| — 2020 ᠣᠨ ᠤ 4 ᠰᠠᠷ᠎ᠠ ᠶᠢᠨ 22 ᠤᠨ ᠡᠳᠦᠷ ᠯᠢᠶᠠᠩᠴᠧᠩ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ | ᠳᠡᠭᠡᠷ᠎ᠡ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ | ᠲᠦᠯᠦᠭᠡᠯᠡᠭᠴᠢᠳ ᠡ︕ | ᠤᠳᠤ ᠪᠢ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ ᠬᠤᠷᠠᠯ | ᠳᠤ ᠠᠵᠢᠯ ᠤᠨ ᠮᠡᠳᠡᠭᠦᠯᠦᠯᠳᠡ ᠬᠢᠶ᠎ᠡ ᠂ ᠬᠢᠨᠠᠨ ᠵᠦᠪᠯᠡᠬᠦ ᠪᠤᠯᠪᠠᠤ︕ ᠰᠢᠶᠠᠨ ᠤ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠪᠤᠯᠤᠨ ᠰᠤᠯᠠ ᠤᠷᠤᠯᠴᠠᠭᠴᠢ ᠰᠠᠨᠠᠯ ᠢᠶᠠᠨ ᠲᠤᠷᠠᠳᠬᠤ ᠪᠤᠯᠪᠠᠤ︕ | ᠨᠢᠭᠡ᠂ 2019 ᠤᠨ ᠤ ᠠᠵᠢᠯ ᠤᠨ ᠡᠷᠬᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠳᠠ ᠶᠢᠨ ᠨᠠᠮ ᠤᠨ | ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠪᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ ᠶᠡᠭᠡ ᠪᠣᠭᠤᠮᠲᠠ ᠰᠢᠪᠳᠤᠯᠬᠤ | ᠳᠠᠶᠢᠯᠠᠯᠳᠤᠭᠠᠨ︾ ᠢ ᠬᠦᠴᠦᠯᠡᠨ ᠰᠠᠶᠢᠲᠤᠷ ᠬᠢᠵᠦ᠂ ᠤᠭ ᠰᠠᠨᠠᠭ᠎ᠠ ᠪᠠᠨ ᠦᠯᠦ ᠮᠠᠷᠲᠠᠨ᠂ ᠬᠦᠴᠢᠷ ᠪᠡᠷᠬᠡ ᠶᠢ ᠢᠯᠡᠨ | ᠲᠤᠭᠤᠯᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠦᠭᠵᠢᠯᠳᠡ ᠳᠤ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃ | 2019 ᠣᠨ ᠳᠤ ᠪᠥᠬᠦ ᠰᠢᠶᠠᠨ ᠤ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ 48.3 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 43.3 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.21 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠪᠠᠭᠤᠷᠠᠪᠠ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 15.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 20.9% ᠪᠠᠷ ᠪᠠᠭᠤᠷᠠᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 31837 ᠲᠥᠭᠦᠷᠢᠭ ᠪᠠ 13482 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.5% ᠪᠠ 10.9% ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 25 ᠳ᠋ᠦᠩᠰᠢᠭᠤᠷ ᠲᠦᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠷᠠᠳ ᠤᠨ | ᠠᠮᠢᠳᠤᠷᠠᠯ ᠤᠨ ᠲᠡᠷᠢᠭᠦᠨ ᠪᠣᠯᠭᠠᠵᠤ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ | ᠢᠯᠡᠳᠲᠡ ᠳᠡᠭᠡᠭᠰᠢᠯᠡᠪᠡ | ︽ᠬᠤᠶᠠᠷ ᠲᠤ ᠵᠣᠪᠠᠭ᠋ᠤ ᠦᠭᠡᠢ︾ ᠦᠷᠭᠦᠯᠵᠢᠯᠡᠨ ᠪᠠᠬᠢᠵᠢᠪᠡ᠃ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠵᠢᠴᠢ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠤᠨ᠂ ︽ᠵᠢᠷᠭᠤᠭ᠎ᠠ ᠶᠢ ᠢᠯᠭᠠᠷᠠᠭᠤᠯᠵᠤ | ᠳᠥᠷᠪᠡ ᠶᠢ ᠪᠠᠷᠢᠮᠵᠢᠶ᠎ᠠ ᠳᠤ ᠬᠦᠷᠭᠡᠬᠦ︾ ᠲᠤᠰᠬᠠᠢ ᠲᠥᠷᠥᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠦᠷᠨᠢᠭᠦᠯᠵᠦ᠂ 1236 ᠡᠷᠦᠬᠡ ᠶᠢᠨ 2577 ᠬᠦᠮᠦᠨ ᠶᠠᠳᠠᠭᠤ ᠬᠦᠴᠢᠷᠳᠡᠯ ᠠᠴᠠ ᠤᠬᠤᠷᠢᠨ ᠭᠠᠷᠴᠤ᠂ | ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠪᠠ᠃ ᠪᠦᠬᠦ ᠵᠢᠯ ᠳᠤ 2.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ | ᠠᠵᠤ ᠦᠢᠯᠡᠰ ᠢᠶᠠᠷ ᠶᠠᠳᠠᠭᠤ ᠶᠢ ᠲᠡᠳᠬᠦᠵᠦ᠂ 4945 ᠡᠷᠦᠬᠡ ᠶᠢᠨ 11525 ᠬᠥᠮᠦᠨ ᠢ ᠲᠣᠪᠶᠤᠭ ᠮᠠᠶ᠋ᠢᠭ ᠢᠶᠠᠷ | ᠲᠡᠳᠬᠦᠪᠡ᠃ ᠠᠵᠤ ᠠᠬᠤᠶᠢᠯᠠᠯ 3444 ᠡᠷᠦᠬᠡ ᠶᠢᠨ 7187 ᠬᠥᠮᠦᠨ ᠢ ᠬᠤᠯᠪᠣᠪᠠ᠃ ᠮᠥᠩᠭᠦᠨ | ᠭᠦᠢᠯᠭᠡᠭᠡᠨ ᠢᠶᠠᠷ 767 ᠡᠷᠦᠬᠡ ᠶᠢ ᠲᠡᠳᠬᠦᠵᠦ᠂ 3300 ᠲᠦᠮᠡᠨ ᠲᠥᠭᠦᠷᠢᠭ ᠤᠨ ᠪᠠᠭ᠎ᠠ ᠲᠣᠭᠠᠨ ᠤ ᠵᠢᠭᠡᠯᠡᠯᠭᠡ | ᠲᠠᠷᠬᠠᠭᠠᠪᠠ︔ 347 ᠬᠥᠮᠦᠨ ᠢ ᠰᠢᠯᠵᠢᠭᠦᠯᠦᠨ ᠠᠵᠢᠯ ᠣᠯᠭᠤᠵᠤ᠂ ᠭᠤᠷᠪᠠᠨ ᠶᠠᠳᠠᠭᠤ ᠠᠴᠠ ᠠᠩᠭᠢᠵᠢᠷᠠᠭᠤᠯᠬᠤ | ᠤᠶᠢᠯᠡᠳᠪᠤᠷᠢ ᠶᠢᠨ ᠲᠠᠰᠤᠭ ᠢ ᠠᠰᠢᠭᠯᠠᠯᠲᠠ ᠳᠤ ᠣᠷᠣᠭᠤᠯᠪᠠ︔ ᠵᠠᠬ᠎ᠠ ᠬᠢᠵᠠᠭᠠᠷ ᠣᠷᠣᠨ ᠤ 657 ᠡᠷᠦᠬᠡ ᠶᠢᠨ | 1214 ᠬᠥᠮᠦᠨ᠂ ᠬᠢᠨᠠᠨ ᠬᠡᠮᠵᠢᠬᠦ ᠡᠷᠦᠬᠡ ᠶᠢᠨ 536 ᠡᠷᠦᠬᠡ ᠶᠢᠨ 1265 ᠬᠥᠮᠦᠨ ᠳᠤ ᠡᠬᠡ ᠲᠠᠩᠰᠠ | ᠪᠠᠶᠢᠭᠤᠯᠵᠤ᠂ ᠭᠤᠤᠯᠳᠠᠯᠭ᠎ᠠ ᠲᠠᠢ ᠠᠩᠬᠠᠷᠴᠤ ᠪᠣᠶ︔ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠤᠶᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠤᠨ | ᠬᠥᠭᠵᠢᠯᠲᠡ ᠶᠢᠨ ᠵᠢᠭᠠᠨ ᠵᠢᠯᠣᠭᠤᠳᠤᠭᠴᠢ ᠨᠢ ᠪᠤᠢ ᠪᠦᠬᠦᠢ ᠶᠠᠳᠠᠭᠤ ᠬᠦᠴᠢᠷᠳᠡᠯᠲᠡᠶ ᠡᠷᠦᠬᠡ ᠶᠢ ᠬᠠᠮᠤᠷᠪᠠ᠃ | ︽ᠭᠤᠷᠪᠠ ᠶᠢ ᠪᠠᠲᠤᠯᠠᠬᠤ︾ ᠶᠢ ᠲᠠᠰᠤᠷᠠᠯᠲᠠ ᠥᠬᠡᠶ ᠪᠠᠬᠢᠵᠢᠭᠦᠯᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ | ᠲᠦᠪᠰᠢᠨ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ | ᠤᠯᠠᠮ ᠨᠢᠭᠡ ᠠᠯᠬᠤᠮ ᠳᠡᠭᠡᠭᠰᠢᠯᠡᠪᠡ᠃ 3884 ᠬᠥᠮᠦᠨ ︵ᠤᠳᠠᠭ᠎ᠠ︶ 418 ᠲᠦᠮᠡᠨ ᠲᠥᠭᠦᠷᠢᠭ ᠤᠨ ᠰᠤᠷᠭᠠᠨ | ᠬᠥᠮᠦᠵᠢᠯ ᠢᠶᠠᠷ ᠲᠤᠰᠠᠯᠠᠵᠤ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠦᠷ᠎ᠡ ᠬᠡᠦᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠢ ᠲᠣᠷᠭᠤᠨ ᠵᠣᠭᠰᠣᠭᠠᠬᠤ ᠶᠢ ᠪᠡᠶᠡᠯᠡᠭᠦᠯᠪᠡ︔ 201 ᠲᠦᠮᠡᠨ ᠲᠥᠭᠦᠷᠢᠭ ᠤᠨ | ᠳᠠᠭᠠᠳᠬᠠᠯ ᠳᠤ ᠣᠷᠣᠯᠴᠠᠭᠰᠠᠨ ᠨᠥᠬᠦᠪᠥᠷᠢ ᠣᠯᠭᠤᠵᠤ᠂ ᠡᠮ ᠡᠮᠨᠡᠯᠭᠡ ᠶᠢᠨ ᠪᠠᠳᠤᠯᠠᠭ᠎ᠠ ᠶᠢ 121 ᠲᠦᠮᠡᠨ | ᠲᠥᠭᠦᠷᠢᠭ ᠣᠯᠭᠤᠵᠤ᠂ 161 ᠲᠦᠮᠡᠨ ᠲᠥᠭᠦᠷᠢᠭ ᠤᠨ ᠡᠮ ᠡᠮᠨᠡᠯᠭᠡ ᠬᠦᠷᠭᠡᠵᠦ᠂ ᠶᠠᠳᠠᠭᠤ ᠬᠦᠴᠢᠷᠳᠡᠯᠳᠡᠢ | ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ︔ 594 ᠡᠷᠦᠬᠡ ᠶᠢᠨ ᠨᠤᠷᠠᠬᠤ | ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠬᠡᠵᠦ᠂ 1591 ᠡᠷᠦᠬᠡ ᠶᠢᠨ ᠬᠠᠭᠤᠴᠢᠨ ᠭᠡᠷ ᠪᠠᠶᠢᠰᠢᠩ ᠢ ᠨᠤᠷᠠᠭᠠᠵᠤ᠂ | ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠪᠠ︔ 603 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ᠂ 90 ᠠᠶᠢᠯ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠳᠬᠠᠨ | ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠶᠢ ᠪᠦᠬᠦᠨ ᠢ | ᠪᠠᠷᠢᠮᠵᠢᠶ᠎ᠠ ᠳᠤ ᠬᠦᠷᠭᠡᠪᠡ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠶ ᠶᠢᠨ ᠬᠠᠮᠠᠭᠠᠯᠠᠯᠲᠠ ᠶᠢ ᠰᠢᠶᠠᠨ ᠪᠠᠶᠢᠭᠤᠯᠬᠤ ᠶᠢᠨ ᠦᠨᠳᠦᠰᠦ | ᠪᠣᠯᠭᠠᠵᠤ᠂ ᠤᠯᠠᠭᠠᠨ ᠱᠤᠭᠤᠮ ᠢ ᠴᠢᠩᠭ᠎ᠠ ᠰᠠᠬᠢᠵᠤ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠣᠷᠴᠢᠨ | ᠲᠣᠭᠤᠷᠢᠨ ᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ | ᠳᠠᠭ᠎ᠠ ᠶᠢᠨ ᠨᠠᠭᠤᠷ ᠤᠨ ᠵᠠᠰᠠᠯᠲᠠ ᠢᠳᠡᠪᠬᠢᠲᠡᠢ ᠠᠬᠢᠯᠲᠠ ᠲᠠᠢ ᠪᠣᠯᠪᠠ᠃ ︽ᠳᠠᠭ᠎ᠠ ᠶᠢᠨ ᠨᠠᠭᠤᠷ | ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠪᠡ ︵ᠵᠠᠰᠠᠨ ᠨᠠᠶᠢᠷᠠᠭᠤᠯᠤᠭᠰᠠᠨ︶︾ ᠨᠢ | ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢᠯᠠᠯ ᠢ ᠣᠯᠵᠤ᠂ ᠪᠦᠬᠦ ᠵᠢᠯ ᠳᠤ 15 ᠲᠦᠷᠦᠯ ᠵᠦᠢᠯ ᠢ | ᠬᠡᠷᠡᠭᠵᠢᠭᠦᠯᠵᠦ᠂ 13.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳᠠᠭ᠎ᠠ ᠶᠢᠨ | ᠨᠠᠭᠤᠷ ᠤᠨ ᠲᠠᠯᠠᠪᠠᠢ ᠪᠠᠭᠠᠰᠴᠤ ᠦᠨᠳᠦᠰᠦᠨ ᠳᠡᠭᠡᠨ ᠬᠢᠵᠠᠭᠠᠷᠯᠠᠭᠳᠠᠵᠤ᠂ ᠭᠤᠣᠯ ᠪᠣᠯᠬᠤ ᠤᠰᠤᠨ ᠤ ᠴᠢᠨᠠᠷ ᠤᠨ | ᠭᠦᠢᠴᠡᠳᠬᠡᠯ ᠲᠤᠭ᠎ᠠ ᠲᠣᠭᠲᠠᠭᠤᠨ ᠢᠶᠠᠷ ᠰᠠᠶᠢᠵᠢᠷᠠᠪᠠ᠃ ︽ᠬᠤᠶᠠᠷ ᠢ ᠠᠷᠪᠢᠯᠠᠬᠤ︾ ᠢ ᠯᠠᠪᠳᠠᠭᠤᠨ ᠪᠠᠲᠤᠲᠠᠢ | ᠠᠬᠢᠭᠤᠯᠵᠤ᠂ 21 ᠲᠦᠮᠡᠨ ᠮᠦ ᠤᠰᠤ ᠲᠠᠲᠠᠬᠤ ᠶᠢ ᠵᠣᠭᠰᠣᠭᠠᠨ ᠤᠰᠤ ᠶᠢ ᠰᠡᠷᠭᠦᠭᠡᠭᠰᠡᠨ ᠦᠷ᠎ᠡ ᠪᠦᠲᠦᠭᠡᠯ ᠢ | ᠪᠦᠬᠦ ᠲᠠᠯ᠎ᠠ ᠪᠠᠷ ᠪᠠᠬᠢᠵᠢᠭᠦᠯᠵᠦ᠂ 1.43 ᠲᠦᠮᠡᠨ ᠮᠦ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ | ᠮᠠᠰᠢᠨ ᠴᠠᠬᠢᠯᠭᠠᠨ ᠬᠤᠳᠳᠤᠭ ᠤᠨ ᠪᠢᠲᠡᠭᠦᠮᠵᠢᠯᠡᠨ ᠵᠣᠭᠰᠣᠭᠠᠬᠤ ᠬᠠᠮᠢᠶᠠᠷᠤᠯᠳᠠ ᠶᠢ ᠴᠢᠩᠭᠠᠳᠬᠠᠵᠤ᠂ ᠵᠢᠯ ᠤᠨ | ᠤᠰᠤ ᠠᠷᠪᠢᠯᠠᠬᠤ ᠶᠢ 2400 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠲᠤᠭᠳᠠᠭᠤᠨ ᠪᠠᠶᠢᠯᠭᠠᠪᠠ︔ | ᠳᠠᠭ᠎ᠠ ᠶᠢᠨ ᠨᠠᠭᠤᠷ ᠤᠨ ᠴᠠᠬᠢᠯᠭᠠᠨ ᠤᠶᠢᠯᠡᠳᠪᠤᠷᠢ ᠶᠢᠨ ᠨᠢᠭᠡᠳᠦᠭᠡᠷ ᠨᠣᠮᠧᠷᠲᠤ᠂ ᠬᠤᠶᠠᠳᠤᠭᠠᠷ ᠨᠣᠮᠧᠷᠲᠤ ᠮᠠᠰᠢᠨ | ᠴᠣᠭᠴᠠᠯᠠᠪᠤᠷᠢ ᠮᠡᠷᠭᠡᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠡᠶ᠃ ︽ᠬᠤᠶᠠᠷ ᠢ ᠨᠥᠬᠦᠪᠥᠷᠢᠯᠡᠬᠦ︾ | ᠠᠵᠢᠯ ᠤᠷᠤᠭᠰᠢᠲᠠᠢ ᠶᠠᠪᠤᠭᠳᠠᠵᠤ᠂ ᠲᠠᠪᠤᠳᠤᠭᠠᠷ ᠨᠣᠮᠧᠷᠲᠤ ᠭᠤᠣᠯ᠂ ᠪᠦ᠋ ᠯᠢᠶᠠᠩ ᠭᠤᠣᠯ᠂ ᠲᠢᠶᠠᠨ ᠴᠧᠩ | ᠭᠤᠣᠯ ᠵᠡᠷᠭᠡ 3 ᠵᠤᠷᠪᠤᠰ ᠭᠤᠣᠯ ᠤᠨ ᠵᠠᠮ ᠤᠨ ᠬᠠᠰᠢᠯᠭ᠎ᠠ 29 ᠺᠢᠯᠤᠮᠧᠲᠷ ᠢ ᠰᠢᠨ᠎ᠡ ᠪᠠᠷ ᠪᠠᠶᠢᠭᠤᠯᠪᠠ᠃ ᠶᠦᠩ | ᠰᠢᠩ ᠨᠠᠭᠤᠷ ᠤᠨ ᠳᠠᠭ᠎ᠠ ᠶᠢᠨ ᠨᠠᠭᠤᠷ ᠲᠤ ᠤᠰᠤ ᠨᠥᠬᠦᠪᠥᠷᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ | ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ | ᠢᠨᠵᠧᠨᠧᠷᠢᠩ ᠢ ᠲᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠶᠢ ᠣᠯᠵᠤ | ᠂ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠪᠠ᠃ ︽ᠬᠤᠶᠠᠷ ᠢ ᠰᠡᠷᠭᠦᠭᠡᠬᠦ︾ ᠠᠵᠢᠯ | ᠢᠯᠡᠳᠲᠡ ᠦᠷ᠎ᠡ ᠪᠦᠲᠦᠮᠵᠢ ᠣᠯᠵᠤ᠂ 1.2 ᠳ᠋ᠦᠩᠰᠢᠭᠤᠷ ᠲᠥᠭᠦᠷᠢᠭ ᠤᠨ ᠪᠡᠯᠡ ᠴᠤᠭᠯᠠᠭᠤᠯᠵᠤ᠂ ᠶᠡᠭᠡ ᠬᠦᠴᠦ | ᠣᠷᠣᠭᠤᠯᠤᠨ ᠨᠤᠭᠤ ᠭᠠᠵᠠᠷ ᠤᠨ ᠳᠣᠲᠣᠷ᠎ᠠ ᠲᠠᠷᠢᠵᠤ ᠲᠡᠵᠢᠭᠡᠨ ᠦᠷᠡᠵᠢᠭᠦᠯᠬᠦ ᠲᠠᠯᠠᠪᠠᠢ 99᠂ 164 ᠵᠢᠭᠠᠰᠤᠨ | ᠴᠥᠭᠦᠷᠥᠮ᠂ 17 ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠨ ᠴᠡᠪᠡᠷᠯᠡᠵᠦ᠂ 4 ᠲᠦᠮᠡᠨ ᠮᠦ ᠳᠠᠩ | ᠨᠤᠭᠤ ᠭᠠᠵᠠᠷ ᠠᠴᠠ ᠤᠬᠤᠷᠢᠨ ᠭᠠᠷᠪᠠ︔ ᠭᠦᠩ ᠪᠠ ᠾᠧ ᠭᠤᠣᠯ ᠤᠨ ᠠᠮᠢᠳᠤ ᠪᠣᠳᠠᠰ ᠢ ᠴᠡᠪᠡᠷᠰᠢᠭᠦᠯᠬᠦ | ᠢᠨᠵᠧᠨᠧᠷᠢᠩ ᠢ ᠪᠦᠬᠦᠨ ᠢ ᠳᠠᠭᠤᠰᠬᠠᠵᠤ᠂ ᠨᠠᠭᠤᠷ ᠲᠤᠭᠤᠷᠢᠭᠰᠠᠨ ᠨᠣᠭᠤᠭᠠᠷᠠᠭᠤᠯᠤᠯᠲᠠ ᠶᠢᠨ ᠪᠦᠰᠡ ᠶᠢ 50 | ᠺᠢᠯᠤᠮᠧᠲᠷ ᠲᠠᠷᠢᠵᠤ᠂ 20 ᠲᠡᠭᠰᠢ ᠳᠥᠷᠪᠡᠯᠵᠢᠨ ᠺᠢᠯᠤᠮᠧᠲᠷ ᠤᠨ ᠤᠰᠤ ᠬᠥᠷᠥᠰᠥᠨ ᠤ ᠲᠠᠯᠠᠪᠠᠢ ᠶᠢ ᠵᠠᠰᠠᠵᠤ᠂ | ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠰᠢᠰᠲ᠋ᠧᠮ ᠪᠦᠲᠦᠮᠵᠢᠲᠡᠢ ᠰᠠᠶᠢᠵᠢᠷᠠᠪᠠ᠃ ᠬᠤᠩ ᠮᠤᠤ ᠪᠠᠯᠭᠠᠰᠤᠨ ᠤ | ᠪᠣᠬᠢᠷ ᠤᠰᠤ ᠰᠢᠢᠳᠪᠦᠷᠢᠯᠡᠬᠦ ᠤᠶᠢᠯᠡᠳᠪᠤᠷᠢ ᠶᠢᠨ ᠠᠵᠢᠯᠯᠠᠭᠠᠨ ᠲᠣᠭᠲᠠᠭᠤᠨ ᠪᠠᠶᠢᠵᠤ᠂ ᠲᠠᠭ᠎ᠠ ᠶᠢᠨ ᠨᠠᠭᠤᠷ | ᠪᠠᠯᠭᠠᠰᠤᠨ ᠤ 800 ᠲᠣᠨ ᠪᠣᠬᠢᠷ ᠤᠰᠤ ᠰᠢᠢᠳᠪᠦᠷᠢᠯᠡᠬᠦ ᠥᠷᠲᠡᠭᠡ ᠠᠰᠢᠭᠯᠠᠯᠲᠠ ᠳᠤ ᠣᠷᠣᠪᠠ︔ 25 | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠪᠦᠬᠦᠨ ᠢᠶᠠᠷ ᠢᠶᠠᠨ ᠪᠠᠭᠠᠰᠤ ᠰᠢᠭᠡᠰᠦ ᠪᠤᠬᠢᠷ ᠪᠤᠳᠠᠰ ᠰᠢᠢᠳᠪᠤᠷᠢᠯᠡᠬᠦ | ᠪᠡᠯᠡᠳᠬᠡᠮᠵᠢ ᠶᠢ ᠢᠵᠢ ᠪᠥᠷᠢᠳᠦᠭᠦᠯᠦᠨ᠎ᠡ︔ ᠳᠠᠭ᠎ᠠ ᠶᠢᠨ ᠨᠠᠭᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠭᠠᠵᠠᠷ ᠢ ᠪᠠᠶᠢᠭᠤᠯᠵᠤ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ 230 ᠲᠡᠭᠰᠢ ᠳᠥᠷᠪᠡᠯᠵᠢᠨ | ᠺᠢᠯᠣᠮᠧᠲᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠢᠶᠠᠷᠴᠤ ᠬᠠᠮᠠᠭᠠᠯᠠᠪᠠ᠃ ᠳᠠᠭ᠎ᠠ ᠶᠢᠨ ᠨᠠᠭᠤᠷ ᠤᠨ | ᠬᠠᠮᠠᠭᠠᠯᠠᠯᠲᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠢᠨᠠᠨ ᠬᠡᠮᠵᠢᠵᠦ ᠵᠠᠳᠠᠯᠤᠨ | ᠰᠢᠨᠵᠢᠯᠡᠵᠦ ᠰᠤᠳᠤᠯᠤᠨ ᠮᠠᠭᠠᠳᠯᠠᠬᠤ ᠶᠢ ᠥᠷᠨᠢᠭᠦᠯᠦᠨ᠂ ᠶᠡᠷᠦᠩᠬᠡᠶᠢᠯᠡᠨ ᠵᠠᠰᠠᠬᠤ ᠳᠤ ᠰᠢᠨᠵᠢᠯᠡᠬᠦ ᠤᠬᠠᠭᠠᠨᠴᠢ | ᠦᠨᠳᠦᠰᠦᠯᠡᠯ ᠬᠠᠩᠭᠠᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠪᠠᠲᠤᠲᠠᠶ ᠠᠬᠢᠭᠤᠯᠵᠤ᠂ 15 ᠲᠥᠷᠥᠯ ᠵᠤᠶᠢᠯ ᠢ ᠴᠠᠭ | ᠲᠤᠬᠠᠶ ᠳᠤᠨᠢ ᠬᠦᠴᠦᠨ ᠥᠬᠡᠶ ᠪᠣᠯᠭᠠᠪᠠ᠃ 256 ᠨᠡᠷ᠎ᠡ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ︽ | ᠨᠡᠷ᠎ᠡ ᠴᠤᠤᠲᠠᠶ︾ ᠪᠠᠶᠢᠭᠰᠠᠨ ᠠᠴᠠ ᠪᠠᠨ ︽ ᠪᠤᠳᠠᠳᠠᠢ︾ ᠪᠣᠯᠵᠣ ᠬᠤᠪᠢᠷᠠᠭᠠᠳ᠂ ᠨᠡᠶᠢᠲᠡ 3200 ᠭᠠᠷᠤᠶ | ᠺᠢᠯᠣᠮᠧᠲᠷ ᠭᠤᠤᠯ ᠴᠠᠭᠳᠠᠪᠠ︔ ︽ᠳᠥᠷᠪᠡᠨ ᠰᠠᠮᠠᠭᠤᠨ ᠢ ᠴᠡᠪᠡᠷᠯᠡᠬᠦ︾ ᠲᠤᠰᠬᠠᠢ ᠲᠥᠷᠥᠯ ᠤᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠭᠤᠷᠪᠠᠨ ᠱᠠᠳᠤᠨ ᠤ ᠭᠤᠣᠯ ᠤᠨ ᠳᠠᠷᠤᠭ᠎ᠠ ᠨᠠᠶᠢᠳᠠᠪᠤᠷᠢᠵᠢᠭᠤᠯᠤᠯᠳᠡ ᠶᠢ ᠠᠳᠬᠤᠬᠤ᠂ | ᠳᠠᠭ᠎ᠠ ᠶᠢᠨ ᠨᠠᠭᠤᠷ ᠤᠨ ᠰᠠᠪᠠ ᠭᠠᠵᠠᠷ ᠢ ᠪᠦᠬᠦᠨ ᠢ ᠪᠦᠷᠬᠦᠭᠰᠡᠨ ᠵᠠᠰᠠᠯᠲᠠ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠪᠡ᠃ ︽ᠠᠭᠠᠷ ᠮᠠᠨᠳᠠᠯ᠂ ᠤᠰᠤ᠂ ᠬᠥᠷᠥᠰᠥ ᠰᠢᠷᠣᠶ︾ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠨᠢᠭᠡᠳᠦᠯᠲᠡᠶ ᠲᠦᠯᠦᠪᠯᠡᠨ ᠠᠬᠢᠭᠤᠯᠵᠤ᠂ ᠪᠥᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ | ᠪᠠᠶᠢᠴᠠᠭᠠᠬᠤ ᠶᠢ ᠪᠡᠶᠡᠯᠡᠭᠦᠯᠵᠦ᠂ ᠳᠠᠭ᠎ᠠ ᠶᠢᠨ ᠨᠠᠭᠤᠷ ᠤᠨ ᠴᠠᠬᠢᠯᠭᠠᠨ ᠤ ᠤᠶᠢᠯᠡᠳᠪᠤᠷᠢ ᠬᠡᠲᠦ ᠳᠣᠤᠷ᠎ᠠ | ᠭᠠᠳᠠᠭᠰᠢᠯᠠᠭᠤᠯᠬᠤ ᠪᠠᠷᠢᠮᠵᠢᠶ᠎ᠠ ᠲᠤ ᠬᠦᠷᠴᠦ᠂ ᠲᠥᠪ ᠬᠤᠲᠠ ᠶᠢᠨ ᠲᠣᠭᠤᠷᠢᠭ ᠤᠨ ᠠᠭᠠᠷ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ 86% ᠳᠤ ᠬᠥᠷᠪᠡ︔ 4 ᠲᠣᠰᠣ ᠨᠡᠮᠡᠬᠦ ᠥᠷᠲᠡᠭᠡ ᠶᠢᠨ ᠳᠠᠩ ᠳᠠᠪᠬᠤᠷᠭᠠᠲᠤ | ᠯᠣᠩᠬᠤ ᠶᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | 500 ᠭᠠᠷᠤᠶ ᠲᠣᠨ ᠡᠭᠡᠭᠦᠯᠦᠨ ᠬᠤᠷᠢᠶᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ | ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠨᠣᠷᠮ᠎ᠠ ᠶᠢ100% ᠳᠤ ᠬᠦᠷᠦᠭᠦᠯᠵᠦ᠂ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ | ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠠᠷᠢᠯᠭᠠᠬᠤ ᠶᠢ ᠲᠣᠭᠲᠠᠭᠤᠨ ᠠᠷᠭ᠎ᠠ ᠬᠡᠮᠵᠢᠶ᠎ᠡ | ᠪᠣᠯᠭᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠨᠡᠶᠢᠭᠡᠮ ᠤᠨ ᠡᠮᠬᠢ ᠳᠢᠭᠯᠢᠮ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠣᠯᠪᠠ | ᠥᠷᠢ ᠥᠭᠴᠡᠭᠡ ᠶᠢ ᠠᠷᠢᠯᠭᠠᠬᠤ ᠠᠵᠢᠯ ᠬᠦᠴᠦᠲᠡᠶ ᠪᠥᠭᠡᠳ ᠡᠮᠬᠢ ᠵᠢᠷᠤᠮ ᠲᠠᠢ ᠶᠠᠪᠤᠭᠳᠠᠪᠠ᠃ ︽ᠰᠢᠨ᠎ᠡ | ᠥᠷᠢ ᠥᠭᠴᠡᠭᠡ ᠶᠢ ᠴᠢᠩᠭ᠎ᠠ ᠡᠵᠡᠮᠳᠡᠬᠦ᠂ ᠬᠠᠭᠤᠴᠢᠨ ᠥᠷᠢ ᠥᠭᠴᠡᠭᠡ ᠶᠢ ᠢᠯᠭᠠᠷᠠᠭᠤᠯᠬᠤ᠂ ᠬᠠᠷᠢᠭᠤᠴᠠᠯᠭ᠎ᠠ ᠶᠢ | ᠲᠣᠳᠣᠷᠬᠠᠶᠢᠯᠠᠬᠤ᠂ ᠵᠢᠯ ᠳᠠᠷᠠᠭᠠᠯᠠᠨ ᠠᠷᠢᠯᠭᠠᠬᠤ︾ ᠵᠠᠷᠴᠢᠮ ᠢ ᠪᠠᠷᠢᠮᠲᠠᠯᠠᠵᠤ᠂ ︽ᠬᠤᠪᠢᠷᠠᠭᠤᠯᠬᠤ︾ ᠳᠡᠭᠡᠷ᠎ᠡ | ᠵᠤᠬᠢᠶᠠᠯ ᠬᠢᠵᠦ᠂ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ ᠶᠢ ᠨᠢᠭᠡᠳᠦᠯᠲᠡᠢ ᠳᠤ ᠲᠥᠯᠥᠪᠵᠢᠭᠦᠯᠦᠨ | ᠬᠡᠷᠡᠭᠯᠡᠵᠦ᠂ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠴᠢᠯᠥᠭᠡᠲᠡᠢ ᠪᠣᠯᠭᠠᠵᠤ᠂ ᠡᠳ᠋ ᠬᠥᠷᠥᠩᠭᠡ ᠪᠠᠷ ᠥᠷᠢ | ᠲᠥᠯᠥᠬᠦ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ︽ᠥᠷᠢ ᠥᠭᠴᠡᠭᠡ ᠶᠢ ᠬᠤᠪᠢᠴᠠᠭ᠎ᠠ ᠪᠣᠯᠭᠠᠨ | ᠬᠤᠪᠢᠷᠠᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ | ᠥᠭᠴᠡᠭᠡ ᠶᠢ 6.3 ᠳ᠋ᠦᠩᠰᠢᠭᠤᠷ ᠲᠦᠭᠦᠷᠢᠭ ᠰᠢᠢᠳᠪᠦᠷᠢᠯᠡᠵᠦ᠂ ᠤᠨ ᠤ ᠡᠭᠦᠷᠭᠡ ᠶᠢ 119% ᠪᠠᠷ | ᠪᠡᠶᠡᠯᠡᠭᠦᠯᠪᠡ︔ ᠳᠤᠮᠳᠠ ᠵᠢᠵᠢᠭ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ | ᠵᠣᠭᠤᠰ ᠢ 7.1 ᠳ᠋ᠦᠩᠰᠢᠭᠤᠷ ᠲᠥᠭᠦᠷᠢᠭ ᠥᠷᠢᠲᠦᠵᠦ ᠪᠠᠶᠢᠭ᠎ᠠ ︵ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠲᠥᠷᠥᠯ ᠵᠤᠶᠢᠯ ᠤᠨ ᠪᠠᠷᠢᠯᠭ᠎ᠠ ᠶᠢᠨ ᠵᠣᠭᠤᠰ ᠢ 2.3 ᠳ᠋ᠦᠩᠰᠢᠭᠤᠷ ᠲᠥᠭᠦᠷᠢᠭ ᠪᠠᠭᠲᠠᠨ᠎ᠠ︶ ᠢ | ᠢᠯᠭᠠᠷᠠᠭᠤᠯᠵᠤ᠂ ᠤᠨ ᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ | ᠨᠡᠶᠢᠭᠡᠮ ᠤᠨ ᠠᠶᠤᠯ ᠲᠦᠭᠰᠢᠭᠦᠷᠢ ᠲᠣᠭᠲᠠᠭᠤᠨ ᠪᠠᠶᠢᠪᠠᠯ ᠡᠵᠡᠮᠳᠡᠵᠦ ᠪᠣᠯᠤᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ 163 ᠰᠦᠪᠡᠭᠴᠢ ᠶᠢ ᠤᠶᠢᠯᠠᠭᠠᠨ | ᠵᠢᠭᠰᠠᠭᠠᠵᠤ᠂ 5 ᠤᠳᠠᠭ᠎ᠠ 22 ᠬᠥᠮᠦᠨ ᠢ ᠰᠢᠭᠦᠨ ᠲᠡᠰᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠦᠴᠦᠲᠡᠶ ᠴᠣᠬᠢᠯᠲᠠ ᠥᠭᠴᠦ ᠰᠦᠷᠳᠡᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠲᠠᠰᠤᠷᠠᠯᠲᠠ | ᠥᠬᠡᠶ ᠴᠢᠩᠭᠠᠷᠠᠪᠠ᠃ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠪᠠᠷ ᠬᠡᠷᠡᠭ ᠳᠠᠭᠠᠭᠠᠴᠢᠯᠠᠬᠤ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ︽ᠵᠠᠭᠤᠨ ᠡᠳᠦᠷ ᠤᠨ ᠠᠵᠢᠯᠯᠠᠭ᠎ᠠ︾ ᠶᠢ | ᠭᠦᠨᠵᠡᠭᠡᠶ ᠥᠷᠨᠢᠭᠦᠯᠵᠦ᠂ 716 ᠬᠤᠪᠢ ᠵᠥᠷᠢᠴᠡᠯ ᠢ ᠨᠠᠮᠳᠠᠭᠤᠯᠵᠤ᠂ ᠵᠠᠬᠢᠳᠠᠯ ᠰᠤᠷᠪᠤᠯᠵᠢᠯᠠᠯ ᠤᠨ ᠡᠮᠬᠢ ᠳᠢᠭᠯᠢᠮ | ᠢᠯᠡᠳᠲᠡ ᠰᠠᠶᠢᠵᠢᠷᠠᠪᠠ᠃ ᠠᠶᠤᠯ ᠦᠭᠡᠢ ᠤᠶᠢᠯᠡᠳᠪᠤᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠵᠠᠮ | ᠬᠠᠷᠢᠯᠴᠠᠭᠠᠨ ᠤ ᠠᠳᠡᠯ ᠭᠠᠷᠬᠤ ᠨᠤᠷᠮ᠎ᠠ ᠪᠣᠯᠤᠨ ᠦᠬᠦᠯᠲᠡ ᠶᠢᠨ ᠨᠣᠷᠮ᠎ᠠ ᠶᠢᠨ ︽ᠬᠤᠶᠠᠷ ᠢ ᠪᠠᠭᠤᠷᠠᠭᠤᠯᠬᠤ︾᠂ | ᠢᠳᠡᠭᠡᠨ ᠤ ᠠᠶᠤᠯ ᠦᠭᠡᠢ ᠶᠢᠨ ︽ ᠲᠡᠭ ᠠᠳᠡᠯ︾ ᠭᠠᠷᠬᠤ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠵᠤ ᠤᠶᠢᠯᠡᠰ ᠤᠨ ᠬᠥᠭᠵᠢᠯᠲᠡ ᠶᠢ ᠰᠢᠶᠠᠨ ᠢᠶᠠᠨ ᠬᠦᠴᠦᠷᠬᠡᠭᠵᠢᠭᠦᠯᠬᠦ | ᠵᠠᠮ ᠪᠤᠯᠭᠠᠵᠤ᠂ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠣᠭᠤᠳᠴᠤ᠂ ᠠᠵᠠ ᠲᠣᠬᠢᠶᠠᠯ ᠢ ᠵᠠᠪᠳᠤᠨ | ᠠᠳᠬᠤᠵᠤ᠂ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠲᠠᠰᠤᠷᠠᠯᠲᠠ ᠥᠬᠡᠶ ᠲᠦᠷᠭᠡᠳᠪᠡ | ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠲᠠᠷᠢᠮᠠᠯ ᠤᠨ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠡᠯᠳᠡᠪ ᠠᠮᠤ ᠡᠯᠳᠡᠪ ᠪᠤᠷᠴᠠᠭ ᠢ 39. | 5 ᠲᠦᠮᠡᠨ ᠮᠦ ᠲᠠᠷᠢᠵᠤ᠂ 21% ᠪᠠᠷ ᠳᠡᠭᠡᠭᠰᠢᠯᠡᠵᠦ᠂ ᠦᠷ᠎ᠡ ᠡᠷᠳᠡᠨᠢ ᠰᠢᠰᠢ 22 ᠲᠦᠮᠡᠨ ᠮᠦ ᠲᠠᠷᠢᠵᠤ᠂ 9 | % ᠪᠠᠷ ᠪᠠᠭᠤᠷᠠᠵᠤ᠂ ᠠᠮᠤ ᠪᠤᠳᠠᠭᠠᠨ ᠤ ᠤᠨᠠᠯᠲᠠ ᠶᠢ 5 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠪᠠ᠃ ᠮᠠᠯ | ᠠᠵᠤ ᠠᠬᠤᠢ ᠶᠢᠨ ᠦᠢᠯᠡᠳᠬᠦᠨ ᠤ ᠥᠷᠲᠡᠭ ᠦᠷᠭᠦᠯᠵᠢᠯᠡᠨ ᠳᠡᠭᠡᠭᠰᠢᠯᠡᠵᠦ᠂ ᠪᠠᠷᠢᠮᠵᠢᠶᠠᠵᠢᠭᠰᠠᠨ 5000 | ᠰᠠᠭᠠᠯᠢ ᠶᠢᠨ ᠢᠮᠠᠭᠠᠨ ᠤ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ᠂ 3000 ᠲᠤᠭᠤᠯ ᠠᠷᠠᠯ ᠤᠨ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠦᠮᠡᠨ ᠲᠣᠯᠣᠭᠠᠢ ᠠᠴᠠ ᠳᠡᠭᠡᠭᠰᠢ ᠬᠡᠪᠴᠢᠶᠡᠲᠦ ᠳᠠᠬᠢᠶ᠎ᠠ | ᠲᠡᠵᠢᠭᠡᠬᠦ ᠲᠠᠯᠠᠪᠠᠢ 5 ᠪᠣᠯᠵᠤ᠂ ᠪᠦᠬᠦ ᠰᠢᠶᠠᠨ ᠤ ᠠᠯᠠᠰᠢᠨ ᠦᠬᠡᠷ ᠰᠠᠭᠠᠯᠢ ᠶᠢᠨ ᠦᠨᠢᠶ᠎ᠡ 5.3 ᠲᠦᠮᠡ ᠳᠤ | ᠬᠦᠷᠴᠦ᠂ ᠠᠯᠠᠰᠢᠨ ᠬᠤᠨᠢ ᠰᠠᠭᠠᠯᠢ ᠶᠢᠨ ᠬᠤᠨᠢ 50 ᠲᠦᠮᠡ ᠳᠤ ᠬᠦᠷᠴᠦ᠂ ᠠᠯᠠᠰᠢᠨ ᠳᠠᠬᠢᠶ᠎ᠠ 4.6 ᠲᠦᠮᠡᠨ | ᠥᠲᠥ᠂ ᠥᠨᠳᠡᠭᠡᠨ ᠳᠠᠬᠢᠶ᠎ᠠ 37 ᠲᠦᠮᠡᠨ ᠦᠳᠤᠨᠳᠤ ᠬᠦᠷᠪᠡ᠃ | ᠠᠵᠤ ᠤᠶᠢᠯᠡᠳᠪᠤᠷᠢ ᠶᠢᠨ ᠠᠵᠤ ᠠᠬᠤᠶ ᠠᠯᠬᠤᠮ ᠠᠯᠬᠤᠮ ᠢᠶᠠᠷ ᠲᠣᠭᠲᠠᠪᠤᠷᠢᠵᠢᠪᠠ᠃ ᠳᠠᠭ᠎ᠠ ᠶᠢᠨ | ᠨᠠᠭᠤᠷ ᠤᠨ ᠴᠠᠬᠢᠯᠭᠠᠨᠤᠶᠢᠯᠡᠳᠪᠤᠷᠢ ᠶᠢᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 123 ᠳ᠋ᠦᠩᠰᠢᠭᠤᠷ | ᠭᠷᠠᠳᠦ᠋ᠰ ᠲᠤ ᠬᠦᠷᠴᠦ᠂ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 9.2 ᠳ᠋ᠦᠩᠰᠢᠭᠤᠷ ᠲᠥᠭᠦᠷᠢᠭ | ᠪᠡᠶᠡᠯᠡᠭᠦᠯᠪᠡ᠃ ᠪᠡᠭᠡᠵᠢᠩ ᠤᠨ ᠬᠡᠯᠪᠡᠷᠢ ᠦᠭᠡᠢ ᠲᠠᠷᠢᠶᠠᠯᠠᠩ ᠤᠨ ᠮᠢᠬ᠎ᠠ ᠵᠢᠴᠢ ᠲᠥᠮᠥᠰᠥ ᠶᠢ ᠨᠠᠷᠢᠯᠢᠭ | ᠪᠣᠯᠪᠠᠰᠤᠷᠠᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ 1.2 ᠳ᠋ᠦᠩᠰᠢᠭᠤᠷ ᠲᠥᠭᠦᠷᠢᠭ ᠲᠤ ᠬᠦᠷᠴᠦ᠂ | ᠪᠠᠶᠢᠭᠤᠯᠵᠤ ᠳᠠᠭᠤᠰᠬᠤ ᠶᠢᠨ ᠬᠠᠮᠲᠤ ᠲᠤᠷᠰᠢᠨ ᠡᠵᠡᠩᠨᠡᠬᠦ ᠳᠤ ᠣᠷᠣᠭᠤᠯᠪᠠ᠃ ᠰᠢᠨ᠎ᠡ ᠡᠨᠧᠷᠭᠢ ᠶᠢ ᠨᠡᠭᠡᠭᠡᠨ | ᠠᠰᠢᠭᠯᠠᠬᠤ ᠲᠥᠷᠥᠯ ᠵᠤᠶᠢᠯ ᠨᠢ ᠬᠦᠴᠦᠨ ᠢᠶᠠᠨ ᠬᠤᠷᠠᠮᠳᠤᠭᠤᠯᠤᠨ ᠡᠭᠦᠰᠴᠦ᠂ ᠤᠯᠤᠰ ᠤᠨ ᠴᠠᠬᠢᠯᠭᠠᠨ | ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠲᠠᠢ ᠰᠠᠯᠬᠢᠨ ᠡᠨᠧᠷᠭᠢ᠂ ᠬᠡᠷᠡᠯ ᠴᠡᠨᠡᠭ ᠢ ᠬᠠᠮ ᠲᠤᠷᠠᠨ ᠨᠡᠭᠡᠭᠡᠨ | ᠬᠥᠭᠵᠢᠭᠦᠯᠬᠦ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ᠃ ᠠᠷᠠᠳ ᠤᠨ ᠡᠵᠡᠩᠨᠡᠭᠰᠡᠨ ᠠᠵᠤ ᠠᠬᠤᠶ ᠥᠷᠨᠢᠨ | ᠬᠥᠭᠵᠢᠵᠦ᠂ ᠵᠢᠯ ᠤᠨ ᠤᠶᠢᠯᠡᠳᠭᠦᠨ ᠤ ᠦᠷᠳᠡᠭ 2.5 ᠳ᠋ᠦᠩᠰᠢᠭᠤᠷ ᠲᠦᠭᠦᠷᠢᠭ ᠲᠤ ᠬᠦᠷᠴᠡᠶ᠃ | ᠵᠢᠭᠤᠯᠴᠢᠯᠠᠯ ᠤᠨ ᠠᠵᠤ ᠦᠢᠯᠡᠰ ᠲᠦᠷᠭᠡᠨ ᠬᠥᠭᠵᠢᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠲᠦᠷᠭᠡᠳᠴᠦ᠂ ᠬᠠᠯᠠᠭᠤᠨ ᠷᠠᠰᠢᠶᠠᠨ ᠤ ᠵᠢᠶᠠ ᠨᠢᠶᠠᠨ ᠬᠤᠸᠠ ᠲᠥᠷᠦᠯ ᠵᠦᠢᠯ ᠤᠨ | ᠭᠤᠣᠯ ᠴᠣᠭᠴᠠ ᠶᠢᠨ ᠠᠵᠢᠯ ᠳᠠᠭᠤᠰᠪᠠ︔ ᠮᠤᠷᠢᠨ ᠲᠤᠯᠤᠭᠠᠶᠢᠳᠤ ᠠᠭᠤᠯᠠᠨ ᠤ ᠶᠡᠷᠦᠩᠬᠡᠶᠢᠯᠡᠭᠰᠡᠨ ᠴᠣᠭᠴᠠ ᠶᠢᠨ | ᠲᠥᠷᠥᠯ ᠵᠤᠶᠢᠯ ᠤᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭ᠎ᠠ ᠶᠢᠨ ᠨᠠᠭᠤᠷ ᠤᠨ | ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ︽ᠡᠷᠡᠭᠦᠯᠵᠢᠯ ᠰᠤᠪᠢᠯᠠᠯᠲᠠ ᠶᠢᠨ | ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠤᠶᠢᠯ︾ ᠤᠨ ᠲᠥᠯᠥᠪᠵᠢᠭᠦᠯᠭᠡ ᠶᠢᠨ ᠴᠢᠨᠠᠷᠲᠠᠶ ᠲᠥᠰᠦᠯ ᠢ ᠬᠢᠨᠠᠨ | ᠬᠠᠷᠭᠤᠭᠤᠯᠵᠤ ᠪᠠᠲᠤᠯᠠᠪᠠ᠃ ᠮᠥᠰᠥ ᠴᠠᠰᠤᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ | ᠲᠠᠰᠤᠷᠠᠯᠲᠠ ᠥᠬᠡᠶ ᠳᠡᠭᠡᠭᠰᠢᠯᠡᠵᠦ᠂ ︽ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠲᠠᠮᠢᠷ ᠤᠨ ᠴᠤᠭᠯᠠᠭᠠᠨ︾ | ᠂ ᠡᠪᠦᠯ ᠤᠨ ᠤᠯᠠᠷᠢᠯ ᠤᠨ ᠲᠡᠮᠦᠷ ᠬᠥᠮᠦᠨ ᠤ ᠭᠤᠷᠪᠠᠨ ᠲᠥᠷᠥᠯ ᠵᠤᠶᠢᠯ ᠵᠡᠷᠭᠡ ᠪᠥᠬᠦ ᠤᠯᠤᠰ ᠤᠨ ᠲᠣᠮᠣ | ᠬᠡᠯᠪᠡᠷᠢ ᠶᠢᠨ ᠤᠷᠤᠯᠳᠤᠭᠠᠨ ᠢ ᠤᠷᠤᠭᠰᠢᠲᠠᠶ ᠳᠠᠭᠠᠭᠠᠨ ᠠᠪᠴᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠪᠡᠯᠡᠳᠬᠡᠯ ᠠᠵᠢᠯ ᠢ ᠡᠮᠬᠢ ᠵᠢᠷᠤᠮ ᠲᠠᠢ | ᠠᠬᠢᠭᠤᠯᠪᠠ᠃ ᠳᠠᠭ᠎ᠠ ᠶᠢᠨ ᠨᠠᠭᠤᠷ ᠤᠨ ᠳᠦᠷᠪᠡᠨ ᠤᠯᠠᠷᠢᠯ ᠤᠨ ᠤᠷᠠᠯᠢᠭ ᠤᠨ ᠨᠠᠶᠢᠷ ᠭᠤᠶᠢᠳᠠ ᠰᠠᠶᠢᠬᠠᠨ | ᠶᠠᠪᠤᠭᠳᠠᠵᠤ᠂ ᠪᠦᠬᠦ ᠵᠢᠯ ᠳᠤ ᠵᠤᠭᠠᠴᠠᠭᠰᠠᠳ ᠢ 121 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠵᠤᠭᠠᠴᠠᠯ ᠤᠨ ᠦᠢᠯᠡᠰ ᠤᠨ ᠣᠷᠣᠯᠭ᠎ᠠ 3.67 ᠳ᠋ᠦᠩᠰᠢᠭᠤᠷ ᠲᠥᠭᠦᠷᠢᠭ ᠲᠤ ᠬᠦᠷᠪᠡ᠃ | ᠨᠢᠭᠡ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠬᠥᠭᠵᠢᠯᠲᠡ ᠶᠢᠨ | ᠰᠠᠭᠤᠷᠢ ᠪᠤᠯᠭᠠᠵᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠵᠤ᠂ ᠨᠢᠭᠡᠳᠦᠯᠲᠡᠶ | ᠲᠦᠯᠦᠪᠯᠡᠨ ᠨᠡᠶᠢᠲᠡ ᠳᠤᠨᠢ ᠬᠠᠷᠠᠭᠠᠯᠵᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠦᠬᠦ | ᠲᠠᠯ᠎ᠠ ᠪᠠᠷ ᠰᠠᠶᠢᠵᠢᠷᠠᠪᠠ | ᠬᠤᠲᠠ ᠪᠠᠯᠭᠠᠰᠤᠨ ᠤ ᠶᠠᠰᠤ ᠴᠢᠨᠠᠷ ᠪᠦᠬᠦ ᠲᠠᠯ᠎ᠠ ᠪᠠᠷ ᠳᠡᠭᠡᠭᠰᠢᠯᠡᠪᠡ᠃ ᠰᠢᠨ᠎ᠡ ᠲᠣᠭᠤᠷᠢᠭ ᠤᠨ ᠭᠤᠸᠠᠩ | ᠮᠢᠩ ᠵᠠᠮ᠂ ᠳᠦᠷᠢᠮ ᠲᠣᠭᠲᠠᠭᠠᠯ ᠳᠣᠯᠣᠭᠠᠨ ᠵᠠᠮ ᠢ ᠪᠦᠬᠦ ᠱᠤᠭᠤᠮ ᠢᠶᠠᠷ ᠨᠡᠪᠳᠡᠷᠡᠭᠦᠯᠵᠦ᠂ ᠭᠤᠸᠠᠩ ᠮᠢᠩ ᠶᠡᠭᠡ | ᠬᠥᠭᠦᠷᠭᠡ ᠶᠢ ᠵᠠᠰᠠᠨ ᠳᠠᠭᠤᠰᠬᠠᠵᠤ᠂ ᠬᠤᠲᠠ ᠶᠢᠨ ᠲᠣᠭᠤᠷᠢᠭ ᠤᠨ ᠵᠠᠮ ᠤᠨ ᠲᠣᠣᠷ ᠢ ᠨᠠᠩ ᠲᠡᠭᠦᠯᠳᠡᠷᠵᠢᠭᠦᠯᠪᠡ︔ | 3 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨ᠎ᠡ ᠪᠠᠷ ᠳᠡᠪᠢᠰᠴᠦ᠂ 1500 ᠡᠷᠦᠬᠡ | ᠰᠠᠭᠤᠭᠠᠯᠢ ᠠᠷᠠᠳ ᠲᠤ ᠠᠰᠢᠭ ᠬᠦᠷᠲᠡᠭᠡᠪᠡ︔ ᠡᠮᠦᠨ᠎ᠡ ᠶᠡᠭᠡ ᠵᠡᠭᠡᠯᠢ ᠶᠢᠨ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠦᠷᠬᠦᠯᠵᠢᠯᠡᠨ ᠠᠬᠢᠭᠤᠯᠵᠤ᠂ 573 ᠡᠷᠦᠬᠡ ᠭᠡᠷ ᠪᠠᠶᠢᠰᠢᠩ | ᠲᠠᠲᠠᠪᠤᠷᠢᠯᠠᠪᠠ︔ 25 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ | 96 ᠢᠵᠢ ᠬᠢᠮᠳᠠ ᠲᠦᠷᠢᠶᠡᠰᠤᠨ ᠭᠡᠷ ᠢ ᠬᠤᠪᠢᠶᠠᠷᠢᠯᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠢ ᠶᠡᠭᠡ ᠪᠠᠷ ᠰᠠᠶᠢᠵᠢᠷᠠᠭᠤᠯᠪᠠ︔ ᠳᠥᠷᠪᠡᠳᠦᠭᠡᠷ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠳᠠᠭᠤᠰᠬᠠᠨ᠂ ᠵᠡᠮᠳᠡᠭᠴᠦᠳ ᠤᠨ ᠡᠷᠡᠭᠦᠯᠵᠢᠯ ᠤᠨ ᠲᠥᠪ᠂ ᠡᠪᠡᠳᠴᠢᠨ | ᠡᠮᠭᠡᠭ ᠢ ᠬᠢᠵᠠᠭᠠᠷᠯᠠᠬᠤ ᠲᠥᠪ᠂ ᠲᠤᠤ ᠶᠤᠸᠠᠨ ᠱᠠᠨ ᠵᠤᠸᠠᠩ ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ᠂ | ᠡᠮᠦᠨ᠎ᠡ ᠶᠡᠭᠡ ᠵᠡᠭᠡᠯᠢ ᠶᠢᠨ ᠪᠤᠴᠠᠵᠤ ᠨᠡᠭᠦᠭᠰᠡᠨ ᠪᠠᠭ᠎ᠠ ᠲᠤᠭᠤᠷᠢᠭ ᠤᠨ ᠲᠤᠬᠢᠷᠠᠭᠤᠯᠤᠨ ᠪᠠᠶᠢᠭᠤᠯᠬᠤ ᠬᠡᠤᠬᠡᠳ ᠤᠨ | ᠴᠡᠴᠡᠷᠯᠢᠭ ᠵᠡᠷᠭᠡ ᠠᠯᠪᠠᠨ ᠠᠴᠠ ᠪᠠᠶᠢᠭᠤᠯᠬᠤ ᠲᠥᠷᠥᠯ ᠵᠤᠶᠢᠯ ᠢ ᠪᠦᠬᠦᠨ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠤᠨ᠎ᠠ᠃ ᠯᠢᠶᠠᠩᠴᠧᠩ ᠠᠴᠠ ᠵᠢᠨᠢᠩ ᠬᠦᠷᠬᠦ ᠬᠡᠰᠡᠭ ᠤᠨ ᠠᠶᠠᠨᠴᠢᠳ ᠲᠡᠭᠡᠭᠡᠪᠦᠷᠢ ᠶᠢᠨ ᠵᠠᠮ ᠱᠤᠭᠤᠮ ᠤᠨ | ᠨᠡᠶᠢᠲᠡ ᠶᠢᠨ ᠵᠠᠮ ᠬᠠᠷᠢᠯᠴᠠᠭᠠᠨ ᠤ ᠥᠭᠡᠷᠡᠴᠢᠯᠡᠯᠲᠡ ᠶᠢ ᠪᠡᠶᠡᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ | ᠨᠠᠩ ᠳᠥᠭᠦᠮ ᠳᠥᠲᠡ ᠪᠣᠯᠪᠠ᠃ | ᠬᠥᠳᠡᠭᠡ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ︽ᠳᠥᠷᠪᠡᠨ ᠰᠠᠶᠢᠨᠲᠠᠶ ᠬᠥᠳᠡᠭᠡ | ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 65.4 ᠺᠢᠯᠣᠮᠧᠲᠷ | ᠰᠢᠨ᠎ᠡ ᠪᠠᠷ ᠵᠠᠰᠠᠵᠤ᠂ 57 ᠺᠢᠯᠣᠮᠧᠲᠷ ᠠᠷᠠᠴᠢᠯᠠᠨ ᠬᠠᠮᠠᠭᠠᠯᠠᠵᠤ᠂ S209 ᠱᠤᠭᠤᠮ ᠢ ᠪᠥᠬᠦ ᠲᠠᠯ᠎ᠠ ᠪᠠᠷ ᠠᠵᠢᠯ | ᠡᠬᠢᠯᠡᠭᠦᠯᠪᠡ︔ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ 46 ᠠᠶᠢᠯ ᠲᠣᠰᠬᠤᠨ ᠳᠤ ᠬᠤᠲᠠ ᠬᠥᠳᠡᠭᠡ ᠶᠢᠨ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ ᠶᠢ ᠬᠡᠷᠡᠭᠵᠢᠭᠦᠯᠵᠦ᠂ ᠬᠤᠩ ᠮᠤᠤ ᠪᠠᠯᠭᠠᠰᠤ | ᠵᠢᠴᠢ ᠵᠢᠭᠤᠯᠴᠢᠯᠠᠯ ᠤᠨ ᠣᠷᠣᠨ ᠤ ᠬᠤᠭ ᠨᠣᠪᠰᠢ ᠰᠢᠢᠳᠪᠤᠷᠢᠯᠡᠬᠦ ᠲᠠᠯᠠᠪᠠᠶ ᠶᠠᠭ ᠲᠦᠷᠭᠡᠨ ᠠᠭᠢᠵᠤ ᠪᠣᠶ᠃ | ᠰᠢᠶᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠪᠣᠯᠵᠣ᠂ ᠳᠠᠭ᠎ᠠ ᠶᠢᠨ ᠨᠠᠭᠤᠷ | ᠪᠠᠯᠭᠠᠰᠤ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ︾ ᠪᠠᠷ ᠦᠨᠡᠯᠡᠭᠳᠡᠵᠦ᠂ ᠶᠤᠸᠠᠨ ᠱᠠᠨ ᠽᠢ | ᠲᠣᠰᠬᠤᠨ ︽ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ︽ | ᠤᠯᠤᠰ ᠤᠨ ᠲᠠᠰ ᠤᠨ ᠣᠶ ᠰᠢᠭᠤᠶ ᠶᠢᠨ ᠬᠥᠳᠡᠭᠡ ᠲᠣᠰᠬᠤᠨ︾ ᠢᠶᠠᠷ ᠰᠣᠩᠭᠤᠭᠳᠠᠪᠠ︔ ︽ᠵᠣᠷᠯᠣᠩ ᠤᠨ | ᠬᠤᠪᠢᠰᠬᠠᠯ︾ ᠤᠨ ᠲᠤᠷᠰᠢᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠡᠷ ᠤᠨ ᠲᠤᠳᠤᠭᠠᠳᠤ ᠳᠤ | 1200 ᠭᠠᠷᠤᠶ ᠵᠣᠷᠯᠣᠩ ᠢ ᠥᠭᠡᠷᠡᠴᠢᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠠᠰᠠᠯᠲᠠ ᠶᠢᠨ ᠠᠷᠭ᠎ᠠ | ᠬᠡᠮᠵᠢᠶ᠎ᠡ ᠪᠣᠯᠭᠠᠵᠤ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠶ ᠪᠠᠷ ᠡᠪᠳᠡᠵᠦ | ᠵᠣᠷᠢᠭᠲᠠᠶ ᠪᠠᠷ ᠪᠠᠶᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠪᠠ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠪᠡ᠃ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠢᠨᠠᠨ ᠵᠥᠪᠰᠢᠶᠡᠷᠡᠬᠦ ᠤᠶᠢᠯᠡᠴᠢᠯᠡᠭᠡ ᠶᠢ ︽ᠳᠠᠷᠦ᠋ᠢᠬᠠᠨ ᠭᠦᠢᠴᠡᠳᠬᠡᠬᠦ | ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ ᠰᠢᠢᠳᠪᠤᠷᠢᠯᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 155 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠪᠠ | 247 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠦᠬᠦᠨ ᠢ ᠲᠢᠩᠬᠢᠮ ᠳᠤ | ᠰᠠᠭᠤᠯᠭᠠᠨ ᠭᠦᠢᠴᠡᠳᠬᠡᠵᠦ᠂ ᠪᠦᠬᠦ ᠵᠢᠯ ᠳᠤ 17.7 ᠲᠦᠮᠡᠨ ᠬᠤᠪᠢ ᠶᠢ ᠭᠦᠢᠴᠡᠳᠬᠡᠪᠡ︔ ︽ᠴᠠᠭ ᠬᠢᠵᠠᠭᠠᠷᠯᠠᠨ | ᠭᠦᠢᠴᠡᠳᠭᠡᠵᠦ ᠳᠠᠭᠤᠰᠬᠠᠬᠤ︾ ︽ᠨᠡᠶᠢᠯᠡᠭᠦᠯᠦᠨ ᠬᠢᠨᠠᠨ ᠵᠥᠪᠰᠢᠶᠡᠷᠡᠬᠦ︾ ᠵᠠᠭᠪᠤᠷ ᠢ ᠢᠳᠡᠪᠬᠢᠳᠠᠢ ᠪᠠᠷ ᠬᠠᠶᠢᠨ | ᠰᠦᠪᠡᠭᠴᠢᠯᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 623 ᠡᠷᠦᠬᠡ ᠰᠢᠨ᠎ᠡ ᠪᠠᠷ | ᠳᠡᠩᠰᠡᠯᠡᠨ ᠲᠡᠮᠳᠡᠭᠯᠡᠵᠦ᠂ 15.5% ᠪᠠᠷ ᠨᠡᠮᠡᠭᠳᠡᠪᠡ᠃ ᠨᠠᠷᠢᠨ ᠨᠢᠮᠪᠠᠶ ᠭᠠᠶᠢᠯᠢ ᠬᠥᠩᠭᠡᠯᠡᠵᠦ ᠰᠤᠶᠢᠳᠭᠡᠯ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠪᠦᠬᠦ ᠵᠢᠯ ᠳᠤ | 0.56 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠪᠡ᠃ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠦ᠂ ︽ᠣᠯᠠᠨ ᠦᠨᠡᠮᠯᠡᠯ ᠢ ᠨᠢᠭᠡ ᠪᠤᠯᠭᠠᠬᠤ︾ ︽ | ᠦᠨᠡᠮᠯᠡᠯ ᠪᠠ ᠦᠨᠡᠮᠯᠡᠯ ᠢ ᠰᠠᠯᠭᠠᠬᠤ︾ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠡᠷᠭᠢᠯᠡᠬᠦ ᠴᠠᠭ ᠤᠨ ᠬᠢᠵᠠᠭᠠᠷ ᠢ | 3 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠴᠣᠩᠬᠤᠨ ᠤ ᠦᠨᠡᠮᠯᠡᠯ ᠢ 5 ᠠᠵᠢᠯᠯᠠᠬᠤ ᠡᠳᠦᠷ ᠪᠣᠯᠭᠠᠨ ᠪᠠᠭᠠᠰᠬᠠᠪᠠ | ︔ ᠬᠤᠳᠠᠯᠳᠤᠭᠠᠨ ᠤ ᠶᠠᠪᠤᠳᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠬᠡᠷᠡᠭᠵᠢᠭᠦᠯᠵᠦ᠂ | 99 ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠡᠯᠧᠺᠲᠷᠦᠨᠴᠢᠯᠡᠭᠰᠡᠨ ᠲᠠᠪᠴᠠᠩ ᠢ ᠳᠡᠩᠰᠡᠯᠡᠨ | ᠲᠡᠮᠳᠡᠭᠯᠡᠬᠦ ᠶᠢ ᠪᠡᠶᠡᠯᠡᠭᠦᠯᠪᠡ᠃ ᠬᠥᠳᠡᠭᠡ ᠲᠣᠰᠬᠤᠨ ᠤ ︽ᠭᠡᠷ ᠪᠠᠶᠢᠰᠢᠩ ᠭᠠᠵᠠᠷ ᠰᠢᠷᠣᠶ ᠶᠢ ᠨᠢᠭᠡ | ᠴᠤᠭᠴᠠᠵᠢᠭᠤᠯᠬᠤ︾ ᠵᠠᠰᠠᠨ ᠰᠡᠯᠪᠢᠬᠦ ᠂ ᠰᠢᠯᠭᠠᠨ ᠬᠡᠮᠵᠢᠬᠦ ᠪᠠ ᠲᠠᠩᠰᠠᠯᠠᠵᠤ ᠦᠨᠡᠮᠯᠡᠯ ᠣᠯᠭᠤᠬᠤ ᠠᠵᠢᠯ | ᠤᠷᠤᠭᠰᠢᠲᠠᠶ ᠶᠠᠪᠤᠭᠳᠠᠵᠤ ᠪᠠᠶᠢᠨ᠎ᠠ᠃ | ᠨᠡᠶᠢᠭᠡᠮ ᠤᠨ ᠠᠵᠢᠯ ᠤᠶᠢᠯᠡᠰ ᠤᠨ ᠥᠭᠡᠷᠡᠴᠢᠯᠡᠯᠲᠡ ᠡᠳᠦᠷ ᠢᠷᠡᠬᠦᠶ᠎ᠡ ᠲᠡᠭᠦᠯᠳᠡᠷᠵᠢᠪᠡ᠃ ᠪᠠᠭᠰᠢ ᠶᠢᠨ | ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠨ | ᠬᠥᠮᠦᠵᠢᠯ ᠤᠨ ︽ᠬᠠᠮᠢᠶᠠᠷᠬᠤ ᠡᠷᠬᠢᠯᠡᠬᠦ ᠦᠨᠡᠯᠡᠬᠦ︾ ᠶᠢ ᠰᠠᠯᠭᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠪᠠ | ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠤᠯᠠᠭᠠᠨᠴᠠᠪ ᠤᠨ | ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠯᠤᠭ᠎ᠠ ︽4+1︾ ᠬᠠᠮᠲᠤᠷᠠᠨ ᠰᠤᠷᠭᠠᠭᠤᠯᠢ ᠡᠷᠬᠢᠯᠡᠬᠦ ᠬᠡᠪ ᠵᠠᠭᠪᠤᠷ | ﹇1﹈ ᠢ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠶᠡᠬᠡᠪᠡᠷ ᠬᠡᠷᠡᠭᠵᠢᠭᠦᠯᠵᠦ᠂ ᠡᠪᠡᠳᠴᠢᠨ ᠤ ᠲᠥᠷᠥᠯ ᠢᠶᠠᠷ | ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠳᠠᠩ ᠡᠪᠡᠳᠴᠢᠨ ᠤ ᠲᠥᠷᠥᠯ ᠤᠨ ᠬᠢᠵᠠᠭᠠᠷᠯᠠᠬᠤ ᠦᠨ᠎ᠡ ᠶᠢ 11 | ᠵᠦᠢᠯ ᠬᠡᠷᠡᠭᠵᠢᠭᠦᠯᠪᠡ︔ ᠡᠮ ᠤᠨ ᠵᠤᠶᠢᠯ ᠤᠨ ︽ᠬᠤᠶᠠᠷ ᠪᠠᠷᠢᠮᠲᠠ ᠶᠢᠨ ᠲᠦᠷᠢᠮ︾ ᠪᠠ ᠣᠨᠴᠠᠭᠠᠶ ᠡᠮ ᠤᠨ | ᠵᠤᠶᠢᠯ ᠢ ᠳᠡᠩᠰᠡᠯᠡᠵᠦ ᠬᠤᠳᠠᠯᠳᠤᠨ ᠠᠪᠬᠤ ᠲᠦᠷᠢᠮ ᠢ ᠬᠡᠷᠡᠭᠵᠢᠭᠦᠯᠵᠦ᠂ ᠰᠦᠯᠵᠢᠶᠡᠨ ᠠᠴᠠ ᠬᠤᠳᠠᠯᠳᠤᠨ | ᠠᠪᠬᠤ ᠳᠤ ᠣᠷᠣᠯᠴᠠᠭᠰᠠᠨ ᠨᠣᠷᠮ᠎ᠠ ᠶᠢ 100% ᠳᠤ ᠬᠦᠷᠪᠡ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ | ᠥᠪᠡᠷᠲᠡᠭᠡᠨ ᠵᠠᠰᠠᠬᠤ ᠣᠷᠣᠨ ᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ ᠤᠨ ᠡᠮᠨᠡᠯᠭᠡ ᠶᠢᠨ ᠬᠤᠷᠢᠶ᠎ᠠ ᠳᠤ ᠵᠢᠭᠰᠠᠭᠠᠨ ᠤᠷᠤᠭᠤᠯᠪᠠᠯ᠃ ᠠᠯᠪᠠᠨ ᠪᠠᠶᠢᠭᠤᠯᠭ᠎ᠠ ᠠᠵᠢᠯ ᠤᠶᠢᠯᠡᠰ ᠤᠨ | ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ | ᠪᠡᠶᠡᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠯᠭᠤᠬᠤ ᠶᠠᠪᠤᠳᠠᠯ ᠢ ︽ᠨᠢᠭᠡᠳᠬᠡᠬᠦ︾ ᠶᠢ | ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠣᠭ ᠰᠠᠨᠠᠭ᠎ᠠ ᠪᠠᠨ | ᠪᠣᠯᠭᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠂ | ᠠᠷᠠᠳ ᠤᠨ ᠠᠮᠢᠳᠤᠷᠠᠯ ᠤᠨ ᠬᠢᠷᠢ ᠲᠦᠪᠰᠢᠨ ᠡᠳᠦᠷ ᠢᠷᠡᠬᠦᠶ᠎ᠡ ᠳᠡᠭᠡᠭᠰᠢᠯᠡᠪᠡ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠶᠡᠬᠡᠪᠡᠷ ᠳᠡᠭᠡᠭᠰᠢᠯᠡᠪᠡ᠃ ᠴᠢᠳᠠᠯ ᠤᠨ | ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠦᠨᠳᠦᠰᠦᠨ ᠠᠷᠠᠳ ᠤᠨ | ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠣᠷᠣᠭᠤᠯᠤᠯᠲᠠ | ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 68% ᠶᠢ ᠡᠵᠡᠯᠡᠪᠡ᠃ 1.77 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠠᠷᠠᠳ ᠤᠨ ᠠᠮᠢᠳᠤᠷᠠᠯ ᠤᠨ 10 ᠵᠦᠢᠯ ᠤᠨ ᠭᠤᠣᠯᠳᠠᠯᠭ᠎ᠠ ᠲᠠᠢ ᠪᠣᠳᠠᠲᠤ ᠬᠡᠷᠡᠭ ᠢ | ᠨᠠᠶᠢᠳᠠᠪᠤᠷᠢᠵᠢᠭᠤᠯᠪᠠ᠃ ᠢᠳᠡᠪᠬᠢᠲᠡᠶ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠬᠤᠳᠠ ᠪᠠᠯᠭᠠᠰᠤᠨ ᠤ ᠠᠵᠢᠯ ᠣᠯᠤᠭᠰᠠᠳ 880 ᠬᠥᠮᠦᠨ ᠳᠤ ᠰᠢᠨ᠎ᠡ ᠪᠠᠷ ᠨᠡᠮᠡᠭᠳᠡᠵᠦ᠂ ᠬᠥᠳᠡᠭᠡ ᠲᠣᠰᠬᠤᠨ ᠤ | ᠦᠯᠡᠭᠦᠤ ᠬᠥᠳᠡᠯᠮᠦᠷᠢ ᠶᠢᠨ ᠬᠦᠴᠦᠨ 4.3 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠵᠤ᠂ ᠡᠭᠦᠷᠭᠡ ᠶᠢ | 105% ᠪᠠᠷ ᠪᠡᠶᠡᠯᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3. | 4% ᠶᠢᠨ ᠳᠣᠲᠣᠷ᠎ᠠ ᠬᠢᠵᠠᠭᠠᠷᠯᠠᠪᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠤᠶᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠴᠡᠷᠢᠭ ᠤᠨ | ᠠᠯᠪᠠᠨ ᠠᠴᠠ ᠪᠠᠭᠤᠭᠰᠠᠳ ᠤᠨ ᠤᠶᠢᠯᠡᠴᠢᠯᠡᠭᠡᠨ ᠤ ᠲᠥᠪ ᠢ ᠨᠢᠭᠡ ᠪᠠᠶᠢᠭᠤᠯᠵᠤ᠂ ᠬᠥᠳᠡᠭᠡ ᠲᠣᠰᠬᠤᠨ ᠤ | ᠤᠶᠢᠯᠡᠴᠢᠯᠡᠭᠡᠨ ᠤ ᠦᠷᠳᠡᠭᠡ ᠶᠢ 43 ᠪᠠᠶᠢᠭᠤᠯᠪᠠ᠃ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ | ᠠᠵᠢᠯ ᠣᠯᠭᠤᠬᠤ ᠠᠵᠢᠯ ᠢ ᠵᠡᠷᠭᠡ ᠪᠠᠷ ᠠᠬᠢᠭᠤᠯᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ᠂ ᠬᠦᠴᠢᠷᠳᠡᠯᠲᠡᠶ ᠵᠡᠮᠳᠡᠭᠴᠦᠳ ᠲᠤ ᠣᠯᠭᠤᠬᠤ ᠨᠥᠬᠦᠪᠥᠷᠢ ᠶᠢ ᠤᠯᠠᠮ ᠨᠢᠭᠡ ᠠᠯᠬᠤᠮ | ᠲᠡᠭᠡᠭᠰᠢᠯᠡᠭᠦᠯᠪᠡ᠃ | ᠨᠡᠶᠢᠭᠡᠮ ᠤᠨ ᠠᠵᠢᠯ ᠤᠶᠢᠯᠡᠰ ᠤᠨ ᠬᠥᠭᠵᠢᠯᠲᠡ ᠦᠷᠭᠦᠯᠵᠢᠯᠡᠨ ᠴᠡᠴᠡᠭᠯᠡᠨ ᠬᠥᠭᠵᠢᠪᠡ᠃ ᠪᠠᠭᠰᠢ ᠶᠢᠨ | ᠵᠢᠭᠠᠨ ᠰᠤᠷᠭᠠᠬᠤ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠶᠡᠬᠡᠪᠡᠷ ᠳᠡᠭᠡᠭᠰᠢᠯᠡᠭᠦᠯᠵᠦ᠂ ᠪᠠᠭᠰᠢ ᠶᠢ 600 | ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠬᠥᠮᠥᠷᠭᠡ ᠶᠢ ᠪᠠᠶᠢᠭᠤᠯᠵᠤ᠂ ︽ᠭᠤᠷᠪᠠ ᠶᠢ ᠨᠡᠪᠳᠡᠷᠡᠭᠦᠯᠬᠦ ᠬᠤᠶᠠᠷ ᠲᠠᠪᠴᠠᠩ︾ ᠵᠢᠴᠢ ᠢᠵᠢᠯ ᠳᠠᠪᠲᠠᠮᠵᠢᠲᠤ | ᠬᠠᠷᠢᠯᠴᠠᠨ ᠤᠶᠢᠯᠡᠳᠤᠯᠴᠡᠬᠦ ᠬᠢᠴᠢᠶᠡᠯ ᠤᠨ ᠲᠠᠩᠬᠢᠮ ᠤᠨ ᠪᠠᠶᠢᠭᠤᠯᠤᠯᠳᠡ ᠶᠢ ᠲᠡᠭᠦᠯᠳᠡᠷᠵᠢᠭᠦᠯᠵᠦ᠂ ᠳᠤᠮᠳᠠᠳᠤ | ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠬᠠᠷᠢᠯᠴᠠᠨ ᠬᠤᠯᠪᠤᠯᠳᠤᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ︔ | ︽ᠠᠯᠪᠠᠨ ᠠᠴᠠ ᠡᠷᠬᠢᠯᠡᠭᠰᠡᠨ ᠴᠡᠴᠡᠷᠯᠢᠭ︾᠂ ︽ᠲᠦᠭᠡᠮᠡᠯ ᠬᠠᠷᠠᠭᠠᠯᠵᠠᠯ ᠦᠵᠡᠭᠦᠯᠬᠦ ᠴᠡᠴᠡᠷᠯᠢᠭ︾ ᠢ ᠲᠦᠷᠭᠡᠳᠬᠡᠨ | ᠪᠠᠶᠢᠭᠤᠯᠵᠤ ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠳᠥᠷᠪᠡᠳᠦᠭᠡᠷ ᠬᠡᠦᠬᠡᠳ ᠤᠨ | ᠴᠡᠴᠡᠷᠯᠢᠭ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠵᠤ᠂ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤᠨᠢ | ᠲᠤᠭ᠎ᠠ ᠶᠣᠰᠣᠭᠠᠷ ᠭᠦᠢᠴᠡᠳ ᠳᠠᠩᠰᠠᠨ ᠠᠴᠠ ᠲᠠᠶᠢᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠠᠵᠢᠯᠯᠠᠭᠠᠨ ᠤ ᠠᠮᠤᠷ ᠲᠦᠪᠰᠢᠨ ᠵᠢᠷᠤᠮᠵᠢᠯ ᠲᠠᠢ ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ | ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ | ᠪᠠᠶᠢᠭᠤᠯᠤᠯᠲᠠ ᠶᠢ ᠠᠬᠢᠭᠤᠯᠪᠠ︔ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠭᠤᠷᠪᠠᠳᠤᠭᠠᠷ | ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠣᠯ | ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠤᠯᠠᠭᠠᠨᠮᠥ᠋ᠴᠢᠷ ︽ᠰᠢ ᠵᠦᠴᠦᠭᠡ ᠶᠢ ᠬᠥᠳᠡᠭᠡ ᠬᠦᠷᠭᠡᠬᠦ︾ 100 | ᠭᠠᠷᠤᠢ ᠲᠠᠯᠠᠪᠠᠢ ᠡᠷᠬᠢᠯᠡᠵᠦ᠂ ᠲᠦᠮᠡᠨ ᠰᠤᠷᠤᠭᠴᠢ ᠶᠢᠨ ᠮᠥᠰᠥ ᠴᠠᠰᠤᠨ ᠤ ᠬᠥᠳᠡᠯᠭᠡᠭᠡᠨ ᠢ ᠠᠮᠵᠢᠯᠲᠠ ᠲᠠᠢ | ᠡᠷᠬᠢᠯᠡᠵᠦ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ ᠪᠣᠯᠪᠠ᠃ | ᠡᠭᠦᠨ ᠠᠴᠠ ᠭᠠᠳᠠᠨ᠎ᠠ᠂ ᠦᠨᠳᠦᠰᠦᠲᠡᠨ ᠱᠠᠰᠢᠨ ᠰᠤᠷᠲᠠᠬᠤᠨ᠂ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ᠂ ᠲᠡᠤᠬᠡ ᠣᠶᠢᠯᠠᠯᠭ᠎ᠠ ᠶᠢᠨ ᠳᠠᠩᠰᠠ ᠡᠪᠬᠡᠮᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠷᠠᠳ ᠤᠨ | ᠠᠭᠠᠷ ᠤᠨ ᠰᠡᠷᠭᠡᠶᠢᠯᠡᠯᠳᠡ ᠶᠢᠨ ᠴᠠᠭ ᠠᠭᠤᠷ᠂ ᠡᠮᠡᠭᠲᠡᠶᠢᠴᠦᠳ ᠬᠡᠤᠬᠡᠳ᠂ ᠵᠡᠮᠳᠡᠭᠴᠦᠳ ᠵᠡᠷᠭᠡ ᠤᠶᠢᠯᠡᠰ ᠴᠥᠮ | ᠰᠢᠨ᠎ᠡ ᠲᠠᠪᠰᠢᠯᠳᠡ ᠲᠠᠢ ᠪᠣᠯᠵᠠᠶ᠃ | ᠨᠢᠭᠡ ᠵᠢᠯ ᠤᠨ ᠲᠤᠷᠰᠢ᠂ ᠪᠢᠳᠡ ᠲᠣᠰ ᠪᠡᠶ᠎ᠡ ᠶᠢᠨ ᠪᠠᠶᠢᠭᠤᠯᠤᠯᠲᠠ ᠪᠠᠨ ᠲᠥᠷᠥ ᠪᠠᠷᠢᠬᠤ ᠶᠢᠨ ᠴᠢᠬᠤᠯᠠ | ᠵᠤᠶᠢᠯ ᠪᠤᠯᠭᠠᠵᠤ ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠤᠳᠠᠭᠠᠨ ᠳᠠᠭᠠᠭᠠᠮᠠᠭᠠᠶ ᠴᠢᠷᠮᠠᠶᠢᠵᠤ᠂ | ᠤᠶᠢᠯᠡᠴᠢᠯᠡᠭᠡᠨ ᠤ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ | ᠰᠢᠶᠠᠨ ᠤ ᠠᠷᠠᠳ ᠤᠨ ᠵᠠᠰᠠᠭ ᠤᠨ ᠣᠷᠳᠣᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ | ᠰᠠᠶᠢᠵᠢᠷᠠᠭᠤᠯᠬᠤ ᠶᠢ ᠢᠮᠠᠭᠲᠠ ᠴᠢᠬᠤᠯᠠᠴᠢᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠢᠳᠡᠪᠬᠢᠲᠡᠶ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠪᠡ᠃ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ︾ ᠭᠤᠤᠯ ᠰᠡᠳᠦᠪᠲᠦ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠵᠤᠶᠢᠯ ᠤᠨ | ᠡᠭᠦᠷᠭᠡ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠪᠡᠶᠡᠯᠡᠭᠦᠯᠪᠡ︔ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ | ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ︔ ︽ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠤᠨ︾ ᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠪᠠ | ᠬᠤᠷᠠᠯ ᠤᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 40% ᠪᠠ 15% ᠪᠠᠷ | ᠪᠠᠭᠠᠰᠴᠠᠶ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠭᠡᠪᠡ︔ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠨ | ᠪᠣᠳᠣᠯᠲᠠ ᠶᠢᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ | ᠢ 10% ᠪᠠᠷ ᠪᠠᠭᠤᠷᠠᠭᠤᠯᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ ᠶᠢ 73 ᠬᠤᠪᠢ᠂ | ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ 63 ᠬᠤᠪᠢ ᠰᠢᠢᠳᠪᠤᠷᠢᠯᠡᠵᠦ᠂ ᠰᠢᠢᠳᠪᠤᠷᠢᠯᠡᠵᠦ | ᠳᠠᠭᠤᠰᠬᠠᠭᠰᠠᠨ ᠨᠤᠷᠮ᠎ᠠ ᠨᠢ 100%᠂ ᠬᠠᠨᠤᠮᠵᠢ ᠶᠢᠨ ᠨᠤᠷᠮ᠎ᠠ ᠨᠢ 100%᠃ ︽ᠭᠤᠷᠪᠠᠨ ᠶᠠᠪᠤᠳᠠᠯ ᠢ ᠢᠯᠡ | ᠪᠣᠯᠭᠠᠬᠤ︾ ᠲᠠᠪᠴᠠᠩ ᠨᠢ ᠡᠯ᠎ᠡ ᠲᠥᠷᠥᠯ ᠤᠨ ᠮᠡᠳᠡᠭᠡ ᠵᠠᠩᠭᠢ ᠶᠢ 425 ᠲᠦᠮᠡ ᠭᠠᠷᠦᠢ ᠢᠯᠡ ᠨᠡᠶᠢᠳᠡᠯᠡᠪᠡ ᠃ | ᠲᠥᠯᠥᠭᠡᠯᠡᠭᠴᠢᠳ ᠡ ︕ ᠥᠩᠭᠡᠷᠡᠭᠰᠡᠨ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢᠨ ᠵᠠᠮ | ᠳᠡᠭᠡᠷ᠎ᠡ ᠲᠤᠭᠳᠠᠯ ᠬᠦᠴᠦᠨ ᠢᠶᠠᠨ ᠪᠠᠲᠤᠯᠠᠵᠤ᠂ ᠬᠦᠴᠢᠷ ᠢ ᠰᠦᠷᠦᠨ ᠤᠷᠤᠭᠰᠢᠯᠠᠵᠤ᠂ ᠡᠷᠡᠰ ᠭᠤᠶᠢᠪᠢᠰᠢ ᠦᠭᠡᠢ | ᠤᠷᠤᠭᠰᠢᠯᠠᠪᠠ᠂ ᠤᠯᠤᠭᠰᠠᠨ ᠠᠮᠵᠢᠯᠲᠠ ᠪᠦᠲᠦᠮᠵᠢ ᠦᠨᠡᠬᠡᠷ ᠬᠢᠯᠪᠠᠷ ᠪᠤᠰᠤ ᠶᠤᠮ᠃ ᠡᠨᠡ ᠪᠣᠯ ᠲᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ | ᠨᠢᠭᠡᠳᠦᠯᠲᠡᠶ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠦ ᠪᠤᠳᠤᠯᠭ᠎ᠠ ᠲᠤᠭᠳᠠᠭᠠᠭᠰᠠᠨ ᠤ ᠦᠷ᠎ᠡ | ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠰᠢᠶᠠᠨ ᠤ ᠤᠯᠤᠰ ᠲᠦᠷᠦ ᠶᠢᠨ | ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠨᠡᠩ ᠴᠤ ᠪᠦᠬᠦ | ᠰᠢᠶᠠᠨ ᠤ ᠲᠡᠭᠡᠳᠦ ᠲᠤᠤᠷᠠᠳᠤ ᠱᠠᠳᠤ ᠪᠠᠷ ᠢᠶᠠᠨ ᠬᠦᠴᠦᠯᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠮᠥᠨ᠃ | ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ ᠪᠢᠳᠡ ᠪᠠᠰᠠ᠄ ᠠᠵᠤ ᠠᠬᠤᠶ ᠪᠠᠭᠤᠷᠠᠬᠤ ᠳᠠᠷᠤᠯᠲᠠ | ᠦᠷᠭᠦᠯᠵᠢᠯᠡᠨ ᠨᠡᠮᠡᠭᠳᠡᠵᠦ ᠪᠠᠶᠢᠭ᠎ᠠ ᠠᠬᠤᠶ ᠪᠠᠶᠢᠳᠠᠯ ᠳᠣᠤᠷ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠮᠦᠨ ᠯᠡ ᠲᠤᠪᠤᠶᠢᠮ᠎ᠠ ᠪᠠᠶᠢᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠬᠦᠨᠳᠦ ᠨᠣᠴᠢᠲᠠᠶ | ᠬᠦᠷᠦᠯᠴᠡᠬᠦ ᠦᠭᠡᠢ ᠪᠠᠶᠢᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠩᠭᠠᠳᠬᠠᠬᠤ ᠴᠢᠬᠤᠯᠠᠲᠠᠶ | ᠪᠠᠶᠢᠨ᠎ᠠ︔ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠮᠵᠢᠯᠲᠠ ᠣᠯᠤᠭᠰᠠᠨ ᠨᠤᠷᠮ᠎ᠠ ᠨᠡᠯᠢᠶᠡᠳ | ᠳᠣᠣᠷ᠎ᠠ᠂ ᠭᠤᠤᠯᠳᠠᠯᠭ᠎ᠠ ᠲᠠᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠨᠡᠯᠢᠶᠡᠳ ᠪᠠᠭ᠎ᠠ ᠪᠠᠶᠢᠨ᠎ᠠ︔ ᠠᠵᠤ | ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠠᠯᠬᠤᠴᠠ ᠲᠦᠷᠭᠡᠨ ᠪᠢᠰᠢ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠰᠤᠷᠭᠠᠨ | ᠬᠥᠮᠦᠵᠢᠯ ᠤᠨ ᠤᠶᠢᠯᠡᠰ᠂ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ | ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠮᠠᠰᠢ ᠣᠯᠠᠨ ᠳᠤᠲᠠᠭᠤᠳᠠᠯ ᠣᠷᠣᠰᠢᠵᠤ ᠪᠠᠶᠢᠨ᠎ᠠ︔ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠳᠠᠢ | ᠭᠡᠬᠦ ᠮᠡᠲᠦ᠃ ᠡᠭᠦᠨ ᠳᠤ ᠪᠢᠳᠡ ᠵᠠᠪᠠᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨ ᠬᠦ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠢᠳᠪᠤᠷᠢᠯᠡᠬᠦ ᠬᠡᠷᠡᠭᠲᠡᠶ᠃ | | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠡᠬᠦᠯ ᠬᠤᠷᠢᠶᠠᠬᠤ ᠵᠢᠯ ᠮᠥᠨ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ | ᠶᠢᠨ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ | ᠲᠠᠯᠪᠢᠵᠤ᠂ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠵᠤ᠂ ᠰᠢᠨ᠎ᠡ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠨ᠂ ᠰᠣᠶᠣᠯ ᠵᠢᠭᠤᠯᠴᠢᠯᠠᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠴᠢᠨᠠᠷ | ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠬᠦ ᠬᠡᠷᠡᠭᠲᠡᠶ᠃ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠪᠠᠶᠢᠳᠠᠯ ᠢ ᠪᠠᠳᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ | ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠤᠬᠡ ᠶᠢᠨ | ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ | ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 53 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 1.