ᠸᠠᠩ ᠸᠧᠨ ᠮᠠᠶᠢᠬᠠᠨᠳᠤ ᠪᠠᠯᠭᠠᠰᠤ᠂ ᠬᠤᠩ ᠮᠤᠤ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠤᠯᠳᠠᠯᠭ᠎ᠠ ᠲᠠᠢ ᠠᠵᠢᠯ ᠢ  ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-04-08
 4 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠮᠠᠶᠢᠬᠠᠨᠳᠤ ᠪᠠᠯᠭᠠᠰᠤ᠂ ᠬᠤᠩ ᠮᠤᠤ ᠪᠠᠯᠭᠠᠰᠤᠨ ᠳᠤ ᠭᠦᠨᠵᠡᠭᠡᠶᠢᠷᠡᠨ ᠠᠮᠢ ᠠᠬᠤᠶ ᠶᠢᠨ ᠣᠶ ᠶᠢᠨ ᠪᠥᠲᠥᠭᠡᠨ ᠪᠠᠶᠢᠭᠤᠯᠤᠯᠲᠠ᠂ ᠮᠠᠯ ᠵᠢᠭᠦᠷᠲᠡᠨ ᠤ ᠢᠯᠭᠠᠳᠠᠰᠤ ᠶᠢ ᠰᠢᠢᠳᠪᠤᠷᠢᠯᠡᠬᠦ᠂ ᠭᠤᠤᠯ ᠰᠡᠳᠦᠪᠲᠦ ᠨᠠᠮ ᠤᠨ ᠡᠳᠦᠷ ᠤᠨ ᠪᠡᠯᠡᠳᠬᠡᠯ ᠠᠵᠢᠯ ᠵᠡᠷᠭᠡ ᠣᠳᠣᠬᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠤ ᠶᠦᠨ ᠰᠢᠶᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠠᠯᠪᠠᠨ ᠬᠡᠷ ᠤᠨ ᠡᠷᠬᠢᠯᠡᠭᠴᠢ ᠷᠧᠨ ᠳ᠋ᠦᠩ ᠮᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠢᠶᠠ ᠰᠢᠶᠤᠤ ᠫᠢᠩ᠂ ᠵᠠᠩ ᠯᠢ  ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠡᠨᠡ ᠬᠤᠭᠤᠴᠠᠭᠠᠨ ᠳᠤ᠂ ᠸᠠᠩ ᠸᠧᠨ ᠪᠠᠰᠠ ᠠᠨᠽᠢ ᠱᠠᠨ ᠵᠠᠰᠠᠭ ᠵᠠᠬᠢᠷᠭᠠᠨ ᠤ ᠲᠣᠰᠬᠤᠨ ᠳᠤ ᠭᠦᠨᠵᠡᠭᠡᠶᠢᠷᠡᠨ ᠭᠤᠣᠯ ᠰᠡᠳᠦᠪᠲᠦ ᠨᠠᠮ ᠤᠨ ᠡᠳᠦᠷ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠮᠠᠶᠢᠬᠠᠨᠳᠤ ᠪᠠᠯᠭᠠᠰᠤ᠂ ᠬᠤᠩ ᠮᠤᠤ ᠪᠠᠯᠭᠠᠰᠤ᠂ ᠲᠢᠶᠠᠨ ᠴᠧᠩ ᠰᠢᠶᠠᠩ ᠵᠢᠴᠢ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃                          ᠰᠤᠷᠪᠤᠯᠵᠢᠯᠠᠭᠴᠢ᠄ ᠱᠠᠩ ᠶᠦᠨ ᠰᠢᠶᠠ    ᠴᠧᠨ ᠶᠦᠨ                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2