ᠯᠢᠶᠠᠩᠴᠧᠩ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠶᠠᠨ ᠤ ᠨᠠᠮ ᠤᠨ ᠬᠤᠷᠢᠶᠠᠨ ᠤ ᠬᠠᠮᠢᠶ᠎ᠠ | ᠪᠦᠬᠦᠢ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ | ᠪᠣᠯ᠄ | ︵ᠨᠢᠭᠡ︶ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ | ᠰᠢᠭᠤᠶ᠂ ᠨᠤᠳᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠦᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ | ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠠᠴᠠ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠪᠡ ᠪᠠ ᠬᠡᠮᠵᠢᠨ ᠵᠢᠷᠤᠬᠤ ᠵᠡᠷᠭᠡ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠨ᠎ᠠ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠵᠦ ᠦᠨᠡᠯᠡᠬᠦ ᠶᠢ ᠬᠠᠷᠢᠭᠤᠴᠠᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠬᠢᠨᠠᠨ ᠬᠡᠮᠵᠢᠵᠦ ᠦᠨᠡᠯᠡᠬᠦ ᠭᠦᠢᠴᠡᠳᠭᠡᠯ ᠲᠣᠭᠠᠨ ᠤ ᠰᠢᠰᠲ᠋ᠧᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ | ᠶᠣᠰᠣᠭᠠᠷ᠂ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ | ᠨᠢᠭᠡᠳᠦᠯᠲᠡᠢ ᠳᠤ ᠵᠢᠷᠤᠮᠵᠢᠭᠰᠠᠨ ᠳᠦᠷᠢᠮ ᠢ ᠪᠠᠶᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ | ᠪᠠᠶᠢᠴᠠᠭᠠᠯᠲᠠ᠂ ᠲᠤᠰᠬᠠᠶ ᠵᠤᠶᠢᠯ ᠤᠨ ᠪᠠᠶᠢᠴᠠᠭᠠᠯᠲᠠ ᠪᠠ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ | ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠰᠢᠶᠠᠩ ᠪᠠᠯᠭᠠᠰᠤ ᠶᠢ | ᠵᠢᠯᠣᠭᠤᠳᠴᠤ ᠪᠠᠶᠢᠭᠠᠳ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ | ᠥᠷᠨᠢᠭᠦᠯᠬᠦ ᠬᠡᠷᠡᠭᠲᠡᠶ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠡᠮᠳᠡᠭᠯᠡᠵᠦ ᠳᠠᠩᠰᠠᠯᠠᠬᠤ | ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠡᠯ᠎ᠡ | ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠡᠷᠬᠡ ᠶᠢ ᠨᠤᠲᠠᠯᠠᠨ | ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ | ᠮᠠᠷᠭᠤᠯᠳᠤᠭᠠᠨ ᠢ ᠵᠣᠬᠢᠴᠠᠭᠤᠯᠤᠨ ᠰᠢᠢᠳᠪᠤᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ | ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠪᠠ | ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤᠪᠠᠷ ᠭᠥᠷᠳᠡᠬᠦ᠂ ᠬᠤᠷᠢᠶᠠᠩᠭᠤᠶᠢᠯᠠᠨ | ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠦᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠪᠣᠯᠤᠨ | ᠦᠯᠦ ᠬᠥᠳᠡᠯᠬᠦ ᠬᠦᠷᠦᠩᠭᠡ ᠶᠢᠨ ᠡᠷᠬᠡ ᠶᠢ ᠨᠤᠲᠠᠯᠠᠨ ᠲᠤᠭᠳᠠᠭᠠᠵᠤ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ | ᠲᠠᠯᠪᠢᠨ᠎ᠠ᠃ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ | ᠪᠦᠬᠦ ᠰᠢᠶᠠᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ | ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ | ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ | ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠦᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠬᠦ᠂ ᠬᠠᠩᠰᠢᠯᠠᠵᠤ | ᠪᠡᠯᠡ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢ ᠵᠦᠶ ᠵᠣᠬᠢᠰᠲᠠᠶ | ᠲᠤᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ | ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ | ᠶᠣᠰᠣᠭᠠᠷ ᠬᠤᠷᠢᠶᠠᠨ ᠠᠪᠤᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ | ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠳᠡᠰ ᠬᠤᠪᠢᠶᠠᠨ | ᠳᠡᠰ ᠲᠣᠭᠲᠠᠭᠠᠭᠰᠠᠨ ᠦᠨ᠎ᠡ ᠬᠠᠩᠰᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ ᠬᠢᠨᠠᠨ ᠰᠢᠯᠭᠠᠬᠤ ᠠᠵᠢᠯ ᠢ ᠥᠷᠨᠢᠭᠦᠯᠵᠦ᠂ | ᠠᠷᠪᠢᠳᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠬᠤ ᠶᠢ | ᠬᠠᠷᠢᠭᠤᠴᠠᠬᠤ ᠶᠢᠨ ᠬᠠᠮᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠭᠤᠤᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠤᠯᠤᠰ ᠠᠴᠠ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠲᠤᠰᠬᠠᠶ ᠲᠥᠯᠥᠪᠵᠢᠭᠦᠯᠪᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠳᠤ ᠲᠣᠬᠢᠷᠠᠮᠵᠢᠲᠠᠶ ᠴᠢᠨᠠᠷ ᠤᠨ | ᠦᠨᠡᠯᠳᠡ ᠶᠢ ᠥᠷᠨᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠬᠢᠵᠠᠭᠠᠷ ᠵᠡᠷᠭᠡ ᠡᠵᠡᠮᠰᠢᠯ ᠤᠨ | ᠱᠤᠭᠤᠮ ᠢ ᠲᠣᠭᠲᠠᠭᠠᠬᠤ ᠠᠵᠢᠯ ᠢ ᠵᠤᠬᠢᠶᠠᠨ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ | ᠬᠠᠮᠠᠭᠠᠯᠠᠬᠤ ᠤᠶᠢᠯᠡᠳᠪᠤᠷᠢᠯᠡᠯ᠂ ᠠᠮᠢᠳᠤᠷᠠᠯ᠂ ᠠᠮᠢ ᠠᠬᠤᠶ ᠵᠢᠨᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ | ᠪᠦᠬᠦ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ | ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ | ᠪᠤᠳᠤᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ | ᠪᠠᠶᠢᠭᠠᠯᠢ ᠶᠢᠨ ᠡᠬᠢ ᠪᠠᠶᠠᠯᠢᠭ ᠤᠨ ᠤᠰᠤᠨᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠵᠤ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠰᠢᠯᠵᠢᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠪᠠ | ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠲᠣᠰᠬᠤᠨ ᠪᠠᠯᠭᠠᠰᠤ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠳᠣᠯᠤᠭ᠎ᠠ︶ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ | ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ | ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠮᠢ ᠠᠬᠤᠶ ᠶᠢ | ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠵᠦ ᠳᠠᠬᠢᠨ ᠬᠠᠭᠠᠯᠪᠤᠷᠢᠯᠠᠬᠤ᠂ ᠠᠭᠤᠷᠬᠠᠢ ᠶᠢᠨ | ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ | ᠵᠦᠶ ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠴᠢᠬᠤᠯᠠ ᠶᠡᠭᠡ ᠰᠤᠩᠭᠤᠯᠳᠡ ᠳᠤ ᠪᠡᠯᠡᠳᠬᠡᠬᠦ ᠲᠥᠷᠥᠯ ᠵᠤᠶᠢᠯ ᠢ ᠳᠤᠷᠠᠳᠬᠤ ᠬᠡᠷᠡᠭᠲᠡᠶ᠃ | ︵ ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠳᠦᠷᠢᠮ ᠢ ᠲᠡᠭᠦᠯᠳᠡᠷᠵᠢᠭᠦᠯᠵᠦ᠂ ᠲᠠᠷᠢᠶᠠᠨ | ᠭᠠᠵᠠᠷ ᠢ ᠡᠵᠡᠯᠡᠨ ᠬᠡᠷᠡᠭᠯᠡᠭᠰᠡᠨ ᠨᠥᠬᠦᠪᠥᠷᠢ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ | | ︵ᠶᠢᠰᠦ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠳᠤ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠪᠦᠬᠦ ᠰᠢᠶᠠᠨ ᠤ ᠰᠠᠭᠤᠷᠢ ᠴᠢᠨᠠᠷᠲᠠᠶ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠳᠡ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠤᠨ᠎ᠠ | ᠃ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠶᠡᠭᠡ | ᠬᠡᠮᠵᠢᠶ᠎ᠡ ᠪᠠᠷ ᠨᠡᠭᠡᠭᠡᠨ ᠮᠠᠯᠲᠠᠬᠤ ᠵᠢᠴᠢ ᠭᠠᠵᠠᠷ ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ ᠭᠠᠵᠠᠷ | ᠰᠢᠨᠵᠢᠯᠡᠭᠡᠨ ᠤ ᠠᠰᠠᠭᠤᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃ ᠡᠷᠲᠡᠨ ᠤ ᠠᠮᠢᠳᠤ ᠪᠣᠳᠠᠰ ᠤᠨ | ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ︶ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ | ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠭᠠᠵᠠᠷ ᠤᠨ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ | ᠪᠠᠶᠢᠴᠠᠭᠠᠬᠤ᠂ ᠨᠠᠷᠢᠨ ᠪᠠᠶᠢᠴᠠᠭᠠᠬᠤ ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ | ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠮᠡᠷᠭᠡᠵᠢᠯ ᠤᠨ ᠬᠢᠨᠠᠨ | ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠤᠨ | ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠬᠤ ᠵᠢᠴᠢ | ᠳᠠᠷᠤᠵᠤ ᠨᠤᠷᠠᠭᠠᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠵᠤ ᠬᠢᠨᠠᠨ ᠬᠠᠷᠭᠤᠭᠤᠯᠵᠤ | ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠠᠭᠤᠷᠬᠠᠢ ᠶᠢᠨ ᠦᠢᠯᠡᠰ ᠤᠨ | ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠢ ᠶᠢᠨ ᠲᠥᠷᠥᠯ᠂ ᠳᠠᠪᠠᠭᠤᠯᠢᠭ | ᠠᠭᠤᠷᠬᠠᠢ ᠶᠢᠨ ᠭᠠᠷᠤᠯᠲᠠ ᠶᠢ ᠲᠤᠬᠢᠷᠠᠭᠤᠯᠤᠨ ᠡᠵᠡᠮᠳᠡᠬᠦ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ | ᠬᠡᠷᠡᠭᠲᠡᠶ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠶᠢ | ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠᠨ ᠬᠤᠶᠠᠷ︶ ᠭᠠᠵᠠᠷ ᠵᠦᠶ ᠶᠢᠨ ᠮᠡᠳᠡᠭᠡ ᠵᠠᠩᠭᠢ ᠶᠢ ᠬᠡᠮᠵᠢᠨ ᠵᠢᠷᠤᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠴᠢᠳᠠᠯ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ | ᠬᠠᠷᠢᠭᠤᠴᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢ | ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠭᠵᠢᠯᠳᠡ ᠪᠠ ᠴᠢᠳᠠᠪᠤᠷᠢᠲᠠᠨ ᠢ ᠬᠥᠮᠦᠵᠢᠭᠦᠯᠬᠦ ᠲᠥᠯᠥᠪᠵᠢᠭᠦᠯᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠪᠠᠷᠢᠮᠵᠢᠶ᠎ᠠ᠂ ᠳᠦᠷᠢᠮ ᠲᠣᠭᠲᠠᠭᠠᠯ ᠤᠨ ᠵᠢᠷᠤᠮᠵᠢᠯ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠬᠢᠴᠢᠯᠠᠯᠳᠡ ᠪᠠ | ᠮᠡᠳᠡᠭᠡ ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ ᠤᠶᠢᠯᠡᠴᠢᠯᠡᠭᠡ ᠶᠢ ᠲᠦᠯᠬᠢᠨ ᠠᠬᠢᠭᠤᠯᠤᠨ᠎ᠠ᠃ | ︵ᠠᠷᠪᠠᠨ ᠲᠦᠷᠪᠡ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠦᠯᠦᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠬᠤᠯᠠ ᠶᠡᠭᠡ ᠴᠢᠭᠯᠡᠯᠲᠡ | ᠲᠥᠷᠥ ᠶᠢᠨ ᠪᠣᠳᠣᠯᠭ᠎ᠠ᠂ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ | ᠲᠤᠭᠳᠠᠭᠠᠯᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠢᠮᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ | ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠵᠢᠴᠢ ᠬᠡᠮᠵᠢᠨ ᠵᠢᠷᠤᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠨ᠎ᠡ᠃ | ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ | ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠨ᠎ᠠ᠃ | ︵ᠠᠷᠪᠠᠨ ᠲᠠᠪᠤ︶ ᠣᠷᠣᠨ ᠨᠤᠲᠤᠭ ᠤᠨ ᠴᠢᠨᠠᠷᠲᠠᠶ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠮᠡᠷᠭᠡᠵᠢᠯ ᠤᠨ | ᠲᠣᠭᠲᠠᠭᠠᠯ ᠢ ᠬᠠᠷᠢᠭᠤᠴᠠᠨ ᠲᠣᠭᠲᠠᠭᠠᠨ᠎ᠠ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ | ᠭᠠᠵᠠᠷ ᠰᠣᠩᠭᠤᠬᠤ ᠶᠢᠨ ᠪᠣᠯᠤᠮᠵᠢᠲᠤ ᠰᠤᠳᠤᠯᠤᠯ ᠨᠤᠲᠠᠯᠠᠯᠲᠠ ᠶᠢ ᠵᠣᠬᠢᠶᠠᠨ ᠪᠠᠶᠢᠭᠤᠯᠤᠨ᠎ᠠ᠃ ᠭᠠᠵᠠᠷ ᠳᠣᠤᠷᠠᠬᠢ | ᠶᠡᠷᠦᠩᠬᠡᠶᠢᠯᠡᠭᠰᠡᠨ ᠬᠤᠭᠤᠯᠠᠶ ᠱᠤᠭᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠭᠠᠵᠠᠷ ᠳᠣᠤᠷᠠᠬᠢ | ᠣᠷᠣᠨ ᠵᠠᠶ ᠶᠢ ᠠᠰᠢᠭᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠵᠢᠴᠢ ᠴᠢᠬᠤᠯᠠ ᠭᠠᠵᠠᠷ ᠣᠷᠣᠨ ᠤ | ᠪᠠᠶᠢᠭᠤᠯᠤᠯᠳᠡ ᠶᠢᠨ ᠴᠢᠨᠠᠷᠲᠠᠶ ᠨᠠᠷᠢᠨ ᠲᠥᠯᠥᠪᠵᠢᠭᠦᠯᠭᠡ᠂ ᠬᠤᠲᠠ ᠶᠢᠨ ᠵᠢᠷᠤᠭ ᠲᠥᠯᠥᠪᠯᠡᠭᠡ᠂ ᠦᠵᠡᠮᠵᠢ ᠶᠢᠨ | ᠣᠷᠴᠢᠨ ᠲᠣᠭᠤᠷᠢᠨ ᠤ ᠲᠥᠯᠥᠪᠵᠢᠭᠦᠯᠭᠡ ᠪᠠ ᠬᠤᠲᠠ ᠶᠢᠨ ᠶᠠᠪᠤᠳᠠᠯ ᠤᠨ ᠲᠤᠰᠬᠠᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠲᠡᠷᠡᠴᠢᠯᠡᠨ ᠳᠡᠭᠡᠷ᠎ᠡ | ᠳᠤᠷᠠᠳᠤᠭᠰᠠᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠪᠠ ᠨᠢᠭᠡᠨᠲᠡ ᠵᠦᠪᠰᠢᠶᠡᠷᠡᠭᠰᠡᠨ ᠡᠯ᠎ᠡ | ᠵᠤᠶᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷᠠᠬᠢ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠬᠤᠲᠠ ᠶᠢᠨ | ᠶᠠᠪᠤᠳᠠᠯ ᠤᠨ ᠢᠨᠵᠧᠨᠧᠷᠩ ︵ᠲᠦᠷ ᠬᠡᠷᠡᠭᠯᠡᠬᠦ ᠭᠠᠵᠠᠷ ᠪᠠ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠪᠠᠭᠲᠠᠨ᠎ᠠ︶ ᠢ ᠬᠠᠤᠯᠢ ᠶᠣᠰᠣᠭᠠᠷ ᠲᠥᠯᠥᠪᠵᠢᠭᠦᠯᠦᠨ ᠬᠠᠮᠢᠶᠠᠷᠬᠤ ᠬᠡᠷᠡᠭᠲᠡᠶ᠃ ︽ᠪᠦᠲᠦᠭᠡᠨ | ᠪᠠᠶᠢᠭᠤᠯᠤᠯᠲᠠ ᠶᠢᠨ ᠲᠥᠷᠥᠯ ᠵᠤᠶᠢᠯ ᠤᠨ ᠭᠠᠵᠠᠷ ᠰᠣᠩᠭᠤᠬᠤ ᠰᠠᠨᠠᠯ ᠤᠨ ᠪᠢᠴᠢᠭ︾ ᠪᠣᠯᠤᠨ ︽ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ︾᠂ ︽ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠪᠣᠯᠤᠨ ︽ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠢ | ᠬᠢᠨᠠᠨ ᠣᠯᠭᠤᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠴᠢᠯᠥᠭᠡᠲᠡᠶ ᠲᠠᠯᠪᠢᠬᠤ᠂ ᠤᠲᠠᠰᠤ | ᠰᠢᠯᠭᠠᠨ ᠬᠠᠮᠢᠶᠠᠷᠬᠤ ᠪᠠ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ | ᠲᠡᠩᠴᠡᠭᠰᠡᠨ ᠦᠨᠡᠮᠯᠡᠯ︾ ᠢ ᠬᠢᠨᠠᠨ ᠣᠯᠭᠤᠬᠤ ᠬᠡᠷᠡᠭᠲᠡᠶ᠃ ᠲᠥᠯᠥᠪᠵᠢᠭᠦᠯᠪᠡ ᠵᠢᠷᠤᠭ ᠲᠥᠯᠥᠪᠯᠡᠭᠡ ᠶᠢᠨ | ᠲᠥᠰᠦᠯ ᠢ ᠬᠢᠨᠠᠨ ᠲᠣᠭᠲᠠᠭᠠᠵᠤ ᠨᠤᠲᠠᠯᠠᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠵᠢᠷᠤᠭ ᠲᠥᠯᠥᠪᠯᠡᠭᠡᠨ ᠤ | ᠲᠥᠰᠦᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ | ︵ᠠᠷᠪᠠᠨ ᠨᠠᠢᠮᠠ︶ ᠪᠠᠶᠢᠭᠠᠯᠢ ᠶᠢᠨ ᠡᠬᠢ ᠪᠠᠶᠠᠯᠢᠭ ᠤᠨ ᠳᠠᠩᠰᠠ ᠡᠪᠬᠡᠮᠡᠯ ᠢ ᠬᠠᠮᠢᠶᠠᠷᠬᠤ ᠪᠠ ᠶᠡᠷᠦᠩᠬᠡᠶᠢᠯᠡᠨ | ᠠᠰᠢᠭᠯᠠᠬᠤ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯ ᠦᠭᠡᠢ | ᠤᠶᠢᠯᠡᠳᠪᠤᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠵᠤ᠂ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠦᠭᠡᠢ ᠤᠶᠢᠯᠡᠳᠪᠤᠷᠢᠯᠡᠯ ᠤᠨ ᠠᠵᠢᠯ ᠢ ᠡᠭᠦᠷᠭᠡᠯᠡᠨ᠎ᠡ᠃ | | ︵ᠬᠤᠷᠢ︶ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ︔ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠪᠤᠬᠢᠷᠳᠤᠯ ᠢ ᠵᠠᠰᠠᠵᠤ ᠰᠡᠷᠭᠦᠭᠡᠬᠦ ᠵᠡᠷᠭᠡ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠠᠶᠤᠯ ᠦᠭᠡᠢ ᠤᠶᠢᠯᠡᠳᠪᠤᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ | ᠬᠠᠷᠢᠭᠤᠴᠠᠨ᠎ᠠ᠃ | ︵ᠬᠤᠷᠢᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ | ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠤᠢ ᠪᠦᠬᠦᠢ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠱᠠᠭᠠᠷᠳᠠᠯᠭ᠎ᠠ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠤᠶᠢᠯᠡᠳᠤᠯ ᠢ ᠪᠠᠳᠠᠷᠠᠭᠤᠯᠵᠤ᠂ ᠪᠠᠶᠢᠭᠠᠯᠢ ᠶᠢᠨ | ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ | ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠥᠬᠦ | ᠶᠠᠪᠤᠴᠠ ᠳᠤ ᠰᠡᠷᠭᠦᠭᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠪᠦᠬᠦᠯᠢ ᠴᠣᠭᠴᠠ ᠪᠠᠷ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ | ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠲᠦᠷᠢᠮ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ | ᠠᠬᠢᠭᠤᠯᠤᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ | ᠴᠣᠮᠬᠠᠳᠬᠠᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠤᠶᠢᠯᠡᠳᠤᠯ ᠢ ᠴᠢᠩᠭᠠᠷᠠᠭᠤᠯᠵᠤ | ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠲᠠᠩᠰᠠᠯᠠᠬᠦ ᠪᠠ ᠦᠨᠡᠯᠡᠨ ᠵᠢᠱᠢᠬᠦ ᠶᠢᠨ ᠠᠷᠠᠳ ᠲᠤ | ᠲᠥᠬᠦᠮ ᠦᠵᠡᠭᠦᠯᠬᠦ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ | ︵ᠬᠤᠷᠢᠨ ᠲᠦᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 1 ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠣᠶ ᠰᠢᠭᠤᠶ ᠪᠣᠯᠤᠨ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠠᠬᠤ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠤᠯᠤᠨ᠎ᠠ᠃ | ︵1︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ | ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠭᠠᠵᠠᠷ ᠤᠨ ᠭᠠᠢ | ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ︔ ᠣᠯᠠᠨ ᠢᠶᠠᠷ ᠢᠶᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠮᠡᠷᠭᠡᠵᠢᠯ ᠤᠨ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠰᠢᠨᠵᠢᠯᠡᠭᠡᠨ ᠤ ᠭᠠᠢ | ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ︔ ᠭᠠᠵᠠᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵2︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠰᠢᠶᠠᠨ ᠤ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠣᠯᠤᠨ ᠠᠶᠤᠯ ᠦᠭᠡᠶ ᠤᠶᠢᠯᠡᠳᠪᠤᠷᠢᠯᠡᠯ ᠤᠨ ᠲᠥᠷᠥᠯ᠂ ᠪᠠᠶᠢᠭᠠᠯᠢ | ᠶᠢᠨ ᠭᠠᠮᠰᠢᠭ ᠤᠨ ᠲᠥᠷᠥᠯ ᠤᠨ ᠲᠤᠰᠬᠠᠶ ᠵᠤᠶᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠤᠨ ᠶᠣᠰᠣᠭᠠᠷ᠂ ᠪᠠᠶᠢᠭᠠᠯᠢ ᠶᠢᠨ | ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠡᠪᠴᠢᠶ᠎ᠡ ᠶᠣᠰᠣᠭᠠᠷ | ᠲᠣᠭᠲᠠᠭᠠᠯ ᠭᠠᠷᠭᠠᠨ᠎ᠠ︔ ᠰᠢᠶᠠᠨ ᠤ ᠬᠦᠨᠳᠦ ᠶᠡᠭᠡ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ | ᠡᠭᠦᠷᠭᠡᠯᠡᠵᠦ᠂ ᠳᠡᠭᠡᠳᠦ ᠱᠠᠲᠤᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢ ᠬᠠᠪᠰᠤᠷᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ | ᠠᠶᠤᠯ᠂ ᠤᠰᠤ ᠡᠷᠲᠡ ᠡᠭᠦᠰᠬᠦ ᠭᠠᠮᠰᠢᠭ᠂ ᠭᠠᠵᠠᠷ ᠬᠥᠳᠡᠯᠦᠯᠲᠡ ᠪᠣᠯᠤᠨ ᠭᠠᠵᠠᠷ ᠤᠨ ᠭᠠᠮᠰᠢᠭ ᠵᠡᠷᠭᠡ ᠶᠢ | ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠴᠠᠭ ᠠᠭᠤᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠨᠢᠭᠡᠳᠦᠯᠲᠡᠶ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ | ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠤᠭᠳᠠᠴᠠᠶᠢ ᠲᠡᠭᠦᠯᠳᠡᠷᠵᠢᠭᠦᠯᠵᠦ᠂ | ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ | ᠶᠣᠰᠣᠭᠠᠷ ᠨᠡᠶᠢᠲᠡᠯᠡᠨ᠎ᠡ᠃ ᠣᠯᠠᠨ ᠭᠠᠮᠰᠢᠭ ᠤᠨ ᠲᠥᠷᠥᠯ ᠵᠤᠶᠢᠯ ᠪᠣᠯᠤᠨ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ | ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠶ᠃ ᠡᠷᠬᠡ ᠣᠯᠭᠤᠭᠰᠠᠨ ᠶᠣᠰᠣᠭᠠᠷ | ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠰᠡᠷᠡᠮᠵᠢᠯᠡᠭᠦᠯᠬᠦ ᠪᠠ ᠭᠠᠯ ᠤᠨ ᠠᠶᠤᠯ᠂ | ᠭᠠᠯ ᠤᠨ ᠠᠶᠤᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ︵3︶ ᠤᠰᠤᠨ ᠠᠰᠢᠭᠯᠠᠯᠲᠠ ᠶᠢᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ | ᠦᠶᠡᠷ ᠤᠨ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ | ᠤᠰᠤᠨ ᠤ ᠪᠠᠶᠢᠳᠠᠯ ᠢ ᠡᠷᠲᠡ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠴᠢᠬᠤᠯᠠ | ᠭᠤᠤᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠵᠦ | ᠭᠠᠩ ᠤᠨ ᠭᠠᠮᠰᠢᠭ ᠢ ᠰᠡᠷᠭᠡᠶᠢᠯᠡᠬᠦ ᠲᠣᠬᠢᠷᠠᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ | ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠳᠡᠰ ᠳᠠᠷᠠᠭᠠᠯᠠᠯ ᠶᠣᠰᠣᠭᠠᠷ | ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠶᠡᠷ ᠤᠨ ᠭᠠᠮᠰᠢᠭ ᠢ | ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ | ᠢ ᠡᠭᠦᠷᠭᠡᠯᠡᠨ᠎ᠡ᠃ | ︵4︶ ᠰᠢᠶᠠᠩ ᠪᠠᠯᠭᠠᠰᠤᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠪᠠᠶᠢᠭᠤᠯᠤᠮᠵᠢ ᠨᠢ | ᠰᠢᠶᠠᠨ ᠤ ᠦᠶᠡᠷ ᠢ ᠰᠡᠷᠭᠡᠶᠢᠯᠡᠵᠦ ᠡᠰᠡᠷᠭᠦᠴᠡᠬᠦ ᠵᠢᠯᠣᠭᠤᠳᠬᠤ ᠭᠠᠵᠠᠷ ᠵᠢᠴᠢ ᠤᠰᠤᠨ ᠠᠰᠢᠭᠯᠠᠯᠲᠠ ᠶᠢᠨ | ᠲᠣᠪᠴᠢᠶᠠᠨ ᠤ ᠦᠶᠡᠷ ᠢ ᠰᠡᠷᠭᠡᠶᠢᠯᠡᠵᠦ ᠥᠷᠯᠥᠭᠡ ᠶᠢ ᠡᠰᠡᠷᠭᠦᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠬᠠᠷᠢᠭᠤᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠵᠢᠯᠣᠭᠤᠳᠬᠤ ᠭᠠᠵᠠᠷ ᠤᠨ ᠵᠢᠭᠠᠪᠤᠷᠢ ᠶᠢ ᠬᠡᠷᠡᠭᠵᠢᠭᠦᠯᠦᠨ᠎ᠡ᠃ | ︵5︶ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ | ᠨᠠᠶᠢᠳᠠᠪᠤᠷᠢᠵᠢᠭᠤᠯᠬᠤ᠂ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ | ᠲᠥᠯᠥᠪᠵᠢᠭᠦᠯᠪᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠬᠦ ᠬᠡᠷᠡᠭᠲᠡᠶ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ ᠂ ᠰᠢᠮᠳᠠᠭᠤᠯᠤᠨ ᠪᠠᠶᠢᠴᠠᠭᠠᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ | ᠢᠷᠡᠯᠲᠡ ᠶᠢ ᠬᠠᠮᠢᠶᠠᠷᠬᠤ᠂ ᠭᠠᠯ ᠰᠡᠷᠭᠡᠶᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠢ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠤᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ | ︵6︶ ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠵᠦ᠂ ᠰᠢᠶᠠᠨ ᠤ | ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ | ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃ | 2᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠷᠠᠯ ᠨᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠤᠪᠴᠢᠶ᠎ᠠ ᠠᠴᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠯᠢᠶᠠᠩᠴᠧᠩ | ᠰᠢᠶᠠᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ | | ᠤᠷᠴᠢᠭᠤᠯᠤᠭᠴᠢ᠄ ᠼᠦᠢ ᠴᠢᠩ |