4 ᠰᠠᠷ᠎ᠠ ᠶᠢᠨ 3 ᠤ ᠡᠳᠦᠷ᠂ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠶᠡᠷᠦᠩᠬᠡᠢ | ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠠᠭ᠎ᠠ ᠶᠢᠨ ᠨᠠᠭᠤᠷ ᠡᠵᠢ ᠨᠠᠭᠤᠷ ᠢ ᠬᠠᠮᠠᠭᠠᠯᠠᠬᠤ︾ ᠪᠠᠷ ᠭᠤᠣᠯ | ᠰᠡᠳᠦᠪ ᠪᠣᠯᠭᠠᠭᠰᠠᠨ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠰᠢᠶᠠᠨ ᠤ ᠵᠠᠰᠠᠭ ᠤᠨ ᠣᠷᠳᠣᠨ ᠤ ᠠᠯᠪᠠᠨ | ᠭᠡᠷ ᠤᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠠᠵᠢᠯᠯᠠᠭ᠎ᠠ ᠳᠤ ᠤᠷᠤᠯᠴᠠᠪᠠ᠃ | ᠠᠵᠢᠯᠯᠠᠭ᠎ᠠ ᠳᠤᠮᠳᠠ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠲᠠᠬᠢᠨ | ᠡᠷᠭᠢᠴᠡᠭᠦᠯᠪᠡ᠃ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠳᠠᠭ᠎ᠠ ᠶᠢᠨ ᠨᠠᠭᠤᠷ ᠤᠨ | ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠥ | ᠂ ᠳᠠᠭ᠎ᠠ ᠶᠢᠨ ᠨᠠᠭᠤᠷ ᠤᠨ ᠡᠵᠢ ᠨᠠᠭᠤᠷ ᠢ ᠬᠠᠮᠠᠭᠠᠯᠠᠬᠤ ᠬᠠᠮᠢᠶ᠎ᠠ ᠪᠦᠬᠦᠢ ᠲᠦᠷᠢᠮ ᠠᠷᠭ᠎ᠠ ᠬᠡᠮᠵᠢᠶ᠎ᠡ ᠵᠢᠴᠢ | ᠣᠯᠤᠭᠰᠠᠨ ᠠᠮᠵᠢᠯᠲᠠ ᠪᠦᠲᠦᠮᠵᠢ ᠶᠢ ᠰᠤᠷᠤᠯᠴᠠᠪᠠ᠃ ᠰᠤᠷᠤᠯᠴᠠᠯᠭ᠎ᠠ ᠪᠠᠷ ᠳᠠᠮᠵᠢᠭᠤᠯᠤᠨ ᠨᠠᠮ ᠤᠨ ᠭᠡᠰᠢᠭᠦᠨ | ᠺᠠᠳ᠋ᠷ ᠤᠨ ᠳᠠᠭ᠎ᠠ ᠶᠢᠨ ᠨᠠᠭᠤᠷ ᠡᠵᠢ ᠭᠤᠣᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ | ᠴᠢᠩᠭᠠᠳᠬᠠᠵᠤ᠂ ᠦᠵᠡᠯ ᠰᠠᠨᠠᠭ᠎ᠠ ᠪᠠᠨ ᠤᠯᠠᠮ ᠨᠢᠭᠡᠳᠭᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠬᠠᠷᠢᠯᠴᠠᠨ ᠰᠤᠷᠤᠯᠴᠠᠬᠤ᠂ ᠬᠠᠷᠢᠯᠴᠠᠨ ᠠᠬᠢᠭᠤᠯᠬᠤ᠂ ᠬᠠᠮᠳᠤ ᠪᠠᠷ ᠳᠡᠭᠡᠭᠰᠢᠯᠡᠬᠦ ᠥᠳᠬᠡᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ᠃ | ᠨᠠᠮ ᠤᠨ ᠭᠡᠰᠢᠭᠦᠳ᠂ ᠡᠷᠬᠡᠪᠰᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ | ᠠᠭᠤᠯᠠ ᠮᠥᠨ︾ ᠭᠡᠬᠦ ᠣᠶᠢᠯᠠᠭᠠᠭᠳᠠᠬᠤᠨ ᠢ ᠤᠶᠢᠯᠡᠳᠤᠯᠭᠡᠵᠢᠭᠦᠯᠵᠦ᠂ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ | ᠳᠡᠮᠵᠢᠭᠴᠢ᠂ ᠤᠬᠠᠭᠤᠯᠤᠭᠴᠢ᠂ ᠠᠵᠢᠯᠯᠠᠭᠴᠢ ᠪᠣᠯᠬᠤ ᠪᠠᠷ ᠴᠢᠷᠮᠠᠶᠢᠵᠤ᠂ ᠨᠠᠩ ᠣᠯᠠᠨ ᠨᠡᠶᠢᠭᠡᠮ ᠤᠨ ᠬᠦᠴᠦᠨ ᠢ | ᠵᠣᠷᠢᠭᠵᠢᠭᠤᠯᠤᠨ ᠬᠦᠳᠦᠯᠦᠨ ᠵᠢᠯᠣᠭᠤᠳᠴᠤ ᠪᠠᠶᠢᠭᠠᠳ ᠳᠠᠭ᠎ᠠ ᠶᠢᠨ ᠨᠠᠭᠤᠷ ᠤᠨ ᠬᠠᠮᠠᠭᠠᠯᠠᠯᠲᠠ ᠳᠤ | ᠣᠷᠣᠯᠴᠠᠭᠤᠯᠵᠤ᠂ ᠪᠣᠳᠠᠲᠠᠶ ᠠᠵᠢᠯᠯᠠᠭ᠎ᠠ ᠪᠠᠷ ᠢᠶᠠᠨ ᠳᠠᠭ᠎ᠠ ᠶᠢᠨ ᠨᠠᠭᠤᠷ ᠤᠨ ᠤᠰᠤ ᠶᠢ ᠨᠠᠩ ᠲᠤᠩᠭᠠᠯᠠᠭ᠂ | ᠨᠠᠭᠤᠷ ᠤᠨ ᠤᠰᠤ ᠶᠢ ᠨᠠᠩ ᠭᠤᠶᠣ ᠪᠣᠯᠭᠠᠵᠤ᠂ ︽ᠳᠠᠭ᠎ᠠ ᠶᠢᠨ ᠨᠠᠭᠤᠷ ᠤᠨ ᠡᠵᠢ ᠨᠠᠭᠤᠷ ᠢ ᠬᠠᠮᠠᠭᠠᠯᠠᠵᠤ᠂ ᠬᠥᠮᠦᠨ | ᠪᠦᠬᠦᠨ ᠣᠷᠣᠯᠴᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ ᠭᠡᠵᠦ | ᠢᠯᠡᠳᠬᠡᠵᠡᠭᠡᠪᠡ᠃ | | ᠰᠤᠷᠪᠤᠯᠵᠢᠯᠠᠭᠴᠢ᠄ ᠱᠠᠩ ᠶᠦᠨ ᠰᠢᠶᠠ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |