ᠶᠦᠩ ᠰᠢᠩ ᠪᠠᠯᠭᠠᠰᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠡᠳ᠋ᠰᠢᠭᠦᠯᠬᠦ ᠤᠶᠢᠯᠡᠳᠪᠤᠷᠢ ᠶᠢ ᠱᠠᠯᠠᠪᠳᠠᠨ ᠪᠠᠶᠢᠭᠤᠯᠵᠤ ᠬᠠᠶᠠᠭᠳᠠᠮᠠᠯ ᠪᠣᠳᠠᠰ ᠢ  ᠲᠠᠬᠢᠨ ᠠᠰᠢᠭᠯᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020-04-14
    ᠲᠦᠷᠦᠭᠦᠬᠡᠨ᠂ ᠶᠦᠩ ᠰᠢᠩ ᠪᠠᠯᠭᠠᠰᠤᠨ ᠳᠤ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠡᠳ᠋ᠰᠢᠭᠦᠯᠬᠦ ᠤᠶᠢᠯᠡᠳᠪᠤᠷᠢ ᠶᠢᠨ ᠪᠠᠷᠢᠯᠭ᠎ᠠ ᠶᠢᠨ ᠨᠢᠭᠡ ᠪᠦᠯᠦᠭ ᠪᠠᠴᠢᠮ ᠪᠥᠭᠡᠳ ᠡᠮᠬᠢ ᠵᠢᠷᠤᠮ ᠲᠠᠢ ᠪᠥᠲᠥᠭᠡᠨ ᠪᠠᠶᠢᠭᠤᠯᠤᠯᠲᠠ ᠶᠢᠨ ᠲᠠᠯᠠᠪᠠᠶ᠂ ᠵᠢᠱᠢᠶᠡᠯᠡᠪᠡᠯ ᠠᠭᠤᠯᠠ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠤᠨ ᠬᠠᠵᠠᠭᠤ ᠳᠤ᠂ ᠵᠢᠭᠤᠷᠠᠬᠤ ᠮᠠᠰᠢᠨ ᠡᠷᠭᠢᠯᠳᠦᠵᠦ᠂ ᠠᠴᠢᠶᠠᠯᠠᠬᠤ ᠮᠠᠰᠢᠨ ᠢᠶᠠᠷ ᠮᠠᠲ᠋ᠧᠷᠢᠶᠠᠯ ᠵᠥᠭᠡᠭᠡᠪᠦᠷᠢᠯᠡᠵᠦ᠂ ᠠᠵᠢᠯᠴᠢᠳ ᠤᠶᠢᠯᠡᠳᠪᠤᠷᠢ ᠶᠢᠨ ᠬᠡᠷ ᠲᠤ  ᠂ ᠳᠡᠪᠢᠰᠦᠭᠰᠡᠨ ᠳᠠᠪᠬᠤᠷᠭ᠎ᠠ ᠵᠡᠷᠭᠡ ᠪᠠᠷ ᠶᠠᠭᠠᠷᠠᠯᠳᠤᠵᠤ ᠪᠠᠶᠢᠨ᠎ᠠ᠃ ᠬᠠᠵᠠᠭᠤ ᠶᠢᠨ ᠬᠥᠮᠥᠷᠭᠡ ᠳᠤ ᠤᠰᠤᠨ ᠬᠦᠷᠭᠡᠯᠲᠡ ᠶᠢᠨ ᠣᠩᠭᠤᠴᠠ᠂ ᠤᠬᠢᠶᠠᠬᠤ ᠮᠠᠰᠢᠨ᠂ ᠬᠠᠲᠠᠭᠠᠬᠤᠢ ᠮᠠᠰᠢᠨ᠂ ᠬᠤᠯᠢᠮᠠᠭ ᠮᠠᠰᠢᠨ᠂ ᠰᠦᠯᠢᠶᠣᠣ ᠰᠢᠬᠠᠬᠤ ᠮᠠᠰᠢᠨ᠂ ᠦᠯᠢᠶᠡᠨ ᠱᠤᠭᠤᠬᠤ ᠴᠡᠪᠡᠷ ᠬᠥᠨᠳᠡᠶ ᠨᠢᠭᠡ ᠪᠡᠶᠡᠲᠦ ᠮᠠᠰᠢᠨ ᠵᠡᠷᠭᠡ ᠤᠭᠰᠠᠷᠠᠬᠤ ᠪᠠᠷ ᠬᠦᠯᠢᠶᠡᠵᠦ ᠪᠠᠶᠢᠭ᠎ᠠ ᠤᠷᠤᠰᠤᠯ ᠱᠤᠭᠤᠮ ᠤᠨ ᠮᠠᠰᠢᠨ ᠪᠠᠶᠢᠳᠠᠭ᠃     ᠲᠤᠰ ᠲᠦᠷᠦᠯ ᠵᠦᠢᠯ ᠢ ᠯᠢᠶᠠᠩᠴᠧᠩ ᠰᠢᠶᠠᠨ ᠤ ᠮᠧᠩ ᠰᠦ᠋ ᠰᠦᠯᠢᠶᠣᠣ ᠶᠢᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠳᠦᠭᠡᠨ ᠪᠠᠶᠢᠭᠤᠯᠵᠠᠢ᠃ ᠺᠣᠮᠫᠠᠨᠢ ᠶᠢᠨ ᠳᠠᠭᠠᠭᠠᠮᠠᠯ ᠰᠦᠨ ᠰᠢᠶᠠᠨ ᠯᠢ ᠬᠡᠯᠡᠬᠦ ᠳᠡᠭᠡᠨ᠂ ᠮᠧᠩ ᠰᠦ᠋ ᠰᠦᠯᠢᠶᠣᠣ ᠪᠦᠲᠦᠭᠡᠭᠳᠡᠬᠦᠨ ᠤ  ᠬᠢᠵᠠᠭᠠᠷᠳᠤ ᠺᠣᠮᠫᠠᠨᠢ ᠶᠢᠨ ᠶᠦᠩ ᠰᠢᠩ ᠪᠠᠯᠭᠠᠰᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠪᠣᠯᠪᠠᠰᠤᠷᠠᠭᠤᠯᠬᠤ ᠤᠶᠢᠯᠡᠳᠪᠤᠷᠢ ᠶᠠᠭ ᠱᠠᠯᠠᠪᠳᠠᠨ ᠠᠵᠢᠯᠯᠠᠵᠤ ᠪᠠᠶᠢᠨ᠎ᠠ᠂ ᠲᠠᠪᠤᠳᠤᠭᠠᠷ ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ ᠭᠡᠵᠡᠶ᠃ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠳᠤ 1 ᠲᠦᠮᠡᠨ ᠲᠣᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ  ᠶᠢ ᠰᠢᠢᠳᠪᠦᠷᠢᠯᠡᠪᠡ᠂ ᠡᠨᠡ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠮᠥᠷᠲᠡᠭᠡᠨ ᠪᠠᠰᠠ ᠴᠠᠭᠠᠨ  ᠪᠤᠬᠢᠷᠳᠤᠯ ᠢ ᠪᠠᠭᠠᠰᠬᠠᠵᠤ᠂ ᠡᠬᠡ ᠨᠠᠭᠤᠷ ᠪᠤᠯᠬᠤ ᠳᠠᠭ᠎ᠠ ᠶᠢᠨ ᠨᠠᠭᠤᠷ   ᠢ ᠬᠠᠮᠠᠭᠠᠯᠠᠪᠠ᠃     ᠣᠶᠢᠯᠠᠭᠠᠭᠰᠠᠨ ᠢᠶᠠᠷ᠂ ᠶᠦᠩ ᠰᠢᠩ ᠪᠠᠯᠭᠠᠰᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠡᠳ᠋ᠰᠢᠭᠦᠯᠬᠦ ᠤᠶᠢᠯᠡᠳᠪᠤᠷᠢ ᠶᠢᠨ ᠡᠵᠡᠯᠡᠬᠦ ᠲᠠᠯᠠᠪᠠᠶ ᠨᠢ 20 ᠮᠥ ᠪᠠᠶᠢᠵᠤ᠂ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1000 ᠲᠦᠮᠡᠨ ᠲᠥᠭᠦᠷᠢᠭ ᠲᠤ ᠬᠦᠷᠴᠡᠶ᠃ ᠨᠢᠭᠡᠳᠦᠭᠡᠷ ᠬᠤᠭᠤᠴᠠᠭᠠᠨ ᠳᠤ ᠭᠤᠤᠯᠳᠠᠭᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠳ᠋ᠰᠢᠭᠦᠯᠦᠨ  ᠤᠶᠢᠯᠡᠳᠪᠤᠷᠢᠯᠡᠬᠦ ᠲᠠᠰᠤᠭ 200 ᠲᠡᠭᠰᠢ ᠳᠥᠷᠪᠡᠯᠵᠢᠨ ᠮᠧᠲᠷ᠂ ᠬᠥᠮᠥᠷᠭᠡ 1000 ᠲᠡᠭᠰᠢ ᠳᠥᠷᠪᠡᠯᠵᠢᠨ ᠮᠧᠲᠷ  ᠪᠠᠶᠢᠭᠤᠯᠵᠤ᠂ ᠠᠯᠪᠠᠨ ᠭᠡᠷ᠂ ᠭᠠᠵᠠᠷ ᠤᠨ ᠫᠦᠨᠳ᠋᠂ ᠡᠭᠦᠳᠡᠨ ᠬᠠᠷᠠᠭᠤᠯ᠂ ᠬᠠᠲᠠᠭᠤᠷᠠᠭᠤᠯᠬᠤ᠂ ᠨᠣᠭᠤᠭᠠᠷᠠᠭᠤᠯᠬᠤ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠭᠤᠤᠯ ᠪᠣᠯᠬᠤ  ᠤᠶᠢᠯᠡᠳᠪᠤᠷᠢᠯᠡᠯ ᠤᠨ ᠲᠥᠬᠦᠭᠡᠷᠦᠮᠵᠢ ᠳᠤ ᠲᠦᠭᠦᠬᠡᠶ ᠮᠠᠲ᠋ᠧᠷᠢᠶᠠᠯ ᠤᠨ ᠬᠡᠯᠪᠡᠷᠢᠵᠢᠭᠰᠡᠨ ᠤᠶᠢᠯᠡᠳᠪᠤᠷᠢᠯᠡᠯ ᠤᠨ ᠱᠤᠭᠤᠮ᠂ ᠰᠦᠯᠢᠶᠣᠣ ᠪᠦᠷᠬᠦᠪᠴᠢ ᠶᠢᠨ ᠤᠶᠢᠯᠡᠳᠪᠤᠷᠢᠯᠡᠯ ᠤᠨ ᠱᠤᠭᠤᠮ ᠪᠠ ᠳᠤᠰᠤᠯᠭᠠᠨ ᠤᠰᠤᠯᠠᠬᠤ ᠪᠦᠰᠡ  ᠶᠢᠨ ᠤᠶᠢᠯᠡᠳᠪᠤᠷᠢᠯᠡᠯ ᠤᠨ ᠱᠤᠭᠤᠮ ᠪᠣᠶ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ ᠬᠠᠶᠠᠭᠳᠠᠮᠠᠯ  ᠬᠠᠭᠤᠴᠢᠨ ᠰᠦᠯᠢᠶᠣᠣ ᠪᠦᠷᠬᠦᠪᠴᠢ ᠶᠢ 1 ᠲᠦᠮᠡᠨ ᠲᠣᠨ  ᠰᠢᠢᠳᠪᠤᠷᠢᠯᠡᠵᠦ᠂ ᠵᠢᠯ ᠳᠤ 3000 ᠲᠣᠨ ᠰᠦᠯᠢᠶᠣᠣ ᠪᠦᠷᠬᠦᠪᠴᠢ  ᠶᠢ ᠤᠶᠢᠯᠡᠳᠪᠤᠷᠢᠯᠡᠵᠦ᠂ ᠳᠤᠰᠤᠯᠭᠠᠨ ᠤᠰᠤᠯᠠᠬᠤ ᠪᠦᠰᠡ 2000 ᠲᠣᠨ ᠤᠶᠢᠯᠡᠳᠪᠤᠷᠢᠯᠡᠯ᠂ ᠵᠢᠯ ᠤᠨ  ᠤᠶᠢᠯᠡᠳᠭᠦᠨ ᠤ ᠥᠷᠲᠡᠭ ᠨᠢ 4000 ᠲᠦᠮᠡᠨ ᠲᠥᠭᠦᠷᠢᠭ  ᠲᠤ ᠬᠦᠷᠴᠦ᠂ ᠵᠢᠯ ᠳᠤ ᠪᠠᠷᠤᠭ 100 ᠲᠦᠮᠡᠨ ᠲᠥᠭᠦᠷᠢᠭ ᠭᠠᠶᠢᠯᠢ ᠲᠤᠰᠢᠶᠠᠵᠤ ᠪᠣᠯᠤᠨ᠎ᠠ᠃  ᠤᠶᠢᠯᠡᠳᠪᠤᠷᠢᠯᠡᠬᠦ ᠬᠤᠭᠤᠴᠠᠭᠠᠨ ᠳᠤ 40 ᠬᠥᠮᠦᠨ ᠡᠯᠰᠡᠵᠦ᠂ ᠮᠣᠳᠣᠨ ᠮᠡᠷᠭᠡᠵᠢᠯ ᠤᠨ ᠠᠵᠢᠯᠲᠠᠨ ᠢ ᠭᠠᠷᠭᠠᠪᠠᠯ᠂ 20 ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠬᠤ ᠶᠢ ᠣᠷᠳᠣ ᠬᠤᠭᠤᠴᠠᠭ᠎ᠠ ᠪᠠᠷ ᠰᠢᠢᠳᠪᠤᠷᠢᠯᠡᠵᠦ᠂  ᠪᠤᠯᠪᠠᠰᠤᠷᠠᠭᠤᠯᠬᠤ  ᠤᠶᠢᠯᠡᠳᠪᠤᠷᠢ ᠶᠢᠨ ᠬᠤᠷᠢᠶᠠᠨ ᠠᠪᠬᠤ᠂ ᠲᠡᠭᠡᠭᠡᠪᠦᠷᠢᠯᠡᠬᠦ ᠵᠡᠷᠭᠡ ᠠᠵᠢᠯ ᠤᠨ ᠪᠠᠶᠢᠷᠢ ᠳᠡᠭᠡᠷ᠎ᠡ 200 ᠭᠠᠷᠤᠶ ᠬᠥᠮᠦᠨ ᠡᠯᠰᠡᠵᠦ᠂ ᠡᠷᠬᠢᠨ ᠲᠣᠭᠤᠷᠢᠨ ᠤ ᠲᠣᠰᠬᠤᠨ ᠤ ᠬᠥᠳᠡᠭᠡ ᠲᠣᠰᠬᠤᠨ ᠤ ᠦᠯᠡᠭᠦᠤ ᠬᠥᠳᠡᠯᠮᠦᠷᠢ ᠶᠢᠨ  ᠬᠦᠴᠦᠨ ᠳᠤ ᠠᠵᠢᠯ ᠣᠯᠭᠤᠬᠤ ᠳᠤ ᠨᠥᠬᠦᠴᠡᠯ ᠪᠦᠷᠢᠯᠳᠦᠭᠦᠯᠵᠦ ᠥᠭᠴᠡᠶ᠃       ᠶᠦᠩ ᠰᠢᠩ ᠪᠠᠯᠭᠠᠰᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠡᠳ᠋ᠰᠢᠭᠦᠯᠬᠦ ᠦᠢᠯᠡᠳᠪᠦᠷᠢ ᠨᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠶᠢᠨ ᠬᠠᠮᠲᠤ ᠳᠠᠭ᠎ᠠ ᠶᠢᠨ ᠨᠠᠭᠤᠷ ᠤᠨ ᠰᠠᠪᠠ  ᠭᠠᠵᠠᠷ ᠤᠨ ᠤᠯᠠᠨ ᠡᠬᠢᠲᠦ ᠪᠣᠬᠢᠷᠲᠤᠯ ᠢ ᠪᠦᠲᠦᠮᠵᠢᠲᠡᠢ ᠪᠠᠭᠠᠰᠬᠠᠵᠤ᠂ ᠳᠠᠭ᠎ᠠ ᠶᠢᠨ ᠨᠠᠭᠤᠷ ᠤᠨ ᠤᠰᠤᠨ ᠤ ᠴᠢᠨᠠᠷ ᠢ  ᠰᠠᠶᠢᠵᠢᠷᠠᠭᠤᠯᠵᠤ᠂ ᠠᠮᠢᠳᠤ ᠪᠣᠳᠠᠰ ᠤᠨ ᠪᠦᠯᠦᠭᠯᠡᠯ ᠢ ᠰᠡᠷᠭᠦᠭᠡᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠤᠨ᠎ᠠ᠃                           ᠰᠤᠷᠪᠤᠯᠵᠢᠯᠠᠭᠴᠢ  ᠄ ᠰᠦᠩ ᠹᠦ᠋ ᠾᠧᠩ    ᠱᠠᠩ ᠶᠦᠨ ᠰᠢᠶᠠ                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2