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% | ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 34.02 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 123.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠤᠶᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 25.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 33493 ᠪᠠ 14560 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠲᠣᠰ ᠲᠣᠰ 5.2% ᠪᠠ 8% ᠨᠡᠮᠡᠭᠳᠡᠪᠡ᠃ | ᠲᠥᠯᠥᠭᠡᠯᠡᠭᠴᠢᠳ ᠡ᠂ ᠬᠤᠯᠤᠭᠠᠨ᠎ᠠ ᠵᠢᠯ ᠤᠨ ᠴᠠᠭᠠᠨ ᠰᠠᠷ᠎ᠠ᠂ ᠭᠡᠨᠡᠳᠲᠡ ᠡᠭᠦᠰᠦᠭᠰᠡᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠰᠢᠶᠠᠨ ᠤ ᠥᠷᠭᠡᠨ ᠣᠯᠠᠨ | ᠺᠠᠳ᠋ᠷ ᠣᠯᠠᠨ ᠲᠦᠮᠡᠨ ᠰᠡᠳᠬᠢᠯ ᠨᠢᠭᠡᠳᠴᠦ᠂ ᠡᠷᠡᠭᠡᠯᠵᠡᠯ ᠦᠭᠡᠢ ᠪᠠᠷ ᠳᠠᠶᠢᠨ ᠢ ᠰᠡᠷᠭᠡᠶᠢᠯᠡᠨ ᠬᠢᠵᠠᠭᠠᠷᠯᠠᠬᠤ ᠬᠠᠮᠤᠭ | ᠡᠮᠦᠨ᠎ᠡ ᠹᠷᠣᠨᠲ ᠲᠤ ᠤᠷᠤᠯᠴᠠᠵᠤ᠂ ᠤᠳᠠᠭ᠎ᠠ ᠪᠦᠷᠢ ᠶᠢᠨ ᠠᠶᠢᠯ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ | ᠳᠤᠮᠳᠠ ᠤᠭ ᠰᠠᠨᠠᠭ᠎ᠠ ᠪᠠᠨ ᠪᠠᠲᠤ ᠰᠠᠬᠢᠵᠤ᠂ ᠤᠳᠠᠭ᠎ᠠ ᠪᠦᠷᠢ ᠶᠢᠨ ᠤᠷᠢᠳᠴᠢᠯᠠᠨ ᠰᠢᠯᠭᠠᠨ ᠪᠠᠶᠢᠴᠠᠭᠠᠵᠤ ᠬᠤᠪᠢ | ᠬᠤᠪᠢᠶᠠᠨ ᠡᠮᠴᠢᠯᠡᠬᠦ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠵᠦ᠂ ᠵᠠᠮ ᠬᠠᠷᠢᠯᠴᠠᠭᠠᠨ ᠤ | ᠪᠣᠭᠤᠮᠲᠠ ᠪᠦᠷᠢ ᠳᠤ ᠬᠦᠨᠳᠦ ᠡᠭᠦᠷᠭᠡ ᠶᠢ ᠡᠭᠦᠷᠭᠡᠯᠡᠵᠦ᠂ ᠵᠢᠵᠢᠭ ᠲᠣᠭᠤᠷᠢᠭ ᠨᠢᠭᠡᠪᠦᠷᠢ ᠶᠢᠨ ᠵᠢᠵᠢᠭᠦᠷ ᠤᠨ ᠳᠤᠮᠳᠠ | ᠠᠮᠤᠷ ᠲᠦᠪᠰᠢᠨ ᠢ ᠬᠠᠮᠠᠭᠠᠯᠠᠵᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ | ᠨᠠᠶᠢᠳᠠᠪᠤᠷᠢᠵᠢᠭᠤᠯᠵᠤ᠂ ᠤᠷᠢᠳ ᠡᠮᠦᠨ᠎ᠡ ᠪᠠᠶᠢᠭ᠎ᠠ ᠥᠬᠡᠶ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠪᠠ᠃ | ᠭᠠᠤᠯᠢ ᠪᠠᠷ ᠴᠢᠳᠬᠤᠵᠤ ᠲᠡᠮᠦᠷ ᠢᠶᠠᠷ ᠴᠢᠳᠬᠤᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ | ᠪᠦᠬᠦ ᠲᠠᠯ᠎ᠠ ᠶᠢᠨ ᠢᠯᠠᠯᠲᠠ ᠶᠢ ᠤᠯᠬᠤ ᠦᠭᠡᠢ ᠪᠣᠯ ᠶᠠᠭᠠᠬᠢᠭᠰᠠᠨ ᠴᠤ ᠠᠮᠠᠷᠬᠠᠨ ᠠᠮᠵᠢᠯᠲᠠ ᠤᠯᠬᠤ ᠦᠭᠡᠢ ᠭᠡᠰᠡᠨ | ᠵᠤᠷᠢᠭ ᠢᠶᠠᠷ ︽ᠳᠣᠲᠣᠷ᠎ᠠ ᠨᠢ ᠲᠠᠷᠬᠠᠭᠰᠠᠨ ᠦᠭᠡᠢ᠂ ᠭᠠᠳᠠᠨ᠎ᠠ ᠨᠢ ᠣᠷᠣᠭᠤᠯᠤᠭᠰᠠᠨ ᠦᠭᠡᠢ︾ ᠶᠢ ᠪᠡᠶᠡᠯᠡᠭᠦᠯᠪᠡ᠃ | ᠠᠳᠡ ᠪᠢ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠣᠳᠣᠬᠠᠨ ᠳᠤ ᠬᠢᠵᠢᠭ ᠤᠨ ᠪᠠᠶᠢᠳᠠᠯ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠵᠣᠬᠢᠬᠤ ᠨᠦᠯᠦᠭᠡ ᠦᠵᠡᠭᠦᠯᠵᠦ᠂ ᠨᠢᠭᠡᠳᠦᠭᠡᠷ ᠤᠯᠠᠷᠢᠯ ᠳᠤ ᠵᠢᠱᠢᠯᠲᠡ ᠪᠠᠷ ᠭᠠᠵᠠᠷ ᠣᠷᠣᠨ ᠤ | ᠤᠶᠢᠯᠡᠳᠪᠤᠷᠢᠯᠡᠯ ᠤᠨ ᠶᠡᠷᠦᠩᠬᠡᠶ ᠦᠷᠳᠡᠭ ᠢ 10.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3% ᠪᠠᠷ ᠪᠠᠭᠤᠷᠠᠵᠠᠶ᠃ ᠨᠢᠭᠡᠳᠦᠭᠡᠷ ᠠᠵᠤ ᠤᠶᠢᠯᠡᠰ 1.4 ᠳ᠋ᠦᠩᠰᠢᠭᠤᠷ | ᠲᠥᠭᠦᠷᠢᠭ ᠤᠨ ᠤᠶᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.5% ᠪᠠᠷ | ᠪᠠᠭᠤᠷᠠᠪᠠ︔ ᠬᠤᠶᠠᠳᠤᠭᠠᠷ ᠠᠵᠤ ᠤᠶᠢᠯᠡᠰ 4.1 ᠳ᠋ᠦᠩᠰᠢᠭᠤᠷ ᠲᠥᠭᠦᠷᠢᠭ ᠤᠨ ᠤᠶᠢᠯᠡᠳᠭᠦᠨ ᠤ ᠥᠷᠲᠡᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1% ᠪᠠᠷ ᠪᠠᠭᠤᠷᠠᠪᠠ︔ ᠭᠤᠷᠪᠠᠳᠤᠭᠠᠷ ᠠᠵᠤ ᠤᠶᠢᠯᠡᠰ 5.2 | ᠳ᠋ᠦᠩᠰᠢᠭᠤᠷ ᠲᠥᠭᠦᠷᠢᠭ ᠤᠨ ᠤᠶᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5. | 4% ᠪᠠᠭᠤᠷᠠᠪᠠ᠃ ᠤᠶᠢᠯᠡᠳᠪᠤᠷᠢᠯᠡᠯ ᠢᠶᠠᠨ ᠰᠡᠷᠭᠦᠭᠡᠬᠦ ᠠᠯᠬᠤᠴᠠ ᠪᠠᠨ ᠲᠦᠷᠭᠡᠳᠬᠡᠬᠦ ᠶᠢ ᠳᠠᠭᠠᠯᠳᠤᠨ᠂ ᠪᠦᠬᠦ | ᠵᠢᠯ ᠤᠨ ᠡᠯ᠎ᠡ ᠵᠤᠶᠢᠯ ᠤᠨᠡᠭᠦᠷᠭᠡ ᠶᠢ ᠪᠡᠶᠡᠯᠡᠭᠦᠯᠬᠦ ᠪᠣᠯᠤᠯᠴᠠᠭ᠎ᠠ ᠪᠦᠷᠢᠨ ᠪᠠᠶᠢᠨ᠎ᠠ᠃ | ᠤᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠪᠣᠯ ᠭᠠᠳᠠᠭᠠᠳᠤ ᠠᠴᠠ ᠣᠷᠣᠭᠤᠯᠬᠤ ᠶᠢ | ᠰᠡᠷᠭᠡᠶᠢᠯᠡᠬᠦ᠂ ᠳᠣᠲᠣᠭᠠᠳᠤ ᠳᠠᠭᠠᠨ ᠰᠡᠷᠭᠡᠶᠢᠯᠡᠬᠦ ᠪᠠ ᠲᠠᠬᠢᠨ ᠬᠦᠨᠳᠦᠷᠡᠬᠦ ᠶᠠᠪᠤᠳᠠᠯ ᠪᠣᠯᠤᠨ᠎ᠠ᠂ ᠪᠦᠬᠦ ᠰᠢᠶᠠᠨ ᠢᠶᠠᠷ | ᠢᠶᠠᠨ ᠡᠷᠬᠡᠪᠰᠢ ᠴᠢᠩᠭ᠎ᠠ ᠠᠳᠬᠤᠵᠤ ᠨᠠᠷᠢᠨ ᠠᠳᠬᠤᠵᠤ ᠪᠠᠶᠢᠩᠭᠤᠵᠢᠬᠰᠠᠠ ᠰᠡᠷᠭᠡᠶᠢᠯᠡᠨ ᠡᠵᠡᠮᠳᠡᠬᠦ ᠶᠢ ᠨᠠᠷᠢᠨ | ᠠᠳᠬᠤᠵᠤ᠂ ᠤᠯᠤᠰ ᠤᠨ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ ᠳᠡᠭᠡᠭᠰᠢᠯᠡᠭᠦᠯᠬᠦ᠂ ᠤᠨᠴᠠᠭᠠᠢ | ᠤᠯᠤᠰ ᠤᠨ ᠵᠢᠭᠡᠯᠡᠯᠭᠡ ᠪᠠ ᠣᠷᠣᠨ ᠨᠤᠲᠤᠭ ᠤᠨ ᠲᠤᠰᠬᠠᠶ ᠵᠤᠶᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ | ᠠᠵᠠ ᠲᠣᠬᠢᠶᠠᠯ ᠢ ᠠᠰᠢᠭᠯᠠᠨ᠂ ᠬᠠᠨᠳᠤᠯᠭᠠᠲᠤ ᠴᠢᠨᠠᠷ ᠲᠠᠢ ᠪᠠᠷ ᠵᠤᠶᠢᠯᠡᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ | ᠳᠡᠭᠡᠳᠦ ᠱᠠᠲᠤᠨ ᠤ ᠪᠡᠯᠡ ᠣᠷᠣᠭᠤᠯᠤᠯᠲᠠ ᠶᠢ ᠢᠳᠡᠪᠬᠢᠲᠡᠶ ᠲᠡᠮᠡᠴᠡᠨ ᠤᠯᠬᠤ ᠬᠡᠷᠡᠭᠲᠡᠶ᠃ ᠪᠢᠳᠡ ᠵᠠᠪᠠᠯ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ︽ | ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ | ᠵᠠᠬ ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ | ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ | ᠦᠨᠳᠦᠰᠦᠨ ᠱᠠᠳᠤᠨ ᠤ ᠡᠷᠭᠢᠯᠲᠡ ᠶᠢ ᠪᠠᠲᠤᠯᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠠ | ᠲᠣᠬᠢᠶᠠᠯ ᠢ ᠠᠮᠵᠢᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ︽ᠲᠤᠯᠤᠭᠠᠨ | ᠲᠠᠯᠠᠪᠤᠷ ᠬᠠᠲᠠᠭᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ᠃ | ᠨᠢᠭᠡ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠳᠤᠯᠠᠬᠤ︾ ᠳᠤ ᠬᠦᠴᠦᠨ ᠢᠶᠠᠨ | ᠲᠥᠪᠯᠡᠷᠡᠭᠦᠯᠦᠨ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ︽ᠰᠡᠭᠦᠯ ᠬᠤᠷᠢᠶᠠᠬᠤ ᠳᠠᠶᠢᠯᠠᠯᠳᠤᠭᠠᠨ | ︾ ᠢ ᠰᠠᠶᠢᠲᠤᠷ ᠬᠢᠬᠦ ᠬᠡᠷᠡᠭᠲᠡᠢ | ︽ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠠᠴᠠ ᠰᠠᠯᠬᠤ ᠦᠭᠡᠢ᠂ ᠶᠠᠳᠠᠭᠤ ᠠᠴᠠ | ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠠᠴᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ | ᠬᠠᠪᠰᠤᠷᠤᠨ ᠲᠡᠳᠬᠦᠬᠦ ᠠᠴᠠ ᠰᠠᠯᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠠᠴᠠ | ᠰᠠᠯᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ | ᠨᠠᠶᠢᠳᠠᠪᠤᠷᠢᠵᠢᠭᠤᠯᠬᠤ︾ ᠶᠢ ᠴᠢᠩᠭ᠎ᠠ ᠠᠳᠬᠤᠬᠤ᠂ ︽ᠭᠤᠷᠪᠠ ᠶᠢ ᠪᠠᠲᠤᠯᠠᠬᠤ︾ ᠶᠢ ᠴᠢᠩᠭᠠᠳᠬᠠᠬᠤ ﹇3﹈᠂ | ᠵᠦᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠥᠷᠢᠯᠡᠬᠦ ᠪᠠ ᠲᠤᠰᠬᠠᠢ ᠲᠤᠭᠤᠷᠢᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠵᠡᠷᠭᠡ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ | ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ | ︽ᠰᠤᠯᠠᠷᠠᠭᠤᠯᠤᠯ ᠥᠬᠡᠶ︾ ᠪᠠᠷ ᠬᠠᠷᠢᠭᠤᠴᠠᠯᠭ᠎ᠠ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠰᠢᠶᠠᠨ ᠤ ᠱᠠᠲᠤᠨ ᠤ ᠤᠳᠤᠷᠢᠳᠤᠯᠭ᠎ᠠ ᠰᠢᠶᠠᠩ ᠢ ᠳᠠᠭᠠᠭᠠᠴᠢᠯᠠᠨ ᠬᠡᠰᠡᠭ ᠢ ᠳᠠᠭᠠᠭᠠᠴᠢᠯᠠᠭᠤᠯᠬᠤ᠂ | ᠰᠠᠯᠠᠭ᠎ᠠ ᠮᠦᠴᠢᠷ ᠲᠣᠪᠴᠢᠶ᠎ᠠ ᠲᠣᠰᠬᠤᠨ ᠢ ᠳᠠᠭᠠᠭᠠᠴᠢᠯᠠᠬᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ | ᠡᠭᠦᠷᠭᠡᠯᠡᠭᠴᠢ ᠡᠷᠦᠬᠡ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠠᠵᠢᠯ ᠤᠨ ᠲᠠᠷᠤᠯᠳᠡ ᠶᠢ ᠱᠠᠲᠤ ᠱᠠᠲᠤ ᠪᠠᠷ ᠳᠠᠮᠵᠢᠭᠤᠯᠤᠨ᠎ᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠪᠠᠭᠤᠷᠠᠶ ᠭᠤᠭᠴᠤᠭ᠎ᠠ ᠶᠢᠨ ᠲᠣᠭᠤᠷᠢᠨ ᠳᠤ᠂ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ | ᠶᠠᠰᠤ ᠴᠢᠨᠠᠷ ᠢ ᠳᠡᠭᠡᠭᠰᠢᠯᠡᠭᠦᠯᠬᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠳᠡᠭᠡᠷ᠎ᠡ | ᠬᠦᠴᠦ ᠲᠠᠯᠪᠢᠬᠤ ᠬᠡᠷᠡᠭᠲᠡᠶ᠃ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠳᠠᠩᠰᠠ ᠬᠠᠷ᠎ᠠ ᠶᠢ ᠪᠣᠳᠠᠲᠠᠶ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠵᠦ᠂ ᠤᠯᠤᠰ ᠠᠴᠠ | ᠨᠡᠶᠢᠳᠡᠮ ᠪᠠᠶᠢᠴᠠᠭᠠᠯᠳᠡ ᠶᠢ ᠴᠢᠨᠠᠷ ᠰᠠᠶᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠵᠤᠶᠢᠯ ᠤᠨ ᠪᠡᠯᠡ ᠮᠥᠩᠭᠦ ᠶᠢᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠪᠡᠯᠡ ᠮᠥᠩᠭᠦ ᠶᠢᠨ ᠬᠢᠨᠠᠨ ᠪᠣᠳᠣᠵᠤ ᠬᠢᠨᠠᠨ ᠬᠠᠮᠢᠶᠠᠷᠬᠤ | ᠡᠷᠴᠢᠮ ᠢᠶᠠᠨ ᠨᠡᠮᠡᠭᠳᠡᠭᠦᠯᠵᠦ᠂ ᠮᠡᠬᠡᠯᠡᠨ ᠠᠪᠬᠤ᠂ ᠳᠤᠮᠳᠠ ᠠᠴᠠ ᠨᠢ ᠲᠠᠰᠤᠳᠠᠨ ᠦᠯᠡᠳᠡᠭᠡᠬᠦ᠂ ᠨᠡᠭᠦᠯᠭᠡᠨ ᠬᠡᠷᠡᠭᠯᠡᠬᠦ | ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠮᠴᠢᠯᠡᠬᠦ ᠡᠷᠬᠡ᠂ | ᠡᠵᠡᠩᠨᠡᠯᠳᠡ ᠶᠢᠨ ᠡᠷᠬᠡ᠂ ᠠᠰᠢᠭ ᠬᠦᠷᠲᠡᠬᠦ ᠡᠷᠬᠡ᠂ ᠰᠢᠢᠳᠪᠤᠷᠢᠯᠡᠬᠦ ᠡᠷᠬᠡ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ | | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠬᠦ ︽ | ᠲᠠᠰ ᠲᠠᠪᠬᠤᠷᠭ᠎ᠠ︾ ᠶᠢ ᠲᠠᠰᠤᠷᠠᠯᠲᠠ ᠥᠬᠡᠶ ᠬᠡᠷᠡᠭᠵᠢᠭᠦᠯᠦᠨ᠎ᠡ᠃ ︽ ᠲᠤᠯᠤᠭᠠᠶᠢᠯᠠᠭᠴᠢ ᠠᠵᠤ ᠠᠬᠤᠶᠢᠯᠠᠯ ᠢᠶᠠᠷ | ᠳᠠᠶᠢᠴᠢᠯᠠᠬᠤ᠂ ᠬᠠᠮᠲᠤ ᠶᠢᠨ ᠠᠵᠤ ᠠᠬᠤᠢ ᠪᠠᠷ ᠳᠠᠶᠢᠴᠢᠯᠠᠬᠤ᠂ ᠬᠤᠷᠰᠢᠶ᠎ᠠ ᠪᠠᠷ ᠬᠤᠯᠪᠣᠭᠳᠠᠭᠤᠯᠬᠤ᠂ ᠶᠠᠳᠠᠭᠤ | ᠬᠦᠴᠢᠷᠳᠡᠯᠲᠡᠢ ᠡᠷᠦᠬᠡ ᠬᠤᠯᠪᠣᠭᠠᠯᠠᠨ ᠬᠥᠳᠡᠯᠦᠯᠴᠡᠬᠦ︾ ᠰᠡᠳᠬᠢᠴᠡ ᠶᠣᠰᠣᠭᠠᠷ᠂ ᠡᠯ᠎ᠡ ᠵᠦᠢᠯ ᠤᠨ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ 2.3 ᠳ᠋ᠦᠩᠰᠢᠭᠤᠷ ᠲᠥᠭᠦᠷᠢᠭ ᠤᠷᠤᠭᠤᠯᠵᠤ᠂ ᠠᠰᠢᠭ | ᠲᠤᠰᠠ ᠶᠢ ᠬᠤᠯᠪᠣᠬᠤ ᠲᠣᠭᠲᠠᠴᠠ ᠨᠢᠭᠲᠠ ᠪᠤᠰᠤ᠂ ᠪᠦᠷᠢᠨ ᠪᠤᠰᠤ ᠬᠦᠴᠢᠷ ᠠᠰᠠᠭᠤᠳᠠᠯ ᠢ ᠬᠦᠴᠦᠯᠡᠨ | ᠰᠢᠢᠳᠪᠤᠷᠢᠯᠡᠵᠦ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠠᠵᠤ ᠦᠢᠯᠡᠰ ᠤᠨ ᠲᠤᠯᠭᠠᠭᠤᠷᠢᠯᠠᠯ ᠲᠠᠢ | ᠪᠠᠶᠢᠬᠤ ᠶᠢ ᠪᠠᠲᠤᠯᠠᠵᠤ᠂ ᠪᠤᠢ ᠪᠦᠬᠦᠢ ᠶᠠᠳᠠᠭᠤ ᠬᠦᠴᠢᠷᠳᠡᠯᠲᠡᠢ ᠡᠷᠦᠬᠡ ᠴᠥᠮ ᠠᠵᠤ ᠦᠢᠯᠡᠰ ᠤᠨ ᠬᠡᠯᠬᠢᠶᠡᠵᠢᠯ | ᠳᠡᠭᠡᠷ᠎ᠡ ᠰᠣᠷᠣᠨ ᠳᠠᠭᠠᠭᠤᠯᠬᠤ ᠶᠢ ᠪᠠᠲᠤᠯᠠᠨ᠎ᠠ᠃ ᠣᠨᠳᠣᠤ ᠭᠠᠵᠠᠷ ᠠᠷᠠᠳ ᠢ ᠨᠡᠭᠦᠯᠭᠡᠭᠰᠡᠨ ᠤ ᠳᠠᠷᠠᠭᠠᠬᠢ ᠠᠵᠤ | ᠤᠶᠢᠯᠡᠰ ᠤᠨ ᠬᠥᠭᠵᠢᠯᠲᠡ ᠪᠠᠷ ᠭᠤᠤᠯᠳᠠᠯᠭ᠎ᠠ ᠪᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠤᠶᠢᠯᠡᠳᠪᠤᠷᠢ ᠶᠢᠨ | ᠲᠠᠰᠤᠭ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠬᠥᠳᠡᠯᠮᠦᠷᠢ ᠤᠶᠢᠯᠡᠴᠢᠯᠡᠭᠡ ᠶᠢ | ᠭᠠᠳᠠᠭᠰᠢ ᠭᠠᠷᠭᠠᠬᠤ ᠵᠡᠷᠭᠡ ᠠᠷᠭ᠎ᠠ ᠵᠠᠮ ᠢᠶᠠᠷ ᠲᠠᠮᠵᠢᠭᠤᠯᠤᠨ᠂ ᠬᠥᠳᠡᠯᠮᠦᠷᠢ ᠬᠦᠴᠦᠨ ᠲᠠᠢ ᠨᠡᠭᠦᠭᠰᠡᠨ ᠬᠡᠷ | ᠪᠦᠯᠢ ᠳᠤ ᠨᠠᠭᠠᠳᠤ ᠵᠠᠬ᠎ᠠ ᠳᠠᠭᠠᠨ 1 ᠬᠥᠮᠦᠨ ᠠᠵᠢᠯ ᠤᠯᠬᠤ ᠶᠢ ᠦᠨᠡᠨ ᠬᠦ ᠪᠠᠲᠤᠯᠠᠵᠤ᠂ ︽ᠲᠣᠭᠲᠠᠪᠤᠷᠢᠲᠠᠶ | ᠪᠠᠶᠢᠬᠤ︾ ᠶᠢ ᠪᠡᠶᠡᠯᠡᠭᠦᠯᠦᠨ᠎ᠡ᠃ ︽ᠭᠤᠷᠪᠠ ᠶᠢ ᠪᠠᠲᠤᠯᠠᠬᠤ︾ ᠪᠠᠷᠢᠮᠵᠢᠶ᠎ᠠ ᠶᠣᠰᠣᠭᠠᠷ᠂ ᠰᠤᠷᠭᠠᠨ ᠬᠥᠮᠦᠵᠢᠯ ᠢᠶᠠᠷ | ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ︽ᠭᠤᠷᠪᠠᠨ ᠨᠢᠭᠡ ᠪᠦᠯᠦᠭ︾ | ᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ︽ᠨᠢᠭᠡ ᠶᠢ | ᠳᠡᠭᠡᠭᠰᠢᠯᠡᠭᠦᠯᠵᠦ ᠨᠢᠭᠡ ᠶᠢ ᠪᠠᠭᠤᠷᠠᠭᠤᠯᠵᠤ ᠨᠢᠭᠡ ᠶᠢ ᠬᠡᠯᠲᠦᠷᠢᠭᠦᠯᠵᠦ ᠳᠥᠷᠪᠡ ᠶᠢ ᠪᠠᠲᠤᠯᠠᠬᠤ︾ ᠵᠡᠷᠭᠡ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ | ᠣᠷᠣᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 377 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠪᠠ 95 ᠠᠶᠢᠯ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠢ ᠪᠡᠶᠡᠯᠡᠭᠦᠯᠦᠨ᠎ᠡ᠃ ︽ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ︾ ᠢ ᠶᠡᠬᠡᠪᠡᠷ ᠳᠡᠯᠭᠡᠷᠡᠭᠦᠯᠵᠦ᠂ | ᠤᠶᠢᠯᠡᠳᠪᠤᠷᠢᠯᠡᠯ ᠤᠨ ᠱᠠᠩᠨᠠᠨ ᠨᠥᠬᠦᠪᠥᠷᠢᠯᠡᠬᠦ᠂ ᠬᠥᠳᠡᠯᠮᠦᠷᠢ ᠤᠶᠢᠯᠡᠴᠢᠯᠡᠭᠡᠨ ᠤ ᠨᠥᠬᠦᠪᠥᠷᠢ ᠵᠡᠷᠭᠡ | ᠤᠷᠮᠠᠰᠢᠭᠤᠯᠬᠤ ᠠᠷᠭ᠎ᠠ ᠬᠡᠮᠵᠢᠶ᠎ᠡ ᠶᠢ ᠢᠳᠡᠪᠬᠢᠳᠠᠢ ᠪᠠᠷ ᠬᠡᠷᠡᠭᠵᠢᠭᠦᠯᠵᠦ ᠂ ᠬᠥᠳᠡᠯᠮᠦᠷᠢ ᠤᠶᠢᠯᠡᠴᠢᠯᠡᠭᠡᠨ ᠤ | ᠨᠥᠬᠦᠪᠥᠷᠢ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠢᠳᠡᠪᠬᠢᠳᠠᠢ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ | ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠬᠥᠳᠡᠯᠦᠩᠭᠦᠢ | ᠬᠢᠨᠠᠨ ᠬᠡᠮᠵᠢᠬᠦ᠂ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠷᠢᠯ ᠪᠦᠷᠢ ᠨᠢᠭᠡ | ᠤᠳᠠᠭ᠎ᠠ ᠵᠠᠬ᠎ᠠ ᠬᠢᠵᠠᠭᠠᠷ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠦᠳᠡᠯᠦᠩᠭᠦᠢ ᠬᠢᠨᠠᠨ | ᠬᠡᠮᠵᠢᠯᠲᠡ ᠶᠢ ᠥᠷᠨᠢᠭᠦᠯᠵᠦ᠂ ᠡᠪᠡᠳᠴᠢᠨ ᠠᠴᠠ ᠪᠣᠯᠵᠤ᠂ ᠭᠠᠮᠰᠢᠭ ᠠᠴᠠ ᠪᠣᠯᠵᠤ ᠶᠠᠳᠠᠭᠤᠷᠠᠬᠤ ᠠᠶᠤᠯ | ᠲᠦᠭᠰᠢᠭᠦᠷᠢ ᠲᠠᠢ ᠲᠠᠷᠢᠶᠠᠴᠢᠨ ᠡᠷᠦᠬᠡ ᠳᠤ ᠴᠢᠭᠯᠡᠭᠦᠯᠦᠨ᠂ ᠠᠵᠤ ᠦᠢᠯᠡᠰ ᠢᠶᠠᠷ ᠲᠡᠳᠬᠦᠨ ᠳᠡᠮᠵᠢᠬᠦ ᠲᠥᠷᠥ ᠶᠢᠨ | ᠪᠤᠳᠤᠯᠭ᠎ᠠ ᠶᠢ ᠬᠡᠯᠪᠠᠶᠢᠯᠭᠡᠬᠦ᠂ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠠᠰᠢᠭ ᠬᠤᠪᠢᠶᠠᠬᠤ᠂ | ᠨᠡᠶᠢᠭᠡᠮ ᠤᠨ ᠦᠨᠳᠦᠰᠦᠨ ᠵᠦᠢᠯ ᠢ ᠳᠠᠭᠠᠭᠠᠨ ᠠᠪᠤᠷᠠᠨ ᠲᠤᠰᠠᠯᠠᠬᠤ᠂ ︽ᠶᠠᠳᠠᠭᠤ ᠬᠦᠴᠢᠷᠳᠡᠯᠲᠡᠢ ᠬᠥᠮᠦᠨ ᠠᠮᠠ ᠶᠢ | ᠰᠡᠷᠭᠡᠶᠢᠯᠡᠬᠦ︾ ᠳᠤ ᠣᠷᠣᠯᠴᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠡᠳᠬᠦᠪᠡᠰᠦ ᠵᠣᠬᠢᠬᠤ ᠶᠢ ᠪᠦᠬᠦᠨ ᠢ | ᠲᠡᠳᠬᠦᠵᠦ᠂ ᠶᠠᠳᠠᠭᠤ ᠬᠦᠴᠢᠷᠳᠡᠯᠲᠡᠢ ᠡᠷᠦᠬᠡ ᠶᠠᠳᠠᠭᠤᠷᠠᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ | ᠬᠡᠮᠵᠢᠬᠦ ᠡᠷᠤᠬᠡ ᠶᠢᠨ ᠳᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠨ᠎ᠠ᠃ | ᠬᠤᠶᠠᠷ᠂ ᠬᠦᠴᠦ ᠪᠠᠨ ᠲᠥᠪᠯᠡᠷᠡᠭᠦᠯᠦᠨ ᠬᠠᠯᠬᠠᠪᠴᠢ ᠶᠢ ᠵᠠᠰᠠᠵᠤ᠂ ᠵᠠᠰᠠᠯᠲᠠ ᠶᠢ ᠴᠢᠩᠭᠠᠳᠬᠠᠵᠤ᠂ ᠠᠮᠢ | ᠠᠬᠤᠶ ᠶᠢ ᠬᠠᠮᠠᠭᠠᠯᠠᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠨ᠎ᠠ | ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠨᠠᠭᠤᠷ ᠬᠤᠶᠠᠷ ᠲᠠᠯᠠᠢ︾ ᠶᠢᠨ ᠲᠤᠬᠠᠶ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ | ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠲᠥᠪ ᠤᠨ ᠤᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ | ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠮᠢ ᠠᠬᠤᠶ ᠪᠠᠷ ᠰᠢᠶᠠᠨ ᠢ | ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠨ᠎ᠠ᠃ | | ᠲᠦᠷᠭᠡᠨ ᠪᠥᠭᠡᠳ ᠲᠣᠭᠲᠠᠭᠤᠨ ᠪᠠᠶᠢᠵᠤ᠂ ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ | ᠵᠠᠰᠠᠬᠤ ᠶᠢ ᠲᠦᠷᠭᠡᠳᠬᠡᠨ᠎ᠡ᠃ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ | ᠬᠠᠮᠠᠭᠠᠯᠠᠯᠲᠠ ᠶᠢᠨ ᠲᠥᠯᠥᠪᠵᠢᠭᠦᠯᠪᠡ︾ ᠶᠢ ᠴᠢᠩᠭ᠎ᠠ ᠬᠡᠷᠡᠭᠵᠢᠭᠦᠯᠵᠦ᠂ 7 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠤᠰᠤᠨ ᠤ ᠬᠡᠮᠵᠢᠶ᠎ᠡ ᠶᠢ ᠨᠡᠮᠡᠭᠳᠡᠭᠦᠯᠦᠨ᠂ ᠤᠰᠤᠨ ᠤ ᠴᠢᠨᠠᠷ ᠢ ᠰᠠᠶᠢᠵᠢᠷᠠᠭᠤᠯᠬᠤ 28 ᠲᠥᠷᠦᠯ | ᠵᠦᠢᠯ ᠢ ᠬᠡᠷᠡᠭᠵᠢᠭᠦᠯᠵᠦ᠂ 5 ᠰᠠᠷ᠎ᠠ ᠳᠤ ᠵᠠᠯᠭᠠᠪᠠᠷ ᠠᠵᠢᠯ ᠡᠬᠢᠯᠡᠭᠦᠯᠪᠡ᠃ ᠳᠠᠭ᠎ᠠ ᠶᠢᠨ ᠨᠠᠭᠤᠷ ᠤᠨ ᠠᠮᠢ | ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠨᠢᠭᠡᠨᠲᠡ ᠤᠳᠤᠷᠢᠳᠬᠤ ᠳᠤᠭᠤᠶᠢᠯᠠᠩ | ᠪᠠᠶᠢᠭᠤᠯᠵᠤ᠂ ︽ᠪᠥᠲᠥᠭᠡᠨ ᠪᠠᠶᠢᠭᠤᠯᠬᠤ ᠶᠢ ᠴᠠᠭᠠᠵᠠᠯᠠᠬᠤ ᠵᠠᠷᠯᠢᠭ︾ ᠢ ᠨᠡᠶᠢᠲᠡᠯᠡᠵᠦ᠂ ᠨᠢᠭᠡᠳᠦᠯᠲᠡᠶ | ᠲᠤᠬᠢᠷᠠᠭᠤᠯᠬᠤ᠂ ᠵᠣᠬᠢᠴᠠᠭᠤᠯᠤᠨ ᠠᠬᠢᠭᠤᠯᠬᠤ ᠶᠢ ᠬᠡᠷᠡᠭᠵᠢᠭᠦᠯᠵᠦ᠂ ᠲᠥᠷᠥᠯ ᠵᠤᠶᠢᠯ ᠨᠢ ᠮᠥᠨ ᠴᠢᠨᠠᠷ ᠤᠨ | ᠱᠠᠲᠤᠨ ᠳᠤ ᠣᠷᠣᠪᠠ᠃ ᠬᠠᠮᠤᠭ ᠤᠨ ᠴᠢᠩᠭ᠎ᠠ ᠲᠦᠷᠢᠮ ᠢᠶᠠᠷ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠮᠠᠰᠢᠨ | ᠴᠠᠬᠢᠯᠭᠠᠨ ᠤ ᠬᠤᠳᠳᠤᠭ ᠢ ᠪᠢᠲᠡᠭᠦᠮᠵᠢᠯᠡᠨ ᠵᠣᠭᠰᠣᠭᠠᠬᠤ ᠬᠠᠮᠢᠶᠠᠷᠤᠯᠲᠠ ᠶᠢ ᠴᠢᠩᠭᠠᠳᠬᠠᠨ᠎ᠠ︔ 26·5 ᠲᠡᠭᠰᠢ | ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ︔ 22 ᠵᠤᠷᠪᠤᠰ | ᠭᠤᠤᠯ ᠮᠥᠷᠡᠨ ᠤ ᠵᠠᠮ ᠢ 400 ᠺᠢᠯᠣᠮᠧᠲᠷ ᠯᠠᠶᠢᠳᠠᠵᠤ ᠴᠡᠪᠡᠷᠯᠡᠨ᠎ᠡ᠃ ᠤᠰᠤᠨ ᠤ ᠴᠢᠨᠠᠷ ᠢ ᠲᠠᠰᠤᠷᠠᠯᠲᠠ ᠦᠭᠡᠢ | ᠰᠠᠶᠢᠵᠢᠷᠠᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ | ᠵᠦᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠰᠠᠪᠠ ᠭᠠᠵᠠᠷ ᠤᠨ ᠳᠣᠲᠣᠷᠠᠬᠢ 19 ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠲᠠᠯᠠᠪᠠᠢ ᠪᠠ 2 ᠨᠢᠲᠤᠯᠬᠤ ᠲᠠᠯᠠᠪᠠᠢ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 2 ᠲᠦᠮᠡᠨ ᠲᠣᠨ ᠣᠷᠭᠠᠨᠢᠭ ᠪᠣᠷᠳᠣᠭᠤᠷ ᠤᠨ ᠦᠢᠯᠡᠳᠪᠦᠷᠢ ᠶᠢ | ᠰᠢᠨ᠎ᠡ ᠪᠠᠷ 1 ᠪᠠᠶᠢᠭᠤᠯᠤᠨ᠎ᠠ᠃ ᠰᠢ ᠰᠢᠶᠠᠩ ᠲᠣᠭᠤᠷᠢᠭ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠨᠤᠭᠤ ᠭᠠᠵᠠᠷ ᠢ ᠴᠡᠪᠡᠷᠯᠡᠨ ᠨᠡᠭᠦᠯᠭᠡᠵᠦ ᠲᠥᠪᠬᠢᠨᠡᠭᠦᠯᠬᠦ᠂ ᠬᠤᠩ ᠮᠤᠤ | ᠪᠠᠯᠭᠠᠰᠤ ᠵᠢᠴᠢ ᠵᠢᠭᠤᠯᠴᠢᠯᠠᠯ ᠤᠨ ᠣᠷᠣᠨ ᠤ ᠬᠤᠭ ᠨᠣᠪᠰᠢ ᠰᠢᠢᠳᠪᠤᠷᠢᠯᠡᠬᠦ ᠲᠠᠯᠠᠪᠠᠢ᠂ ᠪᠠᠷᠢᠯᠭ᠎ᠠ ᠶᠢᠨ ᠬᠤᠭ | ᠨᠣᠪᠰᠢ ᠰᠢᠢᠳᠪᠤᠷᠢᠯᠡᠬᠦ ᠲᠠᠯᠠᠪᠠᠢ᠂ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠴᠥᠭᠦᠷᠥᠮ ᠵᠢᠴᠢ ᠳᠠᠭ᠎ᠠ ᠶᠢᠨ ᠨᠠᠭᠤᠷ ᠤᠨ ᠬᠦᠪᠡᠭᠡ ᠳᠠᠭᠠᠤ ᠪᠦᠰᠡ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠭᠦᠨᠵᠡᠭᠡᠶ ᠬᠢᠨᠠᠨ | ᠬᠡᠮᠵᠢᠵᠦ ᠰᠤᠳᠤᠯᠤᠯᠲᠠ ᠬᠢᠵᠦ᠂ ᠤᠰᠤᠨ ᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ᠂ ᠳᠠᠭ᠎ᠠ ᠶᠢᠨ | ᠨᠠᠭᠤᠷ ᠤᠨ ᠰᠠᠪᠠ ᠭᠠᠵᠠᠷ ᠤᠨ ᠬᠢᠨᠠᠨ ᠬᠡᠮᠵᠢᠵᠦ ᠰᠡᠷᠡᠮᠵᠢᠯᠡᠭᠦᠯᠬᠦ ᠲᠠᠪᠴᠠᠩ ᠢ ᠪᠠᠶᠢᠭᠤᠯᠵᠤ᠂ ᠰᠠᠭᠤᠷᠢ ᠰᠢᠪᠠᠷ ᠤᠨ | ᠪᠣᠬᠢᠷᠲᠤᠯ ᠢ ᠵᠠᠰᠠᠬᠤ ᠲᠤᠷᠰᠢᠯᠲᠠ ᠶᠢᠨ ᠴᠢᠭ᠂ ᠤᠰᠤᠨ ᠤ ᠴᠢᠨᠠᠷ ᠤᠨ ᠬᠤᠪᠢᠷᠠᠯᠲᠠ ᠶᠢᠨ ᠵᠢᠮ᠎ᠡ ᠶᠣᠰᠣ᠂ ᠭᠤᠷᠪᠠᠨ | ᠤᠰᠤ ᠶᠢ ᠬᠠᠮᠲᠤᠪᠠᠷ ᠵᠠᠰᠠᠬᠤ ᠵᠡᠷᠭᠡ ᠰᠤᠳᠤᠯᠭᠠᠨ ᠢ ᠥᠷᠨᠢᠭᠦᠯᠦᠨ᠂ ᠰᠢᠨᠵᠢᠯᠡᠬᠦ ᠤᠬᠠᠭᠠᠨᠴᠢ ᠪᠠᠷ ᠵᠠᠰᠠᠬᠤ ᠳᠤ | ᠦᠨᠳᠦᠰᠦᠯᠡᠯ ᠬᠠᠩᠭᠠᠬᠤ ᠬᠡᠷᠡᠭᠲᠡᠶ᠃ ᠵᠠᠰᠠᠯᠲᠠ ᠶᠢᠨ ᠬᠠᠮᠲᠤᠷᠠᠯ ᠬᠦᠴᠦᠨ ᠢ ᠴᠢᠩᠭᠠᠳᠬᠠᠵᠤ᠂ ᠳᠠᠭ᠎ᠠ ᠶᠢᠨ ᠨᠠᠭᠤᠷ | ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠢᠯᠣᠭᠤᠳᠬᠤ ᠭᠠᠵᠠᠷ ᠢ ᠪᠠᠶᠢᠭᠤᠯᠵᠤ᠂ ᠬᠠᠮᠢᠶ᠎ᠠ ᠪᠦᠬᠦᠢ | ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠥᠪᠯᠡᠷᠡᠭᠦᠯᠦᠨ ᠠᠵᠢᠯᠯᠠᠨ᠂ | ᠨᠢᠭᠡᠳᠦᠯᠲᠡᠢ ᠬᠠᠮᠢᠶᠠᠷᠴᠤ᠂ ᠬᠤᠷᠴᠠ ᠴᠢᠳᠠᠮᠠᠭᠠᠢ ᠥᠨᠳᠥᠷ ᠪᠦᠲᠦᠮᠵᠢᠲᠡᠢ᠂ ᠤᠯᠠᠨ ᠰᠠᠯᠠᠭ᠎ᠠ ᠮᠥᠴᠢᠷ | ᠬᠠᠮᠵᠢᠯᠴᠠᠭᠰᠠᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠳᠠᠭ᠎ᠠ ᠶᠢᠨ ᠨᠠᠭᠤᠷ ᠤᠨ ᠵᠠᠰᠠᠯᠲᠠ ᠶᠢ ᠪᠦᠬᠦ ᠰᠠᠪᠠ ᠭᠠᠵᠠᠷ | ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠭᠤᠤᠯ ᠤᠨ ᠳᠠᠷᠤᠭ᠎ᠠ᠂ ᠨᠠᠭᠤᠷ ᠤᠨ ᠳᠠᠷᠤᠭ᠎ᠠ᠂ ᠣᠭᠲᠣᠯᠤᠭᠠᠰᠤ | ᠲᠠᠯ᠎ᠠ ᠶᠢᠨ ᠣᠷᠳᠣ ︽ᠭᠤᠷᠪᠠᠨ ᠣᠷᠳᠣ ᠨᠢᠭᠡ ᠴᠤᠭᠴᠠᠯᠠᠭᠰᠠᠨ︾ ᠬᠠᠮᠢᠶᠠᠷᠤᠨ ᠬᠠᠮᠠᠭᠠᠯᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ᠂ ︽ᠣᠭᠲᠣᠯᠤᠭᠠᠰᠤ | ᠲᠠᠯ᠎ᠠ ᠶᠢᠨ ᠤᠷᠲᠤ ᠶᠢᠨ ᠲᠦᠷᠢᠮ︾ ᠤᠨ ᠬᠢᠨᠠᠯᠲᠠ ᠬᠠᠮᠢᠶᠠᠷᠤᠯᠳᠡ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ | ᠂ ᠤᠰᠤᠨ ᠳᠣᠲᠣᠷ᠎ᠠ ᠪᠠ ᠡᠷᠭᠢ ᠳᠡᠭᠡᠷ᠎ᠡ ᠵᠡᠷᠭᠡᠴᠡᠬᠦ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦ ᠶᠢ ᠵᠠᠰᠠᠬᠤ ᠶᠢ | ᠬᠠᠮᠲᠤ ᠳᠤᠨᠢ ᠬᠠᠷᠠᠭᠠᠯᠵᠠᠬᠤ ᠶᠢ ᠪᠡᠶᠡᠯᠡᠭᠦᠯᠦᠨ᠎ᠡ᠃ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ︽ᠳᠥᠷᠪᠡ ᠶᠢ | ᠬᠢᠵᠠᠭᠠᠷᠯᠠᠬᠤ︾ ︽ᠭᠤᠷᠪᠠ ᠶᠢ ᠰᠢᠢᠳᠪᠤᠷᠢᠯᠡᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 0.5 ᠲᠦᠮᠡᠨ ᠮᠦ ᠦᠭᠡᠷᠡᠴᠢᠯᠡᠬᠦ ᠶᠢ ᠬᠡᠷᠡᠭᠵᠢᠭᠦᠯᠵᠦ᠂ 8 ᠲᠦᠮᠡᠨ ᠮᠦ | ᠣᠷᠭᠠᠨᠢᠭ ᠪᠣᠷᠳᠣᠭᠤᠷ ᠢ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠶᠡᠷᠦᠩᠬᠡᠶᠢᠯᠡᠨ ᠠᠰᠢᠭᠯᠠᠬᠤ ᠪᠣᠯᠪᠠᠰᠤᠷᠠᠭᠤᠯᠬᠤ ᠤᠶᠢᠯᠡᠳᠪᠤᠷᠢ ᠶᠢ ᠰᠢᠨ᠎ᠡ ᠪᠠᠷ ᠪᠠᠶᠢᠭᠤᠯᠵᠤ᠂ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ 500 ᠲᠣᠨ ᠡᠭᠡᠭᠦᠯᠦᠨ ᠬᠤᠷᠢᠶᠠᠪᠠ᠃ ᠳᠠᠭ᠎ᠠ ᠶᠢᠨ ᠨᠠᠭᠤᠷ ᠢ | ᠲᠣᠭᠤᠷᠢᠭᠰᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠬᠡᠷᠡᠭᠵᠢᠭᠦᠯᠵᠦ | ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ 523 ᠠᠶᠢᠯ ᠲᠣᠰᠬᠤᠨ ᠳᠤ ᠬᠤᠭ ᠨᠣᠪᠰᠢ ᠶᠢ ᠲᠦᠪᠯᠡᠷᠡᠭᠦᠯᠦᠨ | ᠴᠡᠪᠡᠷᠯᠡᠨ ᠲᠡᠭᠡᠭᠡᠪᠦᠷᠢᠯᠡᠵᠦ᠂ 60 ᠠᠶᠢᠯ ᠲᠣᠰᠬᠤᠨ ᠳᠤ ᠪᠣᠬᠢᠷ ᠤᠰᠤᠨ ᠤ ᠬᠤᠭᠤᠯᠠᠢ ᠲᠣᠣᠷ 191 ᠺᠢᠯᠦᠮᠧᠲᠷ | ᠪᠠᠶᠢᠭᠤᠯᠵᠤ᠂ ᠭᠡᠷ ᠤᠨ ᠳᠣᠲᠣᠷ᠎ᠠ 2800 ᠵᠣᠷᠯᠣᠩ ᠢ ᠥᠭᠡᠷᠡᠴᠢᠯᠡᠵᠦ᠂ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠳᠡ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ | ︔ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠥᠳᠡᠭᠡ ᠲᠣᠰᠬᠤᠨ ᠤ ᠤᠰᠤᠨ ᠤ ᠪᠣᠬᠢᠷᠲᠤᠯ ᠤᠨ ᠡᠬᠢ | ᠰᠤᠷᠪᠤᠯᠵᠢ ᠶᠢ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠭᠤᠣᠯ ᠤᠨ ᠬᠡᠪᠲᠡᠰᠢ ᠶᠢᠨ ᠳᠣᠲᠣᠷᠠᠬᠢ 25 ᠵᠢᠭᠠᠰᠤᠨ | ᠴᠥᠭᠦᠷᠥᠮ᠂ 22 ᠲᠡᠵᠢᠭᠡᠨ ᠦᠷᠡᠵᠢᠭᠦᠯᠬᠦ ᠲᠠᠯᠠᠪᠠᠢ ᠶᠢ ᠴᠡᠪᠡᠷᠯᠡᠪᠡ︔ ᠲᠢᠶᠠᠨ ᠴᠧᠩ ᠭᠤᠤᠯ᠂ ᠭᠧ ᠡᠤ ᠭᠧᠦ᠂ | ᠶᠤᠸᠠᠨ ᠽᠢ ᠭᠧᠦ᠂ ᠶᠤᠸᠠᠨ ᠱᠠᠨ ᠭᠧᠦ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠵᠦ᠂ | ᠰᠠᠪᠠ ᠭᠠᠵᠠᠷ ᠤᠨ ᠤᠰᠤᠨ ᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ᠤᠳᠠᠭᠠᠨ ᠳᠠᠭᠠᠭᠠᠮᠠᠭᠠᠢ ᠴᠢᠷᠮᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠪᠣᠬᠢᠷᠲᠤᠯ ᠢ ᠨᠠᠷᠢᠯᠢᠭ ᠣᠨᠣᠴᠠᠲᠠᠶ ᠪᠠᠷ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ | ᠵᠠᠰᠠᠬᠤ᠂ ᠪᠣᠬᠢᠷᠲᠤᠯ ᠢ ᠬᠠᠤᠯᠢ ᠶᠣᠰᠣᠭᠠᠷ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠩᠬᠠᠨ᠂ ᠶᠦᠩ ᠰᠢᠩ | ᠵᠡᠷᠭᠡ ᠰᠢᠶᠠᠩ ᠪᠠᠯᠭᠠᠰᠤᠨ ᠳᠤ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠠᠵᠢᠯ ᠢ | ᠥᠷᠨᠢᠭᠦᠯᠦᠨ᠎ᠡ᠃ ︽ᠤᠯᠤᠰ ᠠᠴᠠ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠲᠠ︾ ᠶᠢᠨ | ᠤᠷᠢᠳᠠᠪᠠᠷ ᠬᠡᠷᠡᠭᠵᠢᠭᠦᠯᠬᠦ ᠲᠤᠭᠤᠷᠢᠭ ᠢ ᠪᠦᠲᠦᠭᠡᠨ ᠪᠠᠶᠢᠭᠤᠯᠵᠤ᠂ ᠤᠯᠤᠰ᠂ ᠣᠷᠣᠨ ᠨᠤᠲᠤᠭ ᠤᠨ | ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠢᠨᠵᠧᠨᠧᠷᠢᠩ ᠢ 1.8 ᠲᠦᠮᠡᠨ ᠮᠦ᠂ ᠣᠨᠴᠠᠯᠢᠭᠲᠤ ᠠᠵᠤ | ᠠᠬᠤᠢ ᠶᠢᠨ ᠤᠢ ᠶᠢ 1.55 ᠲᠦᠮᠡᠨ ᠮᠦ ᠬᠡᠷᠡᠭᠵᠢᠭᠦᠯᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ | ᠠᠯᠬᠤᠮ ᠠᠯᠬᠤᠮ ᠢᠶᠠᠷ 40% ᠳᠤ ᠬᠦᠷᠭᠡᠨ᠎ᠡ᠃ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠡᠨ ᠬᠢᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ | ᠵᠢᠭᠰᠠᠭᠠᠵᠤ᠂ ᠭᠤᠤᠷᠰᠤ ᠳᠠᠷᠤᠵᠤ ᠲᠦᠯᠬᠢᠨ ᠠᠬᠢᠭᠤᠯᠵᠤ᠂ 9 ᠰᠠᠷ᠎ᠠ ᠶᠢᠨ ᠰᠡᠭᠦᠯᠴᠢ ᠪᠠᠷ ᠠᠵᠢᠯ ᠢᠶᠠᠨ | ᠳᠠᠭᠤᠰᠬᠠᠬᠤ ᠶᠢ ᠦᠨᠡᠨᠬᠦ ᠪᠠᠲᠤᠯᠠᠵᠤ᠂ ᠪᠠᠶᠢᠭᠤᠯᠤᠭᠰᠠᠨ ᠲᠤᠭᠤᠷᠢᠭ᠂ ᠭᠤᠣᠯ ᠭᠤᠣᠯ ᠱᠤᠭᠤᠮ ᠤᠨ ᠬᠤᠶᠠᠷ | ᠬᠠᠵᠠᠭᠤ ᠶᠢᠨ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠡᠮᠬᠢ | ᠵᠢᠷᠤᠮ ᠲᠠᠢ ᠪᠠᠷ ᠰᠢᠭᠰᠢᠭᠳᠡᠭᠦᠯᠦᠨ᠎ᠡ᠃ ᠵᠠᠮ ᠬᠠᠷᠢᠯᠴᠠᠭ᠎ᠠ᠂ ᠲᠣᠭᠤᠰᠣ ᠳᠡᠭᠳᠡᠬᠦ ᠪᠠ ᠠᠮᠢᠳᠤᠷᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ | ᠬᠤᠲᠠ ᠶᠢᠨ ᠲᠣᠭᠤᠷᠢᠭ ᠤᠨ ᠠᠭᠠᠷ ᠤᠨ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ ᠢ 88% ᠪᠣᠯᠲᠠᠯ᠎ᠠ | ᠳᠡᠭᠡᠭᠰᠢᠯᠡᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ | ᠳᠥᠷᠪᠡᠳᠦᠭᠡᠷ ᠤᠰᠤᠨ ᠰᠤᠷᠪᠤᠯᠵᠢ ᠶᠢᠨ ᠭᠠᠵᠠᠷ ᠢ ᠡᠬᠢᠯᠡᠨ ᠬᠡᠷᠡᠭᠯᠡᠨ᠎ᠡ᠃ ︽ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ | ᠠᠰᠢᠭᠯᠠᠯᠲᠠ ᠶᠢ ᠰᠦᠯᠵᠢᠶᠡᠨ ᠳᠤ ᠣᠷᠣᠭᠤᠯᠬᠤ ᠪᠠ ᠣᠷᠴᠢᠨ ᠠᠬᠤᠶ ᠶᠢᠨ ᠵᠥᠪᠰᠢᠶᠡᠷᠡᠯ ᠤᠨ ᠨᠠᠷᠢᠨ ᠲᠠᠩᠰᠠ︾ ᠶᠢ | ᠴᠢᠩᠭ᠎ᠠ ᠰᠠᠬᠢᠵᠤ᠂ ᠠᠭᠤᠷᠬᠠᠶ ᠶᠢᠨ ᠣᠷᠴᠢᠨ ᠠᠬᠤᠶ ᠶᠢᠨ ᠬᠠᠮᠠᠭᠠᠯᠠᠯᠲᠠ ᠪᠠ ᠠᠮᠢ ᠠᠬᠤᠶ ᠶᠢ ᠰᠡᠷᠭᠦᠭᠡᠬᠦ ᠡᠷᠴᠢᠮ ᠢ | ᠴᠢᠩᠭᠠᠷᠠᠭᠤᠯᠤᠨ᠎ᠠ᠃ ᠡᠷᠲᠡ ᠠᠴᠠ ᠤᠬᠠᠭᠠᠯᠠᠨ ᠰᠡᠳᠦᠵᠦ᠂ ᠪᠦᠬᠦ ᠲᠠᠯ᠎ᠠ ᠪᠠᠷ ᠥᠪᠡᠰᠦᠪᠡᠨ ᠪᠠᠶᠢᠴᠠᠭᠠᠵᠤ᠂ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢ ᠢᠳᠡᠪᠬᠢᠲᠡᠢ ᠤᠭᠳᠤᠨ᠎ᠠ᠃ | ᠭᠤᠷᠪᠠ᠂ ᠥᠷᠢ ᠥᠭᠴᠡᠭᠡ ᠶᠢ ᠲᠥᠪᠯᠡᠷᠡᠭᠦᠯᠦᠨ᠂ ᠳᠠᠯᠳᠠ ᠬᠡᠮ ᠢ ᠠᠷᠢᠯᠭᠠᠵᠤ᠂ ᠲᠦᠭᠰᠢᠭᠦᠷᠢ ᠶᠢ | ᠰᠡᠷᠭᠡᠶᠢᠯᠡᠬᠦ ︽ᠬᠠᠮᠠᠭᠠᠯᠠᠬᠤ ᠪᠠᠶᠢᠯᠳᠤᠭᠠᠨ︾ ᠢ ᠰᠠᠶᠢᠲᠤᠷ ᠬᠢᠨ᠎ᠠ | ︽ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ | ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠣᠨᠣᠪᠴᠢᠲᠠᠶ ᠵᠠᠳᠠᠯᠬᠤ︾ ᠦᠨᠳᠦᠰᠦᠨ ᠲᠥᠷᠥ ᠶᠢᠨ | ᠪᠣᠳᠣᠯᠭ᠎ᠠ ᠶᠢᠨ ᠶᠤᠰᠤᠭᠠᠷ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠴᠢᠩᠭ᠎ᠠ ᠰᠡᠷᠭᠡᠶᠢᠯᠡᠨ ᠠᠷᠢᠯᠭᠠᠵᠤ᠂ ︽ | ᠡᠷᠡᠰ ᠪᠠᠲᠤ᠂ ᠡᠵᠡᠮᠳᠡᠵᠦ ᠪᠣᠯᠬᠤ᠂ ᠡᠮᠬᠢ ᠵᠢᠷᠤᠮ ᠲᠠᠢ᠂ ᠵᠣᠬᠢᠰᠲᠠᠶ︾ ᠪᠠᠶᠢᠬᠤ ᠶᠢ ᠪᠡᠶᠡᠯᠡᠭᠦᠯᠦᠨ᠎ᠡ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ ᠃ ᠲᠥᠪ ᠤᠨ ᠠᠵᠤ | ᠠᠬᠤᠶ ᠶᠢᠨ ᠠᠵᠢᠯ ᠤᠨ ᠬᠤᠷᠠᠯᠳᠤᠭᠠᠨ ᠤ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ︾᠂ ︽ᠠᠵᠢᠯᠴᠢ ᠠᠷᠪᠢᠴᠢ | ᠠᠷᠪᠢᠯᠠᠨ ᠭᠠᠮᠨᠠᠵᠤ ᠠᠵᠢᠯ ᠤᠶᠢᠯᠡᠰ ᠢ ᠡᠷᠬᠢᠯᠡᠬᠦ︾ ᠱᠠᠭᠠᠷᠳᠠᠯᠭ᠎ᠠ ᠶᠣᠰᠣᠭᠠᠷ᠂ ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠳ᠋ ᠤᠨ ᠬᠦᠴᠦᠨ ᠢ ᠲᠥᠪᠯᠡᠷᠡᠭᠦᠯᠦᠨ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠢᠬᠤᠯᠠ ᠪᠤᠰᠤ ᠵᠠᠷᠤᠯᠭ᠎ᠠ ᠶᠢ ᠡᠷᠡᠰ ᠬᠦᠴᠦᠨ ᠦᠭᠡᠢ | ᠪᠣᠯᠭᠠᠵᠤ᠂ ︽ᠭᠤᠷᠪᠠᠨ ᠵᠤᠶᠢᠯ ᠤᠨ ᠠᠯᠪᠠᠨ ᠤ ᠵᠠᠷᠤᠳᠠᠯ︾ ᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ᠂ | ᠰᠠᠯᠠᠭ᠎ᠠ ᠮᠥᠴᠢᠷ ᠤᠨ ᠲᠥᠰᠦᠪ ᠤᠨ ᠠᠵᠢᠯ ᠤᠨ ᠵᠠᠷᠤᠳᠠᠯ᠂ ᠲᠤᠰᠬᠠᠶ ᠵᠤᠶᠢᠯ ᠤᠨ ᠲᠤᠬᠠᠶᠢᠯᠠᠭᠰᠠᠨ ᠠᠵᠢᠯ ᠤᠨ | ᠵᠠᠷᠤᠳᠠᠯ ᠵᠡᠷᠭᠡ ᠪᠠᠶᠢᠩᠭᠤ ᠶᠢᠨ ᠴᠢᠨᠠᠷᠲᠠᠶ ᠵᠠᠷᠤᠯᠭ᠎ᠠ ᠶᠢ 10% ᠪᠠᠷ ᠪᠠᠭᠠᠰᠬᠠᠨ᠎ᠠ᠃ ︽ᠬᠠᠶᠢᠯᠤᠭᠤᠯᠬᠤ︾ ᠳᠡᠭᠡᠷ᠎ᠡ | ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠭᠤᠣᠯ ᠤᠨ ᠵᠠᠮ ᠢ ᠰᠢᠯᠵᠢᠭᠦᠯᠦᠨ ᠦᠭᠴᠦ ᠡᠯᠡᠰᠦ ᠮᠠᠯᠲᠠᠬᠤ | ᠬᠠᠮᠵᠢᠯᠴᠠᠭ᠎ᠠ ᠶᠢᠨ ᠡᠷᠬᠡ ᠶᠢ ᠰᠢᠯᠵᠢᠭᠦᠯᠬᠦ ᠪᠠᠷ ᠳᠠᠮᠵᠢᠨ ︽ᠥᠷᠢ ᠥᠭᠴᠡᠭᠡ ᠶᠢ ᠰᠲ᠋ᠣᠺ ᠪᠤᠯᠭᠠᠬᠤ︾ ᠠᠵᠢᠯ ᠢ | ᠶᠡᠬᠡᠪᠡᠷ ᠲᠦᠯᠬᠢᠨ ᠠᠬᠢᠭᠤᠯᠤᠨ᠎ᠠ᠃ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ ᠭᠠᠵᠠᠷ ᠰᠢᠷᠣᠶ ᠶᠢ | ᠬᠢᠮᠳᠠ ᠪᠠᠷ ᠬᠤᠳᠠᠯᠳᠤᠬᠤ᠂ ᠡᠯ᠎ᠡ ᠲᠦᠷᠦᠯ ᠤᠨ ᠪᠠᠯᠠ ᠮᠥᠩᠭᠦ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠵᠡᠷᠭᠡ | ᠠᠷᠭ᠎ᠠ ᠬᠡᠮᠵᠢᠶ᠎ᠡ ᠶᠢ ᠠᠪᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ | ᠠᠬᠤᠶᠢᠯᠠᠯ ᠤᠨ ᠲᠠᠩᠰᠠᠨ ᠵᠣᠭᠤᠰ ᠢ ᠢᠯᠭᠠᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠵᠤᠶᠢᠯᠡᠰ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ᠂ ᠵᠠᠰᠠᠭ ᠤᠨ | ᠣᠷᠳᠣᠨ ᠤᠶᠢᠯᠡᠴᠢᠯᠡᠭᠡ ᠬᠤᠳᠠᠯᠳᠤᠨ ᠠᠪᠬᠤ ᠵᠡᠷᠭᠡ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ᠂ ᠲᠤᠰᠬᠠᠶ ᠮᠡᠷᠭᠡᠵᠢᠯ | ᠢᠶᠠᠨ ᠨᠠᠷᠢᠯᠢᠭ ᠬᠢᠬᠦ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ᠂ ᠯᠠᠪᠳᠠᠭᠤᠨ ᠲᠣᠭᠲᠠᠭᠤᠨ ᠢᠶᠠᠷ ᠭᠦᠭᠵᠢᠭᠦᠯᠬᠦ ᠶᠢ | ᠠᠬᠢᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ | ᠠᠵᠤ ᠤᠶᠢᠯᠡᠰ᠂ ᠴᠢᠬᠤᠯᠠ ᠶᠡᠭᠡ ᠲᠥᠷᠥᠯ ᠵᠤᠶᠢᠯ ᠢ ᠤᠷᠢᠳᠠᠪᠠᠷ ᠪᠠᠲᠤᠯᠠᠵᠤ᠂ ᠬᠢᠵᠢᠭ ᠤᠨ ᠪᠠᠶᠢᠳᠠᠯ ᠲᠤ | ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ | ᠳᠡᠮᠵᠢᠬᠦ ᠡᠷᠴᠢᠮ ᠢ ᠴᠢᠩᠭᠠᠷᠠᠭᠤᠯᠤᠨ᠂ ᠪᠣᠳᠠᠲᠤ ᠴᠣᠭᠴᠠ ᠶᠢᠨ ᠠᠵᠤ ᠠᠬᠤᠶ ᠳᠤ ᠤᠶᠢᠯᠡᠴᠢᠯᠡᠬᠦ ᠴᠢᠳᠠᠪᠤᠷᠢ ᠶᠢ | ᠨᠡᠮᠡᠭᠳᠡᠭᠦᠯᠦᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ | ᠵᠠᠶᠢᠯᠠᠬᠤ᠂ ᠬᠥᠳᠡᠭᠡ ᠲᠤᠰᠬᠤᠨ ᠤ ᠥᠨᠳᠥᠷ ᠬᠦᠤ ᠲᠠᠢ ᠵᠢᠭᠡᠯᠡᠯᠭᠡ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ | ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ᠎ᠠ᠃ ᠠᠶᠤᠯ ᠦᠭᠡᠢ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠠᠶᠤᠯ ᠦᠭᠡᠢ ᠤᠶᠢᠯᠡᠳᠪᠤᠷᠢᠯᠡᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ | ᠲᠡᠭᠡᠭᠰᠢᠯᠡᠭᠦᠯᠵᠦ᠂ ᠵᠠᠮ ᠬᠠᠷᠢᠯᠴᠠᠭ᠎ᠠ᠂ ᠠᠶᠤᠯ ᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠳᠣᠪᠤᠶᠢᠯᠭᠠᠵᠤ᠂ ᠠᠶᠤᠯ ᠦᠭᠡᠢ ᠤᠶᠢᠯᠡᠳᠪᠤᠷᠢᠯᠡᠯ ᠤᠨ ᠶᠡᠭᠡ | ᠪᠠᠶᠢᠴᠠᠭᠠᠯᠲᠠ ᠶᠢ ᠤᠯᠠᠷᠢᠯ ᠪᠦᠷᠢ ᠨᠢᠭᠡ ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ | ᠰᠡᠷᠭᠡᠶᠢᠯᠡᠨ᠎ᠡ᠃ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠢᠨᠠᠮᠠᠭᠠᠶ | ᠰᠠᠶᠢᠲᠤᠷ ᠬᠢᠨ᠎ᠡ᠃ ᠵᠠᠬᠢᠳᠠᠯ ᠰᠤᠷᠪᠤᠯᠵᠢᠯᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ | ᠨᠡᠮᠡᠭᠳᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯᠯᠠᠭ᠎ᠠ ᠶᠢᠨ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠠᠤᠯᠢ ᠶᠤᠰᠤᠭᠠᠷ ᠴᠣᠬᠢᠯᠲᠠ ᠥᠭᠴᠦ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠤᠨ | ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ︽ᠠᠮᠤᠷ ᠠᠮᠤᠭᠤᠯᠠᠩ ᠯᠢᠶᠠᠩᠴᠧᠩ ︾ ᠤᠨ | ᠪᠦᠲᠦᠭᠡᠨ ᠪᠠᠶᠢᠭᠤᠯᠤᠯᠳᠡ ᠶᠢ ᠭᠦᠨᠵᠡᠭᠡᠢᠷᠡᠭᠦᠯᠵᠦ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠦᠷᠭᠦᠯᠵᠢᠯᠡᠨ ᠥᠷᠨᠢᠭᠦᠯᠵᠦ᠂ ᠲᠠᠶᠢᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ | ᠥᠷᠭᠡᠳᠬᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠨ᠎ᠠ᠃ | ᠳᠥᠷᠪᠡ᠂ ᠲᠥᠷᠥᠯ ᠵᠤᠶᠢᠯ ᠢ ᠬᠦᠴᠦᠯᠡᠨ ᠠᠳᠬᠤᠵᠤ᠂ ᠬᠥᠭᠵᠢᠯᠲᠡ ᠶᠢ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ ᠬᠢᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠳᠠᠯ ᠢ ︽ | ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠶᠡᠷᠦᠩᠬᠡᠶᠢᠯᠡᠨ | ᠵᠢᠯᠣᠭᠤᠳᠬᠤ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠮᠠᠨ ᠤ ᠰᠢᠶᠠᠨ ᠤ ᠡᠬᠢ ᠪᠠᠶᠠᠯᠢᠭ ᠤᠨ | ᠲᠠᠪᠠᠭᠤᠯᠢᠭ ᠲᠤ ᠰᠠᠭᠤᠷᠢᠯᠠᠨ᠂ ᠲᠣᠰ ᠲᠣᠰ ᠤᠨ ᠣᠨᠴᠠᠯᠢᠭ ᠲᠠᠢ᠂ ᠥᠷᠢᠰᠥᠯᠳᠦᠭᠡᠨ ᠢᠶᠠᠷ ᠪᠠᠶᠠᠯᠢᠭ ᠠᠵᠤ | ᠤᠶᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠵᠢᠷᠭᠤᠭᠠᠨ | ᠶᠡᠭᠡ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠬᠦ᠂ | ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 5 ᠵᠢᠱᠢᠶ᠎ᠡ ᠦᠵᠡᠭᠦᠯᠬᠦ ᠣᠷᠣᠨ ᠢ ᠰᠡᠳᠬᠢᠯ ᠲᠠᠯᠪᠢᠨ ᠴᠣᠭᠴᠠᠯᠠᠨ | ᠪᠠᠶᠢᠭᠤᠯᠤᠨ᠎ᠠ᠃ ︽ᠨᠢᠭᠡ ᠵᠢᠯ ᠳᠤ ᠵᠢᠱᠢᠶ᠎ᠡ ᠦᠵᠡᠭᠦᠯᠬᠦ᠂ ᠬᠤᠶᠠᠷ ᠵᠢᠯ ᠳᠤ ᠳᠡᠯᠭᠡᠷᠡᠭᠦᠯᠬᠦ᠂ ᠭᠤᠷᠪᠠᠨ ᠵᠢᠯ ᠳᠤ | ᠭᠡᠷᠡᠴᠢᠯᠡᠬᠦ︾ ᠰᠡᠳᠭᠢᠮᠵᠢ ᠶᠣᠰᠣᠭᠠᠷ᠂ ᠭᠤᠤᠯᠳᠠᠭᠤ ︽ᠤᠰᠤᠯᠠᠬᠤ ᠶᠢ ᠵᠣᠭᠰᠣᠭᠠᠵᠤ ᠤᠰᠤ ᠶᠢ ᠰᠡᠷᠭᠦᠭᠡᠬᠦ︾ | ᠣᠷᠣᠨ ᠳᠤ ᠰᠢᠰᠢ᠂ ᠨᠠᠷᠢᠮᠤᠨ ᠰᠢᠰᠢ᠂ ᠨᠣᠬᠠᠶ ᠶᠢᠨ ᠬᠤᠰᠢᠭᠤ ᠵᠡᠷᠭᠡ ᠡᠯᠳᠡᠪ ᠠᠮᠤ ᠡᠯᠳᠡᠪ ᠪᠤᠷᠴᠠᠭ 5 ᠲᠦᠮᠡᠨ | ᠮᠦ ᠲᠥᠪᠯᠡᠷᠡᠨ ᠵᠠᠯᠭᠠᠯᠳᠤᠭ᠎ᠠ ᠪᠠᠷ ᠲᠠᠷᠢᠵᠤ᠂ ᠭᠤᠤᠯᠯᠠᠬᠤ ᠵᠢᠱᠢᠶ᠎ᠡ ᠦᠵᠡᠭᠦᠯᠬᠦ ᠣᠷᠣᠨ ᠢ 1500 ᠮᠦ ᠨᠠᠷᠢᠨ | ᠨᠢᠮᠪᠠᠶ ᠪᠠᠶᠢᠭᠤᠯᠵᠤ᠂ ᠣᠷᠭᠠᠨᠢᠭ ᠬᠠᠭᠤᠷᠠᠶ ᠲᠠᠷᠢᠶᠠᠯᠠᠩ ᠤᠨ ᠪᠦᠲᠦᠭᠡᠭᠳᠡᠬᠦᠨ ᠤ ︽ᠵᠢᠷᠭᠤᠭ᠎ᠠ ᠶᠢ ᠨᠢᠭᠡᠳᠬᠡᠬᠦ︾ | ᠬᠠᠮᠢᠶᠠᠷᠤᠯᠲᠠ ᠶᠢᠨ ᠳᠦᠷᠢᠮ ﹇7﹈ ᠢ ᠴᠢᠩᠭ᠎ᠠ ᠬᠡᠷᠡᠭᠵᠢᠭᠦᠯᠵᠦ᠂ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ | ᠤᠷᠢᠵᠤ ᠪᠦᠬᠦ ᠶᠠᠪᠤᠴᠠ ᠳᠤ ᠵᠢᠯᠤᠭᠤᠳᠤᠨ ᠤᠶᠢᠯᠡᠴᠢᠯᠡᠭᠦᠯᠵᠦ᠂ ᠲᠠᠷᠢᠬᠤ ᠬᠡᠪᠴᠢᠶᠡᠵᠢᠭᠰᠡᠨ᠂ | ᠤᠶᠢᠯᠡᠳᠪᠤᠷᠢᠯᠡᠯ ᠤᠨ ᠪᠠᠷᠢᠮᠵᠢᠶᠠᠵᠢᠭᠰᠠᠨ᠂ ᠤᠶᠢᠯᠡᠳᠭᠦᠨ ᠨᠡᠷᠡᠲᠦ ᠲᠡᠮᠳᠡᠭᠵᠢᠭᠰᠡᠨ ︽ᠣᠷᠭᠠᠨᠢᠭ ᠬᠠᠭᠤᠷᠠᠶ | ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ︾ ᠢ ᠪᠣᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠦ ᠶᠢᠨ | ᠤᠶᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠬᠠᠢ ᠭᠤᠤ ᠮᠠᠯᠵᠢᠯ ᠤᠨ ᠳᠥᠷᠪᠡᠳᠦᠭᠡᠷ ᠬᠤᠭᠤᠴᠠᠭ᠎ᠠ᠂ ᠲᠤᠭᠤᠯ ᠠᠷᠠᠯ ᠢ ᠦᠷᠭᠡᠳᠭᠡᠨ ᠪᠠᠶᠢᠭᠤᠯᠬᠤ᠂ ᠶᠦᠩ | ᠰᠢᠩ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠳᠡ ᠶᠢ ᠪᠥᠬᠦ ᠬᠦᠴᠦᠨ ᠢᠶᠠᠷ | ᠠᠬᠢᠭᠤᠯᠵᠤ᠂ ︽ᠰᠠᠭᠠᠯᠢ ᠶᠢᠨ ᠦᠨᠢᠶ᠎ᠡ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ︾ | ᠢ ᠪᠤᠢ ᠪᠣᠯᠭᠠᠨ᠎ᠠ᠃ ᠵᠢᠶᠦ᠋ᠨ ᠶᠠᠩ ᠮᠠᠯ ᠠᠵᠤ ᠠᠬᠤᠢ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠳᠤ ᠲᠦᠰᠢᠭᠯᠡᠨ᠂ | ᠵᠢᠷᠭᠤᠳᠤᠭᠠᠷ ᠰᠤᠮᠤ ᠪᠠᠯᠭᠠᠰᠤ᠂ ᠮᠠᠩᠬᠠᠨ ᠪᠠᠯᠭᠠᠰᠤ᠂ ᠲᠢᠶᠠᠨ ᠴᠧᠩ ᠰᠢᠶᠠᠩ ᠳᠤ ᠰᠠᠭᠠᠯᠢ ᠶᠢᠨ ᠢᠮᠠᠭᠠᠨ ᠤ | ᠬᠡᠪᠴᠢᠶᠡᠲᠦ ᠲᠡᠵᠢᠭᠡᠨ ᠦᠷᠡᠵᠢᠭᠦᠯᠬᠦ 3 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 5 ᠲᠦᠮᠡ ᠳᠤ | ᠬᠦᠷᠦᠭᠦᠯᠬᠦ ᠪᠠᠷ ᠴᠢᠷᠮᠠᠶᠢᠵᠤ᠂ ︽ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ︾ ᠢ | ᠪᠠᠶᠢᠭᠤᠯᠤᠨ᠎ᠠ᠃ ᠲᠠᠷᠢᠶᠠᠯᠠᠩ ᠤᠨ ᠮᠢᠬᠠᠨ ᠢᠳᠡᠭᠡᠨ ᠡᠳ᠋ᠰᠢᠭᠦᠯᠬᠦ ᠲᠥᠷᠥᠯ ᠵᠤᠶᠢᠯ ᠤᠨ ᠲᠣᠭᠤᠷᠢᠨ ᠳᠤ᠂ ᠢᠳᠡᠰᠢᠨ | ᠲᠠᠬᠢᠶ᠎ᠠ ᠶᠢ ᠨᠡᠪᠴᠢᠭᠦᠯᠬᠦ᠂ ᠲᠡᠵᠢᠭᠡᠨ ᠦᠷᠡᠵᠢᠭᠦᠯᠬᠦ᠂ ᠨᠢᠲᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | ᠠᠵᠤ ᠤᠶᠢᠯᠡᠰ ᠤᠨ ᠬᠡᠯᠬᠢᠶ᠎ᠡ ᠶᠢ ᠤᠷᠲᠤᠳᠬᠠᠨ᠎ᠠ︔ ᠬᠤᠩ ᠮᠤᠤ ᠪᠠᠯᠭᠠᠰᠤ᠂ ᠶᠦᠩ ᠰᠢᠩ ᠪᠠᠯᠭᠠᠰᠤ᠂ ᠲᠢᠶᠠᠨ | ᠴᠧᠩ ᠰᠢᠶᠠᠩ᠂ ᠼᠤᠤ ᠨᠢᠶᠠᠨ ᠰᠢᠶᠠᠩ ᠳᠤ ᠠᠵᠤ ᠤᠶᠢᠯᠡᠰ ᠲᠠᠢ ᠤᠶᠠᠯᠳᠤᠭᠤᠯᠤᠨ ᠶᠠᠳᠠᠭᠤ ᠶᠢ ᠲᠡᠳᠬᠦᠵᠦ᠂ | ᠲᠠᠷᠢᠶᠠᠴᠢᠨ ᠡᠷᠦᠬᠡ ᠶᠢᠨ ᠬᠢᠯᠢ ᠶᠢᠨ ᠲᠠᠬᠢᠶ᠎ᠠ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ᠂ ᠰᠢᠨ᠎ᠡ ᠪᠠᠷ 100 | ᠲᠦᠮᠡᠨ ᠦᠳᠦ ᠳᠤ ᠬᠦᠷᠦᠭᠦᠯᠵᠦ᠂ ︽ᠮᠢᠬᠠᠨ ᠤ ᠲᠠᠬᠢᠶ᠎ᠠ ᠬᠢᠯᠢ ᠶᠢᠨ ᠲᠠᠬᠢᠶ᠎ᠠ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠣᠷᠣᠨ︾ ᠢ ᠪᠠᠶᠢᠭᠤᠯᠤᠨ᠎ᠠ᠃ ᠶᠤᠸᠠᠨ ᠱᠠᠨ ᠽᠢ ᠵᠡᠷᠭᠡ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠷᠰᠢᠯᠲᠠ ᠶᠢᠨ ᠠᠵᠢᠯ ᠤᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠳᠠᠭᠤᠷᠢᠶᠠᠵᠤ ᠪᠣᠯᠬᠤ | ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠪᠠᠷ ᠭᠠᠷᠳᠠᠨ ᠬᠢᠬᠦ ᠴᠡᠭ ᠪᠣᠯᠭᠠᠵᠤ᠂ ᠮᠤᠷᠢᠨ ᠲᠤᠯᠤᠭᠠᠶᠢᠳᠤ ᠠᠭᠤᠯᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠲᠠᠢ ᠤᠶᠠᠯᠳᠤᠭᠤᠯᠤᠨ᠂ ᠵᠧᠤ ᠴᠢᠤᠸᠠᠨ ᠲᠣᠰᠬᠤᠨ | ᠵᠡᠷᠭᠡ 8 ᠲᠣᠰᠬᠤᠨ ᠳᠤ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠤᠨ᠎ᠠ᠃ ᠬᠥᠳᠡᠭᠡ ᠲᠣᠰᠬᠤᠨ ᠤ | ᠬᠥᠭᠵᠢᠯᠲᠡ ᠳᠤ ᠬᠡᠷᠡᠭᠯᠡᠬᠦ ᠭᠠᠵᠠᠷ ᠤᠨ ᠬᠦᠴᠢᠷ ᠠᠰᠠᠭᠤᠳᠠᠯ ᠢ ᠰᠢᠢᠳᠪᠤᠷᠢᠯᠡᠨ᠎ᠡ᠃ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠳᠠᠷᠢᠵᠤ | ᠲᠡᠵᠢᠭᠡᠨ ᠦᠷᠡᠵᠢᠭᠦᠯᠬᠦ ᠦᠢᠯᠡᠰ ᠤᠨ ᠲᠤᠬᠢᠷᠠᠭᠤᠯᠤᠨ ᠪᠠᠶᠢᠭᠤᠯᠤᠭᠰᠠᠨ ᠰᠢᠨ᠎ᠡ ᠰᠣᠷᠭᠤᠭ ᠢ ᠪᠠᠳᠤᠯᠠᠵᠤ | ᠬᠦᠢᠲᠡᠨ ᠢᠶᠠᠷ ᠬᠠᠳᠠᠭᠠᠯᠠᠬᠤ᠂ ᠬᠠᠲᠠᠭᠠᠵᠤ ᠬᠠᠳᠠᠭᠠᠯᠠᠬᠤ᠂ ᠲᠠᠷᠢᠶᠠᠯᠠᠩ ᠤᠨ ᠮᠠᠰᠢᠨ ᠤ ᠬᠥᠮᠥᠷᠭᠡ᠂ ᠢᠯᠭᠠ ᠲᠡᠭᠦᠬᠦ | ᠪᠣᠭᠤᠳᠠᠯ ᠵᠡᠷᠭᠡ ᠪᠡᠯᠡᠳᠬᠡᠮᠵᠢ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠳᠤ | ᠣᠷᠣᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠬᠦᠢᠲᠡᠨ ᠢᠶᠠᠷ ᠬᠠᠳᠠᠭᠠᠯᠠᠬᠤ ᠲᠥᠪ | ᠪᠠᠶᠢᠭᠤᠯᠬᠤ ᠶᠢ ᠳᠠᠮᠵᠢᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠢᠶᠠᠷ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠭᠠᠵᠠᠷ ᠰᠢᠷᠣᠶ ᠡᠵᠡᠩᠨᠡᠬᠦ ᠡᠷᠬᠡ ᠶᠢᠨ ᠬᠤᠷᠰᠢᠶ᠎ᠠ᠂ ᠭᠡᠷ | ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ ᠡᠮᠬᠢ | ᠵᠢᠷᠤᠮ ᠲᠠᠢ ᠪᠠᠷ ᠡᠷᠭᠢᠯᠲᠡ ᠬᠢᠬᠦ ᠶᠢ ᠵᠤᠷᠢᠭᠵᠢᠭᠤᠯᠵᠤ᠂ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ ᠶᠢ | ᠲᠦᠷᠭᠡᠳᠬᠡᠨ᠂ ᠡᠷᠭᠢᠯᠲᠡ ᠶᠢᠨ ᠲᠠᠯᠠᠪᠠᠢ ᠶᠢ 50% ᠳᠤ ᠬᠦᠷᠦᠭᠦᠯᠵᠦ᠂ ᠲᠠᠷᠢᠶᠠᠯᠠᠬᠤ ᠡᠷᠦᠬᠡ ᠶᠢᠨ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠶᠢ ᠪᠦᠬᠦ ᠲᠠᠯ᠎ᠠ ᠪᠠᠷ ᠲᠠᠶᠢᠴᠢᠯᠠᠨ᠎ᠠ᠃ | ᠠᠵᠤ ᠤᠶᠢᠯᠡᠳᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ᠎ᠡ᠃ ᠰᠢ | ᠰᠢᠶᠠᠩ ᠢᠳᠡᠭᠡᠨ ᠪᠠ ᠡᠮ ᠤᠨ ᠵᠤᠶᠢᠯ ᠤᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠳᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠬᠤ᠂ | ᠬᠤᠪᠢ ᠣᠷᠣᠭᠤᠯᠬᠤ᠂ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠢᠶᠠᠨ ᠴᠧᠩ ᠠᠵᠤ | ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ | ᠣᠷᠣᠯᠴᠠᠬᠤ ᠶᠢ ᠵᠣᠷᠢᠭᠵᠢᠭᠤᠯᠤᠨ᠎ᠠ᠃ ᠳᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠤᠶᠢᠯᠡᠳᠪᠤᠷᠢ ᠶᠢᠨ ᠮᠠᠰᠢᠨ | ᠴᠣᠭᠴᠠᠯᠠᠪᠤᠷᠢ ᠶᠢᠨ ᠳᠡᠰ ᠳᠡᠪᠰᠢᠬᠦ ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠠᠬᠢᠯᠭᠠᠨ ᠭᠠᠷᠭᠠᠬᠤ | ᠬᠡᠮᠵᠢᠶ᠎ᠡ ᠶᠢ 130 ᠳ᠋ᠦᠩᠰᠢᠭᠤᠷ ᠭᠷᠠᠳᠦ᠋ᠰ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠠᠵᠤ ᠤᠶᠢᠯᠡᠳᠪᠤᠷᠢ ᠶᠢᠨ | ᠤᠶᠢᠯᠡᠳᠭᠦᠨ ᠤ ᠶᠡᠷᠦᠩᠬᠡᠶ ᠦᠷᠳᠡᠭ ᠢ 33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠳᠣᠲᠣᠷ᠎ᠠ 2 | ᠳ᠋ᠦᠩᠰᠢᠭᠤᠷ ᠲᠥᠭᠦᠷᠢᠭ ᠤᠨ ᠭᠠᠶᠢᠯᠢ ᠰᠤᠶᠢᠳᠭᠡᠯ ᠲᠤᠰᠢᠶᠠᠨ᠎ᠠ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠬᠤᠶᠠᠳᠤᠭᠠᠷ ᠬᠤᠭᠤᠴᠠᠭᠠᠨ ᠤ ᠪᠠ ᠰᠠᠯᠬᠢᠨ ᠭᠠᠯ ᠢᠶᠠᠷ ᠪᠤᠭᠤᠵᠢᠯᠠᠬᠤ ᠲᠥᠷᠥᠯ ᠵᠤᠶᠢᠯ ᠢ ᠲᠦᠷᠭᠡᠬᠡᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠡᠭᠡᠵᠢᠩ ᠤᠨ ᠬᠡᠯᠪᠡᠷᠢ ᠪᠠᠨ ᠠᠯᠳᠠᠭᠰᠠᠨ ᠵᠠᠯᠭᠠᠮᠵᠢ ᠮᠠᠲ᠋ᠧᠷᠢᠶᠠᠯ ᠤᠨ | ᠤᠶᠢᠯᠡᠳᠪᠤᠷᠢᠯᠡᠯ᠂ ᠨᠡᠶᠢᠯᠡᠮᠡᠯ ᠲᠣᠰᠣᠨ ᠤ ᠳᠦᠷᠰᠦ ᠶᠢᠨ ᠮᠠᠲ᠋ᠧᠷᠢᠶᠠᠯ ᠤᠨ ᠤᠶᠢᠯᠡᠳᠪᠤᠷᠢᠯᠡᠯ ᠵᠡᠷᠭᠡ ᠲᠥᠷᠥᠯ | ᠵᠤᠶᠢᠯ ᠢ ᠢᠳᠡᠪᠬᠢᠲᠡᠶ ᠪᠠᠷ ᠣᠷᠣᠭᠤᠯᠵᠤ ᠢᠷᠡᠨ᠎ᠡ᠃ ᠬᠤᠩ ᠮᠤᠤ ᠤᠯᠤᠰ ᠤᠨ ᠡᠮ ᠤᠨ ᠤᠶᠢᠯᠡᠳᠪᠤᠷᠢᠯᠡᠯ ᠢᠶᠠᠨ | ᠪᠦᠬᠦ ᠲᠠᠯ᠎ᠠ ᠪᠠᠷ ᠰᠡᠷᠭᠦᠭᠡᠬᠦ ᠶᠢ ᠳᠡᠮᠵᠢᠬᠦ ᠶᠢᠨ ᠬᠠᠮᠲᠤ ᠭᠠᠳᠠᠭᠠᠳᠤ ᠶᠢᠨ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ | ᠨᠡᠭᠡᠭᠡᠬᠦ ᠬᠡᠷᠡᠭᠲᠡᠶ᠃ | ᠵᠢᠭᠤᠯᠴᠢᠯᠠᠯ ᠤᠨ ᠠᠵᠤ ᠤᠶᠢᠯᠡᠰ ᠢ ᠶᠡᠬᠡᠪᠡᠷ ᠬᠥᠭᠵᠢᠭᠦᠯᠦᠨ᠎ᠡ᠃ ︽ᠳᠠᠭ᠎ᠠ ᠶᠢᠨ ᠨᠠᠭᠤᠷ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ︾ ᠶᠢ | ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠵᠦ᠂ ᠰᠣᠶᠣᠯ ᠤᠨ ᠵᠢᠭᠤᠯᠴᠢᠯᠠᠯ ᠢᠶᠠᠷ ᠬᠦᠴᠦᠷᠬᠡᠭ ᠰᠢᠶᠠᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠳᠠᠭ᠎ᠠ ᠶᠢᠨ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠢᠶᠠᠷ | ᠲᠥᠪ ᠪᠣᠯᠭᠠᠵᠤ᠂ ᠵᠤᠰᠠᠯᠠᠩ ᠰᠡᠯᠡᠭᠦᠴᠡᠯ᠂ ᠤᠰᠤᠨ ᠳᠡᠭᠡᠷᠡᠬᠢ ᠵᠤᠭᠠᠴᠠᠯ᠂ ᠲᠠᠯ᠎ᠠ ᠨᠤᠲᠤᠭ ᠨᠤᠭᠤ ᠭᠠᠵᠠᠷ ᠤᠨ | ᠵᠤᠭᠠᠴᠠᠯ᠂ ᠲᠦᠮᠡᠨ ᠮᠦ ᠴᠡᠴᠡᠭ ᠤᠨ ᠳᠠᠯᠠᠢ᠂ ᠠᠮᠢ ᠠᠬᠤᠢ ᠶᠢᠨ ᠲᠡᠭᠦᠬᠦ ᠵᠡᠷᠭᠡ ᠪᠡᠶᠡᠴᠢᠯᠡᠨ ᠣᠶᠢᠯᠠᠭᠠᠬᠤ | ᠲᠦᠷᠦᠯ ᠵᠦᠢᠯ ᠢ ᠥᠷᠨᠢᠭᠦᠯᠦᠨ᠎ᠡ︔ ᠳᠠᠭ᠎ᠠ ᠶᠢᠨ ᠨᠠᠭᠤᠷ ᠤᠨ ᠦᠵᠡᠮᠵᠢ ᠶᠢᠨ ᠣᠷᠣᠨ ᠤ ᠡᠳ᠋ ᠬᠥᠷᠥᠩᠭᠡ ᠶᠢ | ᠬᠤᠷᠢᠶᠠᠨ ᠠᠪᠴᠢᠷᠠᠬᠤ ᠠᠬᠢᠴᠠ ᠶᠢ ᠲᠦᠷᠭᠡᠳᠭᠡᠨ ᠠᠬᠢᠭᠤᠯᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠨᠠᠶᠢᠳᠠᠨ ᠬᠠᠮᠢᠶᠠᠷᠤᠭᠤᠯᠵᠤ ᠡᠵᠡᠩᠨᠡᠭᠦᠯᠦᠨ᠎ᠡ᠃ ᠬᠠᠯᠠᠭᠤᠨ ᠷᠠᠰᠢᠶᠠᠨ ᠤ ᠮᠥᠰᠥ | ᠴᠠᠰᠤᠨ ᠤ ᠵᠢᠵᠢᠭ ᠪᠠᠯᠭᠠᠰᠤ ᠪᠠᠷ ᠲᠥᠪ ᠪᠣᠯᠭᠠᠨ᠂ ᠴᠠᠰᠤᠨ ᠳᠤ ᠭᠤᠯᠭᠤᠬᠤ ᠬᠦᠳᠡᠯᠭᠡᠭᠡᠨ᠂ ᠰᠡᠯᠡᠭᠦᠴᠡᠨ ᠠᠮᠠᠷᠠᠬᠤ᠂ | ᠨᠠᠰᠤᠵᠢᠯ ᠤᠨ ᠠᠰᠠᠷᠠᠮᠵᠢ ᠪᠡᠶ᠎ᠡ ᠰᠤᠪᠢᠯᠠᠯᠲᠠ᠂ ᠬᠠᠯᠠᠭᠤᠨ ᠷᠠᠰᠢᠶᠠᠨ ᠢ ᠨᠢᠭᠡ ᠴᠣᠭᠴᠠᠵᠢᠭᠤᠯᠤᠭᠰᠠᠨ ᠰᠢᠨ᠎ᠡ | ᠮᠠᠶ᠋ᠢᠭ ᠤᠨ ᠵᠢᠭᠤᠯᠴᠢᠯᠠᠯ ᠤᠨ ᠣᠷᠣᠨ ᠢ ᠪᠠᠶᠢᠭᠤᠯᠵᠤ᠂ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ︽ᠣᠲᠣ | ᠦᠶ᠎ᠡ ᠶᠢᠨ ᠳᠤᠮᠳᠠ ᠳᠡᠭᠡᠳᠦ ᠲᠠᠰ ᠤᠨ ᠡᠷᠡᠭᠦᠯᠵᠢᠯ ᠠᠰᠠᠷᠠᠮᠵᠢ ᠶᠢᠨ ᠤᠶᠢᠯᠡᠴᠢᠯᠡᠭᠡᠨ ᠤ ᠠᠵᠤ ᠤᠶᠢᠯᠡᠰ ᠤᠨ | ᠲᠥᠪ︾ ᠪᠣᠯᠭᠠᠨ ᠪᠠᠶᠢᠭᠤᠯᠤᠨ᠎ᠠ︔ ᠪᠡᠭᠡᠵᠢᠩ ᠤᠨ ᠯᠦᠩᠴᠢᠩ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ | ᠵᠢᠵᠢᠭ ᠪᠠᠯᠭᠠᠰᠤ ᠶᠢᠨ ︽ᠡᠷᠡᠭᠦᠯ ᠮᠡᠨᠳᠦ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠭᠴᠠ︾᠂ ᠱᠠᠩᠬᠠᠶ ᠶᠢᠨ ᠱᠢ | ᠮᠤᠤ ᠶᠢᠨ ᠳᠠᠭ᠎ᠠ ᠶᠢᠨ ᠨᠠᠭᠤᠷ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ᠂ ᠬᠡᠷ ᠲᠡᠷᠭᠡ ᠡᠵᠡᠩᠨᠡᠬᠦ | ᠭᠠᠵᠠᠷ ᠤᠨ ᠲᠥᠷᠥᠯ ᠵᠤᠶᠢᠯ ᠤᠨ ᠠᠵᠢᠯ ᠡᠬᠢᠯᠡᠬᠦ ᠶᠢ ᠲᠦᠷᠭᠡᠳᠬᠡᠨ ᠠᠬᠢᠭᠤᠯᠤᠨ᠎ᠠ᠃ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠯ ᠲᠤᠷᠰᠢᠯᠭ᠎ᠠ ᠶᠢ | ᠪᠥᠬᠦ ᠲᠠᠯ᠎ᠠ ᠪᠠᠷ ᠳ᠋ᠦᠩᠨᠡᠵᠦ᠂ ᠨᠠᠩ ᠥᠨᠳᠥᠷ ᠪᠠᠷᠢᠮᠵᠢᠶ᠎ᠠ᠂ ᠨᠠᠩ ᠨᠠᠷᠢᠨ ᠤᠶᠢᠯᠡᠴᠢᠯᠡᠭᠡ ᠪᠠᠷ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠥᠪᠡᠷᠮᠢᠴᠡ | ᠣᠨᠴᠠᠯᠢᠭ ᠲᠠᠢ᠂ ᠰᠣᠳᠣᠨ ᠪᠦᠲᠦᠭᠡᠯ ᠪᠣᠯᠭᠠᠨ ᠡᠷᠭᠢᠯᠡᠨ᠎ᠡ᠃ ᠨᠢᠭᠡ ᠪᠦᠯᠦᠭ ᠬᠥᠳᠡᠭᠡ ᠲᠣᠰᠬᠤᠨ ᠤ ᠰᠤᠯᠠ ᠪᠠᠶᠢᠬᠤ | ᠬᠡᠷ ᠪᠠᠶᠢᠰᠢᠩ ᠢ ᠠᠰᠢᠭᠯᠠᠨ ᠤᠨᠴᠠᠯᠢᠭᠳᠤ ᠠᠷᠠᠳ ᠤᠨ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠵᠤ᠂ | ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠦᠷᠦᠯ ᠵᠤᠶᠢᠯ ᠢ ᠪᠣᠶ ᠪᠣᠯᠭᠠᠨ᠎ᠠ᠃ | ᠲᠠᠪᠤ᠂ ᠬᠦᠴᠦ ᠪᠠᠨ ᠲᠥᠪᠯᠡᠷᠡᠭᠦᠯᠦᠨ ᠰᠠᠭᠤᠷᠢ ᠶᠢ ᠴᠢᠩᠭᠠᠳᠬᠠᠵᠤ᠂ ᠳᠠᠬᠢᠨ ᠪᠠᠶᠢᠭᠤᠯᠬᠤ ᠬᠠᠮᠢᠶᠠᠷᠤᠯᠲᠠ ᠶᠢ | ᠰᠠᠶᠢᠳᠤᠷ ᠬᠢᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠵᠢᠭᠰᠠᠭᠠᠯᠳᠤ ᠪᠠᠶᠢᠯᠳᠤᠭᠠᠨ︾ ᠢ ᠰᠠᠶᠢᠲᠤᠷ ᠬᠢᠬᠦ | ᠬᠡᠷᠡᠭᠲᠡᠶ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠣᠬᠢᠷᠠᠮᠵᠢᠲᠠᠶ ᠬᠤᠲᠠ ᠶᠢᠨ ᠪᠠᠶᠢᠷᠢ | ᠲᠤᠭᠳᠠᠭᠠᠯᠳᠠ ᠶᠢᠨ ᠲᠣᠭᠤᠷᠢᠨ ᠳᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠤᠶᠢᠯᠡᠳᠤᠯ ᠢ ᠳᠣᠪᠤᠶᠢᠯᠭᠠᠨ᠎ᠠ᠃ ᠬᠥᠭᠵᠢᠯᠲᠡ ᠶᠢᠨ ᠪᠣᠳᠠᠲᠤ | ᠪᠠᠶᠢᠳᠠᠯ ᠳᠤ ᠰᠠᠭᠤᠷᠢᠯᠠᠨ᠂ ᠪᠠᠷᠠᠭᠠᠯᠬᠢᠯᠠᠯᠳᠤ ᠴᠢᠨᠠᠷ᠂ ᠵᠢᠯᠣᠭᠤᠳᠬᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ | ᠲᠤᠪᠤᠶᠢᠯᠭᠠᠨ᠂ ᠰᠠᠭᠤᠷᠢ ᠲᠠᠯᠪᠢᠬᠤ ᠠᠯᠤᠰ ᠭᠡᠳᠦ ᠳᠤ ᠠᠰᠢᠭᠲᠠᠶ᠂ ᠬᠥᠭᠵᠢᠯᠲᠡ ᠶᠢᠨ ᠵᠢᠮ᠎ᠡ ᠶᠣᠰᠣᠨ ᠳᠤ | ᠨᠡᠶᠢᠴᠡᠭᠰᠡᠨ ᠨᠢᠭᠡ ᠪᠦᠯᠦᠭ ᠲᠤᠮᠤ ᠲᠦᠷᠦᠯ ᠵᠤᠶᠢᠯ᠂ ᠰᠠᠶᠢᠨ ᠲᠦᠷᠦᠯ ᠵᠤᠶᠢᠯ ᠢ ᠨᠠᠷᠢᠨ ᠨᠢᠮᠪᠠᠶ ᠲᠥᠰᠦᠪᠯᠡᠵᠦ᠂ | ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ ᠶᠢ ᠴᠢᠨᠠᠷ ᠰᠠᠶᠢᠲᠠᠶ | ᠨᠠᠶᠢᠷᠠᠭᠤᠯᠤᠨ ᠵᠣᠬᠢᠶᠠᠨ᠎ᠠ᠃ ᠬᠤᠲᠠ ᠬᠥᠳᠡᠭᠡ ᠶᠢ ᠠᠭᠤᠰᠤᠯᠴᠠᠭᠤᠯᠬᠤ᠂ ᠣᠯᠠᠨ ᠲᠥᠯᠥᠪᠵᠢᠭᠦᠯᠭᠡ ᠶᠢ ᠨᠢᠭᠡᠳᠬᠡᠬᠦ᠂ | ᠣᠷᠣᠨ ᠵᠠᠶ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠣᠰᠣᠭᠠᠷ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠠᠵᠤ | ᠤᠶᠢᠯᠡᠰ ᠤᠨ ᠬᠥᠭᠵᠢᠯᠲᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠭᠡᠯ ᠲᠤᠭ᠎ᠠ ᠶᠢ | 10% ᠠᠴᠠ ᠳᠤᠲᠠᠭᠤ ᠥᠬᠡᠶ ᠪᠠᠶᠢᠯᠭᠠᠨ᠎ᠠ᠃ ᠬᠠᠭᠤᠴᠢᠨ ᠬᠤᠲᠠ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ | ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠶᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ | ᠭᠠᠵᠠᠷ ᠤᠨ ᠬᠡᠰᠡᠭ ᠢ ᠲᠥᠯᠥᠪᠵᠢᠭᠦᠯᠦᠨ ᠵᠢᠷᠤᠵᠤ ᠲᠥᠯᠥᠪᠯᠡᠬᠦ ᠶᠢ ᠰᠠᠶᠢᠲᠤᠷ ᠬᠢᠨ᠎ᠠ︔ ᠭᠠᠵᠠᠷ ᠰᠢᠷᠣᠶ ᠠᠰᠢᠭᠯᠠᠵᠤ | ᠪᠠᠶᠢᠭ᠎ᠠ ᠣᠳᠣᠬᠢ ᠪᠠᠶᠢᠳᠠᠯ ᠢ ᠦᠨᠳᠦᠰᠦᠯᠡᠨ᠂ ᠭᠤᠷᠪᠠᠳᠤᠭᠠᠷ ᠤᠳᠠᠭᠠᠨ ᠤ ᠤᠯᠤᠰ ᠠᠴᠠ ᠭᠠᠵᠠᠷ ᠰᠢᠷᠣᠶ ᠶᠢᠨ | ᠪᠠᠶᠢᠴᠠᠭᠠᠯᠲᠠ ᠶᠢ ᠦᠨᠡᠨ ᠢ ᠪᠠᠷᠢᠮᠲᠠᠯᠠᠨ ᠪᠡᠶᠡᠯᠡᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥᠯ ᠵᠤᠶᠢᠯ ᠢ ᠬᠡᠷᠡᠭᠵᠢᠭᠦᠯᠦᠨ᠎ᠡ᠃ | ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ | ᠲᠤᠭᠳᠠᠴᠠ ᠶᠢ ᠪᠠᠶᠢᠭᠤᠯᠵᠤ᠂ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠪᠠ ᠬᠡᠷᠡᠭᠵᠢᠭᠦᠯᠬᠦ ᠬᠦᠴᠦᠨ ᠢ | ᠴᠢᠩᠭᠠᠷᠠᠭᠤᠯᠵᠤ᠂ ᠲᠥᠯᠥᠪᠵᠢᠭᠦᠯᠪᠡ ᠦᠭᠡᠢ ᠪᠣᠯ ᠪᠠᠶᠢᠭᠤᠯᠬᠤ ᠦᠭᠡᠢ᠂ ᠵᠥᠪᠰᠢᠶᠡᠷᠡᠯ ᠦᠭᠡᠢ ᠪᠣᠯ ᠠᠵᠢᠯ | ᠡᠬᠢᠯᠡᠭᠦᠯᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠤᠳᠤ ᠦᠶ᠎ᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠎ᠠ᠃ ᠵᠠᠮ ᠬᠠᠷᠢᠯᠴᠠᠭᠠᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠳᠣᠲᠣᠭᠠᠳᠤ ᠳᠠᠭᠠᠨ ᠰᠠᠭᠠᠳ ᠦᠭᠡᠢ ᠨᠡᠪᠳᠡᠷᠡᠭᠦᠯᠬᠦ᠂ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠵᠤ᠂ ᠵᠢᠯ ᠤᠨ | ᠳᠣᠲᠣᠷ᠎ᠠ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ S209 | ᠱᠤᠭᠤᠮ ᠤᠨ ᠯᠢᠶᠠᠩᠴᠧᠩ ᠬᠡᠰᠡᠭ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 4.2 ᠺᠢᠯᠣᠮᠧᠲᠷ ᠰᠢᠨ᠎ᠡ ᠪᠠᠷ ᠪᠠᠶᠢᠭᠤᠯᠵᠤ᠂ ᠰᠢᠶᠠᠨ ᠤ ᠬᠤᠲᠠ ᠶᠢᠨ | ᠤᠮᠠᠷᠠᠰᠢ ᠭᠠᠷᠬᠤ ᠡᠭᠦᠳᠡ ᠬᠢᠭᠡᠳ S209 ᠵᠠᠯᠭᠠᠬᠤ ᠱᠤᠭᠤᠮ᠂ ᠮᠠᠩᠬᠠᠨ ᠠᠭᠤᠯᠠ ᠶᠢᠨ ᠣᠢ ᠰᠢᠭᠤᠶ ᠶᠢᠨ | ᠲᠠᠯᠠᠪᠠᠢ ᠶᠢᠨ ᠭᠠᠯ ᠰᠡᠷᠭᠡᠶᠢᠯᠡᠬᠦ ᠵᠠᠮ ᠪᠠ 2 ᠵᠤᠷᠪᠤᠰ ︽ᠲᠣᠰᠣ ᠪᠠᠷ ᠡᠯᠡᠰᠦ ᠪᠤᠴᠠᠭᠠᠬᠤ︾ ﹇8﹈ ᠥᠭᠡᠷᠡᠴᠢᠯᠡᠨ | ᠪᠠᠶᠢᠭᠤᠯᠬᠤ ᠪᠠᠷᠢᠯᠭ᠎ᠠ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠢᠳᠡᠪᠬᠢᠯᠡᠨ ᠴᠢᠷᠮᠠᠶᠢᠨ᠎ᠠ᠃ | ᠠᠶᠠᠨᠴᠢᠳ ᠲᠡᠭᠡᠭᠡᠪᠦᠷᠢ ᠶᠢᠨ ᠵᠠᠮ ᠱᠤᠭᠤᠮ ᠤᠨ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ | ᠦᠷᠬᠦᠯᠵᠢᠯᠡᠨ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠨ᠎ᠡ ᠬᠠᠩᠰᠢ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ 4 ᠵᠤᠷᠪᠤᠰ ᠨᠡᠶᠢᠲᠡ ᠶᠢᠨ | ᠮᠠᠰᠢᠨ ᠲᠡᠷᠭᠡᠨ ᠤ ᠵᠠᠮ ᠱᠤᠭᠤᠮ ᠢ ᠳᠦᠷᠢᠮᠵᠢᠭᠦᠯᠵᠦ᠂ 18 ᠰᠠᠭᠤᠷᠢ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ | ᠲᠡᠷᠭᠡ ᠶᠢ ᠠᠰᠢᠭᠯᠠᠯᠲᠠ ᠳᠤ ᠣᠷᠣᠭᠤᠯᠤᠨ᠂ ᠬᠤᠲᠠ ᠶᠢᠨ ᠠᠷᠠᠳ ᠤᠨ ᠳᠥᠭᠦᠮ ᠳᠥᠲᠡ᠂ ᠪᠤᠬᠢᠷᠳᠤᠯ ᠦᠭᠡᠢ | ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠬᠡᠵᠦ | ᠂ ᠰᠢᠤᠸᠠᠢ ᠬᠠᠢ ᠴᠴᠡᠴᠡᠷᠯᠢᠭ᠂ ᠰᠢᠩ ᠳ᠋ᠠ ᠭᠡᠷ ᠪᠦᠯᠢ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ 1200 ᠡᠷᠦᠬᠡ ᠶᠢ ᠦᠭᠡᠷᠡᠴᠢᠯᠡᠨ᠎ᠡ᠃ 7 ᠰᠠᠭᠤᠷᠢ ᠬᠠᠭᠤᠴᠢᠨ ᠲᠣᠭᠤᠷᠢᠭ ᠤᠨ | ᠥᠭᠡᠷᠡᠴᠢᠯᠡᠯᠲᠡ ᠶᠢ ᠡᠬᠢᠯᠡᠭᠦᠯᠪᠡ᠃ ᠭᠡᠷ ᠪᠠᠶᠢᠰᠢᠩ ᠲᠠᠲᠠᠪᠤᠷᠢᠯᠠᠬᠤ ᠠᠵᠢᠯ ᠢ ᠲᠦᠯᠬᠢᠨ ᠠᠬᠢᠭᠤᠯᠵᠤ᠂ ᠡᠮᠦᠨ᠎ᠡ | ᠵᠡᠭᠡᠯᠢ ᠶᠢᠨ 4 ᠵᠤᠷᠪᠤᠰ ᠵᠠᠮ ᠢ ᠦᠷᠭᠡᠳᠭᠡᠨ ᠵᠠᠰᠠᠬᠤ ᠶᠢ ᠪᠡᠶᠡᠯᠡᠭᠦᠯᠵᠦ᠂ ᠢᠵᠢ ᠪᠦᠷᠢᠳᠦᠭᠦᠯᠬᠦ ᠬᠡᠦᠬᠡᠳ ᠤᠨ | ᠴᠡᠴᠡᠷᠯᠢᠭ ᠵᠢᠴᠢ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠭᠡᠷ | ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠢᠩᠭ᠎ᠠ | ᠴᠡᠭᠴᠡᠯᠡᠨ ᠵᠠᠰᠠᠵᠤ᠂ ᠤᠯᠠᠨ ᠲᠦᠮᠡᠨ ᠤ ︽ᠦᠨᠡᠮᠯᠡᠯ ᠭᠦᠢᠴᠡᠳᠭᠡᠬᠦ ᠳᠤ ᠬᠦᠴᠢᠷᠲᠡᠶ᠂ ᠪᠤᠴᠠᠵᠤ ᠨᠡᠭᠦᠬᠦ ᠳᠤ | ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ︾ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠬᠠᠤᠯᠢ ᠲᠣᠭᠲᠠᠭᠠᠯ ᠶᠣᠰᠣᠭᠠᠷ ᠰᠢᠢᠳᠪᠤᠷᠢᠯᠡᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ | ᠲᠡᠯᠭᠡᠬᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠡᠮᠬᠢ | ᠳᠢᠭᠯᠢᠮ ᠢ ᠵᠢᠷᠤᠮᠵᠢᠭᠤᠯᠵᠤ᠂ ᠬᠤᠲᠠ ᠶᠢᠨ ᠲᠣᠭᠤᠷᠢᠭ ᠤᠨ 175 ᠲᠤᠭᠤᠷᠢᠭ ᠵᠢᠴᠢ ᠳᠠᠩ ᠪᠡᠶᠡᠲᠦ ᠠᠰᠠᠷ ᠲᠤ᠂ | ᠠᠵᠤ ᠠᠬᠤᠶᠢᠯᠠᠯ ᠤᠨ ᠬᠠᠮᠢᠶᠠᠷᠤᠯᠲᠠ ᠬᠢᠭᠡᠳ ᠥᠮᠴᠢᠲᠡᠨ ᠤ ᠥᠪᠡᠷᠲᠡᠭᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ | ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠠᠳᠠᠯ ᠠᠬᠤᠢ ᠶᠢᠨ ᠤᠶᠢᠯᠡᠴᠢᠯᠡᠭᠡᠨ ᠢ ᠪᠦᠷᠢᠨ ᠪᠦᠷᠬᠦᠭᠦᠯᠬᠦ ᠶᠢ | ᠪᠡᠶᠡᠯᠡᠭᠦᠯᠦᠨ᠎ᠡ᠃ ᠬᠤᠲᠠ ᠶᠢᠨ ᠳᠦᠷᠢ ᠲᠥᠷᠬᠦ ᠶᠢ ᠴᠡᠭᠴᠡᠯᠡᠨ ᠵᠠᠰᠠᠬᠤ᠂ ᠳᠦᠷᠢᠮ ᠲᠣᠭᠲᠠᠭᠠᠯ ᠠᠴᠠ ᠵᠥᠷᠢᠴᠡᠨ | ᠲᠡᠷᠭᠡ ᠵᠣᠭᠰᠣᠭᠠᠬᠤ᠂ ᠪᠠᠶᠢᠭᠤᠯᠤᠯᠳᠡ ᠶᠢ ᠵᠥᠷᠢᠴᠡᠨ ᠨᠤᠷᠠᠭᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ | ᠳᠥᠷᠪᠡᠨ ᠶᠡᠭᠡ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠴᠡᠪᠡᠷ ᠲᠡᠭᠰᠢ ᠡᠮᠬᠢ | ᠳᠢᠭᠯᠢᠮ ᠲᠠᠢ ᠠᠮᠢᠳᠤᠷᠠᠯ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠵᠢᠷᠭᠤᠭ᠎ᠠ᠂ ᠬᠦᠴᠦ ᠪᠠᠨ ᠲᠥᠪᠯᠡᠷᠡᠭᠦᠯᠦᠨ ᠬᠠᠷᠰᠢ ᠰᠠᠭᠠᠳ ᠢ ᠡᠪᠳᠡᠵᠦ᠂ ᠠᠮᠢᠵᠢᠷᠠᠯ ᠤᠨ ᠬᠦᠴᠦᠨ ᠢ | ᠬᠥᠭᠵᠢᠭᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ︽ᠰᠠᠨᠠᠭᠠᠴᠢᠯᠠᠭᠠᠲᠤ ᠪᠠᠶᠢᠯᠳᠤᠭᠠᠨ︾ ᠢ ᠰᠠᠶᠢᠲᠤᠷ ᠬᠢᠨ᠎ᠠ | ᠲᠦᠷᠦ ᠶᠢᠨ ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠡᠷᠡᠭᠵᠢᠭᠦᠯᠬᠦ | ᠰᠠᠨᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ᠂ ᠵᠠᠬ᠎ᠠ ᠳᠡᠯᠭᠡᠭᠦᠷᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠲᠦᠷᠭᠡᠪᠴᠢᠯᠡᠨ ᠪᠤᠢ ᠪᠣᠯᠭᠠᠨ᠎ᠠ᠃ | ᠥᠭᠡᠷᠡᠴᠢᠯᠡᠯᠲᠡ ᠶᠢ ᠲᠦᠷᠭᠡᠳᠬᠡᠵᠦ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠰᠢᠶᠠᠩ | ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠰᠢᠶᠠᠩ ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠤᠬᠢᠷᠠᠭᠤᠯᠤᠨ ᠲᠡᠭᠦᠯᠳᠡᠷᠵᠢᠭᠦᠯᠵᠦ᠂ | ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠰᠢᠶᠠᠨ ᠰᠢᠶᠠᠩ ᠤᠨ ᠬᠠᠤᠯᠢ | ᠬᠡᠷᠡᠭᠵᠢᠭᠦᠯᠬᠦ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠵᠤ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠤᠶᠢᠯᠡᠴᠢᠯᠡᠭᠡᠨ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠦᠭᠡᠷᠡᠴᠢᠯᠡᠯᠳᠡ ﹇9﹈ | ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠤᠶᠢᠯᠡᠰ ᠢ ᠬᠢᠨᠠᠨ | ᠵᠥᠪᠰᠢᠶᠡᠷᠡᠬᠦ ︽ᠲᠦᠷᠪᠡ ᠶᠢ ᠨᠢᠭᠡᠳᠬᠡᠬᠦ︾ ᠥᠭᠡᠷᠡᠴᠢᠯᠡᠯᠲᠡ ﹇10﹈ ᠶᠢ ᠬᠦᠴᠦᠯᠡᠨ ᠠᠬᠢᠭᠤᠯᠵᠤ᠂ ᠪᠦᠬᠦ | ᠤᠯᠤᠰ ᠤᠨ ᠨᠢᠭᠡᠳᠦᠯᠲᠡᠶ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠤᠶᠢᠯᠡᠰ ᠢ ᠬᠢᠨᠠᠨ ᠵᠥᠪᠰᠢᠶᠡᠷᠡᠬᠦ ᠪᠠ | ᠬᠠᠮᠢᠶᠠᠷᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃ ︽ᠨᠢᠭᠡ ᠰᠦᠯᠵᠢᠶᠡᠨ ᠳᠡᠭᠡᠷ᠎ᠡ ᠨᠢᠭᠡ ᠯᠡ | ᠳᠣᠤᠷ᠎ᠠ ᠨᠢᠭᠡ ᠯᠡ ᠤᠳᠠᠭ᠎ᠠ ᠬᠡᠷᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ ᠶᠢ ᠰᠢᠯᠢᠳᠡᠭᠵᠢᠭᠦᠯᠦᠨ ᠲᠡᠰ ᠳᠡᠪᠰᠢᠭᠦᠯᠵᠦ᠂ | ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠤᠷᠮ᠎ᠠ ᠶᠢ 90% ᠲᠤ ᠬᠦᠷᠭᠡᠵᠦ᠂ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠠᠵᠢᠯ ᠤᠨ ᠲᠦᠷᠢᠮ ﹇11﹈ ᠢ ᠪᠠᠶᠢᠭᠤᠯᠤᠨ | ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠤᠢ ᠮᠣᠳᠣᠨ ᠤ ᠡᠷᠬᠡ᠂ ᠣᠷᠣᠨ ᠰᠠᠭᠤᠴᠠ ᠶᠢᠨ | ᠭᠠᠵᠠᠷ ᠤᠨ ᠬᠠᠮᠢᠶᠠᠷᠤᠯᠲᠠ ᠵᠡᠷᠭᠡ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ︽ᠬᠤᠶᠠᠷ | ᠤᠬᠳᠤ ᠭᠤᠶᠢᠪᠢᠰᠢ ᠦᠭᠡᠢ︾ ᠴᠢᠭᠯᠡᠯᠲᠡ ﹇12﹈ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠠᠷᠭ᠎ᠠ ᠶᠢ | ᠨᠡᠶᠢᠳᠡᠯᠡᠪᠡ︔ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠵᠢᠭᠦᠯᠦᠨ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠰᠣᠶᠣᠯ ᠤᠨ ᠵᠢᠭᠤᠯᠴᠢᠯᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠳᠦᠭᠡᠭᠳᠡᠭᠦᠨ ᠢ ᠡᠳ᠋ᠰᠢᠭᠦᠯᠬᠦ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠰᠢᠶᠠᠨ ᠤ ᠱᠠᠲᠤᠨ ᠤ ᠤᠳᠤᠷᠢᠳᠤᠯᠭ᠎ᠠ | ᠭᠤᠤᠯᠳᠠᠯᠭ᠎ᠠ ᠲᠠᠢ ᠲᠥᠷᠥᠯ ᠵᠤᠶᠢᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠦᠷᠢᠮ ᠢ ᠪᠠᠶᠢᠭᠤᠯᠵᠤ᠂ ᠠᠵᠤ | ᠠᠬᠤᠶᠢᠯᠠᠯ ᠲᠠᠢ ᠰᠢᠭᠤᠳ ᠰᠢᠯᠤᠭᠤᠨ ᠪᠥᠭᠡᠳ ᠦᠨᠡᠨᠴᠢ ᠪᠠᠷ ᠬᠠᠷᠢᠯᠴᠠᠵᠤ᠂ ᠭᠡᠷ᠎ᠡ ᠲᠣᠭᠲᠠᠭᠰᠠᠨ ᠲᠥᠷᠥᠯ | ᠵᠤᠶᠢᠯ ᠢ ᠡᠷᠲᠡᠬᠡᠨ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠲᠥᠷᠥᠯ ᠵᠤᠶᠢᠯ ᠢ ᠡᠷᠲᠡᠬᠡᠨ ᠠᠵᠢᠯ ᠡᠬᠢᠯᠡᠭᠦᠯᠬᠦ᠂ | ᠠᠵᠢᠯ ᠡᠬᠢᠯᠡᠭᠦᠯᠬᠦ ᠲᠥᠷᠥᠯ ᠵᠤᠶᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ | ᠡᠯ᠎ᠡ ᠵᠤᠶᠢᠯ ᠤᠨ ᠭᠠᠶᠢᠯᠢ ᠬᠥᠩᠭᠡᠯᠡᠵᠦ ᠰᠤᠶᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ | ᠤᠨᠤᠴᠢᠳᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠤᠶᠢᠳᠭᠡᠯ ᠬᠤᠷᠢᠶᠠᠯᠲᠠ ᠶᠢ ᠪᠥᠬᠦ | ᠲᠠᠯ᠎ᠠ ᠪᠠᠷ ᠢᠯᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠤᠶᠢᠯᠡᠴᠢᠯᠡᠭᠡᠨ ᠤ ᠪᠠᠶᠢᠭᠤᠯᠤᠮᠵᠢ | ᠶᠢᠨ ᠤᠶᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠦᠷᠢᠮ ᠤᠨ ᠴᠢᠨᠠᠷᠲᠠᠶ ᠥᠪᠡᠷ ᠤᠨ | ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠳᠤ ᠦᠨᠡᠨ ᠬᠦ ᠪᠣᠳᠠᠲᠤ ᠠᠰᠢᠭ ᠬᠦᠷᠲᠡᠭᠡᠨ᠎ᠡ᠃ ︽ᠬᠤᠶᠠᠷ ᠢ | ᠰᠤᠭᠤᠴᠢᠵᠦ ᠨᠢᠭᠡ ᠶᠢ ᠢᠯᠡ ᠪᠣᠯᠭᠠᠬᠤ︾ ﹇13﹈ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠭᠰᠠᠨ ᠰᠤᠭᠤᠴᠢᠨ ᠪᠠᠶᠢᠴᠠᠭᠠᠯᠲᠠ᠂ ᠪᠠᠶᠢᠴᠠᠭᠠᠯᠲᠠ ᠶᠢᠨ ᠳᠠᠪᠲᠠᠮᠵᠢ ᠶᠢ ᠵᠦᠶ ᠵᠣᠬᠢᠰᠲᠠᠶ ᠲᠣᠭᠲᠠᠭᠠᠵᠤ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠭᠤᠳ ᠭᠠᠷ ᠲᠦᠷᠦᠭᠦ ᠶᠢ ᠪᠠᠭᠠᠰᠬᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠬᠦᠡᠭᠭᠡᠨ ᠬᠠᠭᠤᠳᠠᠮ ᠢᠶᠠᠷ ᠲᠠᠶᠢᠨ ᠳᠤ ᠭᠠᠷᠭᠠᠵᠤ᠂ ︽ᠤᠴᠢᠷ ᠦᠭᠡᠢ ᠪᠣᠯ | ᠬᠠᠷᠰᠢᠯᠠᠬᠤ ᠦᠭᠡᠢ᠂ ᠱᠠᠭᠠᠷᠳᠠᠯᠭ᠎ᠠ ᠪᠠᠶᠢᠪᠠᠯ ᠵᠠᠪᠠᠯ ᠬᠦᠯᠢᠶᠡᠨ ᠠᠪᠬᠤ︾ ᠶᠢ ᠪᠡᠶᠡᠯᠡᠭᠦᠯᠦᠨ᠎ᠡ᠃ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠰᠠᠯᠠᠭ᠎ᠠ ᠮᠥᠴᠢᠷ ᠬᠠᠮᠳᠤ ᠪᠠᠷ | ᠣᠷᠣᠯᠴᠠᠭᠰᠠᠨ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ | ᠨᠡᠶᠢᠭᠡᠮ ᠳᠠᠶᠠᠭᠠᠷ ᠢᠶᠠᠨ ᠢᠲᠡᠭᠡᠯ ᠠᠯᠳᠠᠬᠤ ᠳᠤᠷ᠎ᠠ ᠥᠬᠡᠶ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠵᠤ᠂ ᠨᠡᠶᠢᠭᠡᠮ ᠳᠠᠶᠠᠭᠠᠷ ᠢᠶᠠᠨ ᠢᠲᠡᠭᠡᠯ ᠠᠯᠳᠠᠬᠤ ᠳᠤᠷ᠎ᠠ ᠥᠬᠡᠶ᠂ ᠢᠲᠡᠭᠡᠯ ᠠᠯᠳᠠᠬᠤ ᠵᠣᠷᠢᠭ ᠥᠬᠡᠶ᠂ | ᠢᠲᠡᠭᠡᠯ ᠠᠯᠳᠠᠵᠤ ᠪᠣᠯᠬᠤ ᠥᠬᠡᠶ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ | ᠲᠤᠯᠤᠭ᠎ᠠ᠂ ᠬᠦᠴᠦ ᠪᠠᠨ ᠲᠥᠪᠯᠡᠷᠡᠭᠦᠯᠦᠨ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠤᠳᠠᠭᠠᠨ ᠳᠠᠭᠠᠭᠠᠮᠠᠭᠠᠢ | ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ | ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠨᠡᠶᠢᠭᠡᠮ ᠤᠨ ᠬᠥᠭᠵᠢᠯᠲᠡ ᠶᠢ ᠨᠠᠩ ᠬᠠᠯᠠᠭᠤᠨ ᠳᠤᠯᠠᠭᠠᠨ ᠪᠣᠯᠭᠠᠵᠤ᠂ | ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠨᠠᠩ ᠵᠤᠵᠠᠭᠠᠨ ᠪᠣᠯᠭᠠᠵᠤ᠂ ᠲᠦᠭᠡᠮᠡᠯ ᠠᠰᠢᠭ | ᠬᠦᠷᠲᠡᠭᠡᠵᠦ ᠬᠠᠮᠳᠤ ᠪᠠᠷ ᠡᠳ᠋ᠯᠡᠬᠦ ᠶᠢ ᠨᠠᠩ ᠥᠷᠭᠡᠨ ᠳᠡᠯᠭᠡᠷ ᠪᠣᠯᠭᠠᠨ᠎ᠠ᠃ | ᠠᠷᠠᠳ ᠤᠨ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠳᠤᠯᠠᠨ᠎ᠠ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠵᠢᠯ ᠣᠯᠭᠤᠯᠲᠠ ᠶᠢ | ᠲᠡᠳᠬᠦᠨ ᠳᠡᠮᠵᠢᠬᠦ ᠨᠠᠩ ᠢᠳᠡᠪᠬᠢᠲᠡᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ | ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠶᠠᠳᠠᠭᠤ ᠬᠦᠴᠢᠷᠳᠡᠯᠳᠡᠢ | ᠬᠥᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠨᠡᠶᠢᠲᠡ | ᠴᠣᠭᠴᠠ ᠳᠤ ᠠᠵᠢᠯ ᠣᠯᠭᠤᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠬᠡᠯᠪᠡᠷᠢ ᠥᠬᠡᠶ ᠲᠠᠷᠢᠶᠠᠯᠠᠩ᠂ | ᠱᠧᠨ ᠨᠢᠦ ᠰᠦ ᠶᠢᠨ ᠤᠶᠢᠯᠡᠰ ᠵᠡᠷᠭᠡ ᠠᠵᠤ ᠠᠬᠤᠶᠢᠯᠠᠯ ᠢᠶᠠᠷ ᠳᠠᠮᠵᠢᠭᠤᠯᠤᠨ᠂ ᠣᠯᠠᠨ ᠠᠷᠭ᠎ᠠ ᠵᠠᠮ ᠢᠶᠠᠷ 1000 | ᠬᠥᠮᠦᠨ ᠠᠴᠠ ᠳᠡᠭᠡᠭᠰᠢ ᠠᠵᠢᠯ ᠣᠯᠭᠤᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢ 200 ᠰᠢᠨ᠎ᠡ ᠪᠠᠷ ᠨᠡᠭᠡᠭᠡᠨ ᠬᠥᠭᠵᠢᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠵᠤ᠂ ᠠᠵᠢᠯ ᠣᠯᠤᠭᠰᠠᠨ ᠬᠥᠮᠦᠨ ᠥᠬᠡᠶ ᠬᠡᠷ | ᠪᠦᠯᠢ ᠶᠢᠨ ᠬᠥᠳᠡᠯᠦᠩᠭᠦᠶ ᠪᠠᠷ ᠪᠦᠬᠦᠨ ᠢ ᠠᠷᠢᠯᠭᠠᠬᠤ ᠶᠢ ᠦᠨᠡᠨᠬᠦ ᠪᠠᠲᠤᠯᠠᠨ᠎ᠠ᠃ ︽ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ᠂ ᠬᠠᠤᠯᠢ ᠪᠠᠷ | ᠵᠠᠰᠠᠬᠤ ᠠᠷᠭ᠎ᠠ ᠪᠠᠷᠢᠯ ᠢᠶᠠᠷ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠬᠡᠷᠡᠭᠳᠡᠢ᠃ | ᠬᠤᠲᠠ ᠶᠢᠨ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ | ᠦᠯᠡᠳᠡᠭᠰᠡᠨ ᠣᠯᠠᠨ ᠨᠡᠶᠢᠲᠡ ᠶᠢᠨ ᠲᠦᠷᠢᠶᠡᠰᠦᠨ ᠭᠡᠷ᠂ ᠬᠢᠮᠳᠠ ᠲᠦᠷᠢᠶᠡᠰᠦᠨ ᠣᠷᠣᠨ ᠰᠠᠭᠤᠴᠠ ᠶᠢ 105 | ᠢᠵᠢ ᠲᠦᠯᠦᠪᠯᠡᠭᠡ ᠲᠠᠢ ᠪᠠᠷ ᠬᠤᠪᠢᠶᠠᠷᠢᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠵᠡᠮᠳᠡᠭᠴᠦᠳ ᠢ ᠠᠪᠤᠷᠠᠨ ᠲᠤᠰᠠᠯᠠᠬᠤ᠂ | ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠳᠤᠷ ᠪᠠᠲᠤᠯᠠᠵᠤ᠂ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 5% ᠪᠠᠷ ᠳᠡᠭᠡᠭᠰᠢᠯᠡᠭᠦᠯᠦᠨ᠎ᠡ᠃ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠭᠧ ᠴᠧᠦ ᠭᠧᠦ ᠶᠢᠨ ᠣᠩᠭᠤᠨ ᠤ | ᠬᠦᠷᠢᠶᠡᠯᠡᠩ᠂ ᠮᠡᠳᠡᠷᠡᠯ ᠤᠨ ᠡᠪᠡᠳᠴᠢᠨ ᠤ ᠡᠷᠡᠭᠡᠯᠵᠡᠯ ᠤᠨ ᠲᠥᠪ ᠤᠨ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ᠃ ᠣᠯᠠᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠷᠠᠳ ᠤᠨ | ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ 7 ᠵᠤᠶᠢᠯ ᠤᠨ | ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ | ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠲᠡᠷᠢᠭᠦᠨ ᠳᠤ | ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ︾ ᠶᠢ | ᠬᠡᠷᠡᠭᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠦᠭᠡᠷᠡᠴᠢᠯᠡᠯᠳᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠣᠯᠠᠨ | ᠲᠦᠮᠡᠨ ᠤ ᠰᠤᠷᠭᠠᠨ ᠬᠥᠮᠦᠵᠢᠯ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠲᠦᠭᠡᠮᠡᠯ | ᠥᠨᠳᠥᠷ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠣᠨᠴᠠᠯᠢᠭ ᠲᠠᠢ ᠰᠤᠷᠭᠠᠭᠤᠯᠢ ᠡᠷᠭᠢᠯᠡᠬᠦ ᠶᠢ | ᠢᠳᠡᠪᠬᠢᠳᠠᠢ ᠪᠠᠷ ᠠᠬᠢᠭᠤᠯᠤᠨ᠎ᠠ︔ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠤᠨ᠎ᠠ᠃ ︽ᠡᠷᠡᠭᠦᠯ ᠡᠩᠬᠡ ᠰᠡᠷᠢᠭᠦᠨ ᠬᠤᠲᠠ︾ ᠶᠢᠨ ᠪᠠᠶᠢᠭᠤᠯᠤᠯᠲᠠ ᠶᠢ ᠲᠦᠷᠭᠡᠳᠬᠡᠵᠦ | ᠂ ᠡᠮᠴᠢᠯᠡᠭᠡ᠂ ᠡᠮᠴᠢᠯᠡᠭᠡᠨ ᠤ ᠲᠠᠭᠠᠳᠬᠠᠯ᠂ ᠡᠮ ᠡᠮᠨᠡᠯᠭᠡ ︽ᠭᠤᠷᠪᠠᠨ ᠡᠮᠴᠢᠯᠡᠭᠡ︾ ᠶᠢᠨ ᠬᠤᠯᠪᠣᠭᠠᠯᠠᠨ | ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠪᠠ ᠶᠡᠷᠦᠩᠬᠡᠶ ᠲᠤᠭ᠎ᠠ ᠪᠠᠷ | ᠰᠤᠶᠢᠳᠭᠡᠯ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠠᠩ ᠡᠪᠡᠳᠴᠢᠨ ᠤ | ᠲᠥᠷᠥᠯ ᠤᠨ ᠰᠤᠶᠢᠳᠭᠡᠯ ᠲᠤᠰᠢᠶᠠᠬᠤ ᠲᠤᠭ᠎ᠠ ᠬᠡᠮᠵᠢᠶ᠎ᠡ ᠶᠢ ᠥᠷᠭᠡᠳᠬᠡᠨ᠂ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠬᠥᠮᠦᠨ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ | 15 ᠲᠥᠭᠦᠷᠢᠭ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠳᠥᠭᠦᠮ᠂ ᠡᠮᠨᠡᠨ | ᠵᠠᠰᠠᠬᠤ ᠳᠤ ᠵᠣᠭᠤᠰ ᠪᠠᠭ᠎ᠠ ᠵᠠᠷᠤᠬᠤ ᠪᠣᠯᠭᠠᠨ᠎ᠠ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠶᠢ ᠰᠠᠨᠠᠭᠠᠴᠢᠯᠠᠵᠤ | ᠂ ᠰᠤᠶᠢᠳᠭᠡᠯ ᠬᠤᠷᠢᠶᠠᠬᠤ ᠥᠬᠡᠶ ᠪᠠᠷ ᠤᠷᠤᠭ ᠤᠨ ᠪᠠᠶᠢᠴᠠᠭᠠᠯᠲᠠ ᠬᠢᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢ ᠪᠦᠷᠢᠨᠰᠢᠭᠦᠯᠵᠦ᠂ | ᠰᠢᠶᠠᠨ ᠤ ᠡᠮᠨᠡᠯᠭᠡ ᠶᠢᠨ ᠬᠤᠷᠢᠶ᠎ᠠ᠂ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ | ᠪᠠᠶᠢᠭᠤᠯᠤᠯᠳᠡ ᠶᠢ ᠲᠦᠷᠭᠡᠳᠬᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠡᠮᠳᠡᠭᠴᠦᠳ ᠤᠨ | ᠡᠷᠡᠭᠦᠯᠵᠢᠯ ᠤᠨ ᠲᠥᠪ᠂ ᠭᠤᠷᠪᠠᠳᠤᠭᠠᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠡᠨᠡ ᠵᠢᠯ | ᠠᠰᠢᠭᠯᠠᠯᠳᠠ ᠳᠤ ᠣᠷᠣᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠡᠮᠴᠢᠯᠡᠭᠡᠨ ᠳᠤ ᠬᠡᠷᠡᠭᠯᠡᠬᠦ ᠡᠳ᠋ | ᠪᠠᠷᠠᠭ᠎ᠠ ᠶᠢᠨ ᠨᠦᠬᠡᠴᠡᠯᠡᠯᠳᠡ ᠶᠢ ᠴᠢᠩᠭᠠᠳᠬᠠᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ | ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠬᠠᠤᠯᠢ | ᠶᠣᠰᠣᠭᠠᠷ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠲᠡᠮᠡᠴᠡᠨ ᠣᠯᠤᠨ᠎ᠠ᠃ ᠣᠯᠠᠨ ᠲᠦᠮᠡᠨ ᠤ | ᠰᠣᠶᠣᠯ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠳᠠᠭ᠎ᠠ ᠶᠢᠨ ᠨᠠᠭᠤᠷ ᠤᠨ ᠬᠠᠪᠤᠷ ᠵᠤᠨ ᠨᠠᠮᠤᠷ | ᠡᠪᠦᠯ︾ ᠤᠨ ᠳᠥᠷᠪᠡᠨ ᠤᠯᠠᠷᠢᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠲᠦᠷᠪᠡᠳᠦᠭᠡᠷ | ᠬᠤᠭᠤᠴᠠᠭᠠᠨ ᠤ ︽ᠠᠭᠤᠯᠠ ᠤᠰᠤᠨ ᠤ ᠠᠶᠠᠯᠠᠯ︾ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠲᠦᠮᠡᠨ | ᠰᠤᠷᠤᠭᠴᠢ ᠶᠢᠨ ᠮᠥᠰᠥ ᠴᠠᠰᠤᠨ ᠤ ᠬᠥᠳᠡᠯᠭᠡᠭᠡᠨ ᠢ ᠥᠷᠨᠢᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ | ᠤᠯᠠᠭᠠᠨᠮᠥ᠋ᠴᠢᠷ ᠤᠨ ᠲᠦᠷᠢᠮ︾ ᠢ ᠨᠠᠶᠢᠳᠠᠪᠤᠷᠢᠵᠢᠭᠤᠯᠵᠤ ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠰᠣᠶᠣᠯ | ᠤᠷᠠᠯᠢᠭ ᠤᠨ ᠲᠥᠪ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠢ ᠠᠵᠢᠯ ᠡᠬᠢᠯᠡᠭᠦᠯᠦᠨ ᠪᠠᠶᠢᠭᠤᠯᠵᠤ᠂ | ᠤᠯᠠᠭᠠᠨᠮᠥ᠋ᠴᠢᠷ ᠤᠨ ᠤᠶᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠤᠷᠲᠤ ᠴᠠᠭᠠᠨ | ᠬᠡᠷᠡᠮ ᠤᠨ ᠬᠠᠮᠠᠭᠠᠯᠠᠯᠲᠠ᠂ ᠲᠡᠤᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ | ᠃ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠡᠨᠡ ᠵᠢᠯ ᠠᠰᠢᠭᠯᠠᠯᠲᠠ | ᠳᠤ ᠣᠷᠣᠭᠤᠯᠤᠨ᠎ᠠ᠃ | ᠡᠭᠦᠨ ᠠᠴᠠ ᠭᠠᠳᠠᠨ᠎ᠠ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠪᠡ︔ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ | ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠶᠢᠯᠡᠳᠤᠯ ᠢᠶᠠᠨ ᠪᠠᠳᠠᠷᠠᠭᠤᠯᠬᠤ ᠶᠢ ᠦᠷᠭᠦᠯᠵᠢᠯᠡᠨ | ᠲᠡᠮᠵᠢᠨ᠎ᠡ︔ ᠬᠥᠮᠦᠨ ᠪᠠ ᠵᠡᠪᠰᠡᠭᠲᠦ ᠬᠦᠴᠦᠨ ᠤ ᠬᠤᠶᠠᠷ ᠢ ᠬᠦᠷᠢᠶᠡᠯᠡᠬᠦ᠂ ᠦᠨᠳᠦᠰᠦᠲᠡᠨ ᠱᠠᠰᠢᠨ ᠰᠤᠷᠲᠠᠬᠤᠨ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠴᠠᠭ ᠠᠭᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ | ᠂ ᠪᠠᠶᠢᠭᠤᠯᠭ᠎ᠠ ᠶᠢᠨ ᠶᠠᠪᠤᠳᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ | ᠨᠠᠢᠮᠠ᠂ ᠬᠦᠴᠦᠨ ᠢᠶᠠᠨ ᠲᠥᠪᠯᠡᠷᠡᠭᠦᠯᠦᠨ ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠳᠤ ᠲᠤᠯᠭᠠᠷᠠᠵᠤ ᠪᠠᠶᠢᠭ᠎ᠠ ᠡᠭᠦᠷᠭᠡ ᠬᠠᠲᠠᠭᠤ ᠪᠡᠷᠬᠡ ᠪᠥᠭᠡᠳ | ᠬᠦᠨᠳᠦ ᠨᠦᠰᠡᠷ ᠪᠠᠶᠢᠵᠤ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠢᠷᠠᠭᠤ ᠠᠯᠳᠠᠷᠲᠠᠶ ᠪᠥᠭᠡᠳ ᠴᠢᠬᠤᠯᠠ ᠶᠡᠭᠡ | ᠶᠤᠮ᠂ ᠪᠢᠳᠡ ᠡᠷᠬᠡᠪᠰᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠶ᠃ | ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ︽ᠳᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠦᠨ᠎ᠡ᠃ ᠲᠥᠪ ᠪᠣᠯᠤᠨ ᠣᠷᠣᠨ᠂ ᠬᠤᠲᠠ᠂ ᠰᠢᠶᠠᠨ ᠤ ᠨᠠᠮ ᠤᠨ ᠬᠤᠷᠢᠶᠠᠨ ᠤ ᠡᠯ᠎ᠡ ᠵᠤᠶᠢᠯ ᠤᠨ | ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠷᠯᠢᠭ ᠪᠠᠶᠢᠪᠠᠯ | ᠬᠡᠷᠡᠭᠵᠢᠭᠦᠯᠵᠦ᠂ ᠴᠠᠭᠠᠵᠠ ᠪᠠᠶᠢᠪᠠᠯ ᠵᠣᠭᠰᠣᠭᠠᠬᠤ ᠬᠡᠷᠡᠭᠲᠡᠶ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠨᠢᠭᠡ ᠪᠦᠯᠦᠭ ᠲᠤᠰᠠᠲᠠᠶ ᠰᠠᠶᠢᠨ ᠬᠡᠷᠡᠭᠵᠢᠭᠦᠯᠬᠦ ᠠᠵᠢᠯ ᠤᠨ ᠲᠦᠷᠢᠮ ᠢ ᠰᠦᠪᠡᠭᠴᠢᠯᠡᠨ | ᠪᠠᠶᠢᠭᠤᠯᠵᠤ᠂ ︽ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠶᠢ | ᠭᠦᠨᠵᠡᠭᠡᠶᠢᠷᠡᠭᠦᠯᠦᠨ᠂ ᠰᠡᠳᠬᠢᠯ ᠳᠡᠭᠡᠨ ᠬᠠᠳᠠᠩᠰᠢᠭᠤᠯᠵᠤ᠂ ᠪᠤᠳᠠᠳᠠᠶᠢᠵᠢᠭᠤᠯᠬᠤ ᠶᠢ ᠬᠥᠲᠥᠯᠦᠨ ᠵᠢᠯᠣᠭᠤᠳᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ | ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠶ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢ ᠠᠬᠢᠭᠤᠯᠵᠤ᠂ ᠠᠰᠠᠭᠤᠳᠠᠯ ᠢ ᠰᠢᠢᠳᠪᠤᠷᠢᠯᠡᠵᠦ᠂ | ᠬᠠᠤᠯᠢ ᠪᠠᠷ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠡᠷᠬᠡᠪᠰᠢ ᠬᠢᠬᠦ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠢ | ᠬᠠᠮᠲᠤ ᠪᠠᠷ ᠰᠢᠢᠳᠪᠤᠷᠢᠳᠦ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠰᠢᠢᠳᠪᠤᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠡᠷᠬᠡ ᠶᠢᠨ ᠢᠯᠡ ᠪᠠᠷ ᠶᠠᠪᠤᠭᠳᠠᠬᠤ ᠶᠢ | ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠠᠷᠠᠳ ᠤᠨ | ᠲᠥᠯᠥᠭᠡ ᠵᠢᠳᠬᠦᠬᠦ ᠵᠣᠷᠢᠯᠲᠠ ᠶᠢ ᠤᠶᠢᠯᠡᠳᠤᠯᠭᠡᠵᠢᠭᠦᠯᠵᠦ᠂ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ | ᠬᠦᠴᠦᠯᠡᠨ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠎ᠠ᠃ ᠠᠵᠢᠯ ᠤᠨ ᠪᠦᠲᠦᠮᠵᠢ ᠶᠢᠨ ᠲᠤᠬᠠᠶ ᠵᠥᠪ | ᠦᠵᠡᠯᠲᠡ᠂ ᠠᠵᠢᠯ ᠤᠶᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠡᠷᠡᠰ ᠰᠢᠭᠤᠷᠬᠠᠶ ᠪᠠᠷ | ᠤᠷᠤᠭᠰᠢᠯᠠᠨ ᠲᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠠ | ᠵᠣᠷᠢᠭᠲᠠᠶ ᠬᠢᠵᠦ ᠵᠣᠷᠢᠭᠲᠠᠶ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢ | ᠢᠮᠠᠭᠲᠠ ᠪᠠᠷᠢᠮᠲᠠᠯᠠᠵᠤ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠠᠰᠠᠭ ᠤᠨ ᠣᠷᠳᠣᠨ | ᠪᠣᠯ ᠳᠠᠷᠤᠶ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠤᠬᠠᠮᠰᠠᠷ ᠢ ᠪᠤᠢ ᠪᠣᠯᠭᠠᠨ᠎ᠠ᠃ ᠴᠢᠩᠭ᠎ᠠ | ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠯᠠᠪᠳᠠᠭᠤᠨ ᠪᠠᠲᠤᠲᠠᠢ ᠠᠵᠢᠯ ᠬᠢᠬᠦ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ ᠺᠠᠳ᠋ᠷᠴᠤᠳ ᠲᠤ | ᠲᠤᠯᠭᠠᠭᠤᠷᠢᠯᠠᠨ ᠵᠣᠷᠢᠭᠵᠢᠭᠤᠯᠬᠤ ᠬᠡᠷᠡᠭᠲᠡᠢ᠃ | ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠳᠥᠷᠪᠡᠨ | ᠰᠤᠷᠲᠠᠯ︾ ᠤᠨ ᠨᠢᠭᠤᠭᠳᠠᠮᠠᠯ ᠰᠢᠨ᠎ᠡ ᠬᠠᠨᠳᠤᠰᠢ᠂ ᠰᠢᠨ ᠡ ᠢᠯᠡᠷᠡᠯ ᠢ ᠴᠠᠭ ᠢᠮᠠᠭᠲᠠ ᠰᠡᠷᠭᠡᠶᠢᠯᠡᠨ᠂ ᠴᠠᠭ | ᠲᠤᠬᠠᠶ ᠳᠤᠨᠢ ᠵᠠᠯᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠳᠤ ᠬᠤᠷᠴᠠ ᠰᠡᠯᠡᠮ᠎ᠡ ᠳᠡᠯᠭᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠦᠵᠡᠯ ᠰᠠᠨᠠᠭᠠᠨ ᠤ ᠰᠡᠷᠭᠡᠶᠢᠯᠡᠯᠳᠡ ᠶᠢᠨ | ᠱᠤᠭᠤᠮ ᠢ ᠪᠠᠲᠤ ᠪᠠᠬᠢ ᠪᠠᠶᠢᠭᠤᠯᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠤᠬᠠᠮᠰᠠᠷ ᠠᠴᠠ ᠪᠠᠨ | ᠬᠢᠵᠠᠭᠠᠷ ᠱᠤᠭᠤᠮ ᠢ ᠲᠣᠳᠣᠷᠬᠠᠶ ᠢᠯᠭᠠᠵᠤ᠂ ᠬᠢᠵᠠᠭᠠᠷ ᠱᠤᠭᠤᠮ ᠢ ᠰᠠᠬᠢᠵᠤ᠂ ᠤᠯᠠᠭᠠᠨ ᠱᠤᠭᠤᠮ ᠳᠤ ᠬᠦᠷᠬᠦ | ᠦᠭᠡᠢ ᠪᠠᠶᠢᠵᠤ᠂ ᠦᠨᠡᠨ ᠬᠦ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ | ᠪᠡᠶᠡᠯᠡᠭᠦᠯᠦᠨ᠎ᠡ᠃ | ᠲᠥᠯᠥᠭᠡᠯᠡᠭᠴᠢᠳ ᠡ︕ ᠬᠥᠯᠥᠰᠥ ᠪᠠᠨ ᠤᠷᠤᠰᠬᠠᠵᠤ ᠣᠯᠵᠠ ᠪᠠᠨ ᠬᠤᠷᠢᠶᠠᠵᠤ᠂ ᠰᠢᠷᠭᠠᠭᠤ | ᠠᠵᠢᠯᠯᠠᠭᠰᠠᠭᠠᠷ ᠤᠷᠤᠭᠰᠢᠯᠠᠨ᠎ᠠ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ | ᠬᠡᠮᠵᠢᠶᠡᠨ ᠤ ᠬᠠᠷᠢᠭᠤᠴᠠᠯᠭ᠎ᠠ ᠲᠠᠢ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ᠂ ᠵᠣᠷᠢᠭᠲᠠᠢ ᠪᠠᠷ | ᠤᠷᠤᠭᠰᠢᠯᠠᠨ ᠳᠠᠪᠰᠢᠬᠤ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ᠂ ᠠᠵᠢᠯ ᠬᠢᠵᠦ ᠦᠢᠯᠡᠰ ᠪᠤᠰᠬᠠᠬᠤ | ᠬᠠᠷᠢᠭᠤᠴᠠᠯᠭ᠎ᠠ ᠡᠭᠦᠷᠭᠡᠯᠡᠯ ᠢᠶᠠᠷ᠂ ᠬᠦᠴᠦ ᠪᠠᠨ ᠬᠠᠮᠲᠤᠳᠬᠠᠵᠤ ᠰᠡᠳᠬᠢᠯ ᠨᠢᠭᠡᠳᠦᠨ ᠡᠷᠡᠮᠡᠬᠡᠶᠢᠯᠡᠨ ᠤᠷᠤᠭᠰᠢᠯᠠᠵᠤ᠂ | ᠯᠢᠶᠠᠩᠴᠧᠩ ᠤᠨ ᠴᠢᠨᠠᠷ ᠰᠠᠶᠢᠲᠠᠢ ᠳᠠᠪᠠᠯᠲᠠ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | ᠤᠷᠴᠢᠭᠤᠯᠤᠭᠴᠢ᠄ ᠼᠦᠢ ᠴᠢᠩ | | | | |