᠭᠡᠨ ᠤ ᠮᠠᠲ᠋ᠧᠷᠢᠶᠠᠯ ᠰᠤᠩᠭᠤᠬᠤ ᠳᠠᠭᠠᠨ ᠮᠢᠬ᠎ᠠ ᠨᠣᠭᠤᠭ᠎ᠠ ᠶᠢ ᠵᠤᠬᠢᠴᠠᠭᠤᠯᠬᠤ᠂ ᠪᠦᠳᠦᠭᠦᠯᠢᠭ | ᠨᠠᠷᠢᠯᠢᠭ ᠢ ᠳᠡᠩᠴᠡᠭᠦᠷᠢᠰᠢᠭᠦᠯᠬᠦ ᠶᠢ ᠠᠩᠬᠠᠷᠴᠦ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠢᠯᠡᠭᠦᠦ ᠢᠳᠡᠪᠡᠯ ᠰᠠᠶᠢᠨ | ᠃ | ᠠᠰᠠᠭᠤᠯᠲᠠ᠄ ᠬᠤᠭᠤᠯᠠ ᠪᠡᠯᠡᠳᠭᠡᠬᠦ ᠳᠤ ᠶᠠᠭᠤ ᠶᠢ ᠠᠩᠬᠠᠷᠪᠠᠯ ᠵᠣᠬᠢᠬᠤ ᠪᠤᠢ︖ | ᠬᠠᠷᠢᠭᠤᠯᠲᠠ᠄ 1. ᠢᠳᠡᠭᠡᠨ ᠢ ᠲᠦᠢᠯᠪᠤᠷᠢᠲᠠᠶ ᠴᠢᠨᠠᠵᠤ ᠪᠣᠯᠭᠤᠭᠠᠨ᠎ᠠ᠂ ᠦᠯᠡᠳᠡᠭᠰᠡᠨ ᠨᠣᠭᠤᠭ᠎ᠠ ᠪᠤᠳᠠᠭ᠎ᠠ ᠶᠢ | ᠳᠠᠬᠢᠨ ᠢᠳᠡᠬᠦ ᠠᠴᠠ ᠡᠮᠦᠨ᠎ᠡ ᠳᠤᠤᠱᠳᠠᠢ ᠬᠠᠯᠠᠭᠤᠯᠤᠨ᠎ᠠ᠂ ᠠᠯᠢ ᠴᠢᠳᠠᠬᠤ ᠪᠠᠷ ᠬᠦᠢᠲᠡᠨ ᠵᠠᠭᠤᠰᠢ ᠢᠳᠡᠬᠦ ᠦᠭᠡᠢ᠃ | | 2. ᠪᠡᠯᠡᠳᠭᠡᠭᠰᠡᠨ ᠢᠳᠡᠭᠡᠨ ᠢ ᠠᠯᠢ ᠲᠦᠷᠭᠡᠨ ᠢᠶᠠᠷ ᠢᠳᠡᠵᠦ ᠳᠠᠭᠤᠰᠬᠠᠨ᠎ᠠ᠂ ᠬᠡᠷᠪᠡ ᠲᠤᠬᠠᠢ ᠳᠤᠨᠢ ᠢᠳᠡᠵᠦ | ᠳᠡᠶᠢᠯᠬᠦ ᠦᠭᠡᠢ ᠪᠣᠯ ᠪᠤᠯᠭᠤᠭᠰᠠᠨ ᠢᠳᠡᠭᠡᠨ ᠢ ᠭᠡᠷ ᠤᠨ ᠬᠡᠪ ᠤᠨ ᠳᠤᠯᠠᠭᠠᠨ ᠳᠣᠣᠷ᠎ᠠ ᠳᠠᠯᠪᠢᠬᠤ ᠴᠠᠭ ᠢ 2 | ᠴᠠᠭ ᠠᠴᠠ ᠬᠡᠲᠦᠷᠡᠭᠦᠯᠬᠦ ᠦᠭᠡᠢ᠃ | 3. ᠬᠤᠭᠤᠯᠠ ᠬᠢᠭᠦ ᠶᠠᠪᠤᠴᠠ ᠳᠤ ᠢᠷᠲᠦ ᠪᠠᠭᠠᠵᠢ᠂ ᠠᠮᠪᠠᠨ᠂ ᠰᠠᠪᠠ ᠵᠡᠷᠭᠡ ᠶᠢ ᠲᠦᠭᠦᠭᠡᠢ ᠪᠠ | ᠪᠣᠯᠭᠤᠭᠠᠭᠰᠠᠨ ᠢᠶᠠᠷ ᠰᠠᠯᠭᠠᠨ ᠬᠡᠷᠡᠭᠯᠡᠵᠦ᠂ ᠰᠣᠯᠪᠢᠴᠠᠨ ᠪᠣᠬᠢᠷᠲᠤᠬᠤ ᠠᠴᠠ ᠵᠠᠶᠢᠯᠠᠰᠭᠢᠨ᠎ᠡ᠃ | 4. ᠭᠠᠷ ᠢᠶᠠᠨ ᠦᠷᠭᠦᠯᠵᠢ ᠤᠬᠢᠶᠠᠨ᠎ᠠ᠃ ᠬᠤᠭᠤᠯᠠ ᠬᠢᠬᠦ ᠠᠴᠠ ᠡᠮᠦᠨ᠎ᠡ᠂ ᠬᠤᠭᠤᠯᠠ ᠬᠢᠬᠦ ᠶᠠᠪᠤᠴᠠ ᠳᠤ | ᠴᠡᠪᠡᠷ ᠪᠤᠰᠤ ᠡᠳ᠋ ᠪᠣᠳᠠᠰ ᠪᠤᠶᠤ ᠭᠠᠳᠠᠭᠠᠯᠠᠭᠰᠠᠨ ᠤ ᠳᠠᠷᠠᠭ᠎ᠠ᠂ ᠬᠤᠭᠤᠯᠠ ᠬᠢᠵᠦ ᠪᠠᠷᠠᠭᠰᠠᠨ ᠤ ᠳᠠᠷᠠᠭ᠎ᠠ ᠪᠦᠷ | ᠤᠷᠤᠰᠤᠮᠠᠯ ᠤᠰᠤ᠂ ᠭᠠᠷ ᠤᠬᠢᠶᠠᠬᠤ ᠰᠢᠩᠭᠡᠨ ᠡᠳ᠋ ︵ᠰᠠᠪᠤᠩ︶ ᠢ ᠬᠡᠷᠡᠭᠯᠡᠨ ᠭᠠᠷ ᠢᠶᠠᠨ ᠰᠠᠶᠢᠲᠤᠷ ᠤᠬᠢᠶᠠᠨ᠎ᠠ᠃ | ᠠᠰᠠᠭᠤᠯᠳᠠ᠄ ᠬᠤᠭᠤᠯᠠᠨ ᠤ ᠰᠠᠪᠠ ᠬᠡᠷᠡᠭᠰᠡᠯ ᠢ ᠬᠡᠷᠬᠢᠨ ᠠᠷᠢᠭᠤᠳᠬᠠᠬᠤ ᠪᠣᠶ︖ | ᠬᠠᠷᠢᠭᠤᠯᠲᠠ᠄ ᠬᠤᠭᠤᠯᠠᠨ ᠤ ᠬᠡᠷᠡᠭᠰᠡᠯ ᠢ ᠠᠷᠢᠭᠤᠳᠬᠠᠬᠤ ᠳᠤ ᠬᠠᠮᠤᠭ ᠤᠨ ᠲᠤᠰᠠ ᠲᠠᠢ᠂ ᠬᠠᠮᠤᠭ ᠤᠨ | ᠠᠮᠤᠷ ᠲᠦᠪᠰᠢᠨ ᠠᠷᠭ᠎ᠠ ᠪᠣᠯ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠭᠰᠡᠨ ᠤ ᠳᠠᠷᠠᠭ᠎ᠠ᠂ ᠪᠤᠴᠠᠯᠤᠭᠰᠠᠨ | ᠤᠰᠤᠨ ᠳᠤ ᠬᠢᠵᠦ 15 — 30 ᠮᠢᠨᠦ᠋ᠲ ᠪᠤᠴᠠᠯᠭᠠᠵᠤ ᠠᠷᠢᠭᠤᠳᠬᠠᠨ᠎ᠠ︔ ᠡᠰᠡᠬᠦᠯ᠎ᠡ ᠬᠤᠭᠤᠯᠠᠨ ᠤ ᠬᠡᠷᠡᠭᠰᠡᠯ ᠢ | ᠤᠬᠢᠶᠠᠵᠤ ᠴᠡᠪᠡᠷᠯᠡᠭᠰᠡᠨ ᠤ ᠳᠠᠷᠠᠭ᠎ᠠ 15 — 30 ᠮᠢᠨᠦ᠋ᠲ ᠵᠢᠩᠨᠡᠨ᠎ᠡ︔ ᠪᠠᠰᠠ ᠬᠤᠭᠤᠯᠠᠨ ᠤ ᠰᠠᠪᠠ | ᠬᠡᠷᠡᠭᠰᠡᠯ ᠢ ᠠᠷᠢᠭᠤᠳᠬᠠᠬᠤ ᠳᠤ ᠲᠣᠬᠢᠷᠠᠮᠵᠢᠲᠠᠶ ᠬᠢᠮᠢ ᠶᠢᠨ ᠠᠷᠢᠭᠤᠳᠬᠠᠬᠤ ᠡᠳ᠋ ᠢ ᠬᠡᠷᠡᠭᠯᠡᠨ ᠲᠣᠳᠣᠷᠬᠠᠶᠢᠯᠠᠯᠲᠠ | ᠶᠣᠰᠣᠭᠠᠷ ᠠᠷᠢᠭᠤᠳᠬᠠᠵᠤ ᠪᠣᠯᠣᠨ᠎ᠠ᠃ | ᠠᠰᠠᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠭᠤᠴᠠᠭᠠᠨ ᠳᠤ ᠪᠢᠳᠡ ᠢᠳᠡᠵᠤ | ᠤᠤᠭᠤᠬᠤ ᠪᠠᠨ ᠭᠡᠷᠬᠢᠨ ᠲᠤᠬᠢᠷᠠᠭᠤᠯᠪᠠᠯ ᠵᠣᠬᠢᠬᠤ ᠪᠤᠢ︖ | ᠬᠠᠷᠢᠭᠤᠯᠲᠠ᠄ ᠬᠤᠪᠢ ᠬᠥᠮᠦᠨ ᠤ ᠣᠨᠴᠠᠯᠢᠭ ᠢᠶᠠᠨ ᠦᠨᠳᠦᠰᠦᠯᠡᠨ ᠳᠤᠬᠢᠷᠠᠭᠤᠯᠵᠤ ᠢᠳᠡᠨ᠎ᠡ᠃ ᠮᠢᠬ᠎ᠠ | ᠨᠣᠭᠤᠭ᠎ᠠ ᠶᠢ ᠵᠣᠬᠢᠴᠠᠭᠤᠯᠤᠨ᠂ ᠠᠮᠤ ᠪᠤᠷᠴᠠᠭ ᠢ ᠬᠤᠯᠢᠨ ᠢᠳᠡᠵᠤ᠂ ᠵᠢᠮᠢᠰ ᠨᠣᠭᠤᠭ᠎ᠠ ᠭᠦᠢᠴᠡᠳ ᠪᠠᠶᠢᠬᠤ ᠶᠢ | ᠠᠩᠬᠠᠷᠴᠦ᠂ ᠲᠠᠷᠭᠤᠨ ᠮᠢᠬ᠎ᠠ᠂ ᠰᠢᠷᠠᠭᠰᠠᠨ ᠪᠠ ᠳᠠᠪᠤᠰᠤᠯᠠᠭᠰᠠᠨ ᠮᠢᠬᠠᠨ ᠢᠳᠡᠭᠡᠨ ᠢ ᠳᠤᠲᠠᠭᠤ ᠢᠳᠡᠨ᠎ᠡ᠃ | ᠢᠯᠡᠬᠦᠭᠡᠨ ᠤᠰᠤ ᠤᠤᠭᠤᠵᠤ᠂ ᠪᠡᠶ᠎ᠡ ᠮᠠᠬᠠᠪᠤᠳ ᠤᠨ ᠴᠠᠷᠤᠯᠲᠠ ᠶᠢᠨ ᠴᠢᠳᠠᠪᠤᠷᠢ ᠪᠠ ᠡᠪᠡᠳᠴᠢᠨ ᠤ ᠪᠠᠺᠲ᠋ᠧᠷᠢ ᠶᠢ | ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠪᠡᠯ ᠵᠣᠬᠢᠨ᠎ᠠ᠃ ︵ᠢᠷᠡᠯᠳᠡ᠄ ᠡᠷᠡᠭᠦᠯ ᠡᠩᠬᠡ ᠳᠤᠮᠳᠠᠳᠤ ᠤᠯᠤᠰ︶ |