ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠦᠬᠦ ᠰᠢᠶᠠᠨ ᠳᠤ ᠰᠤᠷᠭᠠᠨ ᠬᠥᠮᠦᠵᠢᠯ ᠤᠨ ᠬᠦᠷᠢᠶᠡᠨ ᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020-05-28
   ᠤᠶᠢᠷ᠎ᠠ ᠶᠢᠨ ᠵᠢᠯ ᠤᠨ ᠲᠤᠷᠰᠢ ᠪᠦᠬᠦ ᠰᠢᠶᠠᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠲᠦᠮᠡᠨ ᠤ ᠲᠤᠰᠬᠠᠯ ᠴᠢᠩᠭ᠎ᠠ᠂ ᠵᠥᠷᠢᠴᠡᠯ ᠲᠥᠪᠯᠡᠷᠡᠭᠰᠡᠨ ᠲᠤᠪᠤᠶᠢᠮ᠎ᠠ ᠠᠰᠠᠭᠤᠳᠠᠯ ᠢ ᠦᠨᠡᠨᠬᠦ  ᠰᠢᠢᠳᠪᠤᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠡᠮᠬᠢ ᠳᠢᠭᠯᠢᠮ ᠢ ᠤᠯᠠᠮ ᠨᠢᠭᠡ ᠠᠯᠬᠤᠮ  ᠬᠠᠮᠠᠭᠠᠯᠠᠬᠤ ᠶᠢᠨ ᠲᠦᠯᠦᠭᠡ ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠦᠬᠦ ᠰᠢᠶᠠᠨ ᠤ ᠬᠡᠪᠴᠢᠶᠡᠨ ᠳᠤ ᠰᠤᠷᠭᠠᠨ ᠬᠥᠮᠦᠵᠢᠯ ᠤᠨ ᠬᠦᠷᠢᠶᠡᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠭᠠᠪᠠ᠂ ᠤᠳᠤ ᠳᠣᠤᠷᠠᠬᠢ ᠮᠡᠲᠦ  ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠴᠠᠭ ᠬᠤᠭᠤᠴᠠᠭ᠎ᠠ     2020 ᠣᠨ ᠤ 5 ᠰᠠᠷ᠎ᠠ ᠠᠴᠠ 12 ᠰᠠᠷ᠎ᠠ ᠪᠣᠯᠲᠠᠯ᠎ᠠ᠃  ᠬᠤᠶᠠᠷ᠂ ᠴᠡᠭᠴᠡᠯᠡᠨ ᠵᠠᠰᠠᠬᠤ ᠭᠤᠤᠯᠳᠠᠯᠭ᠎ᠠ     ︵ᠨᠢᠭᠡ︶ ᠰᠤᠷᠭᠠᠭᠤᠯᠢ ᠰᠣᠩᠭᠤᠬᠤ ᠰᠠᠮᠠᠭᠤᠨ ᠦᠵᠡᠭᠳᠡᠯ  ᠤᠨ ᠠᠰᠠᠭᠤᠳᠠᠯ  ᠢ ᠴᠡᠭᠴᠡᠯᠡᠨ  ᠵᠠᠰᠠᠨ᠎ᠠ   1  ︽ᠰᠤᠷᠭᠠᠭᠤᠯᠢ ᠬᠡᠰᠡᠭ ᠬᠤᠪᠢᠶᠠᠨ ᠰᠤᠷᠤᠭᠴᠢ ᠡᠯᠰᠡᠬᠦ᠂ ᠰᠤᠷᠤᠭᠴᠢ ᠶᠢᠨ ᠢᠷᠡᠯᠲᠡ ᠨᠢ ᠤᠶᠢᠷ᠎ᠠ ᠬᠠᠪᠢ ᠳᠠᠭᠠᠨ  