ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-22
    5 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠲᠠᠷᠤᠭ᠎ᠠ ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠴᠧᠨ ᠸᠧᠢ᠂ ᡂᠢ ᠵᠢᠶᠠᠨ ᠹᠧᠩ᠂ ᠢᠦᠢ ᠱᠦᠢ ᠮᠢᠩ᠂ ᠵᠤᠤ ᠷᠦᠢ᠂ ᠳ᠋ᠦᠩ ᠶᠦᠩ ᠰᠢᠶᠠᠩ᠂ ᠱᠢ ᠼᠦᠢ ᠴᠢᠨ᠂ ᠵᠠᠩ ᠯᠢ ᠸᠧᠨ ᠬᠤᠷᠠᠯ ᠳᠤ ᠣᠷᠣᠯᠴᠠᠪᠠ᠃
       ᠬᠤᠷᠠᠯ ᠠᠴᠠ G512᠂ S102᠂ S209 ᠱᠤᠭᠤᠮ᠂ ᠬᠥᠬᠡᠬᠤᠲᠠ  ᠠᠴᠠ ᠰᠢᠩ ᠾᠧ ᠬᠦᠷᠬᠦ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠤᠨ ᠭᠠᠵᠠᠷ ᠬᠡᠷᠡᠭᠯᠡᠬᠦ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠪᠠ ᠬᠠᠮᠢᠶ᠎ᠠ ᠪᠥᠬᠦᠶ  ᠵᠤᠶᠢᠯᠡᠰ ᠢ ᠰᠤᠳᠤᠯᠵᠠᠶ᠃ ᠬᠤᠷᠠᠯ ᠠᠴᠠ ᠴᠢᠬᠤᠯᠠᠴᠢᠯᠠᠭᠰᠠᠨ ᠨᠢ᠂ ᠵᠠᠮ ᠤᠨ ᠪᠦᠲᠦᠭᠡᠨ ᠪᠠᠶᠢᠭᠤᠯᠤᠯᠲᠠ ᠨᠢ ᠯᠢᠶᠠᠩᠴᠧᠩ  ᠤᠨ  ᠬᠦᠭᠵᠢᠯᠳᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠥᠷᠥ ᠶᠢᠨ ᠪᠣᠳᠣᠯᠭ᠎ᠠ ᠵᠡᠷᠭᠡ ᠡᠯ᠎ᠡ  ᠵᠤᠶᠢᠯ ᠤᠨ ᠠᠵᠠ ᠲᠣᠬᠢᠶᠠᠯ ᠢ ᠪᠠᠲᠤ ᠡᠵᠡᠮᠳᠡᠵᠡᠶ ᠃ ᠵᠣᠬᠢᠴᠠᠭᠤᠯᠤᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠠᠪᠴᠤ᠂ ᠵᠠᠮ ᠬᠠᠷᠢᠯᠴᠠᠭᠠᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ  ᠨᠦᠬᠦᠪᠦᠷᠢᠯᠡᠬᠦ ᠬᠡᠷᠡᠭᠲᠡᠶ᠃
           ᠬᠤᠷᠠᠯ ᠠᠴᠠ ᠰᠢᠨ᠎ᠡ ᠪᠠᠷ ᠪᠠᠶᠢᠭᠤᠯᠤᠭᠰᠠᠨ ᠬᠤᠷᠢᠭᠤᠯ ᠤᠨ ᠭᠠᠵᠠᠷ ᠤᠨ ᠭᠠᠵᠠᠷ ᠰᠢᠷᠣᠢ ᠶᠢ ᠬᠤᠪᠢᠶᠠᠷᠢᠯᠠᠨ ᠰᠠᠯᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃ ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠬᠤᠷᠢᠭᠤᠯ ᠤᠨ ᠭᠠᠵᠠᠷ ᠤᠨ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ ᠬᠤᠷᠢᠭᠤᠯ ᠤᠨ ᠭᠠᠵᠠᠷ ᠲᠤ ᠬᠡᠷᠡᠭᠯᠡᠬᠦ ᠭᠡᠷ ᠪᠠᠶᠢᠰᠢᠩ ᠪᠠᠴᠢᠮ᠂ ᠲᠥᠬᠦᠭᠡᠷᠦᠮᠵᠢ ᠬᠠᠭᠤᠴᠢᠷᠬᠠᠰᠠᠨ ᠵᠡᠷᠭᠡ ᠠᠰᠠᠭᠤᠳᠠᠯ ᠢ ᠦᠨᠳᠦᠰᠦᠨ ᠠᠴᠠ ᠨᠢ  ᠰᠢᠢᠳᠪᠤᠷᠢᠯᠡᠵᠦ᠂ ᠳᠣᠲᠣᠭᠠᠳᠤ ᠶᠢ ᠬᠠᠮᠠᠭᠠᠯᠠᠬᠤ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠷᠢᠭᠤᠯ  ᠤᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ  ᠲᠡᠭᠡᠭᠰᠢᠯᠡᠭᠦᠯᠬᠦ ᠬᠡᠷᠡᠭᠳᠡᠢ ᠭᠡᠪᠡ᠃      ᠬᠤᠷᠠᠯ ᠠᠴᠠ  ᠡᠮᠦᠨ᠎ᠡ ᠶᠡᠭᠡ ᠵᠡᠭᠡᠯᠢ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠢᠵᠢ  ᠪᠦᠷᠢᠳᠦᠭᠦᠯᠬᠦ ᠲᠦᠷᠦᠯ ᠵᠦᠢᠯ ᠤᠨ ᠭᠠᠵᠠᠷ ᠰᠢᠷᠣᠢ ᠶᠢ ᠬᠤᠪᠢᠶᠠᠷᠢᠯᠠᠨ ᠰᠠᠯᠭᠠᠬᠤ ᠪᠠ ᠢᠵᠢ ᠪᠦᠷᠢᠳᠦᠭᠰᠡᠨ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠬᠦ ᠨᠢ ᠬᠤᠲᠠ ᠶᠢᠨ ᠪᠦᠲᠦᠭᠡᠨ ᠪᠠᠶᠢᠭᠤᠯᠤᠯᠳᠡ ᠪᠣᠯᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠪᠣᠯᠬᠤᠷ ᠲᠥᠯᠥᠪᠵᠢᠭᠦᠯᠭᠡ ᠶᠢᠨ  ᠪᠠᠶᠢᠷᠢᠰᠢᠭᠤᠯᠤᠯᠳᠡ‌‍ᠶᠢ  ᠴᠢᠩᠭᠠᠳᠬᠠᠵᠠᠢ᠃ ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠥᠷᠲᠡᠭ ᠤᠨ ᠪᠦᠳᠦᠮᠵᠢᠳᠠᠢ ᠠᠰᠢᠭᠯᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ ᠭᠡᠪᠡ᠃     ᠬᠤᠷᠠᠯ ᠠᠴᠠ ᠴᠡᠷᠢᠭ ᠤᠨ ᠠᠯᠪᠠᠨ ᠠᠴᠠ ᠪᠠᠭᠤᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠪᠠᠲᠤᠯᠠᠭ᠎ᠠ  ᠶᠢ ᠦᠷᠭᠦᠯᠵᠢᠯᠡᠭᠦᠯᠬᠦ ᠠᠵᠢᠯ ᠢ ᠰᠤᠳᠤᠯᠵᠤ᠂ ᠬᠤᠷᠠᠯ ᠠᠴᠠ ᠴᠢᠬᠤᠯᠠᠴᠢᠯᠠᠭᠰᠠᠨ ᠨᠢ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ  ᠭᠦᠢᠴᠡᠳ ᠲᠠᠨᠢᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠨ  ᠤᠶᠢᠯᠡᠳᠤᠯ ᠢ ᠦᠨᠡᠨ ᠬᠦ  ᠪᠠᠳᠠᠷᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ  ᠤᠶᠢᠯᠡᠴᠢᠯᠡᠨ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠨ᠎ᠠ  ᠭᠡᠪᠡ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ  ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃                                 ᠰᠤᠷᠪᠤᠯᠵᠢᠯᠠᠭᠴᠢ᠄ ᠱᠠᠩ ᠶᠦᠨ ᠰᠢᠶᠠ                                 ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2