ᠸᠠᠩ ᠯᠸᠢ
ᠨᠡᠶᠢᠲᠡᠯᠡᠭᠰᠡᠨ ᠴᠠᠭ᠄
2020/5/12
     ᠸᠠᠩ ᠯᠸᠢ᠂ ᠬᠢᠲᠠᠳ ᠦᠨᠳᠦᠰᠦᠲᠡᠨ᠂ 1983 ᠣᠨ ᠤ 1 ᠰᠠᠷ᠎ᠠ ᠳᠤ ᠲᠦᠷᠦᠵᠠᠢ᠂  ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠃    ᠬᠤᠪᠢᠳᠠᠨ ᠬᠠᠮᠢᠶᠠᠷᠬᠤ ᠠᠵᠢᠯ    ᠰᠢᠶᠠᠨ ᠤ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠮ ᠡᠮᠨᠡᠯᠭᠡ ᠶᠢᠨ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠠᠯᠪᠠᠨ ᠬᠡᠷ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠵᠢᠯᠴᠢᠨ ᠤ ᠡᠪᠯᠡᠯ᠂ ᠨᠠᠮ ᠤᠨ ᠰᠤᠷᠭᠠᠭᠤᠯᠢ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠰᠢᠶᠠᠨ ᠤ ᠬᠤᠷᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ  ᠲᠤᠪᠴᠢᠶ᠎ᠠ᠂ ᠰᠢᠨᠬᠤᠸᠠ ᠨᠣᠮ ᠤᠨ ᠳᠡᠯᠭᠡᠭᠦᠷ᠂ ᠬᠠᠮ ᠵᠠᠭᠤᠴᠢᠯᠠᠭᠤᠷ ᠤᠨ ᠲᠥᠪ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠭᠦᠯᠦᠨ᠎ᠡ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2