ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ ᠤᠨ ᠬᠠᠮᠠᠭᠠᠯᠠᠯᠳᠠ ᠶᠢᠨ ᠲᠦᠷᠢᠮ
ᠨᠡᠶᠢᠲᠡᠯᠡᠭᠰᠡᠨ ᠴᠠᠭ᠄
2020-04-20
     ︵2017 ᠤᠨ ᠤ 12 ᠰᠠᠷ᠎ᠠ ᠶᠢᠨ 29 ᠤ ᠡᠳᠦᠷ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠠᠪᠤᠳᠤᠭᠠᠷ ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ︶     ︵2018 ᠤᠨ ᠤ 3 ᠰᠠᠷ᠎ᠠ ᠶᠢᠨ 31 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠢᠶᠠᠷ ᠵᠦᠪᠰᠢᠶᠡᠷᠡᠬᠦᠯᠪᠡ︶                     ᠨᠢᠭᠡᠳᠦᠭᠡᠷ ᠪᠦᠯᠦᠭ ᠶᠡᠷᠦᠩᠭᠡᠢ ᠲᠦᠷᠢᠮ   ᠨᠢᠭᠡᠳᠦᠭᠡᠷ ᠵᠦᠢᠯ  ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ ︵ᠳᠤᠷᠤᠭᠰᠢ ︽ᠬᠤᠶᠠᠷ ᠨᠠᠭᠤᠷ︾ ᠭᠡᠵᠦ ᠲᠦᠭᠦᠮᠴᠢᠯᠡᠪᠡ︶ ᠤᠨ ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠵᠤ᠂ ᠬᠤᠶᠠᠷ ᠨᠠᠭᠤᠷ ᠤᠨ ᠳᠠᠯᠠᠪᠠᠢ ᠶᠢᠨ ᠬᠠᠰᠤᠭᠳᠠᠯ ᠪᠠ ᠤᠰᠤᠨ ᠴᠤᠭᠴᠠ ᠶᠢᠨ ᠪᠤᠬᠢᠷᠳᠤᠯ ᠢ ᠰᠡᠷᠭᠡᠶᠢᠯᠡᠵᠦ᠂ ᠬᠤᠶᠠᠷ ᠨᠠᠭᠤᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠲᠤᠰᠠᠳᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠤᠳ ᠢ ᠦᠨᠳᠦᠰᠦᠯᠡᠵᠦ᠂ ᠤᠯᠠᠭᠠᠨᠴᠠᠪ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠲᠦᠷᠢᠮ ᠢ ᠲᠤᠭᠳᠠᠭᠠᠪᠠ᠃   ᠬᠤᠶᠠᠳᠤᠭᠠᠷ ᠵᠦᠢᠯ  ᠬᠤᠶᠠᠷ ᠨᠠᠭᠤᠷ ᠤᠨ ᠬᠡᠪᠴᠢᠶᠡᠨ ᠳᠤ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠬᠢᠬᠢᠷᠢ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ︵ᠲᠤᠷᠤᠭᠰᠢ ︽ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ︾ ᠭᠡᠵᠦ ᠲᠦᠬᠦᠮᠴᠢᠯᠡᠪᠡ︶ ᠵᠢᠴᠢ ᠰᠠᠪᠠ ᠭᠠᠵᠠᠷ ᠪᠠᠭᠳᠠᠨ᠎ᠠ᠃ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠢ ᠦᠪᠡᠷᠳᠡᠭᠡᠨ ᠵᠠᠰᠠᠬᠤ ᠤᠷᠤᠨ ᠤ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠪᠠᠭᠳᠠᠵᠤ᠂ ᠲᠡᠬᠦᠨ ᠤ ᠳᠠᠯᠠᠪᠠᠢ᠂ ᠵᠠᠭᠠᠭ ᠱᠤᠭᠤᠮ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠶᠤᠰᠤᠭᠠᠷ ᠪᠠᠷᠢᠮᠵᠢᠶ᠎ᠡ ᠪᠤᠯᠭᠠᠨ᠎ᠠ᠃ ᠬᠤᠶᠠᠷ ᠨᠠᠭᠤᠷ ᠤᠨ ᠰᠠᠪᠠ ᠭᠠᠵᠠᠷ ᠭᠡᠳᠡᠭ ᠨᠢ ᠳᠠᠭ᠎ᠠ ᠶᠢᠨ ᠨᠠᠭᠤᠷ ᠂ ᠬᠢᠬᠢᠷᠢ ᠶᠢᠨ ᠨᠠᠭᠤᠷ ᠤᠨ ᠲᠤᠰ ᠲᠤᠰ ᠲᠤ ᠪᠠᠨ ᠪᠢᠳᠡᠭᠦᠮᠵᠢᠯᠡᠭᠰᠡᠨ ᠰᠠᠪᠠ ᠭᠠᠵᠠᠷ ᠤᠨ ᠵᠠᠭᠠᠭ ᠱᠤᠭᠤᠮ ᠤᠨ ᠳᠤᠳᠤᠷᠠᠬᠢ ᠬᠤᠷᠠᠭᠰᠠᠨ ᠤᠰᠤᠨ ᠤ ᠤᠷᠤᠨ ᠢ ᠵᠢᠭᠠᠵᠤ ᠪᠤᠢ᠃ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠵᠠᠰᠠᠭ ᠵᠠᠬᠢᠷᠭᠠᠨ ᠤ ᠬᠤᠪᠢᠶᠠᠷᠢᠯᠡᠯ ᠨᠢ ᠯᠢᠶᠠᠩᠴᠧᠩ ᠰᠢᠶᠠᠨ᠂ ᠹᠧᠩᠵᠧᠨ ᠬᠤᠲᠠ ᠪᠠ ᠵᠦᠸᠧᠽᠢ ᠰᠢᠶᠠᠨ ᠳᠤ ᠬᠤᠯᠪᠤᠭᠳᠠᠵᠤ᠂ ᠶᠡᠷᠦᠩᠭᠡᠢ ᠳᠠᠯᠠᠪᠠᠢ ᠨᠢ 2312.75 ᠳᠡᠭᠰᠢ ᠲᠦᠷᠪᠡᠯᠵᠢᠨ ᠺᠢᠯᠤᠮᠧᠳ᠋ᠷ᠃ ᠬᠢᠬᠢᠷᠢ ᠶᠢᠨ ᠨᠠᠭᠤᠷ ᠤᠨ ᠵᠠᠰᠠᠭ ᠵᠠᠬᠢᠷᠭᠠᠨ ᠤ ᠬᠤᠪᠢᠶᠠᠷᠢᠯᠠᠯ ᠨᠢ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ᠂ ᠵᠢᠨᠢᠩ ᠲᠤᠭᠤᠷᠢᠭ᠂ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ ᠵᠦᠸᠧᠽᠢ ᠰᠢᠶᠠᠨ ᠪᠠ ᠰᠢᠩ ᠾᠧ ᠰᠢᠶᠠᠨ ᠳᠤ ᠬᠤᠯᠪᠤᠭᠳᠠᠵᠤ᠂ ᠶᠡᠷᠦᠩᠭᠡᠢ ᠳᠠᠯᠠᠪᠠᠢ ᠨᠢ 4511.20 ᠳᠡᠭᠰᠢ ᠲᠦᠷᠪᠡᠯᠵᠢᠨ ᠺᠢᠯᠤᠮᠧᠳ᠋ᠷ᠃     ᠭᠤᠷᠪᠠᠳᠤᠭᠠᠷ ᠵᠦᠢᠯ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠳᠠᠨ᠎ᠠ ᠲᠦᠯᠦᠪᠵᠢᠬᠦᠯᠭᠡ᠂ ᠬᠠᠮᠠᠭᠠᠯᠠᠯᠳᠠ᠂ ᠵᠠᠰᠠᠯᠳᠠ᠂ ᠬᠡᠷᠡᠭᠯᠡᠯᠳᠡ ᠪᠠ ᠬᠢᠨᠠᠯᠳᠠ ᠬᠠᠮᠢᠶᠠᠷᠤᠯᠳᠠ ᠵᠡᠷᠭᠡ ᠠᠵᠢᠯᠯᠠᠭ᠎ᠠ ᠳᠤ ᠪᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠵᠢᠷᠤᠮᠯᠠᠬᠤ ᠬᠡᠷᠡᠭᠳᠡᠢ᠃ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠳᠠᠨ᠎ᠠ ᠰᠠᠪᠠ ᠭᠠᠵᠠᠷ ᠲᠤ ᠡᠮᠦᠨᠡᠬᠢ ᠵᠦᠢᠯ ᠤᠨ ᠠᠵᠢᠯᠯᠠᠭ᠎ᠠ ᠬᠢᠬᠦ ᠳᠡᠭᠡᠨ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠵᠢᠷᠤᠮᠯᠠᠬᠤ ᠠᠴᠠ ᠪᠤᠰᠤᠳ᠂ ᠮᠥᠨ ᠲᠤᠰ ᠲᠦᠷᠢᠮ ᠤᠨ ᠳᠤᠭᠳᠠᠭᠠᠯ ᠶᠤᠰᠤᠭᠠᠷ ᠶᠠᠪᠤᠭᠤᠯᠬᠤ ᠬᠡᠷᠡᠭᠳᠡᠢ᠃       ᠲᠦᠷᠪᠡᠳᠦᠭᠡᠷ ᠵᠦᠢᠯ  ᠬᠤᠶᠠᠷ ᠨᠠᠭᠤᠷ ᠤᠨ ᠬᠠᠮᠠᠭᠠᠯᠠᠯᠳᠠ ᠳᠤ ᠪᠠᠨ᠂ ᠬᠠᠮᠠᠭᠠᠯᠠᠯᠳᠠ ᠶᠢ ᠤᠷᠢᠳ ᠢᠶᠠᠷ ᠪᠠᠶᠢᠯᠭᠠᠬᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠬᠦ᠂ ᠶᠡᠷᠦᠩᠭᠡᠶᠢᠯᠡᠨ ᠵᠠᠰᠠᠬᠤ᠂ ᠬᠠᠤᠯᠢ ᠶᠤᠰᠤᠭᠠᠷ ᠬᠠᠮᠢᠶᠠᠷᠬᠤ ᠪᠠ ᠡᠬᠦᠷᠢᠳᠡ ᠦᠷᠬᠦᠯᠵᠢᠯᠡᠨ ᠬᠦᠭᠵᠢᠬᠦᠯᠬᠦ ᠵᠠᠷᠴᠢᠮ ᠢ ᠵᠢᠷᠤᠮᠯᠠᠬᠤ ᠬᠡᠷᠡᠭᠳᠡᠢ᠃     ᠳᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠤᠶᠠᠷ ᠨᠠᠭᠤᠷ ᠤᠨ ᠬᠠᠮᠠᠭᠠᠯᠠᠯᠳᠠ ᠪᠠ ᠬᠠᠮᠢᠶᠠᠷᠤᠯᠳᠠ ᠶᠢᠨ ᠪᠤᠳᠠᠳᠠᠢ ᠠᠵᠢᠯ ᠢ ᠬᠠᠷᠢᠭᠤᠴᠠᠨ᠎ᠠ᠂ ᠲᠤᠤᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠤᠳ ᠢ ᠬᠦᠢᠴᠡᠳᠭᠡᠨ᠎ᠡ᠄     ︵ᠨᠢᠭᠡ︶ ᠤᠯᠤᠰ᠂ ᠦᠪᠡᠷᠳᠡᠭᠡᠨ ᠵᠠᠰᠠᠬᠤ ᠤᠷᠤᠨ ᠪᠠ ᠲᠤᠰ ᠬᠤᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ᠂ ᠳᠦᠷᠢᠮ ᠲᠤᠭᠳᠠᠭᠠᠯ ᠵᠢᠴᠢ ᠴᠢᠭᠯᠡᠯᠳᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠡ᠃     ︵ᠬᠤᠶᠠᠷ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ᠂ ᠵᠠᠰᠠᠪᠤᠷᠢ ᠤᠷᠤᠭᠤᠯᠬᠤ ᠪᠠ ᠬᠡᠷᠡᠭᠵᠢᠬᠦᠯᠬᠦ ᠠᠵᠢᠯ ᠢ ᠵᠤᠬᠢᠶᠠᠨ ᠪᠠᠶᠢᠭᠤᠯᠵᠤ᠂ ᠬᠤᠶᠠᠷ ᠨᠠᠭᠤᠷ ᠤᠨ ᠬᠠᠮᠠᠭᠠᠯᠠᠯᠳᠠ ᠬᠠᠮᠢᠶᠠᠷᠤᠯᠳᠠ ᠶᠢᠨ ᠲᠦᠷᠢᠮ ᠢ ᠲᠤᠭᠳᠠᠭᠠᠬᠤ ᠪᠠ ᠬᠡᠷᠡᠭᠵᠢᠬᠦᠯᠦᠨ᠎ᠡ︔   ︵ᠭᠤᠷᠪᠠ︶ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠠᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠶᠢ ᠨᠢ ᠵᠢᠭᠠᠨ ᠵᠢᠯᠤᠭᠤᠳᠴᠤ ᠵᠤᠬᠢᠴᠠᠭᠤᠯᠤᠨ᠎ᠠ︔ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠤᠶᠠᠷ ᠨᠠᠭᠤᠷ ᠤᠨ ᠰᠠᠪᠠ ᠭᠠᠵᠠᠷ ᠤᠨ ᠬᠢᠨᠠᠨ ᠬᠠᠮᠢᠶᠠᠷᠤᠯᠳᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠠᠵᠢᠯ ᠢ ᠰᠠᠶᠢᠳᠤᠷ ᠬᠢᠬᠦ ᠶᠢ ᠨᠢ ᠵᠤᠬᠢᠴᠠᠭᠤᠯᠤᠨ᠎ᠠ︔   ︵ᠲᠦᠷᠪᠡ︶ ᠬᠤᠶᠠᠷ ᠨᠠᠭᠤᠷ ᠤᠨ ᠰᠠᠪᠠ ᠭᠠᠵᠠᠷ ᠤᠨ ᠤᠰᠤᠨ ᠴᠤᠭᠴᠠ᠂ ᠨᠤᠭᠤ ᠭᠠᠵᠠᠷ᠂ ᠪᠡᠯᠴᠢᠭᠡᠷ ᠤᠨ ᠳᠠᠯᠠᠪᠠᠢ ᠶᠢᠨ ᠪᠠᠶᠢᠳᠠᠯ ᠵᠡᠷᠭᠡ ᠳᠤ ᠨᠡᠶᠢᠳᠡᠮ ᠪᠠᠶᠢᠴᠠᠭᠠᠯᠳᠠ ᠬᠢᠬᠦ ᠪᠠ ᠮᠡᠳᠡᠭᠡ ᠵᠠᠩᠬᠢ ᠨᠡᠶᠢᠳᠡᠯᠡᠨ᠎ᠡ︔   ︵ᠳᠠᠪᠤ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠵᠤ ᠤᠰᠤᠨ ᠤ ᠤᠷᠴᠢᠨ ᠲᠤᠭᠤᠷᠢᠨ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ ᠶᠢᠨ ᠶᠠᠰᠤ ᠴᠢᠨᠠᠷ ᠲᠤ ᠬᠢᠨᠠᠨ ᠬᠡᠮᠵᠢᠯᠳᠡ ᠬᠢᠵᠦ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠬᠢᠨᠠᠨ ᠬᠡᠮᠵᠢᠯᠳᠡ ᠶᠢᠨ ᠦᠷ᠎ᠡ ᠳ᠋ᠦᠩ ᠵᠡᠷᠭᠡ ᠮᠡᠳᠡᠭᠡ ᠵᠠᠩᠬᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠳᠡᠯᠡᠨ᠎ᠡ︔    ︵ᠵᠢᠷᠭᠤᠭ᠎ᠠ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠵᠤ ᠤᠰᠤᠨ ᠤ ᠪᠤᠬᠢᠷᠳᠤᠯ ᠳᠤ ᠬᠢᠨᠠᠨ ᠪᠠᠶᠢᠴᠠᠭᠠᠯᠳᠠ ᠪᠠ ᠶᠡᠷᠦᠩᠭᠡᠢ ᠵᠠᠰᠠᠯᠳᠠ ᠬᠢᠨ᠎ᠡ︔    ︵ᠲᠤᠯᠤᠭ᠎ᠠ︶ ᠤᠰᠤᠨ ᠤ ᠪᠤᠬᠢᠷᠳᠤᠯ ᠤᠨ ᠡᠬᠢ ᠶᠢᠨ ᠬᠢᠨᠠᠨ ᠪᠠᠶᠢᠴᠠᠭᠠᠯᠳᠠ᠂ ᠴᠡᠭ ᠤᠨ ᠡᠬᠢ᠂ ᠳᠠᠯᠠᠪᠠᠢ ᠶᠢᠨ ᠡᠬᠢ ᠶᠢᠨ ᠪᠤᠬᠢᠷᠳᠤᠯ ᠤᠨ ᠰᠡᠷᠭᠡᠶᠢᠯᠡᠨ ᠵᠠᠰᠠᠯᠳᠠ︔     ︵ᠨᠠᠢᠮᠠ︶ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠤ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠰᠢᠭᠤᠢ ︵ᠡᠪᠡᠰᠦᠨ︶ ᠶᠢᠨ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ︔     ︵ᠶᠢᠰᠦ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠲᠤᠰᠢᠶᠠᠯ ᠬᠠᠷᠢᠭᠤᠴᠠᠯᠭ᠎ᠠ   ᠵᠢᠷᠭᠤᠳᠤᠭᠠᠷ ᠵᠦᠢᠯ  ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠨᠢ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ ᠬᠠᠮᠵᠢᠯᠴᠠᠵᠤ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠶᠢ ᠬᠠᠤᠯᠢ ᠶᠤᠰᠤᠭᠠᠷ ᠬᠦᠢᠴᠡᠳᠭᠡᠬᠦ ᠬᠡᠷᠡᠭᠳᠡᠢ᠃    ᠳᠤᠯᠤᠳᠤᠭᠠᠷ ᠵᠦᠢᠯ  ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠬᠠᠷᠢᠶᠠᠯᠠᠭᠳᠠᠬᠤ ᠬᠦᠭᠵᠢᠬᠦᠯᠦᠯᠳᠡ ᠪᠠ ᠦᠭᠡᠷᠡᠴᠢᠯᠡᠯᠳᠡ᠂ ᠡᠳ᠋ ᠤᠨ ᠵᠠᠰᠠᠭ᠂ ᠤᠷᠴᠢᠨ ᠲᠤᠭᠤᠷᠢᠨ ᠤ ᠬᠠᠮᠠᠭᠠᠯᠠᠯᠳᠠ᠂ ᠤᠰᠤᠨ ᠠᠰᠢᠭᠯᠠᠯᠳᠠ᠂ ᠵᠠᠮ ᠳᠡᠭᠡᠭᠡᠪᠦᠷᠢ᠂ ᠲᠦᠯᠦᠪᠵᠢᠬᠦᠯᠭᠡ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ᠂ ᠵᠤᠭᠠᠴᠠᠯ ᠵᠡᠷᠭᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠦᠪᠡᠷᠰᠡᠳ ᠤᠨ ᠲᠤᠰᠢᠶᠠᠯ ᠬᠠᠷᠢᠭᠤᠴᠠᠯᠭ᠎ᠠ ᠶᠤᠰᠤᠭᠠᠷ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ ᠬᠠᠮᠳᠤᠷᠠᠵᠤ ᠬᠤᠶᠠᠷ ᠨᠠᠭᠤᠷ ᠤᠨ ᠬᠠᠮᠠᠭᠠᠯᠠᠯᠳᠠ ᠪᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃   ᠨᠠᠢᠮᠠᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠬᠤᠶᠠᠷ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠶᠠᠷ ᠨᠠᠭᠤᠷ ᠤᠨ ᠬᠠᠮᠠᠭᠠᠯᠠᠯᠳᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠵᠤ᠂ ᠬᠤᠶᠠᠷ ᠨᠠᠭᠤᠷ ᠤᠨ ᠬᠠᠮᠠᠭᠠᠯᠠᠯᠳᠠ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠳᠡᠢ᠃ ᠬᠤᠶᠠᠷ ᠨᠠᠭᠤᠷ ᠤᠨ ᠰᠠᠪᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠶᠠᠷ ᠨᠠᠭᠤᠷ ᠤᠨ ᠬᠠᠮᠠᠭᠠᠯᠠᠯᠳᠠ ᠶᠢᠨ ᠪᠤᠳᠠᠳᠠᠢ ᠱᠠᠭᠠᠷᠳᠠᠯᠭ᠎ᠠ ᠶᠢ ᠦᠨᠳᠦᠰᠦᠯᠡᠵᠦ᠂ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠡᠢ᠃ ᠬᠤᠶᠠᠷ ᠨᠠᠭᠤᠷ ᠤᠨ ᠰᠠᠪᠠ ᠭᠠᠵᠠᠷ ᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠲᠠᠢ ᠬᠠᠮᠵᠢᠯᠴᠠᠵᠤ ᠨᠠᠭᠤᠷ ᠴᠦᠬᠦᠷᠦᠮ ᠤᠨ ᠬᠠᠮᠠᠭᠠᠯᠠᠯᠳᠠ ᠶᠢᠨ ᠠᠵᠢᠯ ᠢ ᠬᠢᠵᠤ᠂ ᠲᠤᠰᠬᠤᠨ ᠤ ᠠᠷᠠᠳ ᠤᠨ ᠬᠤᠶᠠᠷ ᠨᠠᠭᠤᠷ ᠤᠨ ᠬᠠᠮᠠᠭᠠᠯᠠᠯᠳᠠ ᠶᠢᠨ ᠡᠬᠦᠷᠭᠡ ᠶᠢ ᠬᠠᠤᠯᠢ ᠶᠤᠰᠤᠭᠠᠷ ᠬᠦᠢᠴᠡᠳᠭᠡᠬᠦ ᠶᠢ ᠨᠢ ᠰᠢᠮᠳᠠᠭᠤᠯᠬᠤ᠂ ᠬᠦᠳᠦᠯᠬᠦ ᠬᠡᠷᠡᠭᠳᠡᠢ᠃   ᠶᠢᠰᠦᠳᠦᠭᠡᠷ ᠵᠦᠢᠯ  ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠶᠠᠷ ᠨᠠᠭᠤᠷ ᠤᠨ ᠬᠠᠮᠠᠭᠠᠯᠠᠯᠳᠠ ᠶᠢᠨ ᠢᠯᠡᠴᠢᠯᠡᠯ ᠪᠠ ᠱᠠᠩᠨᠠᠯ ᠤᠨ ᠲᠦᠷᠢᠮ ᠢ ᠪᠠᠶᠢᠭᠤᠯᠬᠤ ᠬᠡᠷᠡᠭᠳᠡᠢ᠃                            ᠬᠤᠶᠠᠳᠤᠭᠠᠷ ᠪᠦᠯᠦᠭ ᠲᠦᠯᠦᠪᠵᠢᠬᠦᠯᠭᠡ ᠪᠠ ᠬᠠᠮᠠᠭᠠᠯᠠᠯᠳᠠ    ᠠᠷᠪᠠᠳᠤᠭᠠᠷ ᠵᠦᠢᠯ  ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠲᠠᠢ ᠬᠠᠮᠳᠤᠷᠠᠵᠤ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠶᠢ ᠬᠠᠷᠢᠭᠤᠴᠠᠨ᠎ᠠ᠃ ᠶᠡᠷᠦᠩᠭᠡᠢ ᠲᠦᠯᠦᠪᠵᠢᠬᠦᠯᠭᠡ ᠶᠢ ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠳᠠ ᠶᠢᠨ ᠲᠦᠯᠦᠪᠵᠢᠬᠦᠯᠭᠡ᠂ ᠤᠰᠤᠨ ᠤ ᠡᠬᠢ ᠪᠠᠶᠠᠯᠢᠭ ᠤᠨ ᠶᠡᠷᠦᠩᠭᠡᠢ ᠠᠰᠢᠭᠯᠠᠯᠳᠠ ᠶᠢᠨ ᠲᠦᠯᠦᠪᠵᠢᠬᠦᠯᠬᠡ᠂ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠲᠦᠯᠦᠪᠵᠢᠬᠦᠯᠭᠡ᠂ ᠠᠮᠢ ᠠᠬᠤᠢ ᠪᠠᠷ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠲᠦᠯᠦᠪᠵᠢᠬᠦᠯᠭᠡ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠯᠦᠪᠵᠢᠬᠦᠯᠭᠡ ᠂ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ᠂ ᠦᠶᠡᠷ ᠤᠨ ᠰᠡᠷᠭᠡᠶᠢᠯᠡᠯᠳᠡ ᠶᠢᠨ ᠲᠦᠯᠦᠪᠵᠢᠬᠦᠯᠭᠡ᠂ ᠤᠰᠤᠨ ᠤ ᠴᠢᠳᠠᠮᠵᠢ ᠶᠢᠨ ᠬᠤᠪᠢᠶᠠᠷᠢᠯᠠᠯ᠂ ᠨᠤᠭᠤᠭᠠᠷᠠᠭᠤᠯᠤᠯᠳᠠ ᠶᠢᠨ ᠰᠢᠰᠲ᠋ᠧᠮ ᠤᠨ ᠲᠦᠯᠦᠪᠵᠢᠬᠦᠯᠬᠡ ᠵᠢᠴᠢ ᠤᠰᠤ ᠨᠦᠬᠦᠪᠦᠷᠢᠯᠡᠯᠳᠡ ᠶᠢᠨ ᠲᠦᠯᠦᠪᠵᠢᠬᠦᠯᠭᠡ ᠵᠡᠷᠭᠡ ᠶᠢ ᠬᠠᠷᠢᠯᠴᠠᠨ ᠵᠤᠯᠭᠠᠯᠳᠤᠭᠤᠯᠬᠤ ᠬᠡᠷᠡᠭᠳᠡᠢ᠃    ᠠᠷᠪᠠᠨ ᠨᠢᠭᠡᠳᠦᠭᠡᠷ ᠵᠦᠢᠯ   ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠳᠤ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠵᠡᠷᠭᠡ ᠰᠡᠷᠭᠡᠭ ᠤᠷᠤᠨ ᠤ ᠤᠰᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠬᠠᠷᠠᠯᠳᠠᠳᠤ ᠡᠬᠦᠷᠭᠡ᠂ ᠪᠠᠲᠤᠯᠠᠬᠤ ᠠᠷᠭ᠎ᠠ ᠪᠠᠷᠢᠯ᠂ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠢ ᠴᠠᠭᠠᠵᠠᠯᠠᠭᠰᠠᠨ ᠤᠷᠤᠨ᠂ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠢ ᠬᠢᠵᠠᠭᠠᠷᠯᠠᠭᠰᠠᠨ ᠤᠷᠤᠨ ᠵᠢᠴᠢ ᠬᠠᠮᠠᠭᠠᠯᠠᠯᠳᠠ᠂ ᠠᠰᠢᠭᠯᠠᠯᠳᠠ᠂ ᠰᠡᠯᠪᠢᠨ ᠵᠠᠰᠠᠯᠳᠠ ᠶᠢᠨ ᠠᠷᠭ᠎ᠠ ᠮᠠᠶ᠋ᠢᠭ ᠵᠡᠷᠭᠡ ᠠᠭᠤᠯᠭ᠎ᠠ ᠤᠳ ᠢ ᠳᠤᠳᠤᠷᠬᠠᠶᠢᠯᠠᠬᠤ ᠬᠡᠷᠡᠭᠳᠡᠢ᠃     ᠠᠷᠪᠠᠨ ᠬᠤᠶᠠᠳᠤᠭᠠᠷ ᠵᠦᠢᠯ  ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠳᠤ ᠪᠠᠨ᠂ ᠨᠤᠳᠠᠯᠠᠯᠳᠠ ᠶᠢᠨ ᠬᠤᠷᠠᠯ᠂ ᠬᠡᠷᠡᠴᠢᠯᠡᠭᠡ ᠰᠤᠨᠤᠰᠬᠤ ᠬᠤᠷᠠᠯ ᠵᠡᠷᠭᠡ ᠠᠷᠭ᠎ᠠ ᠮᠠᠶ᠋ᠢᠭ ᠢᠶᠠᠷ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠤᠰᠬᠠᠢ ᠮᠡᠷᠭᠡᠵᠢᠯᠳᠡᠨ ᠪᠠ ᠤᠯᠠᠨ ᠨᠡᠶᠢᠳᠡ ᠶᠢᠨ ᠰᠠᠨᠠᠯ ᠢ ᠦᠷᠭᠡᠨ ᠳᠡᠯᠭᠡᠷ ᠬᠤᠷᠢᠶᠠᠬᠤ ᠬᠡᠷᠡᠭᠳᠡᠢ᠃ ᠶᠡᠷᠦᠩᠭᠡᠢ ᠲᠦᠯᠦᠪᠵᠢᠬᠦᠯᠭᠡ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠪᠠᠲᠤᠯᠠᠭᠤᠯᠬᠤ ᠪᠦᠭᠡᠳ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠦᠨ ᠭᠤᠶᠤᠴᠢᠯᠠᠵᠤ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠶᠠᠪᠤᠴᠠ ᠶᠤᠰᠤᠭᠠᠷ ᠮᠡᠳᠡᠬᠦᠯᠦᠨ ᠵᠦᠪᠰᠢᠶᠡᠷᠡᠬᠦᠯᠵᠦ᠂ ᠵᠦᠪᠰᠢᠶᠡᠷᠡᠬᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠳᠡᠯᠡᠬᠦ ᠬᠡᠷᠡᠭᠳᠡᠢ᠃     ᠠᠷᠪᠠᠨ ᠭᠤᠷᠪᠠᠳᠤᠭᠠᠷ ᠵᠦᠢᠯ  ᠵᠦᠪᠰᠢᠶᠡᠷᠡᠬᠦᠯᠦᠭᠰᠡᠨ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠴᠢᠩᠭ᠎ᠠ ᠬᠡᠷᠡᠭᠵᠢᠬᠦᠯᠬᠦ ᠠᠴᠠ ᠪᠢᠰᠢ᠂ ᠶᠠᠮᠠᠷᠪᠠ ᠨᠢᠭᠡᠴᠡ ᠪᠤᠶᠤ ᠬᠤᠪᠢ ᠬᠦᠮᠦᠨ ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ︔ ᠦᠨᠡᠭᠡᠷ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠵᠦᠪᠰᠢᠶᠡᠷᠡᠬᠦᠯᠬᠦ ᠶᠠᠪᠤᠴᠠ ᠪᠠᠷ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ᠃     ᠠᠷᠪᠠᠨ ᠲᠦᠷᠪᠡᠳᠦᠭᠡᠷ ᠵᠦᠢᠯ  ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠤᠢ ᠰᠢᠭᠤᠢ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠵᠡᠷᠭᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠵᠤ ᠬᠤᠶᠠᠷ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠪᠠᠶᠢᠴᠠᠭᠠᠯᠳᠠ ᠬᠢᠵᠦ᠂ ᠰᠡᠯᠪᠢᠨ ᠵᠠᠰᠠᠬᠤ ᠲᠦᠰᠦᠯ ᠲᠤᠭᠳᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠳᠡᠢ᠃     ᠠᠷᠪᠠᠨ ᠳᠠᠪᠤᠳᠤᠭᠠᠷ ᠵᠦᠢᠯ   ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠯᠳᠠ ᠪᠠᠷ ᠰᠠᠪᠠ ᠭᠠᠵᠠᠷ ᠤᠨ ᠠᠮᠢ ᠠᠬᠤᠢ ᠶᠢᠨ ᠤᠰᠤ ᠨᠦᠬᠦᠪᠦᠷᠢᠯᠡᠯᠳᠡ ᠶᠢᠨ ᠵᠤᠬᠢᠴᠠᠭᠤᠯᠬᠤ ᠳᠤᠭᠳᠠᠴᠠ ᠶᠢ ᠪᠠᠶᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠳᠡᠢ᠃      ᠠᠷᠪᠠᠨ ᠵᠢᠷᠭᠤᠳᠤᠭᠠᠷ ᠵᠦᠢᠯ  ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠵᠤ᠂ ᠨᠠᠭᠤᠷ ᠴᠦᠬᠦᠷᠦᠮ ᠤᠨ ᠤᠰᠤᠨ ᠤ ᠴᠢᠨᠠᠷ ᠤᠨ ᠪᠠᠶᠢᠳᠠᠯ ᠤᠨ ᠬᠢᠨᠠᠨ ᠬᠡᠮᠵᠢᠯᠳᠡ ᠶᠢ ᠴᠢᠩᠭᠠᠳᠬᠠᠵᠤ᠂ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠲᠤᠰ ᠭᠠᠵᠠᠷ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠰᠠᠶᠢᠵᠢᠷᠠᠭᠤᠯᠬᠤ ᠬᠡᠷᠡᠭᠳᠡᠢ᠃     ᠠᠷᠪᠠᠨ ᠳᠤᠯᠤᠳᠤᠭᠠᠷ ᠵᠦᠢᠯ   ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ᠂ ᠨᠠᠭᠤᠷ ᠲᠤ ᠤᠷᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠠᠶᠤᠯ ᠠᠴᠠ ᠵᠠᠪᠳᠤᠨ ᠠᠪᠤᠷᠠᠬᠤ᠂ ᠭᠠᠮᠰᠢᠭ ᠠᠴᠠ ᠠᠪᠤᠷᠠᠬᠤ᠂ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠳᠤ ᠤᠰᠤ ᠬᠠᠩᠭᠠᠬᠤ ᠠᠴᠠ ᠭᠠᠳᠠᠨ᠎ᠠ᠂ ᠬᠤᠶᠠᠷ ᠨᠠᠭᠤᠷ ᠤᠨ ᠰᠠᠪᠠ ᠭᠠᠵᠠᠷ ᠲᠤ ᠨᠠᠭᠤᠷ ᠲᠤ ᠤᠷᠤᠬᠤ ᠤᠰᠤᠨ ᠤ ᠡᠬᠢ ᠰᠤᠷᠪᠤᠯᠵᠢ ᠶᠢ ᠳᠠᠰᠤᠯᠬᠤ ᠪᠤᠶᠤ ᠲᠤᠷ᠎ᠠ ᠪᠠᠷ ᠢᠶᠠᠨ ᠤᠰᠤ ᠠᠪᠬᠤ ᠶᠢ ᠴᠠᠭᠠᠵᠠᠯᠠᠬᠤ ᠬᠡᠷᠡᠭᠳᠡᠢ᠃      ᠠᠷᠪᠠᠨ ᠨᠠᠢᠮᠠᠳᠤᠭᠠᠷ ᠵᠦᠢᠯ  ᠬᠤᠶᠠᠷ ᠨᠠᠭᠤᠷ ᠤᠨ ᠰᠠᠪᠠ ᠭᠠᠵᠠᠷ ᠲᠤ ᠴᠠᠬᠢᠯᠭᠠᠨ ᠦᠩᠭᠡᠯᠡᠯᠳᠡ᠂ ᠬᠢᠮᠢ ᠶᠢᠨ ᠠᠵᠤ ᠦᠢᠯᠡᠳᠪᠦᠷᠢ᠂ ᠡᠮ ᠤᠨ ᠦᠢᠯᠡᠳᠭᠡᠯ᠂ ᠠᠷᠠᠰᠤ ᠰᠢᠷᠢ ᠵᠡᠷᠭᠡ ᠠᠽᠤᠲ᠂ ᠹᠤᠰᠹᠤᠷ᠂ ᠬᠦᠨᠳᠦ ᠳᠡᠮᠦᠷᠯᠢᠭ ᠵᠡᠷᠭᠡ ᠶᠢ ᠠᠭᠤᠯᠤᠭᠰᠠᠨ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠵᠢᠴᠢ ᠦᠨᠳᠦᠷ ᠬᠤᠷᠤᠭᠳᠠᠯᠳᠤ ᠤᠰᠤ᠂ ᠦᠨᠳᠦᠷ ᠪᠤᠬᠢᠷᠳᠤᠯ ᠤᠨ ᠲᠦᠷᠦᠯ ᠵᠦᠢᠯ ᠤᠳ ᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠎ᠠ᠃ ᠤᠯᠤᠰ ᠤᠨ ᠤᠷᠴᠢᠨ ᠲᠤᠭᠤᠷᠢᠨ ᠤ ᠶᠠᠰᠤ ᠴᠢᠨᠠᠷ ᠤᠨ ᠪᠠᠷᠢᠮᠵᠢᠶᠠᠵᠢᠯ ᠳᠤ ᠬᠦᠷᠦᠭᠡᠳᠦᠢ ᠨᠢᠭᠡᠨᠳᠡ ᠪᠠᠶᠢᠭ᠎ᠠ ᠠᠵᠤ ᠠᠬᠤᠶᠢᠯᠠᠯ ᠳᠤ ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠲᠡᠬᠦᠨ ᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠦᠭᠡᠷ᠎ᠡ ᠪᠦᠳᠦᠭᠡᠭᠳᠡᠬᠦᠨ ᠦᠢᠯᠡᠳᠬᠦ ᠪᠤᠶᠤ ᠡᠬᠦᠳᠡ ᠬᠠᠭᠠᠬᠤ ᠶᠢ ᠨᠢ ᠬᠠᠤᠯᠢ ᠶᠤᠰᠤᠭᠠᠷ ᠵᠠᠷᠯᠢᠭᠳᠠᠨ᠎ᠠ᠃     ᠠᠷᠪᠠ ᠶᠢᠰᠦᠳᠦᠭᠡᠷ ᠵᠦᠢᠯ   ᠬᠤᠶᠠᠷ ᠨᠠᠭᠤᠷ ᠤᠨ ᠰᠠᠪᠠ ᠭᠠᠵᠠᠷ ᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠬᠢᠵᠦ᠂ ᠲᠠᠷᠢᠶᠠᠯᠠᠩ ᠤᠨ ᠤᠰᠤᠯᠠᠯᠳᠠ ᠶᠢᠨ ᠤᠰᠤᠨ ᠤ ᠡᠬᠢ ᠰᠤᠷᠪᠤᠯᠵᠢ᠂ ᠤᠰᠤᠯᠠᠬᠤ ᠶᠢ ᠳᠠᠳᠠᠷᠠᠭᠤᠯᠬᠤ ᠪᠠᠷᠢᠯᠭ᠎ᠠ ᠶᠢᠨ ᠲᠦᠬᠦᠭᠡᠷᠦᠮᠵᠢ ᠶᠢ ᠡᠵᠡᠯᠡᠬᠦ ᠪᠤᠶᠤ ᠤᠤᠯ ᠤᠨ ᠤᠰᠤᠯᠠᠯᠳᠠ ᠶᠢᠨ ᠬᠡᠷᠡᠭᠯᠡᠭᠡᠨ ᠤ ᠤᠰᠤ ᠂ ᠬᠠᠩᠭᠠᠯᠳᠠ ᠶᠢᠨ ᠤᠰᠤᠨ ᠤ ᠡᠬᠢ ᠰᠤᠷᠪᠤᠯᠵᠢ ᠳᠤ ᠠᠰᠢᠭ ᠦᠭᠡᠢ ᠨᠦᠯᠦᠭᠡ ᠲᠠᠢ ᠪᠤᠯᠤᠭᠰᠠᠨ ᠪᠣᠯ᠂ ᠪᠦᠲᠦᠭᠡᠨ ᠪᠠᠶᠢᠭᠤᠯᠤᠯᠳᠠ ᠶᠢᠨ ᠨᠢᠭᠡᠴᠡ ᠵᠤᠬᠢᠴᠠᠩᠭᠤᠢ ᠨᠦᠬᠦᠵᠦ ᠵᠠᠰᠠᠬᠤ ᠠᠷᠭ᠎ᠠ ᠪᠠᠷᠢᠯ ᠠᠪᠬᠤ ᠬᠡᠷᠡᠭᠳᠡᠢ︔ ᠬᠤᠬᠢᠷᠠᠯ ᠤᠴᠠᠷᠠᠭᠤᠯᠤᠭᠰᠠᠨ ᠪᠣᠯ᠂ ᠬᠠᠤᠯᠢ ᠶᠤᠰᠤᠭᠠᠷ ᠨᠦᠬᠦᠵᠦ ᠲᠦᠯᠦᠭᠦ ᠬᠡᠷᠡᠭᠳᠡᠢ᠃     ᠬᠤᠷᠢᠳᠤᠭᠠᠷ ᠵᠦᠢᠯ  ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠬᠤᠶᠠᠷ ᠨᠠᠭᠤᠷ ᠤᠨ ᠰᠠᠪᠠ ᠭᠠᠵᠠᠷ ᠲᠤ ᠮᠠᠯᠳᠠᠬᠤ ᠶᠢ ᠴᠠᠭᠠᠵᠠᠯᠠᠭᠰᠠᠨ ᠲᠤᠭᠤᠷᠢᠭ ᠢ ᠬᠡᠰᠡᠭᠯᠡᠨ ᠲᠤᠭᠳᠠᠭᠠᠵᠤ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠵᠦ᠂ ᠮᠠᠯᠳᠠᠬᠤ ᠶᠢ ᠴᠠᠭᠠᠵᠠᠯᠠᠭᠰᠠᠨ ᠲᠤᠭᠤᠷᠢᠭ ᠲᠤ ᠬᠠᠶᠢᠷ ᠴᠢᠯᠠᠭᠤ ᠮᠠᠯᠳᠠᠬᠤ᠂ ᠰᠢᠷᠤᠢ ᠠᠪᠬᠤ ᠶᠢ ᠴᠠᠭᠠᠵᠠᠯᠠᠬᠤ ᠬᠡᠷᠡᠭᠳᠡᠢ᠃     ᠬᠤᠷᠢᠨ ᠨᠢᠭᠡᠳᠦᠭᠡᠷ ᠵᠦᠢᠯ   ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠬᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠳᠠ ᠬᠢᠵᠦ ᠪᠠᠶᠢᠭᠤᠯᠤᠯᠳᠠ ᠬᠢᠵᠦ᠂ ᠲᠠᠷᠢᠶᠠᠯᠠᠩ ᠤᠨ ᠤᠰᠤ ᠠᠷᠪᠢᠯᠠᠯᠳᠠ᠂ ᠠᠵᠤ ᠦᠢᠯᠡᠳᠪᠦᠷᠢ ᠶᠢᠨ ᠤᠰᠤ ᠬᠡᠷᠡᠭᠯᠡᠯᠳᠡ ᠬᠠᠯᠠᠬᠤ ᠠᠷᠭ᠎ᠠ ᠪᠠᠷᠢᠯ ᠢ ᠬᠡᠷᠡᠭᠵᠢᠬᠦᠯᠵᠦ᠂ ᠰᠢᠨ᠎ᠡ ᠤᠰᠤ ᠶᠢ ᠠᠪᠴᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠰᠠᠪᠠ ᠭᠠᠵᠠᠷ ᠤᠨ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠬᠦ ᠬᠡᠷᠡᠭᠳᠡᠢ᠃ ᠲᠠᠷᠢᠶᠠᠯᠠᠩ ᠳᠤ ᠤᠰᠤ ᠬᠡᠷᠡᠭᠯᠡᠬᠦ ᠳᠤ ᠪᠠᠨ ᠤᠰᠤ ᠠᠷᠪᠢᠯᠠᠬᠤ ᠤᠰᠤᠯᠠᠯᠳᠠ ᠶᠢᠨ ᠠᠷᠭ᠎ᠠ ᠮᠠᠶ᠋ᠢᠭ ᠪᠠ ᠤᠰᠤ ᠠᠷᠪᠢᠯᠠᠬᠤ ᠮᠡᠷᠭᠡᠵᠢᠯ ᠢ ᠳᠡᠯᠭᠡᠷᠡᠬᠦᠯᠵᠦ᠂ ᠲᠠᠷᠢᠶᠠᠯᠠᠩ ᠤᠨ ᠤᠰᠤ ᠬᠠᠳᠠᠭᠠᠯᠠᠬᠤ᠂ ᠤᠰᠤ ᠳᠠᠮᠵᠢᠭᠤᠯᠬᠤ ᠪᠠᠷᠢᠯᠭ᠎ᠠ ᠳᠤ ᠨᠡᠪᠴᠢᠬᠦ ᠭᠤᠭᠤᠵᠢᠬᠤ ᠶᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠪᠠᠷᠢᠯ ᠠᠪᠴᠤ᠂ ᠲᠠᠷᠢᠶᠠᠯᠠᠩ ᠳᠤ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠵᠦ᠂ ᠤᠰᠤᠯᠠᠬᠤ ᠪᠠᠨ ᠪᠤᠯᠢᠵᠤ ᠤᠰᠤ ᠠᠷᠪᠢᠳᠤᠭᠤᠯᠬᠤ᠂ ᠲᠠᠷᠢᠶᠠᠯᠠᠬᠤ ᠪᠠᠨ ᠪᠤᠯᠢᠵᠤ ᠨᠤᠭᠤ ᠭᠠᠵᠠᠷ ︵ᠤᠢ᠂ ᠡᠪᠡᠰᠦ︶ ᠪᠤᠯᠭᠠᠬᠤ ᠶᠢ ᠠᠭᠠᠵᠢᠮ ᠢᠶᠠᠷ ᠶᠠᠪᠤᠭᠳᠠᠭᠤᠯᠵᠤ᠂ ᠤᠰᠤᠨ ᠤ ᠡᠬᠢ ᠰᠤᠷᠪᠤᠯᠵᠢ ᠶᠢᠨ ᠬᠤᠷᠤᠭᠳᠠᠯ ᠤᠨ ᠬᠡᠮᠵᠢᠶ᠎ᠡ ᠶᠢ ᠪᠠᠭᠠᠰᠬᠠᠬᠤ ᠬᠡᠷᠡᠭᠳᠡᠢ᠃ ᠠᠵᠤ ᠦᠢᠯᠡᠳᠪᠦᠷᠢ ᠳᠤ ᠤᠰᠤ ᠬᠡᠷᠡᠭᠯᠡᠬᠦ ᠳᠤ ᠪᠠᠨ ᠲᠡᠷᠢᠬᠦᠨ ᠤ ᠮᠡᠷᠭᠡᠵᠢᠯ᠂ ᠤᠷᠠᠨ ᠳᠠᠷᠬ᠎ᠠ ᠪᠠ ᠲᠦᠬᠦᠭᠡᠷᠦᠮᠵᠢ ᠶᠢ ᠬᠡᠷᠡᠭᠯᠡᠵᠦ᠂ ᠤᠷᠴᠢᠯ ᠲᠠᠢ ᠪᠠᠷ ᠤᠰᠤ ᠬᠡᠷᠡᠭᠯᠡᠬᠦ ᠤᠳᠠᠭ᠎ᠠ ᠲᠤᠭ᠎ᠠ ᠶᠢ ᠨᠡᠮᠡᠭᠳᠡᠬᠦᠯᠵᠦ᠂ ᠤᠰᠤᠨ ᠤ ᠳᠠᠬᠢᠨ ᠳᠠᠪᠳᠠᠨ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠵᠦ᠂ ᠬᠤᠴᠤᠷᠤᠩᠭᠤᠢ᠂ ᠤᠰᠤᠨ ᠤ ᠬᠤᠷᠤᠭᠳᠠᠯ ᠤᠨ ᠬᠡᠮᠵᠢᠶ᠎ᠡ ᠪᠠᠷ ᠶᠡᠭᠡ ᠤᠷᠠᠨ ᠳᠠᠷᠬ᠎ᠠ᠂ ᠲᠦᠬᠦᠭᠡᠷᠦᠮᠵᠢ ᠪᠠ ᠪᠦᠲᠦᠭᠡᠭᠳᠡᠬᠦᠨ ᠢ ᠠᠭᠠᠵᠢᠮ ᠢᠶᠠᠷ ᠰᠢᠭᠰᠢᠭᠳᠡᠬᠦᠯᠬᠦ ᠬᠡᠷᠡᠭᠳᠡᠢ᠃ ᠬᠤᠲᠠ ᠶᠢᠨ ᠠᠮᠢᠳᠤᠷᠠᠯ ᠳᠤ ᠤᠰᠤ ᠬᠡᠷᠡᠭᠯᠡᠬᠦ ᠳᠤ ᠪᠠᠨ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠤᠬᠢᠷᠠᠭᠤᠯᠤᠨ ᠪᠦᠲᠦᠮᠵᠢᠳᠠᠢ ᠠᠷᠭ᠎ᠠ ᠪᠠᠷᠢᠯ ᠠᠪᠴᠤ᠂ ᠤᠰᠤ ᠠᠷᠪᠢᠯᠠᠬᠤ ᠮᠠᠶ᠋ᠢᠭ ᠤᠨ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠳᠡᠯᠭᠡᠷᠡᠭᠦᠯᠵᠦ᠂ ᠬᠤᠲᠠ ᠶᠢᠨ ᠤᠰᠤ ᠬᠠᠩᠭᠠᠬᠤ ᠬᠤᠭᠤᠯᠠᠢ ᠶᠢᠨ ᠲᠤᠤᠷ ᠤᠨ ᠭᠤᠭᠤᠵᠢᠬᠤ ᠨᠤᠷᠮ᠎ᠠ ᠶᠢ ᠳᠤᠷᠤᠭᠰᠢᠯᠠᠭᠤᠯᠵᠤ᠂ ᠠᠮᠢᠳᠤᠷᠠᠯ ᠤᠨ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠬᠦᠯᠵᠦ᠂ ᠬᠤᠲᠠ ᠶᠢᠨ ᠪᠤᠵᠠᠷ ᠤᠰᠤ ᠶᠢ ᠲᠦᠪᠯᠡᠷᠡᠬᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠳᠠᠬᠢᠯᠳᠠ ᠤᠰᠤ ᠬᠡᠷᠡᠭᠯᠡᠬᠦ ᠶᠢ ᠵᠤᠷᠢᠭᠵᠢᠭᠤᠯᠵᠤ᠂ ᠪᠤᠵᠠᠷ ᠤᠰᠤ ᠶᠢ ᠳᠠᠬᠢᠯᠳᠠ ᠲᠠᠢ ᠠᠰᠢᠭᠯᠠᠬᠤ ᠨᠤᠷᠮ᠎ᠠ ᠶᠢ ᠳᠡᠭᠡᠭᠰᠢᠯᠡᠬᠦᠯᠬᠦ ᠬᠡᠷᠡᠭᠳᠡᠢ᠃   ᠬᠤᠷᠢᠨ ᠬᠤᠶᠠᠳᠤᠭᠠᠷ ᠵᠦᠢᠯ   ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠬᠤᠲᠠ ᠬᠦᠳᠡᠭᠡ ᠶᠢᠨ ᠬᠤᠭ ᠨᠤᠪᠰᠢ ᠴᠤᠭᠯᠠᠭᠤᠯᠬᠤ᠂ ᠵᠦᠭᠡᠭᠡᠪᠦᠷᠢᠯᠡᠬᠦ᠂ ᠰᠢᠢᠳᠪᠦᠷᠢᠯᠡᠬᠦ ᠲᠦᠬᠦᠭᠡᠷᠦᠮᠵᠢ ᠶᠢ ᠨᠢᠭᠡᠳᠦᠯᠳᠡᠢ ᠲᠦᠯᠦᠪᠯᠡᠨ ᠲᠤᠬᠢᠷᠠᠭᠤᠯᠤᠨ ᠪᠦᠲᠦᠭᠡᠨ ᠪᠠᠶᠢᠭᠤᠯᠵᠤ᠂ ᠭᠠᠴᠠᠭ᠎ᠠ ᠲᠤᠰᠬᠤᠨ ᠳᠤ ᠬᠤᠭ ᠨᠤᠪᠰᠢ ᠴᠤᠭᠯᠠᠭᠤᠯᠬᠤ ᠴᠢᠭ᠋ ᠭᠠᠷᠭᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠡᠪᠡᠰᠦ ᠠᠷᠢᠯᠭᠠᠬᠤ ᠡᠳ᠋ ᠵᠡᠷᠭᠡ ᠶᠢ ᠪᠠᠭᠯᠠᠬᠤ ᠪᠤᠳᠠᠰ ᠢ ᠢᠯᠭᠠᠪᠤᠷᠢᠯᠠᠨ ᠰᠢᠢᠳᠪᠦᠷᠢᠯᠡᠵᠦ᠂ ᠬᠤᠭ ᠨᠤᠪᠰᠢ ᠶᠢᠨ ᠰᠢᠢᠳᠪᠦᠷᠢᠯᠡᠯᠳᠡ ᠶᠢᠨ ᠬᠡᠮᠵᠢᠭᠳᠡᠯ ᠬᠠᠰᠤᠭᠳᠠᠭᠤᠯᠤᠯᠳᠠ᠂ ᠬᠤᠤᠷ ᠦᠭᠡᠶᠢᠳᠦᠬᠦᠯᠦᠯᠳᠡ ᠪᠠ ᠡᠬᠢ ᠪᠠᠶᠠᠯᠢᠭᠵᠢᠭᠤᠯᠤᠯᠳᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠳᠡᠢ᠃    ᠬᠤᠷᠢᠨ ᠭᠤᠷᠪᠠᠳᠤᠭᠠᠷ ᠵᠦᠢᠯ   ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠴᠢᠳᠠᠮᠵᠢ ᠶᠢᠨ ᠬᠡᠷᠡᠭᠴᠡᠭᠡ ᠶᠢ ᠦᠨᠳᠦᠰᠦᠯᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠭᠤᠤᠯ ᠤᠷᠤᠰᠬᠠᠯ᠂ ᠨᠠᠭᠤᠷ ᠴᠦᠬᠦᠷᠦᠮ᠂ ᠨᠤᠭᠤ ᠭᠠᠵᠠᠷ ᠤᠨ ᠬᠠᠮᠠᠭᠠᠯᠠᠯᠳᠠ ᠪᠠ ᠰᠡᠯᠪᠢᠨ ᠵᠠᠰᠠᠯᠳᠠ ᠬᠢᠵᠦ᠂ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠤᠬᠢᠷᠠᠭᠤᠯᠤᠨ ᠬᠢᠮᠡᠯ ᠨᠤᠭᠤ ᠭᠠᠵᠠᠷ᠂ ᠤᠰᠤᠨ ᠤ ᠡᠬᠢ ᠰᠤᠷᠪᠤᠯᠵᠢ ᠶᠢᠨ ᠪᠠᠭᠳᠠᠭᠠᠮᠵᠢ ᠶᠢᠨ ᠤᠢ᠂ ᠭᠤᠤᠯ ᠳᠠᠭᠠᠤ ᠨᠠᠭᠤᠷ ᠳᠠᠭᠠᠤ ᠶᠢᠨ ᠤᠷᠭᠤᠮᠠᠯ ᠤᠨ ᠬᠤᠴᠢᠯᠳᠠ ᠶᠢᠨ ᠨᠠᠮᠬᠠᠳᠬᠠᠬᠤ ᠪᠦᠰᠡ ᠪᠠ ᠲᠤᠰᠠᠭᠠᠷᠯᠠᠬᠤ ᠪᠦᠰᠡ ᠵᠡᠷᠭᠡ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠪᠠ ᠬᠠᠮᠠᠭᠠᠯᠠᠯᠳᠠ ᠶᠢᠨ ᠪᠠᠷᠢᠯᠭ᠎ᠠ ᠶᠢ ᠪᠦᠲᠦᠭᠡᠨ ᠪᠠᠶᠢᠭᠤᠯᠵᠤ᠂ ᠬᠠᠷ᠎ᠠ ᠦᠮᠡᠭᠡᠢ ᠤᠰᠤᠨ ᠴᠤᠭᠴᠠ ᠶᠢ ᠴᠡᠭᠴᠡᠯᠡᠨ ᠵᠠᠰᠠᠵᠤ᠂ ᠰᠠᠪᠠ ᠭᠠᠵᠠᠷ ᠤᠨ ᠤᠷᠴᠢᠨ ᠲᠤᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠳᠡᠢ᠃ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠰᠢᠨᠵᠢᠯᠡᠬᠦ ᠤᠬᠠᠭᠠᠨᠴᠢ ᠵᠤᠬᠢᠰᠳᠠᠢ ᠠᠷᠭ᠎ᠠ ᠪᠠᠷᠢᠯ ᠠᠪᠴᠤ᠂ ᠬᠤᠭᠤᠴᠠᠭ᠎ᠠ ᠲᠤᠭᠳᠠᠭᠠᠵᠤ ᠨᠠᠭᠤᠷ ᠴᠦᠬᠦᠷᠦᠮ ᠨᠠᠭᠤᠷ ᠲᠤ ᠤᠷᠤᠬᠤ ᠭᠤᠤᠯ ᠤᠨ ᠵᠠᠮ ᠤᠨ ᠬᠤᠷᠠᠮᠠᠭ ᠴᠡᠪᠡᠷᠯᠡᠬᠦ ᠶᠢ ᠵᠤᠬᠢᠶᠠᠨ ᠪᠠᠶᠢᠭᠤᠯᠵᠤ᠂ ᠲᠦᠷ ᠴᠠᠭ ᠭᠠᠵᠠᠷ ᠰᠢᠷᠤᠢ ᠡᠵᠡᠯᠡᠵᠦ ᠬᠡᠷᠡᠭᠯᠡᠬᠦ ᠴᠢᠬᠤᠯᠠ ᠲᠠᠢ ᠪᠣᠯ᠂ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠬᠢᠷᠠᠭᠤᠯᠬᠤ ᠬᠡᠷᠡᠭᠳᠡᠢ᠃     ᠬᠤᠷᠢᠨ ᠲᠦᠷᠪᠡᠳᠦᠭᠡᠷ ᠵᠦᠢᠯ  ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠤᠷ ᠲᠠᠢ᠂ ᠶᠡᠭᠡ ᠦᠯᠡᠳᠡᠭᠳᠡᠯ ᠲᠠᠢ ᠳᠠᠷᠢᠶᠠᠨ ᠡᠮ ᠬᠡᠷᠡᠭᠯᠡᠬᠦ ᠶᠢ ᠴᠠᠭᠠᠵᠠᠯᠠᠵᠤ᠂ ᠤᠷᠭᠠᠨᠢᠭ ᠪᠤᠷᠳᠤᠭᠤᠷ ᠪᠠ ᠦᠨᠳᠦᠷ ᠠᠰᠢᠭ ᠲᠠᠢ᠂ ᠪᠠᠭ᠎ᠠ ᠬᠤᠤᠷ ᠲᠠᠢ᠂ ᠪᠠᠭ᠎ᠠ ᠦᠯᠡᠳᠡᠭᠳᠡᠯ ᠲᠠᠢ᠂ ᠬᠢᠯᠪᠡᠷ ᠪᠠᠭᠤᠷᠠᠨ ᠵᠠᠳᠠᠷᠠᠬᠤ ᠲᠠᠷᠢᠶᠠᠨ ᠡᠮ ᠢ ᠳᠡᠯᠭᠡᠷᠡᠬᠦᠯᠦᠨ ᠬᠡᠷᠡᠭᠯᠡᠵᠦ᠂ ᠤᠨᠤᠪᠴᠢᠳᠠᠢ ᠪᠤᠷᠳᠤᠭᠤᠷ ᠤᠷᠤᠭᠤᠯᠬᠤ᠂ ᠨᠠᠶᠢᠷᠠᠯᠭ᠎ᠠ ᠲᠠᠢ ᠪᠤᠷᠳᠤᠭᠤᠷ ᠤᠷᠤᠭᠤᠯᠬᠤ ᠵᠡᠷᠭᠡ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠮᠡᠷᠭᠡᠵᠢᠯ ᠢ ᠳᠡᠯᠭᠡᠷᠡᠬᠦᠯᠵᠦ᠂ ᠠᠮᠢᠳᠤ ᠪᠤᠳᠠᠰ ᠤᠨ ᠳᠠᠷᠢᠶᠠᠨ ᠡᠮ ᠬᠡᠷᠡᠭᠯᠡᠬᠦ ᠪᠠ ᠬᠡᠮ ᠬᠤᠷᠤᠬᠠᠢ ᠶᠢᠨ ᠬᠦᠨᠦᠭᠡᠯ ᠢ ᠶᠡᠷᠦᠩᠭᠡᠶᠢᠯᠠᠨ ᠰᠡᠷᠭᠡᠶᠢᠯᠡᠨ ᠵᠠᠰᠠᠬᠤ ᠮᠡᠷᠭᠡᠵᠢᠯ ᠬᠡᠷᠡᠭᠯᠡᠬᠦ ᠶᠢ ᠨᠢ ᠵᠤᠷᠢᠭᠵᠢᠭᠤᠯᠵᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ ᠪᠠ ᠬᠦᠳᠡᠭᠡ ᠲᠤᠰᠬᠤᠨ ᠤ ᠠᠷᠢᠭᠤᠨ ᠴᠡᠪᠡᠷ ᠢᠨᠵᠧᠨᠧᠷᠢᠩ ᠢ ᠳᠡᠯᠭᠡᠷᠡᠭᠦᠯᠵᠦ᠂ ᠰᠠᠪᠠ ᠭᠠᠵᠠᠷ ᠳᠠᠬᠢ ᠲᠠᠷᠢᠶᠠᠨ ᠭᠠᠵᠠᠷ ᠤᠨ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠷᠡᠭᠯᠡᠭᠡᠨ ᠤ ᠶᠡᠷᠦᠩᠭᠡᠢ ᠬᠡᠮᠵᠢᠶᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠰᠠᠪᠠ ᠭᠠᠵᠠᠷ ᠤᠨ ᠤᠰᠤᠨ ᠴᠤᠭᠴᠠ ᠶᠢᠨ ᠪᠤᠬᠢᠷᠳᠤᠬᠤ ᠶᠢ ᠰᠡᠷᠭᠡᠶᠢᠯᠡᠬᠦ ᠬᠡᠷᠡᠭᠳᠡᠢ᠃     ᠬᠤᠷᠢᠨ ᠳᠠᠪᠤᠳᠤᠭᠠᠷ ᠵᠦᠢᠯ  ᠬᠤᠶᠠᠷ ᠨᠠᠭᠤᠷ ᠤᠨ ᠰᠠᠪᠠ ᠭᠠᠵᠠᠷ ᠲᠤ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠤᠳ ᠢ ᠬᠢᠵᠦ ᠪᠤᠯᠬᠤ ᠦᠭᠡᠢ᠄   ︵ᠨᠢᠭᠡ︶ ᠭᠠᠵᠠᠷ ᠳᠤᠤᠷᠠᠬᠢ ᠤᠰᠤ ᠶᠢ ᠲᠤᠤᠷ᠎ᠠ ᠪᠠᠷ ᠢᠶᠠᠨ ᠨᠡᠭᠡᠭᠡᠨ ᠮᠠᠯᠳᠠᠬᠤ︔    ︵ᠬᠤᠶᠠᠷ︶ ᠰᠢᠢᠳᠪᠦᠷᠢᠯᠡᠯᠳᠡ ᠪᠠᠷ ᠳᠠᠮᠵᠢᠭᠰᠠᠨ ᠦᠭᠡᠢ ᠪᠤᠶᠤ ᠬᠡᠳᠦ᠋ᠢᠪᠡᠷ ᠰᠢᠢᠳᠪᠦᠷᠢᠯᠡᠯᠳᠡ ᠪᠠᠷ ᠳᠠᠮᠵᠢᠭᠰᠠᠨ ᠪᠤᠯᠪᠠᠴᠤ ᠬᠠᠷᠠᠬᠠᠨ ᠪᠠᠷᠢᠮᠵᠢᠶᠠᠨ ᠳᠤ ᠬᠦᠷᠦᠭᠡᠳᠦᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠠᠮᠢᠳᠤᠷᠠᠯ ᠤᠨ ᠪᠤᠵᠠᠷ ᠤᠰᠤ ᠵᠢᠴᠢ ᠪᠤᠰᠤᠳ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠬᠤ︔   ︵ᠭᠤᠷᠪᠠ︶ ᠭᠤᠤᠯ ᠤᠷᠤᠰᠬᠠᠯ᠂ ᠨᠠᠭᠤᠷ ᠴᠦᠬᠦᠷᠦᠮ ᠳᠤ ᠬᠠᠶᠠᠭᠳᠠᠮᠠᠯ ᠪᠤᠳᠠᠰ ᠴᠢᠳᠬᠤᠬᠤ᠂ ᠪᠦᠭᠯᠡᠵᠦ ᠪᠤᠯᠠᠬᠤ︔   ︵ᠲᠦᠷᠪᠡ︶ ᠬᠠᠳᠠᠭᠤ ᠪᠡᠶᠡᠳᠦ ᠬᠠᠶᠠᠭᠳᠠᠮᠠᠯ ᠪᠤᠳᠠᠰ ᠪᠠ ᠪᠤᠰᠤᠳ ᠪᠤᠬᠢᠷᠳᠤᠯ ᠪᠤᠳᠠᠰ ᠢ ᠤᠪᠤᠭᠠᠯᠠᠵᠤ ᠳᠠᠯᠪᠢᠬᠤ᠂ ᠬᠠᠳᠠᠭᠠᠯᠠᠬᠤ︔    ︵ᠳᠠᠪᠤ︶ ᠨᠠᠭᠤᠷ ︵ᠭᠤᠤᠯ︶ ᠢ ᠪᠦᠭᠯᠡᠵᠦ ᠭᠠᠵᠠᠷ ᠪᠤᠯᠭᠠᠬᠤ᠂ ᠳᠠᠯᠠᠩ ᠪᠠᠶᠢᠭᠤᠯᠤᠨ ᠰᠠᠯᠪᠤᠷᠢ ᠶᠢ ᠬᠠᠰᠢᠬᠤ ᠵᠢᠴᠢ ᠤᠰᠤᠨ ᠳᠠᠯᠠᠪᠠᠢ ᠶᠢ ᠡᠵᠡᠯᠡᠬᠦ ᠪᠠ ᠬᠡᠰᠡᠭᠯᠡᠬᠦ ᠪᠤᠰᠤᠳ ᠦᠢᠯᠡ ᠠᠵᠢᠯᠯᠠᠭ᠎ᠠ︔   ︵ᠵᠢᠷᠭᠤᠭ᠎ᠠ︶ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠬᠤᠪᠢᠶᠠᠷᠢᠯᠠᠨ ᠲᠤᠭᠳᠠᠭᠠᠭᠰᠠᠨ ᠮᠠᠯ ᠪᠡᠯᠴᠢᠭᠡᠷᠯᠡᠬᠦᠯᠬᠦ ᠶᠢ ᠴᠠᠭᠠᠵᠠᠯᠠᠭᠰᠠᠨ ᠲᠤᠭᠤᠷᠢᠭ ᠲᠤᠳᠤᠷ᠎ᠠ ᠮᠠᠯ ᠠᠳᠤᠭᠤᠯᠠᠬᠤ︔   ︵ᠲᠤᠯᠤᠭ᠎ᠠ︶ ᠭᠤᠤᠯ ᠤᠷᠤᠰᠬᠠᠯ ᠨᠠᠭᠤᠷ ᠴᠦᠬᠦᠷᠦᠮ ᠳᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠬᠦ᠂ ᠳᠠᠯᠳᠠᠭᠤᠷ ᠳᠠᠯᠳᠠ ᠬᠤᠭᠤᠯᠠᠢ ᠭᠠᠷᠭᠠᠵᠤ ᠤᠰᠤ ᠪᠤᠬᠢᠷᠳᠤᠭᠤᠯᠬᠤ ᠪᠤᠳᠠᠰ ᠢ ᠭᠠᠳᠠᠭᠰᠢᠯᠠᠭᠤᠯᠬᠤ︔  ︵ᠨᠠᠢᠮᠠ︶ ᠤᠰᠤᠨ ᠤ ᠴᠢᠨᠠᠷ ᠢ ᠪᠤᠬᠢᠷᠳᠤᠭᠤᠯᠬᠤ᠂ ᠤᠰᠤᠨ ᠤ ᠰᠤᠷᠪᠤᠯᠵᠢ ᠶᠢ ᠡᠵᠡᠯᠡᠬᠦ᠂ ᠤᠰᠤᠨ ᠤ ᠠᠮᠢ ᠠᠬᠤᠢ ᠶᠢ ᠡᠪᠳᠡᠬᠦ ᠪᠤᠰᠤᠳ ᠦᠢᠯᠡ ᠠᠵᠢᠯᠯᠠᠭ᠎ᠠ︔ ᠬᠤᠷᠢᠨ ᠵᠢᠷᠭᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠤᠰᠤᠨ ᠠᠰᠢᠭᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠨᠠᠭᠤᠷ ᠴᠦᠬᠦᠷᠦᠮ ᠤᠨ ᠪᠤᠬᠢᠷᠳᠤᠯ ᠤᠨ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ ᠢ ᠨᠠᠶᠢᠷᠠᠭᠤᠯᠤᠨ ᠵᠤᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠶᠢ ᠲᠤᠭᠳᠠᠭᠰᠠᠨ ᠬᠤᠭᠤᠴᠠᠭ᠎ᠠ ᠲᠠᠢ ᠶᠠᠪᠤᠭᠳᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ᠂ ᠪᠠᠴᠢᠮ ᠪᠠᠶᠢᠳᠠᠯ ᠢ ᠠᠷᠭᠠᠴᠠᠬᠤ ᠶᠢᠨ ᠰᠢᠢᠳᠪᠦᠷᠢᠯᠡᠯᠳᠡ ᠪᠠ ᠶᠠᠪᠤᠳᠠᠯ ᠤᠨ ᠳᠠᠷᠠᠭᠠᠬᠢ ᠰᠡᠷᠬᠦᠭᠡᠯᠳᠡ ᠵᠡᠷᠭᠡ ᠠᠵᠢᠯ ᠢ ᠰᠠᠶᠢᠳᠤᠷ ᠬᠢᠬᠦ ᠬᠡᠷᠡᠭᠳᠡᠢ᠃                                 ᠭᠤᠷᠪᠠᠳᠤᠭᠠᠷ ᠪᠦᠯᠦᠭ ᠬᠢᠨᠠᠯᠳᠠ ᠪᠠ ᠬᠠᠮᠢᠶᠠᠷᠤᠯᠳᠠ     ᠬᠤᠷᠢᠨ ᠳᠤᠯᠤᠳᠤᠭᠠᠷ ᠵᠦᠢᠯ   ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠤᠶᠠᠷ ᠨᠠᠭᠤᠷ ᠤᠨ ᠰᠠᠪᠠ ᠭᠠᠵᠠᠷ ᠤᠨ ᠡᠳᠦᠷ ᠳᠤᠳᠤᠮ ᠤᠨ ᠲᠤᠭᠤᠷᠢᠨ ᠪᠠᠶᠢᠴᠠᠭᠠᠯᠳᠠ ᠶᠢ ᠴᠢᠩᠭᠠᠳᠬᠠᠵᠤ᠂ ᠲᠤᠰ ᠲᠦᠷᠢᠮ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠬᠤᠷᠢᠭᠯᠠᠬᠤ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠴᠠᠯᠳᠤᠭᠤᠯᠤᠨ ᠰᠢᠢᠳᠪᠦᠷᠢᠯᠡᠬᠦ ᠬᠡᠷᠡᠭᠳᠡᠢ᠃     ᠬᠤᠷᠢᠨ ᠨᠠᠢᠮᠠᠳᠤᠭᠠᠷ ᠵᠦᠢᠯ  ᠬᠤᠶᠠᠷ ᠨᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠢ ᠵᠢᠯ ᠪᠤᠯᠭᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠬᠤᠶᠠᠷ ᠨᠠᠭᠤᠷ ᠤᠨ ᠰᠠᠪᠠ ᠭᠠᠵᠠᠷ ᠤᠨ ᠬᠠᠮᠠᠭᠠᠯᠠᠯᠳᠠ ᠬᠠᠮᠢᠶᠠᠷᠤᠯᠳᠠ ᠶᠢᠨ ᠪᠠᠶᠢᠳᠠᠯ ᠢᠶᠠᠨ ᠮᠡᠳᠡᠬᠦᠯᠬᠦ ᠪᠦᠭᠡᠳ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠳᠡᠬᠦ ᠬᠡᠷᠡᠭᠳᠡᠢ᠃     ᠬᠤᠷᠢ ᠶᠢᠰᠦᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤᠯᠤᠰ ᠤᠨ ᠳᠤᠭᠳᠠᠭᠠᠯ ᠢᠶᠠᠷ ᠭᠤᠤᠯ ᠨᠠᠭᠤᠷ ᠤᠨ ᠳᠠᠷᠤᠭ᠎ᠠ ᠭᠠᠷᠭᠠᠵᠤ᠂ ᠭᠤᠤᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭᠠᠳᠤ ᠲᠦᠷᠢᠮ ᠢ ᠬᠡᠷᠡᠭᠵᠢᠬᠦᠯᠵᠦ᠂ ᠱᠠᠲᠤ ᠳᠠᠷᠠᠭᠠᠯᠠᠨ ᠬᠤᠶᠠᠷ ᠨᠠᠭᠤᠷ ᠤᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ᠂ ᠲᠦᠷᠢᠮ ᠲᠤᠭᠳᠠᠭᠠᠯ᠂ ᠲᠦᠷᠦ ᠶᠢᠨ ᠪᠤᠳᠤᠯᠭ᠎ᠠ ᠪᠠ ᠠᠵᠢᠯ ᠤᠨ ᠲᠦᠷᠢᠮ ᠢ ᠵᠦᠷᠢᠴᠡᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠤᠶᠤ ᠵᠦᠪ ᠤᠨᠤᠪᠴᠢᠳᠠᠢ ᠬᠦᠢᠴᠡᠳᠭᠡᠬᠦ ᠦᠭᠡᠢ ᠠᠴᠠ ᠪᠤᠯᠵᠤ᠂ ᠨᠠᠭᠤᠷ ᠴᠦᠬᠦᠷᠦᠮ ︵ᠭᠤᠤᠯ ᠤᠨ ᠵᠠᠮ︶ ᠤᠨ ᠤᠰᠤᠨ ᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠢᠳᠡ ᠬᠦᠴᠦᠨ ᠦᠭᠡᠢ ᠪᠤᠶᠤ ᠬᠡᠳᠡᠷᠬᠦ ᠪᠤᠴᠠᠬᠤ ᠪᠤᠯᠭᠠᠭᠰᠠᠨ ᠭᠤᠤᠯ ᠨᠠᠭᠤᠷ ᠤᠨ ᠳᠠᠷᠤᠭ᠎ᠠ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠮᠠᠨ ᠢᠳᠡ ᠪᠠᠷ ᠰᠠᠨᠠᠭᠤᠯᠬᠤ᠂ ᠨᠡᠶᠢᠳᠡᠯᠡᠨ ᠰᠢᠬᠦᠮᠵᠢᠯᠡᠬᠦ᠂ ᠪᠢᠴᠢᠭ ᠤᠨ ᠢᠳᠡ ᠪᠠᠷ ᠰᠠᠨᠠᠭᠤᠯᠬᠤ᠂ ᠲᠤᠰᠢᠶᠠᠯ ᠢ ᠨᠢ ᠲᠤᠬᠢᠷᠠᠭᠤᠯᠬᠤ᠂ ᠵᠠᠰᠠᠭ ᠤᠨ ᠰᠠᠬᠢᠯᠭ᠎ᠠ ᠪᠠᠲᠤ ᠶᠢᠨ ᠰᠢᠢᠳᠭᠡᠯ ᠦᠭᠭᠦ ᠵᠡᠷᠭᠡ ᠠᠷᠭ᠎ᠠ ᠮᠠᠶ᠋ᠢᠭ ᠢᠶᠠᠷ ᠬᠠᠷᠢᠭᠤᠴᠠᠯᠭ᠎ᠠ ᠨᠡᠭᠡᠮᠵᠢᠯᠡᠨ᠎ᠡ᠃     ᠭᠤᠴᠢᠳᠤᠭᠠᠷ ᠵᠦᠢᠯ   ᠶᠠᠮᠠᠷᠪᠠ ᠨᠢᠭᠡᠴᠡ ᠪᠠ ᠬᠤᠪᠢ ᠬᠦᠮᠦᠨ ᠴᠦᠮ ᠬᠤᠶᠠᠷ ᠨᠠᠭᠤᠷ ᠤᠨ ᠰᠠᠪᠠ ᠭᠠᠵᠠᠷ ᠤᠨ ᠤᠷᠴᠢᠨ ᠲᠤᠭᠤᠴᠢᠨ᠂ ᠡᠬᠢ ᠪᠠᠶᠠᠯᠢᠭ᠂ ᠠᠮᠢ ᠠᠬᠤᠢ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠭᠠᠷᠭᠠᠬᠤ ᠪᠠ ᠢᠯᠡᠴᠢᠯᠡᠨ ᠮᠡᠳᠡᠬᠦᠯᠬᠦ ᠡᠷᠭᠡ ᠲᠠᠢ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠢᠯᠡᠴᠢᠯᠡᠨ ᠭᠠᠷᠭᠠᠬᠤ ᠪᠠ ᠢᠯᠡᠴᠢᠯᠡᠨ ᠮᠡᠳᠡᠬᠦᠯᠬᠦ ᠶᠢ ᠲᠤᠰᠴᠤ ᠠᠪᠤᠭᠰᠠᠨ ᠤ ᠳᠠᠷᠠᠭ᠎ᠠ᠂ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ ᠬᠡᠷᠡᠭᠳᠡᠢ᠃     ᠭᠤᠴᠢᠨ ᠨᠢᠭᠡᠳᠦᠭᠡᠷ ᠵᠦᠢᠯ     ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠶᠠᠷ ᠨᠠᠭᠤᠷ ᠤᠨ ᠬᠠᠮᠠᠭᠠᠯᠠᠯᠳᠠ ᠶᠢᠨ ᠪᠠᠶᠢᠳᠠᠯ ᠤᠨ ᠳᠤᠬᠠᠢ ᠲᠤᠰᠬᠠᠢ ᠠᠵᠢᠯ ᠤᠨ ᠮᠡᠳᠡᠬᠦᠯᠦᠯᠳᠡ ᠶᠢ ᠰᠤᠨᠤᠰᠴᠤ ᠬᠢᠨᠠᠨ ᠵᠦᠪᠯᠡᠵᠦ᠂ ᠲᠤᠰ ᠲᠦᠷᠢᠮ ᠤᠨ ᠬᠡᠷᠡᠭᠵᠢᠬᠦᠯᠦᠯᠳᠡ ᠶᠢᠨ ᠪᠠᠶᠢᠳᠠᠯ ᠳᠤ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠬᠤ ᠬᠡᠷᠡᠭᠳᠡᠢ︔ ᠲᠤᠰ ᠲᠦᠷᠢᠮ ᠤᠨ ᠬᠠᠮᠢᠶ᠎ᠠ ᠪᠦᠬᠦᠢ ᠲᠤᠭᠳᠠᠭᠠᠯ ᠢ ᠵᠦᠷᠢᠴᠡᠭᠰᠡᠨ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠪᠦᠷᠢᠯᠳᠦᠬᠦᠨ ᠰᠠᠯᠠᠭ᠎ᠠ ᠮᠦᠴᠢᠷ᠂ ᠪᠦᠷᠢᠯᠳᠦᠬᠦᠨ ᠬᠦᠮᠦᠰ ᠲᠤ ᠯᠠᠪᠯᠠᠨ ᠠᠰᠠᠭᠤᠬᠤ᠂ ᠤᠨᠴᠠ ᠲᠤᠭᠳᠠᠭᠠᠭᠰᠠᠨ ᠠᠰᠠᠭᠤᠳᠠᠯ ᠤᠨ ᠪᠠᠶᠢᠴᠠᠭᠠᠯᠳᠠ ᠪᠠ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠬᠢᠨᠠᠯᠳᠠ ᠳᠠᠯᠪᠢᠬᠤ ᠶᠠᠪᠤᠴᠠ ᠶᠢ ᠬᠠᠤᠯᠢ ᠶᠤᠰᠤᠭᠠᠷ ᠬᠦᠳᠡᠯᠬᠡᠬᠦ ᠬᠡᠷᠡᠭᠳᠡᠢ᠃                                             ᠲᠦᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠬᠤᠶᠠᠳᠤᠭᠠᠷ ᠵᠦᠢᠯ     ᠲᠤᠰ ᠲᠦᠷᠢᠮ ᠤᠨ ᠲᠤᠭᠳᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠳᠤ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠪᠤᠳᠠᠳᠠᠢ ᠲᠤᠷᠭᠠᠨ ᠰᠢᠢᠳᠭᠡᠬᠦ ᠶᠢ ᠨᠢᠭᠡᠨᠳᠡ ᠲᠤᠭᠳᠠᠭᠠᠭᠰᠠᠨ ᠪᠣᠯ᠂ ᠲᠡᠬᠦᠨ ᠤ ᠲᠤᠭᠳᠠᠭᠠᠯ ᠢ ᠳᠠᠭᠠᠨ᠎ᠠ᠃     ᠭᠤᠴᠢᠨ ᠭᠤᠷᠪᠠᠳᠤᠭᠠᠷ ᠵᠦᠢᠯ   ᠬᠤᠶᠠᠷ ᠨᠠᠭᠤᠷ ᠤᠨ ᠰᠠᠪᠠ ᠭᠠᠵᠠᠷ ᠲᠤ ᠵᠦᠪᠰᠢᠶᠡᠷᠡᠬᠦᠯᠦᠭᠰᠡᠨ ᠦᠭᠡᠢ ᠪᠠᠷ ᠨᠠᠭᠤᠷ ᠲᠤ ᠤᠷᠤᠬᠤ ᠤᠰᠤᠨ ᠤ ᠡᠬᠢ ᠰᠤᠷᠪᠤᠯᠵᠢ ᠶᠢ ᠳᠠᠰᠤᠯᠬᠤ ᠪᠤᠶᠤ ᠲᠤᠷ᠎ᠠ ᠪᠠᠷ ᠢᠶᠠᠨ ᠤᠰᠤ ᠠᠪᠤᠭᠰᠠᠨ ᠪᠣᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠨᠦᠬᠦᠵᠦ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠪᠦᠭᠡᠳ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃     ᠭᠤᠴᠢᠨ ᠲᠦᠷᠪᠡᠳᠦᠭᠡᠷ ᠵᠦᠢᠯ  ᠬᠤᠶᠠᠷ ᠨᠠᠭᠤᠷ ᠤᠨ ᠰᠠᠪᠠ ᠭᠠᠵᠠᠷ ᠤᠨ ᠮᠠᠯᠳᠠᠬᠤ ᠶᠢ ᠴᠠᠭᠠᠵᠠᠯᠠᠭᠰᠠᠨ ᠭᠠᠵᠠᠷ ᠲᠤ ᠬᠠᠶᠢᠷ ᠴᠢᠯᠠᠭᠤ ᠮᠠᠯᠳᠠᠬᠤ᠂ ᠰᠢᠷᠤᠢ ᠠᠪᠬᠤ ᠵᠡᠷᠭᠡ ᠠᠵᠢᠯᠯᠠᠭ᠎ᠠ ᠬᠢᠭᠰᠡᠨ ᠨᠢᠭᠡᠴᠡ ᠪᠠ ᠬᠤᠪᠢ ᠬᠦᠮᠦᠨ ᠳᠤ᠂ ᠶᠠᠯ᠎ᠠ ᠳᠤ ᠬᠦᠷᠦᠭᠰᠡᠨ ᠠᠴᠠ ᠨᠢ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ︔ ᠡᠷᠡᠬᠦᠦ ᠶᠢᠨ ᠬᠡᠷᠡᠭ ᠢᠶᠠᠷ ᠲᠤᠷᠭᠠᠨ ᠰᠢᠢᠳᠭᠡᠬᠦ ᠳᠤ ᠬᠠᠷᠠᠬᠠᠨ ᠬᠦᠷᠦᠭᠡᠳᠦᠢ ᠮᠦᠷᠳᠡᠭᠡᠨ ᠦᠶᠡᠷ ᠢ ᠰᠡᠷᠭᠡᠶᠢᠯᠡᠬᠦ ᠬᠠᠤᠯᠢ ᠳᠤ ᠲᠤᠭᠳᠠᠭᠠᠯ ᠭᠠᠷᠭᠠᠭᠰᠠᠨ ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠨᠦᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠦᠭᠡᠳ 2 ᠲᠦᠮᠡᠨ ᠲᠦᠬᠦᠷᠢᠭ ᠠᠴᠠ ᠳᠡᠭᠡᠭᠰᠢ 5 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃     ᠭᠤᠴᠢᠨ ᠳᠠᠪᠤᠳᠤᠭᠠᠷ ᠵᠦᠢᠯ   ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠤᠷᠳᠠᠯ ᠲᠠᠢ᠂ ᠶᠡᠭᠡ ᠦᠯᠡᠳᠡᠭᠳᠡᠯ ᠲᠠᠢ ᠲᠠᠷᠢᠶᠠᠨ ᠡᠮ ᠬᠡᠷᠡᠭᠯᠡᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠳᠠᠷᠢᠶᠠᠯᠠᠩ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠯᠠᠷᠠᠭᠤᠯᠬᠤ ᠶᠢ ᠨᠢ ᠵᠠᠷᠯᠢᠭᠳᠠᠵᠤ᠂ ᠲᠠᠷᠢᠶᠠᠨ ᠡᠮ ᠤᠨ ᠬᠡᠷᠡᠭᠯᠡᠭᠴᠢᠳ ᠨᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠢᠳᠡᠭᠡᠨ ᠪᠠ ᠢᠳᠡᠬᠦ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠰᠠᠩ ᠬᠠᠳᠠᠭᠠᠯᠠᠯᠳᠠ ᠶᠢᠨ ᠠᠵᠤ ᠠᠬᠤᠶᠢᠯᠠᠯ᠂ ᠲᠤᠰᠬᠠᠶᠢᠵᠢᠭᠰᠠᠨ ᠬᠡᠮ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠨᠢᠭᠡᠴᠡ ᠪᠠᠶᠢᠪᠠᠯ᠂ 8 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠂ ᠲᠠᠷᠢᠶᠠᠨ ᠡᠮ ᠤᠨ ᠬᠡᠷᠡᠭᠯᠡᠭᠴᠢᠳ ᠨᠢ ᠬᠤᠪᠢ ᠬᠦᠮᠦᠨ ᠪᠠᠶᠢᠪᠠᠯ᠂ 500 ᠲᠦᠬᠦᠷᠢᠭ ᠠᠴᠠ ᠳᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠬᠡᠨ᠎ᠡ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃     ᠭᠤᠴᠢᠨ ᠵᠢᠷᠭᠤᠳᠤᠭᠠᠷ ᠵᠦᠢᠯ     ᠬᠤᠶᠠᠷ ᠨᠠᠭᠤᠷ ᠤᠨ ᠰᠠᠪᠠ ᠭᠠᠵᠠᠷ ᠲᠤ ᠵᠦᠪᠰᠢᠶᠡᠷᠡᠬᠦᠯᠦᠭᠰᠡᠨ ᠦᠭᠡᠢ ᠪᠤᠶᠤ ᠵᠦᠪᠰᠢᠶᠡᠷᠡᠭᠰᠡᠨ ᠱᠠᠭᠠᠷᠳᠠᠯᠭ᠎ᠠ ᠶᠤᠰᠤᠭᠠᠷ ᠭᠠᠵᠠᠷ ᠳᠤᠤᠷᠠᠬᠢ ᠤᠰᠤᠨ ᠤ ᠡᠬᠢ ᠰᠤᠷᠪᠤᠯᠵᠢ ᠶᠢ ᠨᠡᠭᠡᠭᠡᠨ ᠮᠠᠯᠳᠠᠭᠰᠠᠨ ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠯᠠᠷᠠᠭᠤᠯᠬᠤ ᠶᠢ ᠨᠢ ᠵᠠᠷᠯᠢᠭᠳᠠᠬᠤ ᠪᠦᠭᠡᠳ 5 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ᠃    ᠭᠤᠴᠢᠨ ᠳᠤᠯᠤᠳᠤᠭᠠᠷ ᠵᠦᠢᠯ  ᠬᠤᠶᠠᠷ ᠨᠠᠭᠤᠷ ᠤᠨ ᠰᠠᠪᠠ ᠭᠠᠵᠠᠷ ᠲᠤ ᠰᠢᠢᠳᠪᠦᠷᠢᠯᠡᠯᠳᠡ ᠪᠠᠷ ᠳᠠᠮᠵᠢᠭᠰᠠᠨ ᠦᠭᠡᠢ ᠪᠤᠶᠤ ᠰᠢᠢᠳᠪᠦᠷᠢᠯᠡᠯᠳᠡ ᠨᠢ ᠪᠠᠷᠢᠮᠵᠢᠶᠠᠨ ᠳᠤ ᠬᠦᠷᠦᠭᠰᠡᠨ ᠦᠭᠡᠢ ᠠᠵᠤ ᠦᠢᠯᠡᠳᠪᠦᠷᠢ ᠶᠢᠨ ᠪᠤᠬᠢᠷ ᠤᠰᠤ ᠭᠠᠳᠠᠭᠰᠢᠯᠠᠭᠤᠯᠵᠤ᠂ ᠬᠠᠶᠠᠭᠳᠠᠯ ᠪᠤᠳᠠᠰ ᠪᠠ ᠪᠤᠰᠤᠳ ᠪᠤᠬᠢᠷᠳᠤᠯ ᠪᠤᠳᠠᠰ ᠢ ᠤᠪᠤᠭᠠᠯᠠᠵᠤ᠂ ᠴᠢᠳᠬᠤᠭᠰᠠᠨ ᠪᠤᠶᠤ ᠪᠤᠯᠠᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠵᠠᠰᠠᠬᠤ ᠠᠷᠭ᠎ᠠ ᠪᠠᠷᠢᠯ ᠠᠪᠤᠭᠤᠯᠵᠤ᠂ ᠪᠤᠬᠢᠷᠳᠤᠯ ᠢ ᠠᠷᠢᠯᠭᠠᠭᠤᠯᠬᠤ ᠪᠦᠭᠡᠳ 10 ᠲᠦᠮᠡᠨ ᠲᠦᠭᠦᠷᠢᠭ ᠠᠴᠠ ᠳᠡᠭᠡᠭᠰᠢ 20 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ ᠬᠡᠲᠦᠷᠡᠭᠡᠳ ᠵᠠᠰᠠᠬᠤ ᠠᠷᠭ᠎ᠠ ᠪᠠᠷᠢᠯ ᠠᠪᠤᠭᠰᠠᠨ ᠦᠭᠡᠢ ᠪᠠᠶᠢᠪᠠᠯ᠂ ᠤᠷᠴᠢᠨ ᠲᠤᠭᠤᠷᠢᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠰᠠᠬᠤ ᠴᠢᠳᠠᠪᠤᠷᠢ ᠲᠠᠢ ᠨᠢᠭᠡᠴᠡ ᠪᠠᠷ ᠤᠷᠤᠯᠠᠭᠤᠯᠤᠨ ᠵᠠᠰᠠᠭᠤᠯᠬᠤ ᠶᠢ ᠵᠢᠭᠠᠨ ᠲᠤᠭᠳᠠᠭᠠᠵᠤ᠂ ᠬᠡᠷᠡᠭᠰᠡᠭᠰᠡᠨ ᠵᠠᠷᠤᠳᠠᠯ ᠢ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠲᠠᠢ ᠬᠦᠮᠦᠨ ᠢᠶᠠᠷ ᠡᠬᠦᠷᠭᠡᠯᠡᠬᠦᠯᠵᠦ ᠪᠤᠯᠤᠨ᠎ᠠ᠃     ᠭᠤᠴᠢᠨ ᠨᠠᠢᠮᠠᠳᠤᠭᠠᠷ ᠵᠦᠢᠯ    ᠬᠤᠶᠠᠷ ᠨᠠᠭᠤᠷ ᠤᠨ ᠰᠠᠪᠠ ᠭᠠᠵᠠᠷ ᠲᠤ ᠨᠠᠭᠤᠷ ᠢ ᠪᠦᠭᠯᠡᠵᠦ ᠭᠠᠵᠠᠷ ᠪᠤᠯᠭᠠᠬᠤ᠂ ᠨᠠᠭᠤᠷ ᠢ ᠬᠦᠷᠢᠶᠡᠯᠡᠵᠦ ᠳᠠᠷᠢᠶᠠᠨ ᠭᠠᠵᠠᠷ ᠪᠤᠯᠭᠠᠬᠤ᠂ ᠨᠠᠭᠤᠷ ᠤᠬᠤᠬᠤ᠂ ᠠᠭᠤᠷᠬᠠᠢ ᠨᠡᠭᠡᠭᠡᠬᠦ᠂ ᠳᠠᠯᠠᠩ ᠪᠤᠰᠬᠠᠵᠤ ᠰᠠᠯᠪᠤᠷᠢ ᠤᠷᠤᠰᠬᠠᠯ ᠢ ᠬᠠᠰᠢᠬᠤ ᠵᠢᠴᠢ ᠤᠰᠤᠨ ᠤ ᠳᠠᠯᠠᠪᠠᠢ ᠶᠢ ᠡᠵᠡᠯᠡᠭᠰᠡᠨ ᠪᠠ ᠬᠡᠰᠡᠭᠯᠡᠭᠰᠡᠨ ᠪᠤᠰᠤᠳ ᠦᠢᠯᠡ ᠠᠵᠢᠯᠯᠠᠭ᠎ᠠ ᠬᠢᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠬᠠᠤᠯᠢ ᠵᠦᠷᠢᠴᠡᠭᠰᠡᠨ ᠪᠠᠷᠢᠯᠭ᠎ᠠ ᠶᠢ ᠨᠢ ᠨᠤᠷᠠᠭᠠᠨ ᠠᠷᠢᠯᠭᠠᠵᠤ᠂ ᠬᠠᠷᠰᠢ ᠰᠠᠭᠠᠳ ᠢ ᠨᠢ ᠴᠡᠪᠡᠷᠯᠡᠬᠦ ᠪᠤᠶᠤ ᠪᠤᠰᠤᠳ ᠨᠦᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠦᠭᠡᠳ 2 ᠲᠦᠮᠡᠨ ᠲᠦᠬᠦᠷᠢᠭ ᠠᠴᠠ ᠳᠡᠭᠡᠭᠰᠢ 5 ᠲᠦᠮᠡᠨ ᠳᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ ᠬᠡᠲᠦᠷᠡᠭᠡᠳ ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠤᠰᠤᠭᠠᠷ ᠠᠯᠪᠠᠳᠠᠵᠤ ᠪᠠᠶᠢᠭᠠᠳ ᠨᠤᠷᠠᠭᠠᠵᠤ ᠠᠷᠢᠯᠭᠠᠭᠤᠯᠤᠨ᠎ᠠ     ᠭᠤᠴᠢ ᠶᠢᠰᠦᠳᠦᠭᠡᠷ ᠵᠦᠢᠯ   ᠬᠤᠶᠠᠷ ᠨᠠᠭᠤᠷ ᠤᠨ ᠰᠠᠪᠠ ᠭᠠᠵᠠᠷ ᠤᠨ ᠮᠠᠯ ᠮᠠᠯᠵᠢᠬᠤ ᠶᠢ ᠴᠠᠭᠠᠵᠠᠯᠠᠭᠰᠠᠨ ᠤᠷᠤᠨ ᠳᠤ ᠮᠠᠯ ᠬᠠᠷᠢᠭᠤᠯᠠᠭᠰᠠᠨ ᠪᠠᠶᠢᠪᠠᠯ᠂ ᠤᠢ ᠰᠢᠭᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢᠯᠡᠬᠦᠯᠬᠦ ᠪᠦᠬᠡᠳ ᠬᠤᠨᠢᠨ ᠨᠢᠭᠡᠴᠢ ᠪᠦᠷᠢ ᠠᠴᠠ 30 ᠲᠦᠬᠦᠷᠢᠭ ᠵᠤᠭᠤᠰ ᠢᠶᠠᠷ ᠲᠤᠷᠭᠠᠵᠤ ᠰᠢᠢᠳᠭᠡᠨ᠎ᠡ᠃    ᠲᠦᠴᠢᠳᠦᠭᠡᠷ ᠵᠦᠢᠯ   ᠬᠤᠶᠠᠷ ᠨᠠᠭᠤᠷ ᠤᠨ ᠰᠠᠪᠠ ᠭᠠᠵᠠᠷ ᠤᠨ ᠭᠤᠤᠯ ᠤᠷᠤᠰᠬᠠᠯ ᠨᠠᠭᠤᠷ ᠴᠦᠬᠦᠷᠦᠮ ᠳᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠵᠤ᠂ ᠦᠭᠡᠷᠡᠴᠢᠯᠡᠨ ᠪᠠᠶᠢᠭᠤᠯᠵᠤ᠂ ᠦᠷᠭᠡᠳᠭᠡᠨ ᠪᠠᠶᠢᠭᠤᠯᠤᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠤᠭᠰᠤᠭᠠᠵᠤ᠂ ᠬᠤᠭᠤᠴᠠᠭ᠎ᠠ ᠬᠢᠵᠠᠭᠠᠷᠯᠠᠨ ᠤᠤᠯ ᠲᠦᠷᠰᠦ ᠶᠢ ᠰᠡᠷᠭᠦᠭᠡᠯᠭᠡᠬᠦ ᠪᠦᠭᠡᠳ 8 ᠲᠦᠮᠡᠨ ᠲᠦᠬᠦᠷᠢᠭ ᠠᠴᠠ ᠳᠡᠭᠡᠭᠰᠢ 10 ᠲᠦᠮᠡᠨ ᠲᠦᠬᠦᠷᠢᠭ ᠠᠴᠠ ᠳᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠬᠤᠭᠤᠴᠠᠭ᠎ᠠ ᠨᠢ ᠬᠡᠲᠦᠷᠡᠭᠡᠳ ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠤᠰᠤᠭᠠᠷ ᠠᠯᠪᠠᠳᠠᠵᠤ ᠪᠠᠶᠢᠭᠠᠳ ᠨᠤᠷᠠᠭᠠᠵᠤ ᠠᠷᠢᠯᠭᠠᠭᠤᠯᠤᠨ᠎ᠠ ᠃ ᠨᠢᠭᠤᠴᠠ ᠪᠠᠷ ᠳᠠᠯᠳᠠ ᠬᠤᠭᠤᠯᠠᠢ ᠭᠠᠷᠭᠠᠵᠤ ᠪᠤᠬᠢᠷᠳᠤᠯ ᠪᠤᠳᠠᠰ ᠢ ᠭᠠᠳᠠᠭᠰᠢᠯᠠᠭᠤᠯᠤᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠤᠭᠰᠤᠭᠠᠬᠤ᠂ ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠨ ᠵᠠᠰᠠᠭᠤᠯᠬᠤ ᠪᠦᠭᠡᠳ 30 ᠲᠦᠮᠡᠨ ᠲᠦᠬᠦᠷᠢᠭ ᠠᠴᠠ ᠳᠡᠭᠡᠭᠰᠢ 100 ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠰᠢᠢᠳᠭᠡᠨ᠎ᠡ︔ ᠪᠠᠶᠢᠳᠠᠯ ᠢᠶᠠᠷ ᠬᠦᠨᠳᠦ ᠪᠤᠯᠤᠭᠰᠠᠨ ᠪᠠᠶᠢᠪᠠᠯ᠂ ᠵᠦᠪᠰᠢᠶᠡᠷᠡᠬᠦ ᠡᠷᠭᠡ ᠲᠠᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠵᠦ᠂ ᠵᠠᠷᠯᠢᠭᠳᠠᠵᠤ ᠪᠠᠶᠢᠭᠠᠳ ᠠᠵᠢᠯᠯᠠᠬᠤ ᠶᠢ ᠨᠢ ᠵᠤᠭᠰᠤᠭᠠᠵᠤ᠂ ᠬᠠᠭᠠᠨ᠎ᠠ᠃     ᠲᠦᠴᠢᠨ ᠨᠢᠭᠡᠳᠦᠭᠡᠷ ᠵᠦᠢᠯ    ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠤᠶᠠᠷ ᠨᠠᠭᠤᠷ ᠤᠨ ᠬᠠᠮᠠᠭᠠᠯᠠᠯᠳᠠ ᠶᠢᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠠ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠳᠤ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠪᠤᠶᠤ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠡᠷᠭᠡ ᠲᠤᠰᠢᠶᠠᠯ ᠢᠶᠠᠨ ᠦᠨᠳᠦᠰᠦᠯᠡᠵᠦ ᠵᠠᠯᠠᠷᠠᠭᠤᠯᠬᠤ ᠶᠢ ᠨᠢ ᠵᠠᠷᠯᠢᠭᠳᠠᠵᠤ᠂ ᠨᠡᠶᠢᠳᠡᠯᠡᠨ ᠰᠢᠬᠦᠮᠵᠢᠯᠡᠨ᠎ᠡ︔ ᠰᠢᠭᠤᠳ ᠬᠠᠷᠢᠭᠤᠴᠠᠭᠰᠠᠨ ᠭᠤᠤᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠄     ︵ᠨᠢᠭᠡ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ ᠲᠦᠯᠦᠪᠵᠢᠬᠦᠯᠭᠡ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠭᠰᠠᠨ ᠦᠭᠡᠢ︔   ︵ᠬᠤᠶᠠᠷ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ ᠲᠦᠯᠦᠪᠵᠢᠬᠦᠯᠭᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ︔   ︵ᠭᠤᠷᠪᠠ︶ ᠬᠤᠶᠠᠷ ᠨᠠᠭᠤᠷ ᠤᠨ ᠬᠠᠮᠠᠭᠠᠯᠠᠯᠳᠠ ᠶᠢᠨ ᠶᠡᠷᠦᠩᠭᠡᠢ ᠲᠦᠯᠦᠪᠵᠢᠬᠦᠯᠭᠡ ᠪᠠ ᠲᠤᠰᠬᠠᠢ ᠲᠦᠯᠦᠪᠵᠢᠬᠦᠯᠭᠡ ᠶᠢ ᠵᠦᠷᠢᠴᠡᠵᠦ᠂ ᠨᠠᠭᠤᠷ ᠴᠦᠬᠦᠷᠦᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠦᠪᠰᠢᠶᠡᠷᠡᠭᠰᠡᠨ ᠪᠤᠶᠤ ᠲᠦᠯᠦᠪᠯᠡᠭᠡ ᠶᠤᠰᠤᠭᠠᠷ ᠲᠠᠷᠢᠶᠠᠯᠠᠬᠤ ︵ᠮᠠᠯᠵᠢᠬᠤ︶ ᠪᠠᠨ ᠵᠤᠭᠰᠤᠵᠤ ᠨᠠᠭᠤᠷ ᠪᠤᠯᠭᠠᠭᠰᠠᠨ ᠦᠭᠡᠢ᠂ ᠨᠤᠭᠤ ᠭᠠᠵᠠᠷ ᠪᠤᠯᠭᠠᠭᠰᠠᠨ ᠦᠭᠡᠢ᠂ ᠪᠡᠯᠴᠢᠭᠡᠷ ᠪᠤᠯᠭᠠᠭᠰᠠᠨ ᠦᠭᠡᠢ᠂ ᠤᠢ ᠪᠤᠯᠭᠠᠭᠰᠠᠨ ᠦᠭᠡᠢ︔    ︵ᠲᠦᠷᠪᠡ︶ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠤᠶᠤ ᠬᠠᠮᠠᠭᠠᠯᠠᠯᠳᠠ ᠪᠠᠷ ᠬᠦᠴᠦᠨ ᠦᠭᠡᠢ ᠪᠤᠯᠤᠭᠰᠠᠨ ᠠᠴᠠ ᠪᠤᠯᠵᠤ᠂ ᠬᠦᠨᠳᠦ ᠨᠤᠴᠢᠳᠠᠢ ᠦᠷ᠎ᠡ ᠤᠷᠰᠢᠭ ᠭᠠᠷᠭᠠᠭᠰᠠᠨ︔   ︵ᠳᠠᠪᠤ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠭᠰᠠᠨ᠂ ᠡᠷᠭᠡ ᠲᠤᠰᠢᠶᠠᠯ ᠢ ᠲᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃       ᠳᠠᠪᠤᠳᠤᠭᠠᠷ ᠪᠦᠯᠦᠭ ᠳᠠᠭᠠᠯᠳᠤᠭᠤᠯᠤᠯ ᠲᠦᠷᠢᠮ    ᠲᠦᠴᠢᠨ ᠬᠤᠶᠠᠳᠤᠭᠠᠷ ᠵᠦᠢᠯ     ᠲᠤᠰ ᠲᠦᠷᠢᠮ ᠢ 2018 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2