ᠤᠷᠤᠬᠤ︾ ᠵᠠᠷᠴᠢᠮ ᠶᠣᠰᠣᠭᠠᠷ ᠰᠤᠷᠤᠭᠴᠢ ᠶᠢᠨ ᠢᠷᠡᠯᠲᠡ ᠶᠢ ᠢᠯᠭᠠᠨ ᠬᠤᠪᠢᠶᠠᠷᠢᠯᠠᠭᠰᠠᠨ ᠦᠭᠡᠢ᠂ ᠢᠯᠡ ᠪᠠᠷ ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ ᠡᠯ᠎ᠡ  ᠵᠤᠶᠢᠯ ᠤᠨ ᠲᠥᠷᠥ ᠶᠢᠨ ᠪᠣᠳᠣᠯᠭ᠎ᠠ ᠶᠢᠨ  ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠃   2 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠦᠢᠯᠡ ᠠᠵᠢᠯᠯᠠᠭ᠎ᠠ ᠲᠦᠷᠢᠮᠵᠢᠯ ᠦᠭᠡᠢ ᠪᠠᠶᠢᠬᠤ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠳᠤᠷ᠎ᠠ ᠪᠠᠷ ᠢᠶᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠢ ᠡᠵᠡᠨ ᠮᠡᠳᠡᠨ  ᠰᠤᠩᠭᠤᠵᠦ᠂ ᠡᠩ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠷᠡᠯᠲᠡ ᠶᠢ ᠪᠤᠯᠢᠶᠠᠯᠳᠤᠬᠤ᠂ ︽ᠣᠷᠦ᠋ᠢᠯᠠᠭᠰᠠᠨ︾ ᠰᠤᠷᠤᠭᠴᠢ ᠡᠯᠰᠡᠬᠦ᠂ ᠬᠡᠰᠡᠭ ᠲᠣᠭᠤᠷᠢᠭ ᠠᠯᠤᠰᠯᠠᠨ ᠰᠤᠷᠤᠭᠴᠢ ᠡᠯᠰᠡᠬᠦ᠂ ᠲᠥᠯᠥᠪᠯᠡᠭᠡ ᠦᠭᠡᠢ ᠪᠠᠷ ᠰᠤᠷᠤᠭᠴᠢ ᠡᠯᠰᠡᠬᠦ᠂ ᠲᠥᠯᠥᠪᠯᠡᠭᠡ ᠠᠴᠠ ᠬᠡᠲᠦᠷᠡᠭᠦᠯᠦᠨ ᠰᠤᠷᠤᠭᠴᠢ ᠡᠯᠰᠡᠬᠦ ᠪᠠ ᠤᠷᠢᠳᠴᠢᠯᠠᠨ ᠰᠤᠷᠤᠭᠴᠢ ᠡᠯᠰᠡᠬᠦ ᠵᠡᠷᠭᠡ  ᠠᠰᠠᠭᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠶ᠃    3  ᠰᠤᠷᠭᠠᠭᠤᠯᠢ᠂ ᠪᠠᠭᠰᠢ ᠠᠵᠢᠯᠲᠠᠨ ᠠᠵᠢᠯᠴᠢᠨ ᠵᠢᠴᠢ ᠪᠤᠰᠤᠳ ᠬᠥᠮᠦᠨ ᠰᠤᠷᠭᠠᠭᠤᠯᠢ ᠰᠣᠩᠭᠤᠬᠤ ᠶᠠᠪᠤᠴᠠ ᠳᠤ ᠰᠤᠷᠭᠠᠭᠤᠯᠢ ᠰᠣᠩᠭᠤᠬᠤ  ᠰᠤᠶᠢᠳᠭᠡᠯ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ ᠵᠢᠴᠢ ᠭᠡᠷ ᠤᠨ ᠠᠬᠠᠮᠠᠳ ᠤᠨ ᠵᠣᠭᠤᠰ ᠮᠥᠩᠭᠦ ᠡᠳ᠋ ᠪᠣᠳᠠᠰ ᠢ ᠬᠤᠷᠢᠶᠠᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ  ᠰᠢᠢᠳᠪᠤᠷᠢᠯᠡᠨ᠎ᠡ᠃     ︵ᠬᠤᠶᠠᠷ︶ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠬᠦ ᠠᠰᠠᠭᠤᠳᠠᠯ ᠢ ᠴᠡᠭᠴᠡᠯᠡᠨ ᠵᠠᠰᠠᠨ᠎ᠠ    1  ᠠᠵᠢᠯ ᠳᠤ ᠪᠠᠶᠢᠭ᠎ᠠ ᠪᠠᠭᠰᠢ ᠨᠠᠷ ᠳᠠᠪᠲᠠᠨ ᠪᠣᠯᠪᠠᠰᠤᠷᠠᠬᠤ ᠠᠩᠭᠢ᠂ ᠬᠠᠪᠰᠤᠷᠤᠨ ᠵᠢᠯᠣᠭᠤᠳᠬᠤ ᠠᠩᠭᠢ ᠡᠷᠬᠢᠯᠡᠬᠦ᠂ ᠲᠥᠯᠥᠪᠦᠷᠢ ᠲᠠᠢ  ᠰᠤᠶᠢᠳᠭᠡᠯ ᠬᠤᠷᠢᠶᠠᠬᠤ ᠪᠤᠶᠤ ᠨᠡᠶᠢᠭᠡᠮ ᠤᠨ ᠰᠤᠷᠭᠠᠭᠤᠯᠢ ᠡᠷᠬᠢᠯᠡᠬᠦ ᠪᠠᠶᠢᠭᠤᠯᠤᠮᠵᠢ ᠳᠤ ᠣᠴᠢᠵᠤ ᠲᠤᠰᠢᠶᠠᠯ ᠬᠠᠪᠰᠤᠷᠭᠠᠨ ᠬᠥᠯᠥᠰᠥ ᠣᠯᠭᠤᠮᠵᠢ ᠣᠯᠬᠤ ᠠᠰᠠᠭᠤᠳᠠᠯ ᠢ ᠴᠢᠩᠭ᠎ᠠ ᠪᠠᠶᠢᠴᠠᠭᠠᠨ  ᠰᠢᠢᠳᠪᠤᠷᠢᠯᠡᠬᠦ ᠬᠡᠷᠡᠭᠳᠡᠢ᠃    2 ᠠᠵᠢᠯ ᠳᠤ  ᠪᠠᠶᠢᠭ᠎ᠠ ᠪᠠᠭᠰᠢ ᠶᠢᠨ ᠵᠢᠭᠠᠨ ᠰᠤᠷᠭᠠᠬᠤ ᠲᠥᠯᠥᠪᠯᠡᠭᠡ ᠶᠢ ᠵᠢᠷᠤᠮᠯᠠᠬᠤ ᠦᠭᠡᠢ᠂  ᠲᠡᠭ ᠡᠬᠢᠯᠡᠯᠲᠡ ᠶᠢᠨ ᠴᠡᠭ ᠤᠨ ᠪᠤᠰᠤ ᠵᠢᠭᠠᠨ ᠰᠤᠷᠭᠠᠯᠲᠠ ᠶᠢ ᠴᠡᠭᠴᠡᠯᠡᠨ ᠵᠠᠰᠠᠵᠤ᠂ ︽ᠬᠢᠴᠢᠶᠡᠯ ᠳᠡᠭᠡᠷ᠎ᠡ ᠬᠢᠴᠢᠶᠡᠯ ᠵᠢᠭᠠᠭᠰᠠᠨ ᠤ ᠳᠠᠷᠠᠭ᠎ᠠ ᠶᠠᠷᠢᠬᠤ ᠥᠬᠡᠶ︾᠂ ᠰᠤᠷᠤᠭᠴᠢᠳ ᠢ ᠨᠡᠶᠢᠭᠡᠮ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠰᠤᠷᠤᠯᠴᠠᠭᠤᠯᠤᠨ ᠬᠢᠴᠢᠶᠡᠯ ᠨᠥᠬᠦᠪᠥᠷᠢᠯᠡᠭᠦᠯᠬᠦ ᠠᠰᠠᠭᠤᠳᠠᠯ ᠢ  ᠲᠠᠨᠢᠯᠴᠠᠭᠤᠯᠬᠤ᠂ ᠥᠳᠥᠭᠡᠬᠦ ᠪᠤᠶᠤ ᠰᠢᠬᠠᠮᠳᠠᠭᠤᠯᠬᠤ  ᠵᠡᠷᠭᠡ ᠦᠵᠡᠭᠳᠡᠯ ᠢ ᠴᠡᠭᠴᠡᠯᠡᠨ ᠵᠠᠰᠠᠨ᠎ᠠ᠃     3 ᠠᠷᠠᠳ ᠠᠴᠠ ᠡᠷᠬᠢᠯᠡᠭᠰᠡᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠢᠷᠢ ᠴᠢᠳᠠᠮᠵᠢ ᠦᠭᠡᠢ᠂ ᠠᠮᠤᠷ ᠲᠦᠪᠰᠢᠨ ᠤ ᠳᠠᠯᠳᠠ ᠭᠡᠮ ᠣᠷᠣᠰᠢᠵᠤ  ᠪᠠᠶᠢᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠲᠣᠭᠲᠠᠭᠠᠯ ᠠᠴᠠ ᠵᠥᠷᠢᠴᠡᠨ ᠲᠥᠯᠥᠪᠦᠷᠢ ᠲᠠᠢ ᠬᠢᠴᠢᠶᠡᠯ ᠨᠥᠬᠦᠬᠦ᠂ ᠠᠵᠢᠯ ᠳᠤ  ᠪᠠᠶᠢᠭ᠎ᠠ ᠪᠠᠭᠰᠢ ᠶᠢ ᠤᠷᠢᠨ ᠬᠡᠷᠡᠭᠯᠡᠵᠦ  ᠲᠦᠯᠦᠪᠦᠷᠢ ᠲᠠᠢ ᠪᠠᠷ ᠬᠢᠴᠢᠶᠡᠯ ᠨᠥᠬᠦᠪᠥᠷᠢᠯᠡᠬᠦ ᠠᠰᠠᠭᠤᠳᠠᠯ ᠢ ᠴᠢᠩᠭ᠎ᠠ ᠪᠠᠶᠢᠴᠠᠭᠠᠨ  ᠰᠢᠢᠳᠪᠤᠷᠢᠯᠡᠬᠦ ᠬᠡᠷᠡᠭᠲᠡᠶ᠃    ︵ᠭᠤᠷᠪᠠ︶ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠨ᠎ᠠ   1 ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠰᠢᠢᠳᠪᠤᠷᠢᠯᠡᠬᠦ ᠠᠵᠢᠯ ᠤᠨ ᠵᠣᠬᠢᠴᠠᠭᠤᠯᠬᠤ ᠲᠣᠭᠲᠠᠴᠠ ᠪᠠ ᠳᠦᠷᠢᠮ ᠲᠣᠭᠲᠠᠭᠠᠯ  ᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠲᠤᠰᠬᠠᠶ ᠰᠡᠳᠦᠪᠲᠦ ᠬᠥᠮᠦᠵᠢᠯ ᠢ ᠥᠷᠨᠢᠭᠦᠯᠵᠦ᠂ ᠭᠡᠷ ᠤᠨ  ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠮᠡᠳᠡᠯᠭᠡ ᠶᠢ  ᠤᠶᠢᠯᠠᠭᠠᠭᠤᠯᠬᠤ ᠬᠡᠷᠡᠭᠲᠡᠶ᠃    2  ᠱᠠᠭᠠᠷᠳᠠᠯᠭ᠎ᠠ ᠶᠣᠰᠣᠭᠠᠷ ᠳᠣᠷᠣᠮᠵᠢᠯᠠᠯ ᠢ ᠰᠡᠷᠭᠡᠶᠢᠯᠡᠨ ᠵᠠᠰᠠᠬᠤ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠦᠭᠡᠢ᠂ ᠪᠠᠴᠢᠮ ᠪᠠᠶᠢᠳᠠᠯ ᠢ  ᠠᠷᠭᠠᠴᠠᠭᠠᠬᠤ ᠲᠥᠰᠦᠯ ᠪᠠ  ᠰᠢᠢᠳᠪᠤᠷᠢᠯᠡᠬᠦ ᠶᠠᠪᠤᠴᠠ ᠵᠡᠷᠭᠡ ᠠᠷᠭ᠎ᠠ ᠬᠡᠮᠵᠢᠶ᠎ᠡ ᠶᠢ  ᠴᠡᠭᠴᠡᠯᠡᠨ ᠵᠠᠰᠠᠵᠤ᠂ ᠰᠤᠷᠤᠭᠴᠢᠳ ᠤᠨ ᠳᠣᠷᠣᠮᠵᠢᠯᠠᠭᠰᠠᠨ ᠬᠡᠷᠡᠭ ᠢ ᠴᠠᠭ ᠲᠤᠬᠠᠶ ᠳᠤᠨᠢ  ᠰᠢᠢᠳᠪᠤᠷᠢᠯᠡᠭᠰᠡᠨ ᠦᠭᠡᠢ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠢ ᠨᠢᠭᠤᠨ ᠳᠠᠯᠳᠠᠯᠠᠭᠠᠳ ᠮᠡᠳᠡᠭᠦᠯᠬᠦ ᠦᠭᠡᠢ᠂  ᠦᠮᠦᠭᠯᠡᠨ ᠬᠠᠮᠠᠭᠠᠯᠠᠬᠤ ᠵᠡᠷᠭᠡ ᠦᠢᠯᠡ ᠠᠵᠢᠯᠯᠠᠭ᠎ᠠ ᠶᠢ  ᠴᠡᠭᠴᠡᠯᠡᠨ ᠵᠠᠰᠠᠨ᠎ᠠ  ᠃   ︵ᠲᠦᠷᠪᠡ︶ ᠲᠣᠭᠲᠠᠭᠠᠯ ᠠᠴᠠ ᠵᠥᠷᠢᠴᠡᠨ  ᠰᠤᠶᠢᠳᠭᠡᠯ ᠬᠤᠷᠢᠶᠠᠬᠤ ᠠᠰᠠᠭᠤᠳᠠᠯ ᠢ ᠴᠡᠭᠴᠡᠯᠡᠨ ᠵᠠᠰᠠᠨ᠎ᠠ    ᠲᠣᠭᠲᠠᠭᠠᠯ ᠠᠴᠠ ᠵᠥᠷᠢᠴᠡᠨ ᠰᠤᠶᠢᠳᠭᠡᠯ  ᠬᠤᠷᠢᠶᠠᠬᠤ ᠶᠠᠪᠤᠳᠠᠯ ᠢ ᠴᠢᠩᠭ᠎ᠠ ᠴᠡᠭᠴᠡᠯᠡᠨ ᠵᠠᠰᠠᠵᠤ᠂ ᠰᠤᠶᠢᠳᠭᠡᠯ ᠬᠤᠷᠢᠶᠠᠬᠤ  ᠵᠤᠶᠢᠯᠡᠰ ᠢ ᠳᠤᠷ᠎ᠠ ᠪᠠᠷ ᠢᠶᠠᠨ ᠪᠠᠶᠢᠭᠤᠯᠵᠤ᠂ ᠰᠤᠶᠢᠳᠭᠡᠯ  ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ︔  ᠤᠶᠢᠯᠡᠴᠢᠯᠡᠭᠡᠨ ᠤ ᠴᠢᠨᠠᠷᠲᠠᠶ ᠰᠤᠶᠢᠳᠭᠡᠯ  ᠬᠤᠷᠢᠶᠠᠬᠤ ᠪᠠ ᠣᠷᠣᠯᠠᠨ ᠰᠤᠶᠢᠳᠭᠡᠯ  ᠬᠤᠷᠢᠶᠠᠬᠤ ᠨᠢ ᠵᠢᠷᠤᠮᠵᠢᠯ ᠥᠬᠡᠶ  ᠠᠰᠠᠭᠤᠳᠠᠯ ᠢ ᠴᠡᠭᠴᠡᠯᠡᠨ ᠵᠠᠰᠠᠨ᠎ᠠ︔ ᠰᠤᠷᠤᠯᠴᠠᠬᠤ ᠬᠠᠪᠰᠤᠷᠤᠨ ᠵᠢᠯᠣᠭᠤᠳᠬᠤ ᠮᠠᠲ᠋ᠧᠷᠢᠶᠠᠯ᠂ ᠰᠤᠷᠤᠯᠴᠠᠬᠤ ᠬᠡᠷᠡᠭᠰᠡᠯ ᠪᠣᠷᠣᠯᠠᠭᠤᠯᠬᠤ᠂ ᠲᠣᠭᠲᠠᠭᠠᠯ ᠠᠴᠠ ᠵᠥᠷᠢᠴᠡᠨ ᠠᠩᠭᠢ ᠶᠢᠨ ᠰᠤᠶᠢᠳᠭᠡᠯ  ᠂ ᠠᠵᠢᠯᠯᠠᠭ᠎ᠠ ᠶᠢᠨ ᠰᠤᠶᠢᠳᠭᠡᠯ ᠬᠤᠷᠢᠶᠠᠬᠤ᠂ ᠳᠠᠭᠠᠳᠬᠠᠯ ᠤᠨ ᠰᠤᠶᠢᠳᠭᠡᠯ  ᠢ ᠣᠷᠣᠯᠠᠨ ᠬᠤᠷᠢᠶᠠᠬᠤ ᠵᠡᠷᠭᠡ ᠰᠤᠷᠭᠠᠨ ᠬᠥᠮᠦᠵᠢᠯ ᠤᠨ ᠰᠤᠶᠢᠳᠭᠡᠯ  ᠬᠤᠷᠢᠶᠠᠬᠤ ᠲᠥᠷᠥ ᠶᠢᠨ ᠪᠣᠳᠣᠯᠭ᠎ᠠ ᠪᠠ ᠲᠣᠭᠲᠠᠭᠠᠯ ᠠᠴᠠ ᠵᠥᠷᠢᠴᠡᠭᠰᠡᠨ ᠪᠤᠰᠤᠳ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠶ᠃     ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ    ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ  ᠶᠢᠨ ᠲᠠᠮᠢᠷ ᠤᠨ ᠲᠣᠪᠴᠢᠶ᠎ᠠ ᠳᠤ ᠬᠠᠮᠢᠶ᠎ᠠ ᠪᠦᠬᠦᠢ ᠠᠰᠠᠭᠤᠳᠠᠯ ᠤᠨ ᠰᠦᠪᠡᠭᠴᠢ ᠶᠢ ᠢᠳᠡᠪᠬᠢᠲᠡᠢ ᠬᠠᠩᠭᠠᠵᠤ᠂ ᠪᠢᠳᠡ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ  ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ  ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃     ᠵᠠᠬᠢᠳᠠᠯ ᠢᠷᠡᠭᠦᠯᠬᠦ ᠬᠠᠶ᠋ᠢᠭ᠄ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶᠠᠨ ᠤ ᠬᠢᠨᠠᠨ ᠪᠠᠶᠢᠴᠠᠭᠠᠵᠤ ᠬᠢᠨᠠᠨ ᠪᠤᠳᠤᠬᠤ ᠲᠥᠪ ᠰᠤᠷᠪᠤᠯᠵᠢᠯᠠᠬᠤ  ᠬᠠᠶ᠋ᠢᠭ᠄ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶ᠎ᠠ ᠶᠢᠨ ᠬᠢᠨᠠᠨ ᠪᠠᠶᠢᠴᠠᠭᠠᠵᠤ ᠬᠢᠨᠠᠨ ᠪᠤᠳᠤᠬᠤ ᠲᠥᠪ ︵205 ᠲᠠᠰᠤᠭ︶ ᠢᠯᠡᠴᠢᠯᠡᠨ ᠮᠡᠳᠡᠭᠦᠯᠬᠦ ᠤᠲᠠᠰᠤ᠄ 0474 — 4214867 ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ lcxjtjjcsj@163·  com       ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                  2020 ᠣᠨ ᠤ 5 ᠰᠠᠷ᠎ᠠ ᠶᠢᠨ 18 ᠤ ᠡᠳᠦᠷ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2