ᠭᠤᠣᠯ ᠡᠭᠦᠷᠭᠡ ᠬᠠᠷᠢᠭᠤᠴᠠᠯᠭ᠎ᠠ᠄ | ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ︽ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ︾ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ | ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ | ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠬᠡᠷᠡᠭᠲᠡᠶ᠃ | ︵ᠨᠢᠭᠡ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠤᠳᠤᠯᠤᠨ ᠵᠣᠬᠢᠶᠠᠨ ᠪᠠᠶᠢᠭᠤᠯᠵᠤ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ | ᠪᠦᠷᠢᠨ ᠪᠣᠯᠭᠠᠨ ᠲᠡᠭᠦᠯᠳᠡᠷᠵᠢᠭᠦᠯᠬᠦ ᠬᠡᠷᠡᠭᠲᠡᠶ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ | ᠲᠦᠯᠦᠪᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠳᠡ ᠶᠢ ᠡᠭᠦᠷᠭᠡᠯᠡᠵᠦ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠲᠣᠭᠲᠠᠭᠠᠬᠤ ᠳᠤ ᠣᠷᠣᠯᠴᠠᠵᠤ᠂ ᠬᠥᠳᠡᠭᠡ ᠲᠣᠰᠬᠤᠨ ᠤ ᠨᠡᠶᠢᠭᠡᠮ ᠤᠨ ᠤᠶᠢᠯᠡᠰ᠂ ᠣᠯᠠᠨ ᠨᠡᠶᠢᠲᠡ ᠶᠢᠨ | ᠤᠶᠢᠯᠡᠴᠢᠯᠡᠭᠡᠨ᠂ ᠰᠠᠭᠤᠷᠢ ᠪᠡᠯᠡᠳᠬᠡᠮᠵᠢ ᠪᠣᠯᠤᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠳᠡᠢ ᠲᠥᠯᠥᠪᠯᠡᠨ | ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠤᠶᠤᠨ ᠤ ᠪᠣᠯᠪᠠᠰᠤᠨ᠂ ᠲᠠᠷᠢᠶᠠᠯᠠᠩ ᠤᠨ ᠰᠢᠯᠢᠳᠡᠭ | ᠰᠣᠶᠣᠯ ᠪᠠ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠭᠤᠷᠪᠠ︶ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ | ᠲᠦᠯᠦᠪᠯᠡᠨ ᠠᠬᠢᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠪᠠ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠬᠤ ᠬᠡᠷᠡᠭᠲᠡᠶ᠃ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ | ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠴᠤ᠂ ᠲᠠᠷᠢᠶᠠᠨ ᠭᠠᠵᠠᠷ ᠤᠨ ᠬᠡᠷᠡᠭᠯᠡᠬᠦ | ᠡᠷᠬᠡ ᠶᠢᠨ ᠡᠷᠭᠢᠯᠲᠡ ᠳᠤ ᠬᠢᠨᠠᠯᠲᠠ ᠲᠠᠯᠪᠢᠵᠦ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ ᠬᠥᠨᠳᠡᠯᠡᠨ ᠠᠴᠠ | ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ᠂ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠤᠨ | ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠳ ᠤᠨ | ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠤᠶᠢᠯᠡᠴᠢᠯᠡᠭᠡᠨ ᠤ ᠰᠢᠰᠲ᠋ᠧᠮ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠳᠡ ᠶᠢᠨ ᠭᠤᠤᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ | ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠲᠠᠷᠢᠶᠠᠴᠢᠳ ᠤᠨ ᠪᠡᠯᠡ ᠴᠤᠭᠯᠠᠭᠤᠯᠵᠤ | ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃ | ︵ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰᠴᠢᠯᠡᠨ ᠡᠵᠡᠩᠨᠡᠬᠦ ᠲᠥᠷᠥ ᠶᠢᠨ ᠪᠣᠳᠣᠯᠭ᠎ᠠ᠂ | ᠲᠦᠯᠦᠪᠵᠢᠭᠦᠯᠭᠡ ᠶᠢ ᠬᠠᠷᠢᠭᠤᠴᠠᠨ ᠲᠣᠭᠲᠠᠭᠠᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠤᠶᠢᠯᠡᠰ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠤᠶᠢᠯᠡᠰ᠂ ᠰᠡᠯᠡᠭᠦᠴᠡᠯ ᠤᠨ ᠲᠠᠷᠢᠶᠠᠯᠠᠩ ᠮᠠᠯ | ᠠᠵᠤ ᠠᠬᠤᠢ ᠶᠢᠨ ᠬᠥᠭᠵᠢᠯᠲᠡ ᠪᠣᠯᠤᠨ ᠠᠵᠤ ᠤᠶᠢᠯᠡᠰ ᠤᠨ ᠤᠶᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠤᠨ᠎ᠠ᠃ ᠬᠥᠳᠡᠭᠡ ᠲᠣᠰᠬᠤᠨ ᠤ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ | ᠵᠢᠯᠣᠭᠤᠳᠤᠨ᠎ᠠ᠃ | ︵ᠲᠠᠪᠤ︶ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ | ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠬᠠᠮᠠᠭᠠᠯᠠᠨ᠎ᠠ᠃ | ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ | ᠬᠡᠮᠵᠢᠵᠦ ᠵᠠᠳᠠᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠮᠡᠳᠡᠭᠡ | ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠪᠣᠯᠤᠨ | ᠬᠥᠳᠡᠭᠡ ᠲᠣᠰᠬᠤᠨ ᠤ ᠮᠡᠳᠡᠭᠡ ᠵᠠᠩᠬᠢᠴᠢᠯᠠᠯᠳᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠲᠠᠷᠢᠮᠠᠯ ᠤᠨ ᠤᠶᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠠᠷᠢᠶᠠᠯᠠᠩ ᠤᠨ | ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠤᠶᠢᠯᠡᠰ ᠤᠨ | ᠵᠢᠯᠤᠭᠤᠳᠬᠤ ᠤᠶᠢᠯᠡᠴᠢᠯᠡᠭᠡᠨ ᠪᠣᠯᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ | ᠵᠤᠶᠢᠯ᠂ ᠰᠦ ᠶᠢᠨ ᠤᠶᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ ᠭᠤᠤᠯ ᠪᠣᠯᠬᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠶᠢᠯᠡᠳᠪᠤᠷᠢᠯᠡᠯ ᠬᠦᠭᠵᠢᠯᠳᠡ ᠶᠢ ᠠᠬᠢᠭᠤᠯᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠤᠶᠢᠯᠡᠳᠪᠤᠷᠢᠯᠡᠯ ᠤᠨ ᠰᠢᠰᠲ᠋ᠧᠮ ᠪᠣᠯᠤᠨ | ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ᠂ ᠪᠠᠶᠢᠷᠢᠰᠢᠭᠤᠯᠤᠯ ᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠤᠶᠢᠯᠡᠳᠪᠤᠷᠢᠯᠡᠯ ᠢ ᠵᠢᠯᠣᠭᠤᠳᠴᠤ᠂ | ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ | ᠶᠢᠨ ᠬᠥᠭᠵᠢᠯᠲᠡ ᠶᠢ ᠠᠬᠢᠭᠤᠯᠤᠨ᠎ᠠ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠬᠤᠯᠪᠤᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠯᠭᠠᠨ | ᠪᠠᠶᠢᠴᠠᠭᠠᠬᠤ᠂ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠤᠷᠳᠠᠭᠳᠠᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ᠂ ᠪᠣᠬᠢᠷᠲᠤᠯ ᠦᠭᠡᠢ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ | ᠂ ᠭᠠᠵᠠᠷ ᠵᠦᠶ ᠶᠢᠨ ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠦᠬᠦᠢ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ ᠨᠠᠢᠮᠠ︶ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ | ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠵᠢᠭᠠᠰᠤᠨ ᠠᠵᠤ | ᠠᠬᠤᠶ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ | ᠪᠠᠶᠠᠯᠢᠭ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠢᠭᠡᠳ ᠬᠠᠮᠢᠶᠠᠷᠤᠯᠲᠠ ᠶᠢ ᠵᠢᠯᠣᠭᠤᠳᠬᠤ | ᠬᠡᠷᠡᠭᠲᠡᠶ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠵᠢᠯ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠤᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ | ᠬᠠᠮᠠᠭᠠᠯᠠᠯᠲᠠ ᠪᠠ ᠠᠷᠢᠭᠤᠨ ᠴᠡᠪᠡᠷ ᠤᠶᠢᠯᠡᠳᠪᠤᠷᠢᠯᠡᠨ᠎ᠡ᠃ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ | ᠠᠬᠤᠢ ᠶᠢᠨ ᠡᠷᠭᠢᠯᠳᠡᠲᠦ ᠲᠠᠷᠢᠶᠠᠯᠠᠩ ᠮᠠᠯ ᠠᠵᠤ ᠠᠬᠤᠶ ᠪᠤᠯᠤᠨ ᠤᠰᠤ ᠠᠷᠪᠢᠯᠠᠬᠤ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠵᠢᠴᠢ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠶᠡᠷᠦᠩᠬᠡᠶᠢᠯᠡᠭᠰᠡᠨ | ᠨᠡᠭᠡᠭᠡᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠤᠳᠠᠰ ᠤᠨ ᠠᠵᠤ ᠦᠢᠯᠡᠰ ᠤᠨ | ᠬᠥᠭᠵᠢᠯᠲᠡ ᠶᠢ ᠵᠢᠯᠣᠭᠤᠳᠤᠨ᠎ᠠ᠃ | ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠤᠶᠢᠯᠡᠳᠪᠤᠷᠢᠯᠡᠯ ᠤᠨ ᠬᠡᠷᠡᠭᠰᠡᠯ ᠪᠣᠯᠤᠨ | ᠣᠷᠣᠭᠤᠯᠤᠯᠲᠠ ᠶᠢᠨ ᠡᠳ᠋ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠤᠶᠢᠯᠡᠳᠪᠤᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ ᠬᠤᠯᠪᠤᠭᠳᠠᠯ ᠪᠦᠬᠦᠢ ᠤᠯᠤᠰ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ | ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠪᠣᠷᠳᠤᠭ᠎ᠠ᠂ | ᠪᠣᠷᠳᠣᠭᠠᠨ ᠤ ᠨᠡᠮᠡᠯᠲᠡ ᠡᠳ᠋ ᠢ ᠪᠣᠷᠣᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠥᠷᠨᠢᠭᠦᠯᠬᠦ ᠬᠡᠷᠡᠭᠲᠡᠶ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯ ᠦᠭᠡᠢ ᠶᠢᠨ ᠬᠠᠮᠢᠶᠠᠷᠤᠯᠳᠡ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ | ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠤ ᠤᠶᠢᠯᠡᠳᠭᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ︶ ᠲᠠᠷᠢᠮᠠᠯ᠂ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ | ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ | ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠤᠨ᠎ᠠ᠃ | ᠪᠦᠬᠦ ᠰᠢᠶᠠᠨ ᠤ ᠠᠮᠢᠲᠠᠨ ᠤᠷᠭᠤᠮᠠᠯ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ | ᠪᠠ ᠲᠡᠭᠦᠨ ᠳᠤ ᠬᠢᠨᠠᠯᠲᠠ ᠲᠠᠯᠪᠢᠵᠤ᠂ ᠭᠡᠨᠡᠳᠲᠡ ᠡᠭᠦᠰᠬᠦ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠤᠨ ᠨᠡᠶᠢᠳᠡᠮ | ᠪᠠᠶᠢᠴᠠᠭᠠᠯᠲᠠ ᠪᠣᠯᠤᠨ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯ ᠦᠭᠡᠶ ᠶᠢᠨ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠪᠠ ᠠᠶᠤᠯ ᠦᠭᠡᠶ ᠤᠶᠢᠯᠡᠳᠪᠤᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ | ᠪᠤᠷᠳᠤᠭᠤᠷ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ | ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ | ᠤᠶᠢᠯᠡᠳᠪᠤᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠶᠢ | ᠳᠤᠷᠠᠳᠤᠨ ᠭᠠᠷᠭᠠᠪᠠ᠃ ᠭᠠᠮᠰᠢᠭ ᠠᠴᠠ ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠤᠶᠢᠯᠡᠳᠪᠤᠷᠢᠯᠡᠯ ᠢ | ᠰᠡᠷᠭᠦᠭᠡᠬᠦ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠳᠡᠯ ᠤᠨ ᠬᠠᠷᠢᠭᠤᠴᠠᠯᠭ᠎ᠠ ᠶᠢ | ᠦᠨᠡᠮᠰᠢᠬᠦ ᠪᠠ ᠡᠶᠡᠳᠡᠭᠦᠯᠦᠨ ᠰᠢᠢᠳᠪᠤᠷᠢᠯᠡᠬᠦ ᠶᠢ ᠬᠠᠷᠢᠭᠤᠴᠠᠵᠤ᠂ ᠲᠤᠰ ᠠᠵᠢᠯ ᠲᠥᠷᠥᠯ ᠤᠨ ᠢᠶᠠᠨ ᠡᠷᠬᠢᠯᠡᠭᠰᠡᠨ | ᠠᠵᠢᠯ ᠤᠨ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ ᠶᠢ ᠲᠡᠳᠬᠦᠬᠦ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ | ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠬᠤ | ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠰᠢᠶᠠᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ | ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠭᠠᠵᠠᠷ ᠣᠷᠣᠨ ᠤ ᠪᠡᠯᠡ ᠣᠷᠣᠭᠤᠯᠤᠯᠲᠠ ᠶᠢᠨ ᠲᠥᠷᠥᠯ | ᠵᠤᠶᠢᠯ ᠤᠨ ᠪᠦᠲᠦᠭᠡᠨ ᠪᠠᠶᠢᠭᠤᠯᠤᠯᠳᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ | ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ | ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠥᠯᠥᠪᠯᠡᠭᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ | ᠮᠡᠳᠡᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠰᠢᠶᠠᠨ ᠤ ᠲᠥᠯᠥᠪᠵᠢᠭᠦᠯᠭᠡ ᠶᠢᠨ | ᠳᠣᠲᠣᠷᠠᠬᠢ ᠪᠠ ᠲᠥᠯᠥᠪᠯᠡᠭᠡ ᠵᠢᠨᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ | ᠤᠷᠤᠭᠤᠯᠤᠯᠳᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ | ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠤᠶᠢᠯ ᠤᠨ ᠪᠡᠯᠡ ᠮᠥᠩᠭᠦ ᠲᠣᠬᠢᠷᠠᠭᠤᠯᠬᠤ ᠪᠠ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠤ | ᠰᠤᠳᠤᠯᠤᠯ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ | ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ | ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠤᠶᠢᠯᠡᠳᠪᠤᠷᠢᠯᠡᠬᠦ | ᠵᠢᠭᠠᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ | ᠲᠠᠷᠢᠶᠠᠯᠠᠩ ᠮᠠᠯ ᠠᠵᠤ ᠠᠬᠤᠢ ᠶᠢᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯ ᠦᠭᠡᠢ ᠶᠢᠨ ᠬᠢᠨᠠᠯᠲᠠ | ᠬᠠᠮᠢᠶᠠᠷᠤᠯᠳᠡ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ | ᠥᠷᠨᠢᠭᠦᠯᠦᠨ᠎ᠡ᠃ | ︵ᠠᠷᠪᠠᠨ ᠲᠦᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠴᠢᠳᠠᠪᠤᠷᠢᠲᠠᠨ ᠤ | ᠠᠵᠢᠯ ᠢ ᠵᠢᠯᠤᠭᠤᠳᠬᠤ ᠬᠡᠷᠡᠭᠲᠡᠶ᠃ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠪᠠ | ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠳᠡᠨ ᠢ ᠪᠣᠯᠪᠠᠰᠤᠷᠠᠭᠤᠯᠬᠤ ᠠᠵᠢᠯ ᠢ | ᠬᠠᠷᠢᠭᠤᠴᠠᠨ᠎ᠠ᠃ | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠬᠤᠷᠰᠢᠯᠴᠠᠭᠠᠨ ᠤ ᠠᠵᠢᠯ ᠢ ᠲᠦᠷᠦᠭᠦᠯᠡᠨ | ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ | ᠮᠡᠷᠭᠡᠵᠢᠯ ᠤᠨ ᠰᠣᠯᠢᠯᠴᠠᠭ᠎ᠠ ᠬᠠᠮᠳᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠭᠠᠳᠠᠭᠠᠳᠤ ᠳᠤ ᠲᠤᠰᠠᠯᠠᠬᠤ ᠬᠤᠯᠪᠣᠭᠳᠠᠯ ᠪᠦᠬᠦᠢ ᠲᠥᠷᠥᠯ ᠵᠤᠶᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ | ᠤᠶᠢᠯᠡᠳᠪᠤᠷᠢᠯᠡᠯ ᠤᠨ ᠤᠷᠴᠢᠨ ᠲᠣᠭᠤᠷᠢᠨ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ ᠵᠢᠯᠣᠭᠤᠳᠤᠨ᠎ᠠ᠃ | ᠲᠠᠷᠢᠶᠠᠯᠠᠩ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠢᠴᠢ ᠲᠠᠷᠢᠶᠠᠯᠠᠩ ᠮᠠᠯ ᠠᠵᠤ | ᠠᠬᠤᠶ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠯᠥᠪᠵᠢᠭᠦᠯᠭᠡ ᠶᠢ ᠲᠣᠭᠲᠠᠭᠠᠨ | ᠬᠡᠷᠡᠭᠵᠢᠭᠦᠯᠦᠨ᠎ᠡ︔ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠬᠠᠮᠵᠢᠨ ᠲᠠᠷᠢᠶᠠᠯᠠᠩ ᠮᠠᠯ ᠠᠵᠤ ᠠᠬᠤᠶ ᠶᠢᠨ ᠣᠯᠠᠨ | ᠡᠬᠢᠲᠦ ᠪᠣᠬᠢᠷᠲᠤᠯ ᠢ ᠵᠠᠰᠠᠬᠤ ᠠᠵᠢᠯ ᠢ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠷᠢᠶᠠᠯᠠᠩ | ᠮᠠᠯ ᠠᠵᠤ ᠠᠬᠤᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠠᠳᠡᠯ ᠳᠤ ᠬᠠᠮᠵᠢᠯᠴᠠᠨ | ᠪᠠᠶᠢᠴᠠᠭᠠᠨ ᠰᠢᠢᠳᠪᠤᠷᠢᠯᠡᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥᠨ ᠤ ᠪᠣᠬᠢᠷᠲᠤᠯ ᠤᠨ ᠣᠳᠣᠬᠢ | ᠪᠠᠶᠢᠳᠠᠯ ᠢ ᠪᠠᠶᠢᠴᠠᠭᠠᠬᠤ ᠵᠢᠴᠢ ᠪᠣᠬᠢᠷᠲᠤᠯ ᠢ ᠵᠠᠰᠠᠨ ᠰᠡᠷᠭᠦᠭᠡᠬᠦ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠲᠤᠰ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠤᠶᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠠᠷᠪᠠᠨᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ︵ᠠᠷᠪᠠ ᠶᠢᠰᠦ︶ ᠲᠣᠰ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ | ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠳᠡᠢ ᠲᠥᠯᠥᠪᠯᠡᠵᠦ᠂ ᠴᠢᠬᠤᠯᠠ ᠶᠡᠭᠡ ᠮᠡᠷᠭᠡᠵᠢᠯ ᠤᠨ | ᠪᠡᠷᠬᠡ ᠰᠡᠳᠦᠪ ᠢ ᠰᠢᠢᠳᠪᠤᠷᠢᠯᠡᠬᠦ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ | ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ | ᠂ ᠰᠢᠨᠵᠢᠯᠡᠬᠦ ᠮᠡᠷᠭᠡᠵᠢᠯ ᠤᠨ ᠡᠬᠢ ᠪᠠᠶᠠᠯᠢᠭ ᠤᠨ ᠵᠤᠬᠢᠰᠳᠠᠢ ᠪᠠᠶᠢᠷᠢᠯᠠᠭᠤᠯᠤᠯᠲᠠ ᠪᠣᠯᠤᠨ ᠬᠠᠮᠵᠢᠯᠴᠠᠨ ᠰᠢᠨ᠎ᠡ ᠶᠢ | ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠦ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠠᠬᠢᠭᠤᠯᠵᠠᠶ᠃ ᠰᠢᠨᠵᠢᠯᠡᠬᠦ | ᠤᠬᠠᠭᠠᠨ ᠤ ᠰᠤᠳᠤᠯᠭᠠᠨ ᠤ ᠨᠥᠬᠦᠴᠡᠯ ᠤᠨ ᠪᠠᠶᠢᠭᠤᠯᠤᠯᠲᠠ ᠶᠢ ᠪᠠᠲᠤᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠡᠬᠢ ᠪᠠᠶᠠᠯᠢᠭ ᠢ ᠨᠡᠭᠡᠭᠡᠯᠲᠡ ᠲᠠᠢ ᠪᠠᠶᠢᠯᠭᠠᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠬᠤᠷᠢ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ | ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠤᠯᠠᠨ | ᠡᠰᠢᠴᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ︵ᠲᠤᠰᠬᠠᠶ ᠵᠤᠶᠢᠯ ᠤᠨ | ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠷᠢᠨ ᠨᠢᠭᠡ︶ ᠰᠠᠭᠤᠷᠢ ᠰᠤᠳᠤᠯᠤᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠰᠠᠭᠤᠷᠢ ᠰᠤᠳᠤᠯᠭᠠᠨ ᠪᠠ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦᠨ ᠤ ᠵᠤᠶᠢᠯᠡᠰ ᠢ ᠬᠡᠷᠡᠭᠯᠡᠬᠦ ᠶᠢᠨ ᠬᠠᠮᠲᠤ ᠬᠡᠷᠡᠭᠵᠢᠭᠦᠯᠬᠦ ᠪᠠ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠬᠤᠷᠢᠨ ᠬᠤᠶᠠᠷ︶ ᠲᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠮᠡᠳᠡᠭᠦᠯᠦᠨ᠎ᠡ᠃ | ︵ᠬᠤᠷᠢᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠶᠢ | ᠲᠤᠭᠤᠷᠪᠢᠨ ᠲᠣᠭᠲᠠᠭᠠᠵᠤ᠂ ᠰᠢᠯᠵᠢᠭᠦᠯᠦᠨ ᠬᠤᠪᠢᠷᠠᠭᠤᠯᠬᠤ ᠪᠠ ᠤᠶᠢᠯᠡᠳᠪᠤᠷᠢᠯᠡᠬᠦ ᠵᠢᠭᠠᠬᠤ ᠰᠤᠳᠤᠯᠬᠤ ᠶᠢ | ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠤᠶᠢᠯᠡᠴᠢᠯᠡᠭᠡᠨ ᠤ ᠤᠶᠢᠯᠡᠰ᠂ | ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ | ᠤᠬᠠᠭᠠᠨ ᠢ ᠤᠯᠠᠮᠵᠢᠯᠠᠨ ᠳᠡᠯᠭᠡᠷᠡᠭᠦᠯᠬᠦ ᠲᠦᠯᠦᠪᠵᠢᠭᠦᠯᠭᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ | ᠤᠬᠠᠭᠠᠨᠴᠢ ᠪᠠᠷ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | ︵ᠬᠤᠷᠢᠨ ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ | ᠪᠠᠶᠢᠭᠤᠯᠤᠯᠳᠡ ᠪᠠ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ | ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ | ᠵᠢᠯᠣᠭᠤᠳᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ | ︵ᠬᠤᠷᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠶᠠᠪᠤᠯᠴᠠᠭ᠎ᠠ ᠬᠢᠭᠡᠳ ᠰᠢᠨ᠎ᠡ ᠶᠢ | ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢᠨ ᠵᠢᠷᠭᠤᠭ᠎ᠠ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠶᠢᠨ ᠬᠠᠮᠲᠤ ᠬᠡᠯᠪᠡᠷᠢ ᠶᠢᠨ ᠬᠢᠨᠠᠨ | ᠪᠠᠶᠢᠴᠠᠭᠠᠯᠲᠠ ᠶᠢ ᠬᠠᠷᠢᠭᠤᠴᠠᠨ᠎ᠠ᠃ | ︵ᠬᠤᠷᠢᠨ ᠳᠣᠯᠤᠭ᠎ᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠡ᠂ ᠦᠵᠡᠯ | ᠤᠬᠠᠮᠰᠠᠷ ᠤᠨ ᠬᠡᠯᠪᠡᠷᠢ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠨᠠᠢᠮᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠬᠤᠷᠢ ᠶᠢᠰᠦ︶ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ | 1ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠳᠤ ᠲᠥᠯᠥᠪᠯᠡᠨ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠲᠠᠯ᠎ᠠ ᠪᠠᠷ ᠳᠡᠰ ᠳᠡᠪᠰᠢᠬᠦ᠂ ᠬᠥᠳᠡᠭᠡ | ᠲᠣᠰᠬᠤᠨ ᠤ ᠪᠦᠬᠦ ᠲᠠᠯ᠎ᠠ ᠪᠠᠷ ᠳᠠᠪᠰᠢᠬᠤ᠂ ᠲᠠᠷᠢᠶᠠᠴᠢᠳ ᠤᠨ ᠪᠦᠬᠦ ᠲᠠᠯ᠎ᠠ ᠪᠠᠷ ᠬᠥᠭᠵᠢᠬᠦ ᠶᠢ ᠲᠦᠯᠬᠢᠨ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ | ᠪᠡᠶᠡᠯᠡᠭᠦᠯᠦᠨ᠎ᠡ᠃ | 2 ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠪᠣᠯᠤᠨ | ᠬᠤᠯᠪᠤᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠤᠶᠢᠯᠡᠳᠪᠤᠷᠢᠯᠡᠯ ᠤᠨ ᠬᠡᠷᠡᠭᠰᠡᠯ᠂ ᠣᠷᠣᠭᠤᠯᠤᠯᠲᠠ ᠶᠢᠨ | ᠡᠳ᠋ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ | ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠵᠠᠭᠠᠷᠯᠠᠬᠤ | ᠬᠡᠷᠡᠭᠲᠡᠶ᠃ | 3 ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ | ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠨᠡᠶᠢᠯᠡᠭᠦᠯᠵᠦ᠂ | ᠲᠥᠷᠥᠯ ᠵᠦᠢᠯ ᠢ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠶᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ | ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠦᠷ᠎ᠡ ᠪᠦᠲᠦᠮᠵᠢ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠦᠨ᠎ᠡ᠃ | 4. ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ ᠢᠶᠠᠨ ᠬᠥᠭᠵᠢᠭᠦᠯᠦᠨ᠂ ᠴᠢᠳᠠᠪᠤᠷᠢᠲᠠᠨ ᠢᠶᠠᠷ | ᠣᠷᠣᠨ ᠢᠶᠠᠨ ᠬᠦᠴᠦᠷᠬᠡᠭᠵᠢᠭᠦᠯᠬᠦ᠂ ᠬᠥᠭᠵᠢᠯᠲᠡ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠰᠢᠨᠡᠴᠢᠯᠡᠵᠦ᠂ ᠵᠠᠰᠠᠭ ᠤᠨ ᠣᠷᠳᠣᠨ ᠤ ᠰᠢᠨᠵᠢᠯᠡᠬᠦ ᠮᠡᠷᠭᠡᠵᠢᠯ ᠤᠨ ᠬᠠᠮᠢᠶᠠᠷᠤᠯᠲᠠ ᠪᠣᠯᠤᠨ ᠤᠶᠢᠯᠡᠴᠢᠯᠡᠭᠡᠨ ᠤ | ᠴᠢᠳᠠᠪᠬᠢ ᠶᠢ ᠴᠢᠩᠭᠠᠳᠬᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠳᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠷᠸ᠎ᠠ ᠬᠠᠮᠢᠶᠠᠷᠤᠯᠲᠠ ᠪᠠ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠳᠡ ᠪᠠ ᠪᠣᠳᠠᠲᠠᠶ ᠬᠢᠨᠠᠨ | ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠤᠶᠢᠯᠡᠴᠢᠯᠡᠭᠡ ᠳᠠᠰᠢ | ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠣᠳᠠᠲᠠᠶ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠤᠶᠢᠯ ᠢ ᠰᠢᠭᠤᠳ ᠬᠠᠮᠢᠶᠠᠷᠬᠤ ᠦᠭᠡᠢ᠂ ᠲᠥᠷᠥᠯ ᠵᠤᠶᠢᠯ ᠤᠨ ᠬᠠᠮᠢᠶᠠᠷᠤᠯᠲᠠ ᠶᠢᠨ | ᠲᠤᠰᠬᠠᠶ ᠪᠠᠶᠢᠭᠤᠯᠤᠮᠵᠢ ᠳᠤ ᠨᠠᠶᠢᠳᠠᠵᠤ ᠲᠦᠷᠦᠯ ᠵᠤᠶᠢᠯ ᠢ ᠬᠦᠯᠢᠶᠡᠨ ᠠᠪᠴᠤ ᠰᠢᠢᠳᠪᠤᠷᠢᠯᠡᠬᠦ᠂ ᠬᠢᠨᠠᠨ | ᠲᠣᠭᠲᠠᠭᠠᠬᠤ᠂ ᠲᠥᠷᠥᠯ ᠵᠤᠶᠢᠯ ᠲᠣᠭᠲᠠᠭᠠᠬᠤ᠂ ᠶᠠᠪᠤᠴᠠ ᠶᠢ ᠬᠠᠮᠢᠶᠠᠷᠬᠤ᠂ ᠰᠢᠯᠭᠠᠨ ᠠᠪᠬᠤ ᠵᠡᠷᠭᠡ ᠪᠣᠳᠠᠲᠠᠶ | ᠠᠵᠢᠯ ᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ | ᠪᠠ ᠲᠣᠬᠢᠷᠠᠭᠤᠯᠬᠤ ᠵᠤᠶᠢᠯ ᠤᠳ ᠢ ᠳᠠᠬᠢᠨ ᠬᠢᠨᠠᠨ ᠬᠠᠷᠭᠤᠭᠤᠯᠬᠤ ᠦᠭᠡᠶ ᠪᠠᠶᠢᠵᠤ᠂ ᠲᠥᠯᠥᠪᠵᠢᠭᠦᠯᠭᠡ ᠶᠢᠨ | ᠪᠠᠶᠢᠷᠢᠯᠠᠭᠤᠯᠤᠯᠲᠠ ᠪᠣᠯᠤᠨ ᠠᠮᠵᠢᠯᠳᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠪᠠᠷ ᠭᠤᠤᠯᠳᠠᠯᠭ᠎ᠠ | ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠠᠵᠢᠯ ᠢ ᠨᠢᠭᠡᠳᠤᠯᠳᠠᠢ ᠲᠥᠯᠥᠪᠯᠡᠨ᠎ᠡ᠃ | ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ᠄ | ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠠᠵᠢᠯᠲᠠᠨ ᠤ ᠶᠠᠪᠤᠳᠠᠯ ᠤᠨ ᠲᠠᠰᠤᠭ᠂ ᠲᠠᠷᠢᠮᠠᠯ ᠤᠨ | ᠦᠢᠯᠡᠰ ᠤᠨ ᠲᠠᠰᠤᠭ᠂ ᠮᠠᠯ ᠠᠵᠤ ᠠᠬᠤᠢ ᠶᠢᠨ ᠲᠠᠰᠤᠭ᠂ ᠬᠠᠤᠯᠢ ᠬᠡᠷᠡᠭᠵᠢᠭᠦᠯᠬᠦ ᠠᠩᠭᠢ᠂ ᠡᠨᠧᠷᠭᠢ ᠶᠢᠨ | ᠥᠷᠲᠡᠭᠡ᠂ ᠬᠢᠨᠠᠨ ᠬᠠᠮᠢᠶᠠᠷᠬᠤ ᠥᠷᠲᠡᠭᠡ᠂ ᠰᠢᠯᠭᠠᠨ ᠪᠠᠶᠢᠴᠠᠭᠠᠬᠤ ᠥᠷᠲᠡᠭᠡ᠂ ᠳᠡᠯᠭᠡᠷᠡᠭᠦᠯᠬᠦ ᠲᠥᠪ᠂ | ᠲᠥᠮᠥᠰᠥ ᠶᠢ ᠠᠵᠤ ᠤᠶᠢᠯᠡᠰᠵᠢᠭᠦᠯᠬᠦ ᠤᠶᠢᠯᠡᠴᠢᠯᠡᠭᠡᠨ ᠤ ᠲᠥᠪ᠂ ᠦᠷ᠎ᠡ ᠶᠢᠨ ᠬᠠᠮᠢᠶᠠᠷᠤᠯᠲᠠ ᠶᠢᠨ ᠥᠷᠲᠡᠭᠡ᠂ | ᠤᠰᠤᠨ ᠭᠠᠷᠤᠯᠲᠠ ᠶᠢᠨ ᠥᠷᠲᠡᠭᠡ᠂ ᠲᠠᠷᠢᠶᠠᠯᠠᠩ ᠤᠨ ᠠᠵᠤ ᠠᠬᠤᠢ ᠶᠢᠨ ᠥᠷᠲᠡᠭᠡ᠂ ᠲᠠᠷᠢᠶᠠᠯᠠᠩ ᠷᠠᠳᠢᠣ᠋ | ᠨᠡᠪᠲᠡᠷᠡᠭᠦᠯᠭᠡ ᠶᠢᠨ ᠰᠤᠷᠭᠠᠭᠤᠯᠢ᠂ ᠵᠢᠭᠠᠰᠤᠨ ᠠᠵᠤ ᠠᠬᠤᠢ ᠶᠢᠨ ᠥᠷᠲᠡᠭᠡ᠂ ᠬᠢᠵᠢᠭ ᠪᠠᠶᠢᠴᠠᠭᠠᠬᠤ ᠲᠥᠪ᠂ | ᠬᠢᠵᠢᠭ ᠪᠠᠶᠢᠴᠠᠭᠠᠬᠤ ᠭᠠᠵᠠᠷ᠂ ᠡᠮ ᠪᠠᠶᠢᠴᠠᠭᠠᠬᠤ ᠭᠠᠵᠠᠷ᠂ ᠰᠠᠶᠢᠵᠢᠷᠠᠭᠤᠯᠬᠤ ᠥᠷᠲᠡᠭᠡ᠂ ᠲᠡᠵᠢᠭᠡᠯ ᠪᠣᠷᠳᠣᠭᠠᠨ ᠤ | ᠠᠯᠪᠠᠨ ᠭᠡᠷ᠂ ᠰᠦ ᠬᠠᠮᠢᠶᠠᠷᠬᠤ ᠠᠯᠪᠠᠨ ᠭᠡᠷ᠂ ᠨᠢᠲᠤᠯᠬᠤ ᠲᠠᠰᠤᠭ᠂ ᠰᠢᠨᠵᠢᠯᠡᠬᠦ ᠤᠬᠠᠭᠠᠨ ᠮᠡᠷᠭᠡᠵᠢᠯ ᠤᠨ ᠠᠯᠪᠠᠨ | ᠭᠡᠷ᠂ ᠠᠵᠤ ᠦᠢᠯᠡᠰ ᠤᠨ ᠠᠯᠪᠠᠨ ᠭᠡᠷ᠂ ᠲᠠᠷᠢᠶᠠᠯᠠᠩ ᠡᠷᠬᠢᠯᠡᠬᠦ ᠬᠡᠷᠡᠭᠲᠡᠶ᠃ | | ᠤᠷᠴᠢᠭᠤᠯᠤᠭᠴᠢ᠄ ᠼᠦᠢ ᠴᠢᠩ |