ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-20
    4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ 2020 ᠣᠨ ᠤ 2 ᠳ᠋ᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠴᠧᠨ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᡂᠢ ᠵᠢᠶᠠᠨ ᠹᠧᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠱᠢ ᠼᠦᠢ ᠴᠢᠨ ᠂ ᠵᠢᠶᠠ ᠰᠢᠶᠤᠤ ᠫᠢᠩ᠂ ᠵᠠᠩ ᠯᠢ  ᠸᠧᠨ ᠬᠤᠷᠠᠯ ᠳᠤ ᠣᠷᠣᠯᠴᠠᠪᠠ᠃
        ᠬᠤᠷᠠᠯ ᠠᠴᠠ ᠱᠠᠨ ᠰᠢ ᠶᠢᠨ ᠬᠠᠭᠤᠷᠠᠢ ᠲᠠᠷᠢᠶᠠᠯᠠᠩ ᠤᠨ ᠣᠷᠭᠠᠨᠢᠭ ᠲᠡᠷᠢᠭᠦᠨ ᠤ ᠲᠤᠷᠰᠢᠯᠭ᠎ᠠ ᠶᠢ ᠰᠤᠷᠤᠯᠴᠠᠪᠠ ︔ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠤᠷᠤᠯᠴᠠᠪᠠ᠃     ᠬᠤᠷᠠᠯ ᠠᠴᠠ᠂ ᠱᠠᠨ ᠰᠢ ᠶᠢᠨ ᠬᠠᠭᠤᠷᠠᠢ ᠲᠠᠷᠢᠮᠠᠯ ᠤᠨ ᠣᠷᠭᠠᠨᠢᠭ ᠲᠠᠷᠢᠶᠠᠯᠠᠩ ᠤᠨ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠶᠢ  ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠰᠢ ᠰᠦᠷᠡᠯ ᠤᠨ ᠪᠦᠷᠬᠦᠴᠡ ᠶᠢ ᠢᠳᠡᠪᠬᠢᠲᠡᠢ ᠰᠦᠪᠡᠭᠴᠢᠯᠡᠵᠦ᠂ ᠤᠰᠤ ᠶᠢ ᠬᠠᠮᠠᠭᠠᠯᠠᠨ ᠭᠠᠩ ᠬᠠᠭᠰᠠᠷᠠᠭᠠᠨ ᠲᠠᠢ ᠲᠡᠮᠡᠴᠡᠬᠦ ᠮᠡᠷᠭᠡᠵᠢᠯ ᠢ ᠳᠡᠭᠡᠭᠰᠢᠯᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠤᠨ ᠬᠠᠭᠤᠷᠠᠶ ᠲᠠᠷᠢᠮᠠᠯ ᠤᠨ  ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢᠨ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠴᠦ᠂ ᠲᠦᠷᠦ ᠶᠢᠨ ᠪᠤᠳᠤᠯᠭ᠎ᠠ ᠶᠢ ᠢᠳᠡᠪᠬᠢᠲᠡᠶ ᠪᠠᠷ‌‍ᠲ᠋ᠡᠮᠡᠴᠡᠨ ᠣᠯᠵᠤ᠂ ᠤᠰᠤ ᠠᠷᠪᠢᠯᠠᠬᠤ ᠬᠠᠭᠤᠷᠠᠶ ᠲᠠᠷᠢᠶᠠᠯᠠᠩ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃
        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ  ᠬᠠᠮᠠᠭᠠᠯᠠᠯᠳᠡ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ  ᠰᠠᠨᠠᠭ᠎ᠠ ᠶᠢ ᠰᠤᠷᠤᠯᠴᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ︽  ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ  ᠡᠷᠡᠰ ᠪᠡᠶᠡᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ ᠭᠡᠪᠡ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠬᠠᠳᠤᠨ ᠭᠤᠣᠯ ᠢ ᠵᠠᠰᠠᠬᠤ ᠳᠤ  ᠭᠤᠤᠯᠳᠠᠯᠭ᠎ᠠ ᠨᠢ ᠬᠠᠮᠠᠭᠠᠯᠠᠬᠤ ᠳᠤ ᠪᠤᠢ᠂ ᠵᠠᠰᠠᠬᠤ ᠳᠤ ᠪᠤᠢ︾ ᠭᠡᠬᠦ ᠴᠢᠬᠤᠯᠠ ᠨᠤᠲᠠᠯᠠᠯᠲᠠ ᠶᠢ ᠭᠦᠨᠵᠡᠭᠡᠢ ᠣᠶᠢᠯᠠᠭᠠᠵᠤ᠂  ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠭᠦᠷᠭᠡ ᠠᠷᠭ᠎ᠠ  ᠬᠡᠮᠵᠢᠶ᠎ᠡ ᠪᠠᠨ ᠨᠠᠷᠢᠯᠢᠬᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠶᠡᠭᠡ ᠬᠠᠮᠠᠭᠠᠯᠠᠯᠲᠠ ᠶᠢ ᠬᠠᠮᠲᠤᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠪᠠ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃                                  ᠰᠤᠷᠪᠤᠯᠵᠢᠯᠠᠭᠴᠢ᠄ ᠴᠧᠨ ᠶᠦᠨ                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2