ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ ᠨᠠᠷ ᠮᠠᠶᠢᠬᠠᠨᠳᠤ ᠪᠠᠯᠭᠠᠰᠤᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠢᠯᠣᠭᠤᠳᠤᠨ  ᠦᠷᠨᠢᠭᠦᠯᠪᠡ
ᠨᠡᠶᠢᠲᠡᠯᠡᠭᠰᠡᠨ ᠴᠠᠭ᠄
2020-05-25
    5 ᠰᠠᠷ᠎ᠠ ᠶᠢᠨ 22 ᠤᠨ ᠡᠳᠦᠷ ᠤᠨ ᠦᠳᠡ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ᠂ ᠳᠡᠳ᠋  ᠬᠡᠯᠳᠡᠰ ᠤᠨ ᠲᠠᠷᠤᠭ᠎ᠠ ᠵᠠᠩ ᠯᠢ ᠨᠢᠩ ᠨᠠᠷ ᠮᠠᠶᠢᠬᠠᠨᠳᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠤᠶᠢᠯᠡᠳᠤᠯᠭᠡ ᠶᠢᠨ ᠦᠷᠳᠡᠭᠡ ᠶᠢᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠡᠢ᠃ ᠯᠢ ᠹᠧᠩ ᠱᠤᠸᠠᠩ ᠨᠠᠷ ᠤᠷᠢᠳ ᠬᠤᠵᠢᠳ ᠮᠠᠶᠢᠬᠠᠨᠳᠤ  ᠪᠠᠯᠭᠠᠰᠤᠨ ᠤ ᠱᠧᠩ ᠯᠢ ᠲᠣᠰᠬᠤᠨ᠂ ᠮᠠᠶ ᠱᠧᠩ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠡᠷᠡᠴᠢᠯᠡᠨ ᠮᠠᠶᠢᠬᠠᠨᠳᠤ ᠪᠠᠯᠭᠠᠰᠤᠨ ᠤ ᠲᠣᠰᠬᠤᠨ ᠤ ᠺᠠᠳ᠋ᠷ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠤ  ᠤᠶᠢᠯᠡᠳᠤᠯᠭᠡ ᠶᠢᠨ ᠠᠵᠢᠯᠯᠠᠭ᠎ᠠ ᠶᠢ ᠬᠡᠷᠬᠢᠨ ᠨᠡᠩ ᠰᠠᠶᠢᠲᠤᠷ ᠪᠠᠶᠢᠭᠤᠯᠬᠤ ᠪᠠ ᠥᠷᠨᠢᠭᠦᠯᠬᠦ ᠲᠤᠬᠠᠢ ᠰᠠᠨᠠᠯ ᠢᠶᠠᠨ  ᠰᠤᠯᠢᠯᠴᠠᠨ ᠰᠤᠳᠤᠯᠤᠨ ᠶᠠᠷᠢᠯᠴᠠᠪᠠ᠃      ᠮᠠᠶᠢᠬᠠᠨᠳᠤ ᠪᠠᠯᠭᠠᠰᠤᠨ ᠳᠤ ᠣᠳᠣ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ 1 ᠪᠣᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ 1 ᠪᠠᠶᠢᠵᠤ᠂ 2020 ᠣᠨ ᠳᠤ ᠳᠠᠬᠢᠨ 3  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠶᠢᠭᠤᠯᠬᠤ ᠪᠠᠷ ᠲᠥᠯᠥᠪᠯᠡᠵᠦ ᠪᠣᠶ᠃ ᠣᠳᠣᠬᠠᠨ ᠳᠤ᠂ ᠢᠯᠠᠯᠲᠠ ᠶᠢᠨ ᠦᠢᠯᠡᠳᠦᠯᠭᠡ  ᠶᠢᠨ ᠥᠷᠲᠡᠭᠡ ᠨᠢ ᠭᠡᠰᠢᠭᠦᠳ ᠤᠨ ᠪᠡᠶ᠎ᠡ ᠴᠢᠭᠢᠷᠠᠭᠵᠢᠭᠤᠯᠬᠤ ᠪᠠᠭᠠᠵᠢ  ᠬᠡᠷᠡᠭᠰᠡᠯ᠂ ᠴᠡᠷᠢᠭ ᠤᠨ ᠫᠢᠩᠫᠠᠩ ᠪᠥᠮᠪᠦᠭᠡ ᠶᠢᠨ ᠲᠠᠶᠢᠰᠠ᠂ ᠲᠣᠰᠬᠤᠨ ᠤ ᠠᠷᠠᠳ ᠲᠤ ᠵᠣᠷᠢᠭᠤᠯᠤᠭᠰᠠᠨ ᠬᠥᠭᠵᠢᠮ ᠵᠡᠷᠭᠡ ᠶᠢ ᠲᠣᠬᠢᠷᠠᠭᠤᠯᠵᠠᠶ᠃ ᠪᠣᠯᠪᠠᠰᠤᠨ ᠤ ᠦᠢᠯᠡᠳᠦᠯᠭᠡ ᠶᠢᠨ ᠰᠢᠷᠢᠰ ᠠᠵᠢᠯᠯᠠᠭ᠎ᠠ ᠪᠠᠷ ᠳᠠᠮᠵᠢᠭᠤᠯᠤᠨ ᠥᠷᠭᠡᠨ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠪᠡ᠃ ᠲᠦᠷᠦᠭᠦᠬᠡᠨ ᠬᠢᠵᠢᠭ ᠤᠨ  ᠪᠠᠶᠢᠳᠠᠯ᠂  ᠬᠠᠩᠰᠢ  ᠶᠢᠨ ᠡᠳᠦᠷ ᠭᠠᠯ ᠰᠡᠷᠭᠡᠶᠢᠯᠡᠬᠦ ᠬᠤᠭᠤᠴᠠᠭᠠᠨ ᠳᠤ᠂ ᠱᠧᠩ ᠯᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠡᠩᠨᠡᠭᠡ ᠤᠯᠠᠨ ᠶᠠᠩᠵᠤ ᠶᠢᠨ ᠰᠠᠶᠢᠨ ᠲᠤᠷᠠᠴᠤᠳ ᠤᠨ ᠠᠵᠢᠯᠯᠠᠭ᠎ᠠ  ᠦᠷᠨᠢᠭᠦᠯᠵᠦ᠂ ᠮᠠᠶᠢᠬᠠᠨᠳᠤ ᠪᠠᠯᠭᠠᠰᠤᠨ ᠤ ᠬᠢᠵᠢᠭ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ ᠵᠡᠷᠭᠡ ᠠᠵᠢᠯ ᠳᠤ ᠴᠥᠮ ᠮᠠᠰᠢ ᠶᠡᠭᠡ ᠦᠢᠯᠡᠳᠦᠯ ᠦᠵᠡᠭᠦᠯᠵᠡᠢ᠃     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠪᠣᠯ ᠡᠷᠬᠡᠪᠰᠢ ᠬᠢᠬᠦ ᠴᠢᠬᠤᠯᠠ ᠲᠠᠢ  ᠤᠯᠤᠰ ᠲᠥᠷᠥ ᠶᠢᠨ ᠡᠭᠦᠷᠭᠡ ᠮᠥᠨ᠂ ᠬᠥᠳᠡᠭᠡ ᠲᠣᠰᠬᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠳᠤ  ᠤᠶᠢᠯᠡᠴᠢᠯᠡᠬᠦ᠂ ᠤᠯᠠᠨ ᠲᠦᠮᠡᠨ ᠢ ᠨᠢᠭᠲᠠᠷᠠᠭᠤᠯᠬᠤ ᠵᠠᠩᠭᠢᠯᠠᠭ᠎ᠠ ᠶᠢᠨ ᠨᠢᠭᠡ ᠠᠯᠬᠤᠮ ᠮᠥᠨ᠃ ᠮᠠᠶᠢᠬᠠᠨᠳᠤ ᠪᠠᠯᠭᠠᠰᠤ ᠶᠢᠨ ᠳᠠᠷᠠᠭᠠᠬᠢ ᠠᠵᠢᠯ ᠤᠨ ᠳᠤᠮᠳᠠ ᠣᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠠᠵᠢᠯᠯᠠᠭ᠎ᠠ ᠶᠢᠨ ᠭᠤᠤᠯ ᠰᠡᠳᠦᠪ ᠪᠣᠯᠤᠨ ᠬᠡᠯᠪᠡᠷᠢ ᠶᠢ ᠨᠠᠷᠢᠨ ᠨᠢᠮᠪᠠᠶ ᠵᠢᠷᠤᠵᠤ ᠲᠥᠯᠥᠪᠯᠡᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠥᠳᠡᠭᠡ ᠲᠣᠰᠬᠤᠨ ᠤ ᠡᠬᠡ ᠭᠠᠵᠠᠷ ᠲᠤ  ᠪᠤᠳᠠᠳᠠᠢ  ᠂ ᠠᠮᠢᠳᠤᠯᠢᠭ  ᠂ ᠰᠢᠨ᠎ᠡ ᠪᠣᠯᠭᠠᠵᠤ᠂ ᠬᠦᠴᠦᠷᠬᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠪᠦᠲᠦᠮᠵᠢᠲᠡᠶ  ᠤᠶᠢᠯᠡᠳᠤᠯᠭᠡᠵᠢᠭᠦᠯᠵᠦ  ᠂ ᠤᠯᠠᠨ ᠲᠦᠮᠡᠨ ᠤ ᠤᠶᠤᠨ ᠤ ᠪᠣᠯᠪᠠᠰᠤᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠲᠡᠭᠦᠯᠳᠡᠷᠵᠢᠭᠦᠯᠦᠨ᠎ᠡ᠃                                                                                    ᠤᠷᠴᠢᠭᠤᠯᠤᠭᠴᠢ᠄ ᠼᠦᠢ ᠴᠢᠩᠵᠤᠬᠢᠶᠠᠭᠴᠢ᠄ ᠮᠠᠶᠢᠬᠠᠨᠳᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2