ᠢᠦᠢ ᠳ᠋ᠠᠶ ᠴᠢᠩ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-14
      5 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ ᠯᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᡂᠢ ᠵᠢᠶᠠᠨ ᠹᠧᠩ ᠬᠤᠷᠠᠯ ᠳᠤ ᠣᠷᠣᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ  ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂  ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠪᠠ ᠡᠭᠦᠷᠭᠡ ᠶᠢ ᠣᠨᠣᠪᠴᠢᠲᠠᠢ ᠡᠵᠡᠮᠳᠡᠵᠦ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠡᠷᠲᠡᠬᠡᠨ ᠵᠠᠳᠠᠯᠤᠨ ᠰᠤᠳᠤᠯᠵᠤ ᠮᠠᠭᠠᠳᠯᠠᠬᠤ ᠬᠡᠷᠡᠭᠲᠡᠢ ᠭᠡᠵᠦ  ᠵᠢᠭᠠᠵᠤ ᠭᠠᠷᠭᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠰᠤᠷᠪᠤᠯᠵᠢᠯᠠᠭ᠎ᠠ ᠶᠢ ᠬᠦᠯᠢᠶᠡᠨ ᠠᠪᠬᠤ ᠰᠠᠯᠠᠭ᠎ᠠ ᠮᠥᠴᠢᠷ ᠲᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ᠂ ᠲᠣᠰ ᠲᠣᠰ ᠤᠨ  ᠬᠠᠷᠢᠭᠤᠴᠠᠯᠭ᠎ᠠ ᠪᠠᠨ  ᠭᠦᠢᠴᠡᠳᠭᠡᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ ᠵᠠᠬᠢᠳᠠᠯ ᠰᠤᠷᠪᠤᠯᠵᠢᠯᠠᠭ᠎ᠠ ᠤᠨ  ᠠᠵᠢᠯ ᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢ  ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ  ᠳᠤ ᠰᠢᠢᠳᠪᠤᠷᠢᠯᠡᠵᠦ᠂ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂  ᠱᠠᠯᠠᠪᠳᠡᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠬᠠᠤᠯᠢ ᠶᠣᠰᠣᠭᠠᠷ ᠲᠤᠬᠠᠶ ᠶᠢᠨ ᠭᠠᠵᠠᠷ ᠲᠤᠨᠢ  ᠰᠢᠢᠳᠪᠤᠷᠢᠯᠡᠬᠦ ᠶᠢ ᠲᠦᠯᠬᠢᠨ ᠠᠬᠢᠭᠤᠯᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠵᠠᠬᠢᠳᠠᠯ ᠰᠤᠷᠪᠤᠯᠵᠢᠯᠠᠯ ᠤᠨ ᠠᠵᠢᠯ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠬᠦ ᠯᠦᠭᠡ ᠨᠢᠭᠲᠠ ᠤᠶᠠᠯᠳᠤᠭᠤᠯᠵᠤ᠂ ᠦᠯᠦ  ᠰᠤᠷᠪᠤᠯᠵᠢᠯᠠᠬᠤ᠂ ᠵᠢᠭᠤᠷᠠᠯᠳᠤᠨ ᠰᠤᠷᠪᠤᠯᠵᠢᠯᠠᠬᠤ᠂ ᠰᠤᠷᠪᠤᠯᠵᠢᠯᠠᠯ ᠬᠢᠬᠦ ᠵᠢᠴᠢ ᠳᠠᠬᠢᠨ ᠳᠠᠪᠲᠠᠨ ᠱᠠᠲᠤ ᠠᠯᠤᠰᠯᠠᠨ  ᠠᠶᠢᠯᠴᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ  ᠰᠢᠢᠳᠪᠤᠷᠢᠯᠡᠬᠦ ᠠᠵᠢᠯ ᠢ ᠰᠠᠶᠢᠲᠤᠷ ᠠᠳᠬᠤᠵᠤ᠂ ᠬᠠᠲᠠᠭᠤ ᠴᠢᠩᠭ᠎ᠠ ᠣᠪᠣᠷ ᠰᠤᠷᠲᠠᠯ ᠪᠠ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠪᠥᠬᠦ ᠰᠢᠶᠠᠨ ᠤ ᠨᠡᠶᠢᠭᠡᠮ ᠤᠨ ᠶᠡᠭᠡ  ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃     ᠬᠤᠷᠠᠯ ᠳᠡᠭᠡᠷ᠎ᠡ᠂ ᠰᠢᠤᠢ ᠯᠦᠩ᠂ ᡂᠢ ᠵᠢᠶᠠᠨ ᠹᠧᠩ ᠲᠣᠰ ᠲᠣᠰ ᠣᠳᠣᠬᠠᠨ ᠤ ᠵᠠᠬᠢᠳᠠᠯ ᠰᠤᠷᠪᠤᠯᠵᠢᠯᠠᠭ᠎ᠠ ᠤᠨ  ᠲᠤᠭᠳᠠᠭᠤᠨ ᠬᠠᠮᠠᠭᠠᠯᠠᠬᠤ ᠠᠵᠢᠯ ᠤᠨ ᠲᠤᠬᠠᠶ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠤᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠪᠠ ᠡᠯ᠎ᠡ ᠰᠢᠶᠠᠩ ᠪᠠᠯᠭᠠᠰᠤᠨ ᠤ ᠭᠤᠣᠯ  ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃                                 ᠰᠤᠷᠪᠤᠯᠵᠢᠯᠠᠭᠴᠢ  ᠄ ᠵᠠᠩ ᠰᠢᠶᠣᠤ ᠢᠩ                                 ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2