ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠰᠢᠨ᠎ᠡ | ᠵᠢᠳᠬᠦᠯᠴᠢᠷᠮᠠᠶᠢᠯᠭᠠ ᠶᠢ ᠤᠷᠢᠶᠠᠯᠠᠵᠤ ᠪᠠᠶᠢᠨ᠎ᠠ᠃ 4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ | ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠺᠢᠨᠣ᠋ ᠵᠦᠴᠦᠭᠡ ᠶᠢᠨ ᠲᠢᠶᠠᠲᠷ ᠲᠤ ᠦᠪᠡᠳᠡᠭᠰᠢ ᠶᠡᠭᠡ ᠪᠠᠷ ᠡᠬᠢᠯᠡᠪᠡ᠂ | ᠪᠥᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠥᠬᠦ ᠰᠢᠶᠠᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠵᠦ᠂ | ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠭᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠦ ᠢᠯᠠᠯᠲᠠ ᠶᠢ | ᠲᠡᠮᠡᠴᠡᠨ ᠤᠯᠬᠤ ᠠᠤᠭ᠎ᠠ ᠲᠥᠰᠦᠪ ᠢ ᠬᠠᠮᠲᠤ ᠪᠠᠷ ᠵᠢᠷᠤᠭᠯᠠᠪᠠ᠃ | | | | | ᠬᠤᠷᠠᠯ ᠤᠨ ᠲᠠᠯᠠᠪᠠᠢ ᠳᠤ ᠲᠣᠪᠴᠢ ᠪᠣᠷᠣᠭᠵᠢᠭᠤᠨ᠂ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃ | ᠲᠣᠰ ᠤᠳᠠᠭᠠᠨ ᠤ ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠪᠣᠯ᠄ ᠸᠠᠩ ᠸᠧᠨ᠂ ᠮᠠ ᠶᠦᠩ ᠽᠠᠢ᠂ | ᠵᠠᠩ ᠳ᠋ᠦᠩ ᠹᠠᠩ᠂ ᠯᠢ ᠡᠤ ᠰᠢᠶᠠᠩ᠂ ᠴᠧᠨ ᠷᠦᠢ ᠧ ᠪᠣᠯᠤᠨ᠎ᠠ᠃ | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ | ᠲᠣᠮᠢᠯᠠᠨ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ | ᠳᠠᠷᠤᠭ᠎ᠠ᠂ ᠳᠡᠳ᠋ ᠶᠡᠷᠦᠩᠬᠡᠢ ᠠᠩᠬᠢ ᠶᠢᠨ ᠳᠠᠷᠤᠭ᠎ᠠ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ | ᠤᠯᠤᠰ ᠲᠦᠷᠦ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ | ᠶᠦᠩ ᠽᠠᠢ ᠬᠤᠷᠠᠯ ᠢ ᠡᠷᠭᠢᠯᠡᠪᠡ᠃ | ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠲᠥᠯᠥᠭᠡᠯᠡᠭᠴᠢ 178 ᠬᠥᠮᠦᠨ ᠪᠠᠶᠢᠵᠤ᠂ | ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 162 ᠬᠥᠮᠦᠨ ᠪᠠᠶᠢᠵᠤ᠂ ᠬᠤᠷᠠᠯ ᠳᠤ ᠣᠷᠣᠯᠴᠠᠭᠰᠠᠨ | ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃ | 8 ᠴᠠᠭ 30 ᠮᠢᠨᠦ᠋ᠲ ᠲᠤ᠂ ᠮᠠ ᠶᠦᠩ ᠽᠠᠢ ᠯᠢᠶᠠᠩᠴᠧᠩ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠬᠢᠯᠡᠭᠰᠡᠨ ᠢ | ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠰᠦᠷ | ᠵᠢᠪᠬᠤᠯᠠᠩᠲᠤ ᠬᠦᠭ ᠠᠶᠠᠰ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ | ᠴᠢᠩ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ᠃ | | | | | | ᠮᠡᠳᠡᠭᠦᠯᠦᠯᠲᠡ ᠳᠤ 2019 ᠣᠨ ᠤ ᠠᠵᠢᠯ ᠢ ᠡᠷᠭᠢᠴᠡᠭᠦᠯᠬᠦ ᠳᠡᠭᠡᠨ᠂ ᠥᠩᠭᠡᠷᠡᠭᠰᠡᠨ ᠨᠢᠭᠡ ᠵᠢᠯ ᠳᠤ᠂ | ᠰᠢᠶᠠᠨ ᠤ ᠠᠷᠠᠳ ᠤᠨ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠬᠢᠨᠠᠮᠠᠭᠠᠶ ᠤᠶᠢᠯᠡᠳᠤᠯᠭᠡᠵᠢᠭᠦᠯᠵᠠᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ︽ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠬᠦᠴᠦᠯᠡᠨ ᠰᠠᠶᠢᠲᠤᠷ ᠬᠢᠵᠦ᠂ ᠤᠭ ᠰᠠᠨᠠᠭ᠎ᠠ ᠪᠠᠨ | ᠦᠯᠦ ᠮᠠᠷᠲᠠᠨ᠂ ᠬᠦᠴᠢᠷ ᠪᠡᠷᠬᠡ ᠶᠢ ᠲᠤᠭᠤᠯᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ | ᠰᠠᠶᠢᠵᠢᠷᠠᠬᠤ ᠬᠠᠨᠳᠤᠰᠢ ᠢᠯᠡᠷᠡᠪᠡ᠃ | ᠢᠦᠢ ᠳ᠋ᠠᠢ ᠴᠢᠩ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠡ ᠵᠠᠪᠠᠯ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ︽ᠰᠠᠭᠤᠭᠠᠯᠢ ᠠᠷᠠᠳ ᠤᠨ ᠠᠵᠢᠯ | ᠣᠯᠭᠤᠯᠲᠠ ᠶᠢ ᠪᠠᠳᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠡᠷᠭᠢᠯᠲᠡ ᠶᠢ | ᠪᠠᠲᠤᠯᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠠ ᠲᠣᠬᠢᠶᠠᠯ ᠢ ᠠᠮᠵᠢᠵᠤ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠵᠤ᠂ ︽ᠲᠤᠯᠤᠭᠠᠨ ᠲᠠᠯᠠᠪᠤᠷ ᠬᠠᠲᠠᠭᠤ ᠳᠠᠶᠢᠯᠠᠯᠳᠤᠭᠠᠨ︾ ᠢ ᠰᠠᠶᠢᠲᠤᠷ | ᠬᠢᠵᠦ ᠢᠯᠠᠯᠲᠠ ᠤᠯᠬᠤ ᠬᠡᠷᠡᠭᠲᠡᠢ᠃ ᠨᠢᠭᠡ ᠳᠤ ᠬᠦᠴᠦᠨ ᠢᠶᠠᠨ ᠲᠥᠪᠯᠡᠷᠡᠭᠦᠯᠦᠨ ᠬᠤᠶᠠᠷ ᠲᠤ ᠵᠣᠪᠠᠭ᠋ᠤ ᠥᠬᠡᠶ᠂ | ᠭᠤᠷᠪᠠ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠰᠡᠭᠦᠯ ᠬᠤᠷᠢᠶᠠᠬᠤ | ᠪᠠᠶᠢᠯᠳᠤᠭᠠᠨ︾ ᠢ ᠰᠠᠶᠢᠲᠤᠷ ᠬᠢᠵᠦ᠂ ︽ᠭᠤᠷᠪᠠ ᠶᠢ ᠨᠠᠶᠢᠳᠠᠪᠤᠷᠢᠵᠢᠭᠤᠯᠬᠤ︾ ᠶᠢ ᠴᠢᠩᠭ᠎ᠠ ᠠᠳᠬᠤᠵᠤ᠂ ︽ | ᠭᠤᠷᠪᠠ ᠶᠢ ᠨᠠᠷᠢᠯᠢᠭ ᠣᠨᠣᠴᠠᠲᠠᠶ ᠪᠠᠶᠢᠯᠭᠠᠬᠤ︾ ᠶᠢ ᠴᠢᠩᠭ᠎ᠠ ᠠᠳᠬᠤᠵᠤ᠂ ︽ᠭᠤᠷᠪᠠ ᠶᠢ ᠪᠠᠲᠤᠯᠠᠬᠤ︾ ᠶᠢ | ᠴᠢᠩᠭᠠᠳᠬᠠᠵᠤ᠂ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ ᠪᠠ ᠲᠤᠰᠬᠠᠶ ᠲᠣᠭᠤᠷᠢᠨ | ᠪᠠᠶᠢᠴᠠᠭᠠᠯᠲᠠ ᠶᠢᠨ ︽ᠡᠷᠬᠢᠨ ᠬᠠᠷᠠᠬᠤ︾ ᠵᠡᠷᠭᠡ ᠡᠯ᠎ᠡ ᠵᠤᠶᠢᠯ ᠤᠨ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ | ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠤᠯᠭᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠬᠤᠶᠠᠷ ᠲᠤ᠂ | ᠬᠦᠴᠦ ᠪᠠᠨ ᠲᠥᠪᠯᠡᠷᠡᠭᠦᠯᠦᠨ ᠬᠠᠯᠬᠠᠪᠴᠢ ᠶᠢ ᠴᠣᠭᠴᠠᠯᠠᠵᠤ᠂ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠶᠡᠷᠦᠩᠬᠡᠶ ᠱᠦᠵᠢ ᠰᠢ ᠶᠢᠨ | ᠫᠢᠩ ᠤᠨ ︽ᠭᠤᠷᠪᠠᠨ ᠨᠠᠭᠤᠷ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠤᠬᠢᠷᠳᠤᠯ ᠢ | ᠰᠡᠷᠭᠡᠶᠢᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠪ ᠤᠨ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠤᠯᠳᠡ ᠶᠢ | ᠪᠥᠬᠦ ᠲᠠᠯ᠎ᠠ ᠪᠠᠷ ᠪᠡᠶᠡᠯᠡᠭᠦᠯᠵᠦ᠂ ᠠᠮᠢ ᠠᠬᠤᠶ ᠪᠠᠷ ᠰᠢᠶᠠᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ ᠭᠤᠷᠪᠠ ᠳᠤ᠂ ᠥᠷᠢ ᠥᠭᠴᠡᠭᠡ ᠶᠢ ᠲᠥᠪᠯᠡᠷᠡᠭᠦᠯᠦᠨ᠂ | ᠳᠠᠯᠳᠠ ᠬᠡᠮ ᠢ ᠠᠷᠢᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ︽ᠬᠠᠮᠠᠭᠠᠯᠠᠬᠤ ᠪᠠᠶᠢᠯᠳᠤᠭᠠᠨ︾ ᠢ ᠰᠠᠶᠢᠲᠤᠷ | ᠬᠢᠵᠦ᠂ ︽ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠨᠤᠪᠴᠢᠳᠠᠢ ᠪᠠᠷ ᠵᠠᠳᠠᠯᠬᠤ︾ ᠦᠨᠳᠦᠰᠦᠨ ᠲᠥᠷᠥ ᠶᠢᠨ | ᠪᠣᠳᠣᠯᠭ᠎ᠠ ᠶᠣᠰᠣᠭᠠᠷ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠠᠷᠢᠯᠭᠠᠵᠤ᠂ ︽ | ᠡᠷᠡᠰ ᠪᠠᠲᠤ᠂ ᠡᠵᠡᠮᠳᠡᠵᠦ ᠪᠣᠯᠬᠤ᠂ ᠡᠮᠬᠢ ᠵᠢᠷᠤᠮ ᠲᠠᠢ᠂ ᠵᠣᠬᠢᠰᠲᠠᠶ︾ ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ | ᠲᠥᠷᠥᠯ ᠵᠤᠶᠢᠯ ᠢ ᠬᠦᠴᠦ ᠲᠥᠪᠯᠡᠷᠡᠭᠦᠯᠦᠨ ᠠᠳᠬᠤᠵᠤ᠂ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠰᠢᠪᠲᠤᠯᠤᠯᠲᠠ ᠶᠢᠨ ᠪᠠᠶᠢᠯᠳᠤᠭᠠᠨ︾ ᠢ ᠰᠠᠶᠢᠲᠤᠷ ᠬᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ︽ᠮᠠᠯ ᠠᠵᠤ ᠠᠬᠤᠶ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠶ | ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ | ᠲᠣᠰ ᠲᠣᠰ ᠤᠨ ᠣᠨᠴᠠᠯᠢᠭ ᠲᠠᠢ᠂ ᠥᠷᠢᠰᠥᠯᠳᠦᠭᠡᠨ ᠲᠠᠢ ᠠᠵᠤ ᠤᠶᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ | ᠲᠠᠪᠤ ᠳᠤ ᠬᠦᠴᠦ ᠪᠠᠨ ᠲᠥᠪᠯᠡᠷᠡᠭᠦᠯᠦᠨ ᠰᠠᠭᠤᠷᠢ ᠪᠠᠨ ᠴᠢᠩᠭᠠᠳᠬᠠᠵᠤ᠂ ᠳᠠᠬᠢᠨ ᠪᠠᠶᠢᠭᠤᠯᠵᠤ ᠬᠠᠮᠢᠶᠠᠷᠤᠨ᠂ | ᠬᠤᠳᠠ ᠶᠢᠨ ᠪᠥᠲᠥᠭᠡᠨ ᠪᠠᠶᠢᠭᠤᠯᠤᠯᠲᠠ ᠶᠢᠨ ︽ᠵᠢᠭᠰᠠᠭᠠᠯᠳᠤ ᠪᠠᠶᠢᠯᠳᠤᠭᠠᠨ︾ ᠢ ᠰᠠᠶᠢᠲᠤᠷ ᠬᠢᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠶ ᠠᠵᠢᠯᠯᠠᠵᠤ ᠵᠤᠭᠠᠴᠠᠬᠤ ᠳᠤ ᠲᠣᠬᠢᠷᠠᠮᠵᠢᠲᠠᠶ ᠬᠤᠲᠠ ᠶᠢ ᠪᠥᠲᠥᠭᠡᠨ ᠪᠠᠶᠢᠭᠤᠯᠬᠤ | ᠪᠠᠶᠢᠷᠢ ᠲᠤᠭᠳᠠᠭᠠᠯᠳᠠ ᠶᠢᠨ ᠲᠣᠭᠤᠷᠢᠨ ᠳᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠵᠢᠷᠭᠤᠭ᠎ᠠ ᠳᠤ ᠬᠦᠴᠦ ᠪᠠᠨ ᠲᠥᠪᠯᠡᠷᠡᠭᠦᠯᠦᠨ ᠬᠠᠷᠰᠢ ᠰᠠᠭᠠᠳ ᠢ ᠡᠪᠳᠡᠵᠦ᠂ ᠠᠮᠢᠵᠢᠷᠠᠯ ᠤᠨ ᠬᠦᠴᠦᠨ ᠢ ᠬᠥᠭᠵᠢᠭᠡᠨ | ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ︽ᠰᠠᠨᠠᠭᠠᠴᠢᠯᠠᠭᠠᠲᠤ ᠪᠠᠶᠢᠯᠳᠤᠭᠠᠨ︾ ᠢ ᠰᠠᠶᠢᠲᠤᠷ ᠬᠢᠵᠦ᠂ ᠲᠦᠷᠦ ᠶᠢᠨ | ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠡᠷᠡᠭᠵᠢᠭᠦᠯᠬᠦ ᠰᠠᠨᠠᠯ ᠢ ᠴᠢᠩᠭ᠎ᠠ ᠬᠡᠷᠡᠭᠵᠢᠭᠦᠯᠵᠦ᠂ | ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠠᠤᠯᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠪᠴᠢᠯᠡᠨ ᠪᠤᠢ | ᠪᠣᠯᠭᠠᠨ᠎ᠠ᠃ ᠲᠤᠯᠤᠭ᠎ᠠ ᠳᠤ ᠬᠦᠴᠦ ᠪᠠᠨ ᠲᠥᠪᠯᠡᠷᠡᠭᠦᠯᠦᠨ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠤᠳᠠᠭᠠᠨ ᠳᠠᠭᠠᠭᠠᠮᠠᠭᠠᠢ | ᠳᠠᠶᠢᠯᠠᠯᠳᠤᠭᠠᠨ︾ ᠢ ᠰᠠᠶᠢᠳᠤᠷ ᠬᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠬᠥᠭᠵᠢᠯᠲᠡ ᠶᠢ | ᠨᠡᠩ ᠥᠨᠳᠥᠷ ᠳᠤᠯᠠᠭᠠᠨ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠨᠡᠩ | ᠵᠤᠵᠠᠭᠠᠨ ᠲᠠᠢ ᠪᠣᠯᠭᠠᠵᠤ᠂ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠨᠡᠩ ᠥᠷᠭᠡᠴᠡ ᠲᠠᠢ ᠪᠣᠯᠭᠠᠨ᠎ᠠ᠃ | | ᠢᠦᠢ ᠳ᠋ᠠᠶ ᠴᠢᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠳᠤ ᠲᠤᠯᠭᠠᠷᠠᠵᠤ | ᠪᠠᠶᠢᠭ᠎ᠠ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠢᠷᠠᠭᠤ | ᠠᠯᠳᠠᠷ ᠲᠠᠢ ᠪᠥᠭᠡᠳ ᠴᠢᠬᠤᠯᠠ ᠶᠡᠭᠡ ᠪᠣᠯᠬᠤᠷ ᠪᠢᠳᠡ ᠡᠷᠬᠡᠪᠰᠢ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ | ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠲᠥᠪ ᠪᠠ ᠲᠣᠭᠤᠷᠢᠭ᠂ ᠬᠤᠲᠠ᠂ ᠰᠢᠶᠠᠨ ᠤ | ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠳᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠷᠯᠢᠭ ᠪᠠᠶᠢᠪᠠᠯ ᠬᠡᠷᠡᠭᠵᠢᠭᠦᠯᠵᠦ᠂ ᠴᠠᠭᠠᠵᠠ ᠪᠠᠶᠢᠪᠠᠯ ᠵᠣᠭᠰᠣᠭᠠᠬᠤ ᠬᠡᠷᠡᠭᠲᠡᠶ᠃ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠴᠢᠩᠳᠠᠯᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠶᠢ | ᠪᠠᠷᠢᠮᠲᠠᠯᠠᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ | ᠬᠡᠷᠡᠭᠯᠡᠨ ᠠᠵᠢᠯ ᠢ ᠠᠬᠢᠭᠤᠯᠵᠤ᠂ ᠠᠰᠠᠭᠤᠳᠠᠯ ᠢ ᠰᠢᠢᠳᠪᠤᠷᠢᠯᠡᠵᠦ᠂ ᠬᠠᠤᠯᠢ ᠪᠠᠷ ᠡᠷᠬᠡ ᠣᠯᠭᠤᠭᠰᠠᠨ ᠦᠭᠡᠢ ᠪᠣᠯ | ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠬᠢᠬᠦ ᠬᠡᠷᠡᠭᠲᠡᠶ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠠᠵᠢᠯ ᠤᠨ | ᠪᠦᠲᠦᠮᠵᠢ ᠶᠢᠨ ᠲᠤᠬᠠᠶ ᠵᠥᠪ ᠦᠵᠡᠯᠲᠡ᠂ ᠠᠵᠢᠯ ᠤᠶᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ | ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ | ᠪᠠ ᠵᠣᠷᠢᠭᠲᠠᠶ ᠬᠢᠵᠦ ᠵᠣᠷᠢᠭᠲᠠᠶ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢ | ᠢᠮᠠᠭᠲᠠ ᠪᠠᠷᠢᠮᠲᠠᠯᠠᠵᠤ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠠᠰᠠᠭ ᠤᠨ ᠣᠷᠳᠣᠨ | ᠪᠣᠯ ᠳᠠᠷᠤᠶ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠤᠬᠠᠮᠰᠠᠷ ᠢ ᠪᠤᠢ ᠪᠣᠯᠭᠠᠬᠤ ᠬᠡᠷᠡᠭᠲᠡᠶ᠃ | ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ ᠲᠥᠪ ᠬᠤᠷᠢᠶᠠᠨ ᠤ ᠨᠠᠢᠮᠠᠨᠵᠤᠷᠪᠤᠰ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ | ᠪᠡᠶ᠎ᠡ ᠪᠠᠨ ᠪᠠᠷᠢᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠰᠠᠬᠢᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠵᠠᠬ᠎ᠠ ᠬᠢᠵᠠᠭᠠᠷ ᠤᠨ ᠱᠤᠭᠤᠮ ᠢ ᠤᠬᠠᠮᠰᠠᠷ ᠠᠴᠠ ᠪᠠᠨ | ᠲᠣᠳᠣᠷᠬᠠᠶ ᠢᠯᠭᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠳᠤ ᠥᠯᠥ ᠬᠦᠷᠴᠦ᠂ ᠦᠨᠡᠨᠴᠢ | ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠦᠨᠡᠨ ᠬᠦ ᠪᠡᠶᠡᠯᠡᠭᠦᠯᠦᠨ᠎ᠡ᠃ | ᠢᠦᠢ ᠳ᠋ᠠᠢ ᠴᠢᠩ ᠬᠠᠮᠤᠭ ᠰᠡᠭᠦᠯ ᠳᠤ᠂ ᠬᠥᠯᠥᠰᠥ ᠪᠠᠨ ᠤᠷᠤᠰᠬᠠᠨ ᠬᠤᠷᠢᠶᠠᠯᠲᠠ ᠣᠯᠵᠤ᠂ ᠪᠣᠳᠠᠲᠠᠢ | ᠠᠵᠢᠯᠯᠠᠨ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠬᠡᠮᠵᠢᠶᠡᠨ ᠤ ᠬᠠᠷᠢᠭᠤᠴᠠᠯᠭ᠎ᠠ ᠲᠠᠢ ᠠᠵᠢᠯ ᠦᠢᠯᠡᠰ ᠢ ᠳᠡᠭᠡᠳᠦᠯᠡᠬᠦ | ᠵᠣᠷᠢᠭ ᠰᠠᠨᠠᠭ᠎ᠠ᠂ ᠵᠣᠷᠢᠭᠲᠠᠢ ᠪᠠᠷ ᠤᠷᠤᠭᠰᠢᠯᠠᠨ ᠳᠠᠪᠰᠢᠬᠤ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ᠂ ᠠᠵᠢᠯ | ᠬᠢᠵᠦ ᠦᠢᠯᠡᠰ ᠪᠤᠰᠬᠠᠬᠤ ᠬᠠᠷᠢᠭᠤᠴᠠᠯᠭ᠎ᠠ ᠡᠭᠦᠷᠭᠡᠯᠡᠯ ᠢᠶᠠᠷ᠂ ᠬᠦᠴᠦ ᠪᠠᠨ ᠬᠠᠮᠲᠤᠳᠬᠠᠨ ᠰᠡᠳᠭᠢᠯ ᠢᠶᠠᠨ | ᠨᠢᠭᠡᠳᠭᠡᠵᠦ᠂ ᠡᠷᠡᠮᠡᠬᠡᠶᠢᠯᠡᠨ ᠤᠷᠤᠭᠰᠢᠯᠠᠵᠤ᠂ ᠯᠢᠶᠠᠩᠴᠧᠩ ᠤᠨ ᠴᠢᠨᠠᠷ ᠰᠠᠶᠢᠲᠠᠢ ᠲᠠᠪᠠᠯᠳᠠᠳᠤ ᠬᠥᠭᠵᠢᠯᠲᠡ ᠶᠢ | ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠶᠢᠨ | ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᡂᠢ ᠵᠢᠶᠠᠨ ᠹᠧᠩ ᠯᠢᠶᠠᠩᠴᠧᠩ ᠰᠢᠶᠠᠨ ᠤ 2019 ᠣᠨ ᠤ ᠵᠠᠰᠠᠭ ᠤᠨ ᠣᠷᠳᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ | 2020 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ | ᠵᠤᠶᠢᠯᠡᠰ ᠤᠨ ᠪᠠᠶᠢᠳᠠᠯ ᠤᠨ ᠲᠤᠳᠤᠷᠬᠠᠶᠢᠯᠠᠯᠳᠡ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠳ᠋ᠦᠩ ᠹᠠᠩ ︽ᠰᠣᠩᠭᠤᠭᠤᠯᠢ ᠶᠢᠨ ᠠᠷᠭ᠎ᠠ ︵ | ᠲᠥᠰᠦᠯ︶︾ ᠶᠢᠨ ᠲᠤᠬᠠᠶ ᠲᠣᠳᠣᠷᠬᠠᠶᠢᠯᠠᠯᠲᠠ ᠬᠢᠪᠡ᠃ | ᠬᠤᠷᠠᠯ ᠠᠴᠠ ᠪᠠᠰᠠ ᠯᠢᠶᠠᠩᠴᠧᠩ ᠰᠢᠶᠠᠨ ᠤ 2019 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠦᠭᠵᠢᠯᠳᠡ ᠶᠢᠨ ᠲᠥᠯᠥᠪᠯᠡᠭᠡ ᠶᠢ ᠭᠦᠢᠴᠡᠳᠭᠡᠭᠰᠡᠨ ᠪᠠᠶᠢᠳᠠᠯ ᠬᠢᠭᠡᠳ 2020 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ | ᠮᠡᠳᠡᠭᠦᠯᠦᠯᠲᠡ᠂ 2019 ᠣᠨ ᠤ ᠪᠥᠬᠦ ᠰᠢᠶᠠᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ | ᠪᠣᠯᠤᠨ 2020 ᠣᠨ ᠤ ᠪᠥᠬᠦ ᠰᠢᠶᠠᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠶ ᠢᠯᠡᠳᠬᠡᠯ ᠢ | ᠪᠢᠴᠢᠭ ᠢᠶᠠᠷ ᠬᠢᠨᠠᠨ ᠪᠠᠶᠢᠴᠠᠭᠠᠪᠠ᠃ | ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠣᠯᠤᠨ ᠯᠢᠶᠠᠩᠴᠧᠩ ᠰᠢᠶᠠᠨ ᠤ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠬᠤᠷᠠᠯ ᠳᠤ ᠰᠤᠯᠠ | ᠣᠷᠣᠯᠴᠠᠪᠠ᠃ | | | ᠰᠤᠷᠪᠤᠯᠵᠢᠯᠠᠭᠴᠢ᠄ ᠴᠧᠨ ᠶᠦᠨ ᠯᠢ ᠰᠢᠶᠤᠤ ᠾᠦᠢ | ᠵᠠᠩ ᠰᠢᠶᠤᠤ ᠶᠢᠩ ᠶᠠᠩ ᠯᠢ ᠨᠠ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |