︽ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ  ᠡᠵᠢ ᠨᠠᠭᠤᠷ ᠪᠤᠯᠬᠤ ᠳᠠᠭ᠎ᠠ ᠶᠢᠨ ᠨᠠᠭᠤᠷ  ᠢᠶᠠᠨ ᠬᠠᠮᠠᠭᠠᠯᠠᠶ᠎ᠠ︾  ᠭᠤᠣᠯ ᠰᠡᠳᠦᠪᠲᠦ  ᠨᠠᠮ ᠤᠨ ᠡᠳᠦᠷ ᠤᠨ ᠠᠵᠢᠯᠯᠠᠭ᠎ᠠ ᠳᠠᠭ᠎ᠠ ᠶᠢᠨ ᠨᠠᠭᠤᠷ ᠤᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠰᠢᠨ᠎ᠡ  ᠪᠦᠷᠢᠶ᠎ᠡ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2020/4/9
   ᠬᠠᠪᠤᠷ  ᠤᠨ ᠦᠵᠡᠮᠵᠢ ᠲᠣᠳᠣᠷᠠᠭᠰᠠᠨ 3 ᠰᠠᠷ᠎ᠠ ᠳᠤ ᠲᠦᠮᠡᠨ ᠪᠣᠳᠠᠰ ᠠᠮᠢᠯᠠᠯ ᠤᠨ ᠬᠦᠴᠦᠨ ᠢᠶᠠᠷ ᠪᠢᠯᠬᠠᠨ᠎ᠠ᠃ 4 ᠰᠠᠷ᠎ᠠ ᠶᠢᠨ 8 ᠤ ᠡᠳᠦᠷ᠂ ︽ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ  ᠡᠵᠢ ᠨᠠᠭᠤᠷ ᠪᠤᠯᠬᠤ ᠳᠠᠭ᠎ᠠ ᠶᠢᠨ ᠨᠠᠭᠤᠷ  ᠢᠶᠠᠨ ᠬᠠᠮᠠᠭᠠᠯᠠᠶ᠎ᠠ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠬᠤᠩ ᠮᠤᠤ‌‍ᠪᠠᠯᠭᠠᠰᠤᠨ ᠤ ᠠᠨ ᠽᠢ ᠱᠠᠨ ᠵᠠᠰᠠᠭ ᠵᠠᠬᠢᠷᠭᠠᠨ ᠤ ᠲᠣᠰᠬᠤᠨ ᠳᠤ ᠶᠠᠪᠤᠭᠳᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ ᠨᠢᠭᠡ ᠨᠠᠭᠤᠷ ᠬᠤᠶᠠᠷ ᠲᠠᠯᠠᠢ︾ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠴᠣᠬᠤᠯᠠᠪᠤᠷᠢ ᠵᠢᠭᠠᠪᠤᠷᠢ   ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠪᠣᠬᠢᠷᠲᠤᠯ ᠥᠬᠡᠶ ᠬᠦᠭᠵᠢᠯᠳᠡ  ᠶᠢᠨ ᠤᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠳᠠᠭ᠎ᠠ ᠶᠢᠨ ᠨᠠᠭᠤᠷ ᠢ ᠬᠠᠮᠠᠭᠠᠯᠠᠬᠤ ᠲᠡᠤᠬᠡᠲᠦ ᠬᠠᠷᠢᠭᠤᠴᠠᠯᠭ᠎ᠠ  ᠶᠢ ᠤᠬᠠᠮᠰᠠᠷ ᠠᠴᠠ ᠪᠠᠨ ᠡᠭᠦᠷᠭᠡᠯᠡᠵᠦ᠂ ᠳᠠᠭ᠎ᠠ ᠶᠢᠨ ᠨᠠᠭᠤᠷ ᠢ ᠬᠠᠮᠠᠭᠠᠯᠠᠬᠤ ᠪᠣᠳᠠᠲᠠᠶ ᠠᠵᠢᠯᠯᠠᠭ᠎ᠠ ᠳᠤᠮᠳᠠ ᠢᠳᠡᠪᠬᠢᠲᠡᠶ ᠣᠷᠣᠯᠴᠠᠵᠤ᠂ ᠳᠠᠭ᠎ᠠ ᠶᠢᠨ ᠨᠠᠭᠤᠷ ᠢ ᠬᠠᠮᠠᠭᠠᠯᠠᠬᠤ ᠰᠠᠨᠠᠭᠠᠴᠢᠯᠠᠭᠴᠢ᠂ ᠬᠤᠰᠢᠭᠤᠴᠢ ᠪᠠ  ᠤᠶᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ᠃
     ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠢᠯᠣᠭᠤᠳᠬᠤ ᠭᠠᠵᠠᠷ ᠤᠨ 13 ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠩ ᠮᠤᠤ ᠪᠠᠯᠭᠠᠰᠤᠨ ᠤ ᠪᠠᠭ ᠤᠨ ᠪᠦᠷᠢᠯᠳᠦᠬᠦᠨ᠂  ᠡᠭᠴᠡ ᠭᠤᠤ᠂ ᠠᠨ ᠽᠢ ᠱᠠᠨ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃                                ᠰᠤᠷᠪᠤᠯᠵᠢᠯᠠᠭᠴᠢ  ᠄ ᠴᠧᠨ ᠶᠦᠨ   ᠯᠢ ᠰᠢᠶᠣᠤ ᠾᠦᠢ                               ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                              ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2