ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ  ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠬᠤᠷᠠᠯᠳᠤᠪᠠ
ᠨᠡᠶᠢᠲᠡᠯᠡᠭᠰᠡᠨ ᠴᠠᠭ᠄
2020-04-23
    ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠰᠢᠨ᠎ᠡ ᠵᠢᠳᠬᠦᠯ‌‍ᠴᠢᠷᠮᠠᠶᠢᠯᠭ᠎ᠠ  ᠶᠢ ᠤᠷᠢᠶᠠᠯᠠᠵᠤ ᠪᠠᠶᠢᠨ᠎ᠠ᠃ 4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠺᠢᠨᠣ᠋ ᠵᠦᠴᠦᠭᠡ ᠶᠢᠨ ᠲᠢᠶᠠᠲᠷ ᠲᠤ ᠦᠪᠡᠳᠡᠭᠰᠢ ᠶᠡᠭᠡ ᠪᠠᠷ ᠡᠬᠢᠯᠡᠪᠡ᠂ ᠪᠥᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠥᠬᠦ ᠰᠢᠶᠠᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ  ᠬᠠᠷᠢᠭᠤᠴᠠᠯᠭ᠎ᠠ ᠪᠠᠨ ᠬᠠᠤᠯᠢ ᠶᠣᠰᠣᠭᠠᠷ  ᠭᠦᠢᠴᠡᠳᠭᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ  ᠰᠢᠢᠳᠪᠤᠷᠢᠳᠦ ᠢᠯᠠᠯᠲᠠ ᠶᠢ ᠲᠡᠮᠡᠴᠡᠨ ᠤᠯᠬᠤ ᠠᠤᠭ᠎ᠠ ᠲᠥᠰᠦᠪ ᠢ ᠬᠠᠮᠲᠤ ᠪᠠᠷ ᠵᠢᠷᠤᠭᠯᠠᠪᠠ᠃
     ᠬᠤᠷᠠᠯ ᠤᠨ ᠲᠠᠯᠠᠪᠠᠢ ᠳᠤ ᠲᠣᠪᠴᠢ ᠪᠣᠷᠣᠭᠵᠢᠭᠤᠨ᠂ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃ ᠲᠣᠰ ᠤᠳᠠᠭᠠᠨ ᠤ ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠪᠣᠯ᠄ ᠸᠠᠩ  ᠸᠧᠨ᠂ ᠮᠠ ᠶᠦᠩ ᠽᠠᠢ᠂ ᠵᠠᠩ ᠳ᠋ᠦᠩ ᠹᠠᠩ᠂ ᠯᠢ ᠡᠤ ᠰᠢᠶᠠᠩ᠂ ᠴᠧᠨ ᠷᠦᠢ ᠧ ᠪᠣᠯᠤᠨ᠎ᠠ᠃
       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠲᠣᠮᠢᠯᠠᠨ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ ᠶᠢᠨ ᠳᠠᠷᠤᠭ᠎ᠠ᠂ ᠳᠡᠳ᠋ ᠶᠡᠷᠦᠩᠬᠡᠢ ᠠᠩᠬᠢ ᠶᠢᠨ ᠳᠠᠷᠤᠭ᠎ᠠ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠤᠯᠤᠰ  ᠲᠦᠷᠦ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠶᠦᠩ  ᠽᠠᠢ ᠬᠤᠷᠠᠯ ᠢ ᠡᠷᠭᠢᠯᠡᠪᠡ᠃    ᠤᠯᠤᠰ ᠲᠦᠷᠦ ᠶᠢᠨ ᠵᠥᠪᠯᠡᠯᠭᠡᠨ ᠤ ᠯᠢᠶᠠᠩᠴᠧᠩ ᠰᠢᠶᠠᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠣᠯᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ  ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ  ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠬᠤᠷᠠᠯ ᠳᠤ ᠰᠤᠯᠠ ᠣᠷᠣᠯᠴᠠᠪᠠ᠃
    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ  ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ᠃
                        ᠰᠤᠷᠪᠤᠯᠵᠢᠯᠠᠭᠴᠢ᠄ ᠴᠧᠨ ᠶᠦᠨ    ᠯᠢ ᠰᠢᠶᠤᠤ ᠾᠦᠢ                                            ᠵᠠᠩ ᠰᠢᠶᠤᠤ ᠶᠢᠩ     ᠶᠠᠩ ᠯᠢ ᠨᠠ                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2