| | | | ᠡᠨᠡ ᠵᠢᠯ ᠤᠨ ᠬᠤᠶᠠᠷ ᠬᠤᠷᠠᠯ ᠤᠨ ᠶᠡᠷᠦᠩᠬᠡᠶ ᠰᠠᠶᠢᠳ ᠤᠨ ᠰᠣᠷᠪᠣᠯᠵᠢᠯᠠᠭᠴᠢᠳ ᠤᠨ ᠬᠤᠷᠠᠯ ᠤᠨ ᠮᠠᠰᠢ ᠣᠯᠠᠨ | ᠨᠠᠷᠢᠨ ᠵᠤᠶᠢᠯᠨᠢ ᠴᠥᠮ ᠶᠡᠷᠦ ᠪᠤᠰᠤ ᠶᠢᠨ ᠶᠤᠮ᠃ | 5 ᠰᠠᠷ᠎ᠠ ᠶᠢᠨ 28 ᠤ ᠡᠳᠦᠷ ᠤᠨ ᠰᠣᠷᠪᠣᠯᠵᠢᠯᠠᠭᠴᠢᠳ ᠤᠨ ᠬᠤᠷᠠᠯ ᠤᠨ ᠴᠠᠭ ᠤᠨ ᠣᠷᠳᠣ ᠨᠢ 1 ᠴᠠᠭ 55 | ᠮᠢᠨᠦ᠋ᠲ ᠪᠠᠶᠢᠵᠤ᠂ ᠣᠶᠢᠷ᠎ᠠ ᠶᠢᠨ ᠵᠢᠯ ᠳᠤ ᠬᠠᠮᠤᠭ ᠤᠨ ᠣᠬᠤᠷ ᠪᠣᠯᠤᠭᠰᠠᠨ ᠪᠠᠶᠢᠨ᠎ᠠ᠃ ᠶᠡᠷᠦᠩᠬᠡᠶ ᠰᠠᠶᠢᠳ ᠨᠡᠶᠢᠲᠡ | 11 ᠠᠰᠠᠭᠤᠯᠲᠠ ᠬᠠᠷᠢᠭᠤᠯᠵᠠᠶ᠂ ᠡᠭᠦᠨ ᠤ ᠲᠤᠭ᠎ᠠ ᠨᠢ ᠴᠦ ᠣᠶᠢᠷ᠎ᠠ ᠶᠢᠨ ᠵᠢᠯ ᠠᠴᠠ ᠨᠠᠰᠢ ᠬᠠᠮᠤᠭ ᠤᠨ ᠴᠥᠭᠡᠨ | ᠪᠣᠯᠵᠠᠶ᠃ ᠮᠧᠶ ᠳ᠋ᠢ ᠶᠠ ᠲᠥᠪ ᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠰᠤᠷᠪᠤᠯᠵᠢᠯᠠᠭᠴᠢ ᠶᠢᠨ | ᠣᠯᠠᠩᠬᠢ ᠨᠢ ᠠᠮᠠᠪᠴᠢ ᠵᠡᠭᠦᠵᠦ ᠪᠠᠶᠢᠨ᠎ᠠ᠃ ᠶᠡᠷᠦᠩᠬᠡᠶ ᠰᠠᠶᠢᠳ ᠯᠢ ᠺᠧ ᠴᠢᠶᠠᠩ ᠠᠷᠠᠳ ᠤᠨ ᠶᠡᠭᠡ ᠬᠤᠷᠠᠯ ᠤᠨ | ᠲᠠᠩᠬᠢᠮ ᠤᠨ ᠬᠤᠷᠠᠯ ᠤᠨ ᠲᠠᠯᠠᠪᠠᠶ ᠳᠤ ᠰᠠᠭᠤᠵᠤ᠂ ᠸᠢᠳᠢᠤ᠋ ᠪᠠᠷ ᠳᠠᠮᠵᠢᠭᠤᠯᠤᠨ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ ᠡᠳᠡᠭᠡᠷ ᠪᠦᠬᠦᠨ ᠪᠣᠯ ᠴᠥᠮ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠠᠪᠤᠭᠰᠠᠨ ᠰᠢᠨ᠎ᠡ ᠠᠷᠭ᠎ᠠ ᠬᠡᠮᠵᠢᠶ᠎ᠡ | ᠪᠣᠯᠤᠨ᠎ᠠ᠃ | ︽ᠮᠢᠨᠦ ᠪᠣᠳᠣᠬᠤ ᠪᠠᠷ ᠡᠨᠡ ᠵᠠᠶ ᠨᠢ ᠪᠢᠳᠡᠨ ᠤ ᠬᠤᠭᠤᠷᠣᠨᠳᠣᠬᠢ ᠨᠡᠪᠲᠡᠷᠡᠯᠴᠡᠭᠡ ᠶᠢ ᠨᠥᠯᠥᠭᠡᠯᠡᠬᠦ ᠦᠭᠡᠢ ᠶᠤᠮ ︾ | ᠰᠤᠷᠪᠤᠯᠵᠢᠯᠠᠭᠴᠢ ᠶᠢᠨ ᠬᠤᠷᠠᠯ ᠡᠬᠢᠯᠡᠮᠡᠭᠴᠡ ᠶᠡᠷᠦᠩᠬᠡᠶ ᠰᠠᠶᠢᠳ ᠯᠢ ᠺᠧ ᠴᠢᠶᠠᠩ ᠳᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢ ᠶᠢᠨ ᠠᠰᠠᠭᠤᠳᠠᠯ ᠢ ᠬᠦᠯᠢᠶᠡᠨ ᠠᠪᠴᠦ ᠬᠠᠷᠢᠭᠤᠯᠪᠠ᠃ | ᠦᠨᠡᠨ ᠳᠡᠭᠡᠨ᠂ ᠠᠳᠠᠯᠢᠬᠠᠨ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠠᠴᠠ ᠪᠣᠯᠵᠤ ︽ᠶᠡᠷᠦ ᠪᠤᠰᠤ ᠶᠢᠨ︾ | ᠪᠣᠯᠵᠤ ᠬᠤᠪᠢᠷᠠᠭᠰᠠᠨ ᠨᠢ ᠪᠠᠰᠠ ᠳᠤᠮᠳᠠᠳᠤ ᠤᠯᠤᠰ ᠤᠨ ᠠᠵᠤ ᠠᠬᠤᠶ ᠪᠣᠯᠤᠨ᠎ᠠ᠃ ᠪᠦᠬᠦ ᠳᠡᠯᠡᠬᠡᠶ ᠶᠢᠨ | ᠬᠢᠵᠢᠭ ᠤᠨ ᠪᠠᠶᠢᠳᠠᠯ ᠶᠡᠭᠡ ᠪᠠᠷ ᠳᠡᠯᠭᠡᠷᠡᠵᠦ ᠪᠠᠶᠢᠭ᠎ᠠ ᠠᠬᠤᠶ ᠪᠠᠶᠢᠳᠠᠯ ᠳᠣᠣᠷ᠎ᠠ᠂ ᠳᠡᠯᠡᠬᠡᠶ ᠶᠢᠨ ᠠᠵᠤ ᠠᠬᠤᠶ ᠳᠤ | ᠬᠦᠨᠳᠦ ᠨᠣᠴᠢᠲᠠᠶ ᠪᠠᠭᠤᠷᠠᠯᠲᠠ ᠭᠠᠷᠴᠤ᠂ ᠳᠤᠮᠳᠠᠳᠤ ᠤᠯᠤᠰ ᠤᠨ ᠠᠵᠤ ᠠᠬᠤᠶ ᠶᠢᠨ ᠨᠢᠭᠡᠳᠤᠭᠡᠷ ᠤᠯᠠᠷᠢᠯ ᠳᠤ ᠴᠤ | ᠬᠡᠳᠦᠨ ᠠᠷᠪᠠᠨ ᠵᠢᠯ ᠤᠨ ᠲᠤᠷᠰᠢ ᠠᠩᠬ᠎ᠠ ᠤᠳᠠᠭ᠎ᠠ ᠰᠥᠭᠡᠷᠭᠦ ᠨᠡᠮᠡᠭᠳᠡᠯ ᠭᠠᠷᠴᠠᠶ᠃ ᠡᠨᠡ ᠵᠢᠯ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠷᠸ᠎ᠠ ᠲᠦᠷᠦ ᠶᠢᠨ ᠪᠤᠳᠤᠯᠭ᠎ᠠ ᠶᠢᠨ ᠡᠷᠴᠢᠮ ᠬᠡᠳᠦᠶ ᠶᠡᠭᠡ ᠪᠠᠶᠢᠬᠤ᠂ ᠬᠡᠷᠬᠢᠨ | ᠬᠡᠷᠡᠭᠵᠢᠭᠦᠯᠬᠦ ᠨᠢ ᠡᠯ᠎ᠡ ᠲᠠᠯ᠎ᠠ ᠶᠢᠨ ᠬᠢᠨ ᠤ ᠠᠩᠬᠠᠷᠤᠯ ᠢ ᠶᠡᠬᠡᠳᠡ ᠲᠠᠲᠠᠭᠰᠠᠨ ᠠᠰᠠᠭᠤᠳᠠᠯ ᠪᠣᠯᠤᠭᠰᠠᠨ ᠪᠠᠶᠢᠨ᠎ᠠ᠃ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠡᠶᠡᠯᠡᠭᠦᠯᠪᠡᠯ᠂ ᠲᠠᠷᠦᠢ ᠡᠨᠡ ᠵᠢᠯ ᠤᠨ ᠳᠤᠮᠳᠠᠳᠤ ᠤᠯᠤᠰ ᠤᠨ | ᠠᠵᠤ ᠠᠬᠤᠶ ᠶᠢᠨ ᠡᠶᠡᠷᠬᠦ ᠨᠡᠮᠡᠭᠳᠡᠯ ᠢ ᠪᠡᠶᠡᠯᠡᠭᠦᠯᠵᠦ ᠴᠢᠳᠠᠨ᠎ᠠ᠃ | | | | | ᠠᠩᠭ᠍ᠯᠢ ᠶᠢᠨ ᠷᠦᠲ᠋ᠧᠷ ᠬᠤᠷᠢᠶᠠᠨ ᠤ ᠰᠤᠷᠪᠤᠯᠵᠢᠯᠠᠭᠴᠢ ᠡᠩ ᠲᠡᠷᠢᠭᠦᠨ ᠳᠤ ᠶᠡᠷᠦᠩᠬᠡᠶ ᠰᠠᠶᠢᠳ ᠲᠤ᠄ ᠴᠥᠭᠡᠨ | ᠪᠤᠰᠤ ᠤᠯᠤᠰ ᠤᠨ ᠵᠠᠰᠠᠭ ᠤᠨ ᠣᠷᠳᠣᠨ ᠬᠡᠳᠦᠨ ᠲᠦᠮᠡᠨ ᠳ᠋ᠦᠩᠰᠢᠭᠤᠷ ᠳ᠋ᠣᠯᠯᠠᠷ ᠤᠨ ᠡᠳ᠋ ᠤᠨ ᠵᠠᠰᠠᠭ ᠪᠠ | ᠵᠣᠭᠤᠰᠣᠨ ᠤ ᠠᠷᠭ᠎ᠠ ᠬᠡᠮᠵᠢᠶ᠎ᠡ ᠨᠡᠶᠢᠲᠡᠯᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠠᠵᠤ | ᠠᠬᠤᠶ ᠳᠤ ᠦᠵᠡᠭᠦᠯᠬᠦ ᠲᠠᠭᠠᠷᠢᠯᠳᠠ ᠶᠢ ᠠᠷᠭᠠᠴᠠᠭᠠᠪᠠ᠃ ᠡᠨᠡ ᠵᠢᠯ ᠤᠨ ᠳᠤᠮᠳᠠᠳᠤ ᠤᠯᠤᠰ ᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠨᠡᠶᠢᠲᠡᠯᠡᠭᠰᠡᠨ ᠡᠳ᠋ ᠤᠨ ᠵᠠᠰᠠᠭ ᠤᠨ ᠠᠷᠭ᠎ᠠ ᠬᠡᠮᠵᠢᠶ᠎ᠡ ᠵᠢᠱᠢᠵᠦ | ᠪᠤᠳᠤᠭᠰᠠᠨ ᠢᠶᠠᠷ ᠪᠣᠯ ᠳᠤᠮᠳᠠᠳᠤ ᠤᠯᠤᠰ ᠤᠨ 2019 ᠣᠨ ᠤ ᠤᠯᠤᠰ ᠤᠨ ᠳᠣᠲᠣᠭᠠᠳᠤ ᠶᠢᠨ | ᠤᠶᠢᠯᠡᠳᠪᠤᠷᠢᠯᠡᠯ ᠤᠨ ᠪᠥᠬᠦ ᠥᠷᠲᠡᠭ ᠤᠨ 4% ᠶᠢ ᠡᠵᠡᠯᠡᠵᠦ᠂ ᠵᠠᠷᠢᠮ ᠠᠵᠤ ᠠᠬᠤᠶ ᠶᠢᠨ ᠤᠬᠠᠭᠠᠨᠲᠠᠨ ᠤ | ᠵᠢᠱᠢᠯᠲᠡ ᠠᠴᠠ ᠡᠳᠦᠶ ᠲᠡᠳᠦᠶ ᠪᠠᠭᠤᠷᠠᠭᠰᠠᠨ ᠪᠠᠶᠢᠨ᠎ᠠ᠃ | ︽ᠢᠷᠡᠭᠡᠳᠦᠶ ᠶᠢᠨ ᠬᠡᠳᠦᠨ ᠰᠠᠷ᠎ᠠ ᠳᠤ᠂ ᠳᠤᠮᠳᠠᠳᠤ ᠶᠢᠨ ᠲᠠᠯ᠎ᠠ ᠶᠢᠨ ᠬᠢᠨ ᠨᠠᠩ ᠶᠡᠭᠡ ᠬᠡᠪᠴᠢᠶᠡᠨ ᠤ | ᠰᠡᠳᠡᠯᠲᠡ ᠶᠢᠨ ᠠᠷᠭ᠎ᠠ ᠬᠡᠮᠵᠢᠶ᠎ᠡ ᠭᠠᠷᠭᠠᠨ᠎ᠠ ᠤᠤ ᠥᠬᠡᠶ ᠤᠤ︖ ᠨᠡᠩ ᠠᠯᠤᠰ ᠬᠡᠳᠤ ᠶᠢᠨ ᠪᠠᠶᠢᠳᠠᠯ ᠠᠴᠠ | ᠦᠵᠡᠪᠡᠯ᠂ ᠳᠤᠮᠳᠠᠳᠤ ᠤᠯᠤᠰ ᠲᠤ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠦᠷᠬᠦᠯᠵᠢᠯᠡᠨ ᠳᠡᠯᠭᠡᠷᠡᠬᠦ ᠪᠠ | ᠲᠠᠰᠤᠷᠠᠯᠲᠠ ᠦᠭᠡᠢ ᠪᠠᠴᠢᠮ ᠲᠤᠯᠭᠠᠮ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠠᠷᠭᠠᠴᠠᠭᠠᠬᠤ ᠭᠦᠢᠴᠡᠳ | ᠲᠦᠷᠦ ᠶᠢᠨ ᠪᠤᠳᠤᠯᠭ᠎ᠠ ᠶᠢᠨ ᠪᠠᠭᠠᠵᠢ ᠬᠡᠷᠡᠭᠰᠡᠯ ᠪᠠᠶᠢᠨ᠎ᠠ ᠤᠤ ᠦᠭᠡᠢ ᠤᠤ︖︾ ᠭᠡᠵᠦ ᠰᠤᠷᠪᠤᠯᠵᠢᠯᠠᠭᠴᠢ | ᠠᠰᠠᠭᠤᠪᠠ᠃ | ᠯᠢ ᠺᠧ ᠴᠢᠶᠠᠩ ᠬᠠᠷᠢᠭᠤᠯᠬᠤ ᠳᠠᠭᠠᠨ᠂ ᠡᠨᠡ ᠤᠳᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠨᠢ ᠳᠡᠯᠡᠬᠡᠶ ᠶᠢᠨ ᠠᠵᠤ ᠠᠬᠤᠶ ᠳᠤ ᠬᠦᠨᠳᠦ ᠨᠣᠴᠢᠲᠠᠶ ᠳᠠᠭᠠᠷᠢᠯᠲᠠ ᠤᠴᠠᠷᠠᠭᠤᠯᠵᠠᠶ᠂ ᠡᠭᠦᠨ ᠢ | ᠲᠡᠤᠬᠡᠨ ᠳᠡᠭᠡᠷ᠎ᠡ ᠬᠤᠪᠣᠷ ᠲᠣᠬᠢᠶᠠᠯᠳᠤᠬᠤ ᠭᠡᠵᠦ ᠬᠡᠯᠡᠵᠦ ᠪᠣᠯᠤᠨ᠎ᠠ᠃ ᠳᠤᠮᠳᠠᠳᠤ ᠤᠯᠤᠰ ᠤᠨ ᠠᠵᠤ ᠠᠬᠤᠢ | ᠨᠢᠭᠡᠨᠲᠡ ᠳᠡᠯᠡᠬᠡᠢ ᠶᠢᠨ ᠠᠵᠤ ᠠᠬᠤᠢ ᠳᠤ ᠭᠦᠨᠵᠡᠭᠡᠢ ᠠᠭᠤᠰᠤᠯᠴᠠᠭᠰᠠᠨ ᠪᠣᠯᠬᠤᠷ ᠪᠡᠶ᠎ᠡ ᠠᠴᠠ ᠭᠠᠳᠠᠭᠤᠷ ᠪᠠᠶᠢᠵᠤ | ᠴᠢᠳᠠᠬᠤ ᠦᠭᠡᠢ ᠶᠤᠮ᠃ ᠡᠶᠢᠮᠦ ᠠᠴᠠ ᠡᠨᠡ ᠵᠢᠯ ᠪᠢᠳᠡ GDP ᠶᠢᠨ ᠨᠡᠮᠡᠭᠳᠡᠯ ᠤᠨ ᠬᠡᠮᠵᠢᠶᠡᠯᠡᠬᠦ ᠭᠦᠢᠴᠡᠳᠬᠡᠬᠦ | ᠲᠤᠭ᠎ᠠ ᠶᠢ ᠲᠤᠭᠳᠠᠭᠠᠭᠰᠠᠨ ᠦᠭᠡᠢ᠂ ᠡᠨᠡ ᠨᠢ ᠪᠠᠰᠠ ᠴᠤ ᠦᠨᠡᠨ ᠠᠴᠠ ᠵᠥᠪ ᠢ ᠡᠷᠢᠵᠦ ᠪᠠᠶᠢᠭ᠎ᠠ ᠶᠤᠮ᠃ | ︽ᠭᠡᠪᠡᠴᠦ ᠪᠢᠳᠡ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠵᠡᠷᠭᠡ ︿ᠵᠢᠷᠭᠤᠭ᠎ᠠ ᠶᠢ ᠪᠠᠲᠤᠯᠠᠬᠤ | ﹀ ᠬᠠᠷᠠᠯᠳᠡ ᠡᠭᠦᠷᠭᠡ ᠶᠢ ᠲᠣᠭᠲᠠᠭᠠᠪᠠ᠂ ᠡᠨᠡ ᠨᠢ GDP ᠶᠢᠨ ᠠᠵᠤ ᠠᠬᠤᠶ ᠶᠢᠨ ᠨᠡᠮᠡᠭᠳᠡᠯ ᠲᠠᠢ ᠰᠢᠭᠤᠳ | ᠬᠠᠷᠢᠴᠠᠭ᠎ᠠ ᠲᠠᠢ ᠶᠤᠮ᠃ ᠶᠡᠷᠦᠩᠬᠡᠢ ᠰᠠᠶᠢᠳ ᠬᠡᠯᠡᠭᠰᠡᠨ ᠨᠢ᠂ ︽ᠠᠵᠤ ᠠᠬᠤᠢ ᠶᠢᠨ ᠨᠡᠮᠡᠭᠳᠡᠯ ᠴᠢᠬᠤᠯᠠ ᠪᠢᠰᠢ᠂ | ᠮᠠᠨ ᠤ ᠢᠩᠭᠢᠵᠦ ᠬᠢᠬᠦ ᠨᠢ ᠬᠡᠷᠡᠭ ᠳᠡᠭᠡᠷ᠎ᠡ ᠪᠠᠨ ᠠᠷᠠᠳ ᠤᠯᠠᠨ ᠳᠤ ᠠᠵᠤ ᠠᠬᠤᠶ ᠶᠢᠨ ᠨᠡᠮᠡᠭᠳᠡᠯ ᠳᠤ ᠨᠡᠩ | ᠰᠢᠭᠤᠳᠲ᠋ᠦ᠋ᠷᠦᠭᠳᠡᠯ ᠣᠯᠭᠤᠵᠤ᠂ ᠠᠵᠤ ᠠᠬᠤᠶ ᠶᠢᠨ ᠨᠡᠮᠡᠭᠳᠡᠯ ᠢ ᠨᠡᠩ ᠥᠨᠳᠥᠷ ᠶᠠᠰᠤ ᠴᠢᠨᠠᠷ ᠲᠠᠢ ᠪᠣᠯᠭᠠᠬᠤ | ᠶᠠᠪᠤᠳᠠᠯ ᠪᠤᠯᠤᠨ᠎ᠡ᠃ ᠬᠥᠭᠵᠢᠭᠦᠯᠬᠦ ᠡᠰᠡᠬᠦᠯ᠎ᠡ ᠳᠤᠮᠳᠠᠳᠤ ᠤᠯᠤᠰ ᠤᠨ ᠠᠯᠢᠪᠠ ᠠᠰᠠᠭᠤᠳᠠᠯ ᠢ | ᠰᠢᠢᠳᠪᠤᠷᠢᠯᠡᠬᠦ ᠶᠢᠨ ᠵᠠᠩᠭᠢᠯᠠᠭ᠎ᠠ ᠪᠤᠯᠤᠨ ᠰᠠᠭᠤᠷᠢ ᠮᠥᠨ ᠃ | ᠲᠡᠷᠡ ᠬᠡᠯᠡᠭᠰᠡᠨ ᠨᠢ᠂ ᠬᠡᠷᠪᠡ ᠨᠢᠭᠡᠳᠦᠯᠲᠡᠶ ᠪᠣᠳᠣᠵᠤ ᠦᠵᠡᠪᠡᠯ᠂ ︽ᠵᠢᠷᠭᠤᠭᠠᠨ ᠵᠦᠢᠯ ᠤᠨ ᠬᠠᠮᠠᠭᠠᠯᠠᠯᠲᠠ︾ | ᠶᠢᠨ ᠡᠭᠦᠷᠭᠡ ᠶᠢ ᠪᠡᠶᠡᠯᠡᠭᠦᠯᠵᠦ᠂ ᠢᠯᠠᠩᠭᠤᠶ᠎ᠠ ᠡᠮᠦᠨᠡᠬᠢ ︽ᠭᠤᠷᠪᠠᠨ ᠵᠦᠢᠯ ᠤᠨ ᠬᠠᠮᠠᠭᠠᠯᠠᠯᠲᠠ︾ ᠶᠢ ᠪᠡᠶᠡᠯᠡᠭᠦᠯᠵᠦ | ᠂ ᠪᠢᠳᠡ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠵᠦ᠂ ᠲᠡᠷᠡᠴᠢᠯᠡᠨ | ᠵᠣᠬᠢᠬᠤ ᠬᠡᠮᠵᠢᠶ᠎ᠡ ᠪᠠᠷ ᠴᠢᠷᠮᠠᠶᠢᠵᠤ ᠪᠠᠶᠢᠭᠠᠳ ᠳᠤᠮᠳᠠᠳᠤ ᠤᠯᠤᠰ ᠤᠨ ᠠᠵᠤ ᠠᠬᠤᠶ ᠶᠢᠨ ᠲᠣᠭᠲᠠᠭᠤᠨ ᠢᠶᠠᠷ | ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠪᠡ᠃ | ︽ᠪᠢᠳᠡ ︿ᠶᠡᠭᠡ ᠤᠰᠤ ᠪᠠᠷ ᠤᠳᠠᠭᠠᠨ ᠤᠰᠤᠯᠠᠵᠤ﹀ ᠪᠣᠯᠬᠤ ᠦᠭᠡᠢ ᠭᠡᠵᠦ ᠬᠡᠯᠡᠪᠡ᠂ ᠭᠡᠪᠡᠴᠦ ᠤᠨᠴᠠᠭᠠᠢ | ᠦᠶ᠎ᠡ ᠳᠤ ᠤᠨᠴᠠᠭᠠᠢ ᠲᠦᠷᠦ ᠶᠢᠨ ᠪᠤᠳᠤᠯᠭ᠎ᠠ ᠪᠠᠶᠢᠬᠤ ᠬᠡᠷᠡᠭᠲᠡᠶ᠂ ︿ᠤᠰᠤ ᠲᠠᠯᠪᠢᠵᠤ ᠵᠢᠭᠠᠰᠤ ᠲᠡᠵᠢᠭᠡᠬᠦ﹀ | ᠬᠡᠷᠡᠭᠲᠡᠶ᠃ ᠭᠦᠢᠴᠡᠳ ᠤᠰᠤ ᠦᠭᠡᠢ ᠪᠣᠯ ᠵᠢᠭᠠᠰᠤ ᠠᠮᠢᠳᠤᠷᠠᠵᠤ ᠴᠢᠳᠠᠬᠤ ᠦᠭᠡᠢ ᠶᠤᠮ᠃ ᠭᠡᠪᠡᠴᠦ ᠬᠡᠷᠪᠡ | ᠦᠶᠡᠷᠯᠡᠪᠡᠯ ᠬᠥᠭᠡᠰᠦ ᠡᠭᠦᠰᠦᠨ᠎ᠡ᠃ ᠵᠠᠷᠢᠮ ᠬᠥᠮᠦᠨ ᠳᠤᠮᠳᠠ ᠠᠴᠠ ᠨᠢ ᠠᠰᠢᠭ ᠣᠯᠵᠤ᠂ ᠵᠢᠭᠠᠰᠤ ᠶᠢ ᠴᠤ | ᠲᠡᠵᠢᠭᠡᠵᠦ ᠲᠡᠶᠢᠯᠬᠦ ᠦᠭᠡᠢ᠂ ᠪᠠᠰᠠ ᠵᠠᠷᠢᠮ ᠬᠦᠮᠦᠨ ᠵᠢᠭᠠᠰᠤ ᠪᠠᠷᠢᠵᠤ ᠪᠣᠯᠤᠨ᠎ᠠ᠃ ᠶᠡᠷᠦᠩᠬᠡᠶ ᠰᠠᠶᠢᠳ | ᠠᠮᠢᠳᠤᠯᠢᠭ ᠵᠤᠶᠢᠷᠯᠡᠪᠡ᠃ | ᠲᠡᠷᠡ ᠴᠢᠬᠤᠯᠠᠴᠢᠯᠠᠭᠰᠠᠨ ᠨᠢ᠂ ᠡᠨᠡ ᠤᠳᠠᠭ᠎ᠠ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠨᠢ ᠬᠠᠨᠳᠤᠯᠭᠠᠲᠤ | ᠴᠢᠨᠠᠷ ᠲᠠᠢ ᠪᠠᠶᠢᠵᠤ᠂ ᠰᠤᠳᠠᠯ ᠪᠠᠷᠢᠵᠤ᠂ ᠣᠨᠣᠪᠴᠢᠲᠠᠶ ᠡᠮ ᠣᠷᠣᠭᠤᠯᠬᠤ ᠬᠡᠷᠡᠭᠲᠡᠶ᠃ ᠵᠣᠭᠤᠰ ᠬᠠᠮᠢᠭ᠎ᠠ ᠠᠴᠠ | ᠢᠷᠡᠬᠦ᠂ ᠬᠠᠮᠢᠭ᠎ᠠ ᠬᠡᠷᠡᠭᠯᠡᠬᠦ ᠳᠤ ᠴᠥᠮ ︽ᠰᠢᠨ᠎ᠡ ᠵᠠᠮ ᠢᠶᠠᠷ ᠶᠠᠪᠤᠬᠤ︾ ᠬᠡᠷᠡᠭᠲᠡᠶ᠃ | ᠡᠶᠢᠮᠦ ᠨᠢᠭᠡᠨ ︽ᠡᠷᠴᠢᠮ ᠲᠠᠢ︾ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠨᠢ ᠵᠤᠭᠤᠰ ᠬᠠᠮᠢᠭ᠎ᠠ ᠠᠴᠠ | ᠢᠷᠡᠭᠰᠡᠨ ᠪᠤᠢ︖ ᠶᠡᠷᠦᠩᠬᠡᠶ ᠰᠠᠶᠢᠳᠲ᠋ᠤᠬᠠᠶ ᠶᠢᠨ ᠲᠠᠯᠠᠪᠠᠢ ᠳᠤ ᠨᠠᠷᠢᠨ ᠳᠠᠩᠰᠠ ᠪᠣᠳᠣᠵᠤ ᠦᠵᠡᠪᠡ | | | | | ᠯᠢ ᠺᠧ ᠴᠢᠶᠠᠩ ᠬᠡᠯᠡᠬᠦ ᠳᠡᠭᠡᠨ᠂ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠦᠶ᠎ᠡ ᠳᠤ ᠪᠢᠳᠡ ᠵᠠᠷᠢᠮ | ᠲᠥᠷᠥ ᠶᠢᠨ ᠪᠣᠳᠣᠯᠭ᠎ᠠ ᠶᠢ ᠨᠡᠶᠢᠲᠡᠯᠡᠵᠡᠶ᠃ ᠡᠮᠦᠨᠡᠬᠢ ᠬᠤᠭᠤᠴᠠᠭᠠᠨ ᠤ ᠲᠤᠷᠰᠢᠯᠭ᠎ᠠ ᠶᠢ ᠦᠨᠳᠦᠰᠦᠯᠡᠪᠡᠯ᠂ ᠮᠥᠨ | ᠴᠦ ᠣᠳᠣᠬᠠᠨ ᠤ ᠪᠠᠶᠢᠳᠠᠯ ᠢ ᠮᠠᠭᠠᠳᠯᠠᠵᠤ ᠪᠠᠶᠢᠭ᠎ᠠ ᠶᠠᠪᠤᠳᠠᠯ ᠪᠣᠯᠤᠨ᠎ᠠ᠂ ᠪᠢᠳᠡ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠡᠭᠡᠨ ᠨᠢᠭᠡᠨ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠶ᠂ | ᠡᠭᠦᠨ ᠢ ᠡᠷᠴᠢᠮ ᠲᠠᠢ ᠭᠡᠵᠦ ᠬᠡᠯᠡᠬᠦ ᠶᠣᠰᠣᠲᠠᠶ᠃ | ᠡᠶᠢᠮᠦ ᠨᠢᠭᠡᠨ ︽ᠡᠷᠴᠢᠮ ᠲᠠᠢ︾ ᠬᠡᠪᠴᠢᠶᠡᠲᠦ ᠴᠢᠨᠠᠷᠲᠠᠶ ᠲᠥᠷᠥ ᠶᠢᠨ ᠪᠣᠳᠣᠯᠭ᠎ᠠ ᠨᠢ ᠵᠣᠭᠤᠰ | ᠬᠠᠮᠢᠭ᠎ᠠ ᠠᠴᠠ ᠢᠷᠡᠬᠦ ᠪᠤᠶ ︖ ᠶᠡᠷᠦᠩᠬᠡᠶ ᠰᠠᠶᠢᠳ ᠲᠤᠬᠠᠶ ᠶᠢᠨ ᠲᠠᠯᠠᠪᠠᠢ ᠳᠤ ᠨᠢᠭᠡ ᠨᠠᠷᠢᠨ ᠳᠠᠩᠰᠠ ᠪᠣᠳᠣᠵᠠᠢ | ᠄ ᠰᠢᠨ᠎ᠡ ᠪᠠᠷ ᠨᠡᠮᠡᠭᠳᠡᠭᠰᠡᠨ ᠤᠯᠠᠭᠠᠨ ᠲᠤᠭ᠎ᠠ ᠪᠠ ᠬᠢᠵᠢᠭ ᠡᠰᠡᠷᠭᠦᠴᠡᠬᠦ ᠣᠨᠴᠠᠭᠠᠢ ᠤᠯᠤᠰ ᠠᠴᠠ ᠵᠢᠭᠡᠯᠡᠯᠭᠡ | ᠲᠠᠷᠬᠠᠭᠠᠵᠤ᠂ ᠨᠡᠶᠢᠳᠡ ᠬᠤᠶᠠᠷ ᠲᠦᠮᠡᠨ ᠳ᠋ᠦᠩᠰᠢᠭᠤᠷ ᠲᠥᠭᠦᠷᠢᠭ︔ ᠡᠭᠦᠨ ᠠᠴᠠ ᠭᠠᠳᠠᠨ᠎ᠠ ᠪᠠᠰᠠ ᠨᠢᠭᠡ | ᠬᠡᠰᠡᠭ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠬᠠᠰᠤᠨ ᠬᠡᠯᠲᠦᠷᠢᠭᠦᠯᠬᠦ ᠪᠣᠯᠤᠨ᠎ᠠ᠂ ᠠᠵᠢᠯ | ᠠᠯᠳᠠᠭᠰᠠᠳ ᠤᠨ ᠳᠠᠭᠠᠳᠬᠠᠯ ᠤᠨ ᠦᠯᠡᠳᠡᠪᠦᠷᠢ ᠶᠢ ᠬᠥᠳᠡᠯᠭᠡᠨ ᠬᠡᠷᠡᠭᠯᠡᠵᠦ᠂ ᠤᠯᠤᠰ ᠠᠴᠠ ᠥᠮᠴᠢᠯᠡᠯᠲᠡ | ᠬᠤᠳᠠᠯᠳᠤᠭᠠᠨ ᠤ ᠪᠠᠩᠬᠢ ᠶᠢᠨ ᠠᠰᠢᠭ ᠣᠯᠭᠤᠬᠤ ᠶᠢ ᠠᠬᠢᠭᠤᠯᠵᠤ᠂ ᠠᠶᠠᠨᠳᠠᠭᠠᠨ ᠭᠠᠭᠴᠠᠭᠠᠷ ᠡᠵᠡᠮᠰᠢᠬᠦ ᠴᠢᠨᠠᠷᠲᠠᠶ | ᠠᠵᠤ ᠠᠬᠤᠶᠢᠯᠠᠯ ᠤᠨ ᠦᠨ᠎ᠡ ᠶᠢ ᠪᠠᠭᠤᠷᠠᠭᠤᠯᠵᠤ ᠪᠠᠶᠢᠭᠠᠳ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ | ᠦᠷᠳᠡᠭ ᠢ ᠪᠠᠭᠤᠷᠠᠭᠤᠯᠤᠨ᠎ᠠ᠃ | ︽ᠡᠨᠡ ᠬᠡᠰᠡᠭ ᠨᠢ ᠲᠦᠷᠦᠭᠦᠴᠢ ᠶᠢᠨ ᠬᠢ ᠠᠴᠠ ᠬᠤᠶᠠᠷ ᠳᠠᠬᠢᠨ ᠢᠯᠡᠭᠦᠤ ᠪᠠᠶᠢᠳᠠᠭ᠃ ᠲᠡᠷᠡ ᠮᠥᠷᠲᠡᠭᠡᠨ | ᠪᠢᠳᠡ ᠡᠳᠡᠭᠡᠷ ᠪᠡᠯᠡ ᠮᠥᠩᠭᠦ ᠶᠢ ᠠᠵᠢᠯ ᠣᠯᠭᠤᠯᠲᠠ᠂ ᠠᠷᠠᠳ ᠤᠨ ᠠᠮᠢᠳᠤᠷᠠᠯ ᠪᠠ ᠵᠠᠬ᠎ᠠ ᠲᠡᠯᠭᠡᠭᠦᠷ ᠤᠨ ᠪᠡᠶᠡᠴᠢ | ᠴᠣᠭᠴᠠ ᠳᠤ ᠬᠡᠷᠡᠭᠯᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠲᠤᠯᠭᠠᠭᠤᠷᠢᠯᠠᠬᠤ ᠬᠡᠷᠡᠭᠲᠡᠶ᠃ ᠯᠢ | ᠺᠧ ᠴᠢᠶᠠᠩ ᠬᠡᠯᠡᠬᠦ ᠳᠡᠭᠡᠨ᠂ ︽ᠡᠨᠡ ᠨᠢ ᠮᠠᠨ ᠤ ᠤᠳᠤ ᠶᠢᠨ ᠪᠦᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ | ᠣᠷᠣᠯᠭ᠎ᠠ 40 ᠭᠠᠷᠤᠶ ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ ᠶᠡᠷᠦᠩᠬᠡᠶ ᠪᠠᠶᠢᠳᠠᠯ ᠢ ᠪᠤᠳᠤᠪᠠᠯ᠂ | ᠲᠡᠭᠦᠨ ᠤ ᠬᠠᠷᠢᠴᠠᠯ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠪᠠᠶᠢᠳᠠᠭ᠃ | | ᠪᠢᠳᠡ ᠬᠥᠩᠭᠡᠨ ᠲᠡᠷᠭᠡ ᠲᠠᠨᠢᠯ ᠵᠠᠮ ᠢᠶᠠᠷ ᠶᠠᠪᠤᠵᠤ ᠪᠣᠯᠬᠤ ᠦᠭᠡᠢ᠂ ᠵᠥᠪᠬᠡᠨ ᠶᠡᠭᠡ ᠲᠡᠷᠭᠡ ᠬᠦᠴᠢᠷ | ᠵᠠᠮ ᠢᠶᠠᠷ ᠶᠠᠪᠤᠨ᠎ᠠ | | | | | ᠨᠡᠮᠡᠭᠳᠡᠭᠦᠯᠦᠭᠰᠡᠨ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠬᠠᠮᠢᠭ᠎ᠠ ᠬᠡᠷᠡᠭᠯᠡᠬᠦ ᠪᠤᠢ︖ ᠡᠨᠡ ᠨᠢ ᠮᠥᠨ | ᠴᠦ ᠲᠤᠬᠠᠶ ᠶᠢᠨ ᠲᠠᠯᠠᠪᠤᠷ ᠤᠨ ᠵᠠᠭᠤᠴᠢᠯᠠᠭᠤᠷ ᠤᠨ ᠠᠩᠬᠠᠷᠤᠯ ᠤᠨ ᠲᠥᠪ ᠪᠣᠯᠤᠨ᠎ᠠ᠃ ᠲᠥᠪ ᠤᠨ ᠷᠠᠳᠢᠤ᠋ | ᠲᠧᠯᠸᠢᠰ ᠤᠨ ᠶᠡᠷᠦᠩᠬᠡᠶ ᠬᠤᠷᠢᠶᠠᠨ ᠤ ᠲᠥᠪ ᠲᠧᠯᠸᠢᠰ ᠤᠨ ᠰᠤᠷᠪᠤᠯᠵᠢᠯᠠᠭᠴᠢ ᠶᠡᠷᠦᠩᠬᠡᠶ ᠰᠠᠶᠢᠳ ᠲᠤ᠄ ︽ | ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠳᠡᠭᠡᠷ ᠪᠡᠯᠡ ᠮᠥᠩᠭᠦ ᠶᠢ ᠠᠵᠤ ᠠᠬᠤᠶᠢᠯᠠᠯ ᠲᠤ | ᠦᠨᠡᠨᠬᠦ ᠠᠰᠢᠭ ᠬᠦᠷᠲᠡᠭᠡᠬᠦ ᠶᠢ ᠪᠠᠲᠤᠯᠠᠬᠤ ᠲᠤᠬᠠᠶ ᠠᠰᠠᠭᠤᠯᠲᠠ ᠲᠠᠯᠪᠢᠵᠠᠶ᠃ ᠬᠤᠭᠤᠰᠣᠨ ᠡᠷᠭᠢᠬᠦ ᠠᠴᠠ ᠵᠠᠶᠢᠯᠬᠠᠤ | ᠨᠢ ᠪᠠᠰᠠ ᠮᠠᠨ ᠤ ᠠᠷᠠᠳ ᠲᠦᠮᠡᠨ ᠳᠤ ᠦᠨᠡᠨ ᠪᠣᠳᠠᠲᠠᠶ ᠲᠥᠷᠥᠭᠳᠡᠯ ᠥᠭᠭᠦᠨ᠎ᠡ ᠃ | ︽ᠡᠨᠡ ᠪᠣᠯ ᠨᠢᠭᠡ ᠤᠳᠠᠭ᠎ᠠ ᠶᠢᠨ ᠤᠷᠢᠳ ᠡᠮᠦᠨ᠎ᠡ ᠪᠠᠶᠢᠭ᠎ᠠ ᠦᠭᠡᠢ ᠲᠠᠭᠠᠷᠢᠯᠳᠠ ᠪᠣᠯᠤᠨ᠎ᠠ᠃︾ ᠭᠡᠵᠦ ᠯᠢ | ᠺᠧ ᠴᠢᠶᠠᠩ ᠬᠠᠷᠢᠭᠤᠯᠪᠠ᠃ ︽ᠪᠢᠳᠡ ︿ᠬᠥᠩᠭᠡᠨ ᠲᠡᠷᠭᠡ ᠲᠠᠨᠢᠯ ᠲᠡᠰᠦᠯ ᠵᠠᠮ ᠢᠶᠠᠷ ᠶᠠᠪᠤᠵᠤ ᠪᠣᠯᠬᠤ ᠥᠬᠡᠶ﹀᠂ | ᠵᠥᠪᠬᠡᠨ ︿ᠶᠡᠭᠡ ᠲᠡᠷᠭᠡ ᠪᠠᠷ ᠶᠠᠪᠤᠬᠤ ᠪᠡᠷᠬᠡ ᠵᠠᠮ﹀ ᠪᠣᠯᠤᠨ᠎ᠠ᠃ ᠲᠡᠶᠢᠮᠦ ᠠᠴᠠ ᠪᠢᠳᠡ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠬᠡᠷᠡᠭᠳᠡᠢ᠃ | ᠰᠢᠨ᠎ᠡ ᠶᠢ ᠡᠭᠦᠳᠬᠦ ᠶᠢᠨ ᠨᠢᠭᠡ ᠲᠠᠯ᠎ᠠ ᠪᠣᠯ ︽ᠠᠵᠤ ᠠᠬᠤᠶᠢᠯᠠᠯ ᠤᠨ ᠬᠦᠴᠢᠷᠳᠡᠯ ᠢ ᠠᠷᠢᠯᠭᠠᠬᠤ + ᠵᠠᠬ᠎ᠠ | ᠲᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ︾ ᠳᠡᠭᠡᠷ᠎ᠡ ᠵᠣᠭᠤᠰ ᠵᠠᠷᠤᠴᠠᠭᠤᠯᠬᠤ ᠶᠠᠪᠤᠳᠠᠯ ᠪᠣᠯᠤᠨ᠎ᠠ᠃ | ᠯᠢ ᠺᠧ ᠴᠢᠶᠠᠩ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠬᠡᠪᠴᠢᠶᠡᠨ ᠤ ᠴᠢᠨᠠᠷᠲᠠᠶ ᠲᠥᠷᠥ ᠶᠢᠨ ᠪᠣᠳᠣᠯᠭ᠎ᠠ ᠨᠢ | ᠠᠵᠢᠯ ᠣᠯᠭᠤᠯᠲᠠ ᠶᠢ ᠲᠤᠭᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠰᠠᠭᠤᠭᠠᠯᠢ ᠠᠷᠠᠳ ᠢ | ᠬᠡᠷᠡᠭᠯᠡᠭᠡᠨ ᠤ ᠴᠢᠳᠠᠪᠤᠷᠢ ᠲᠠᠢ ᠪᠤᠯᠭᠠᠵᠠᠢ᠃ ᠬᠡᠷᠡᠭᠯᠡᠭᠡ ᠶᠢ ᠠᠬᠢᠭᠤᠯᠵᠤ᠂ ᠵᠠᠬ᠎ᠠ ᠳᠡᠯᠭᠡᠭᠦᠷ ᠢ ᠳᠠᠶᠢᠴᠢᠯᠠᠬᠤ ᠳᠤ | ᠠᠰᠢᠭᠲᠠᠢ ᠶᠤᠮ᠃ ᠡᠭᠦᠨ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠵᠠᠮ ᠭᠡᠵᠦ ᠬᠡᠯᠡᠵᠦ ᠪᠣᠯᠤᠨ᠎ᠠ᠃ ᠵᠣᠭᠤᠰ | ᠪᠣᠯ ᠵᠣᠭᠤᠰ ᠲᠥᠷᠥᠳᠡᠭ ᠶᠤᠮ᠃ ᠠᠷᠠᠳ ᠲᠦᠮᠡᠨ ᠳᠤ ᠬᠡᠷᠡᠭᠯᠡᠬᠦ ᠵᠣᠭᠤᠰ ᠮᠥᠩᠭᠦ ᠨᠢ ᠰᠢᠨ᠎ᠡ ᠡᠳ᠋ ᠪᠠᠶᠠᠯᠢᠭ ᠢ | ᠡᠭᠦᠳᠴᠦ᠂ ᠭᠠᠶᠢᠯᠢ ᠶᠢᠨ ᠢᠷᠡᠯᠲᠡ ᠶᠢ ᠬᠠᠳᠠᠭᠠᠯᠠᠵᠤ᠂ ᠡᠳ᠋ ᠤᠨ ᠵᠠᠰᠠᠭ ᠢ ᠦᠷᠭᠦᠯᠵᠢᠯᠡᠭᠦᠯᠦᠨ᠎ᠡ᠃ | ︽ᠣᠳᠣ ᠳᠤᠮᠳᠠᠳᠤ ᠤᠯᠤᠰ ᠤᠨ ᠠᠵᠤ ᠠᠬᠤᠢ ᠶᠢᠨ ᠪᠦᠲᠦᠴᠡ ᠳᠤ ᠮᠠᠰᠢ ᠶᠡᠭᠡ ᠬᠤᠪᠢᠷᠠᠯᠲᠠ ᠭᠠᠷᠴᠤ᠂ | ᠬᠡᠷᠡᠭᠯᠡᠭᠡ ᠨᠢ ᠠᠵᠤ ᠠᠬᠤᠶ ᠶᠢᠨ ᠨᠡᠮᠡᠭᠳᠡᠯ ᠤᠨ ᠳᠤᠮᠳᠠ ᠭᠤᠤᠯ ᠳᠠᠶᠢᠴᠢᠯᠠᠬᠤ ᠤᠶᠢᠯᠡᠳᠤᠯ ᠦᠵᠡᠭᠦᠯᠵᠦ ᠪᠠᠶᠢᠬᠤ | ᠪᠦᠭᠡᠳ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠢᠯ ᠣᠯᠭᠤᠯᠲᠠ ᠶᠢ ᠰᠢᠩᠭᠡᠭᠡᠨ ᠠᠪᠬᠤ ᠶᠠᠪᠤᠴᠠ ᠳᠤ | 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠮᠠᠨ ᠤ ᠡᠨᠡ ᠤᠳᠠᠭᠠᠨ ᠤ ᠠᠪᠤᠭᠰᠠᠨ ᠬᠡᠪᠴᠢᠶᠡᠲᠦ ᠴᠢᠨᠠᠷᠲᠠᠶ | ᠲᠥᠷᠥ ᠶᠢᠨ ᠪᠣᠳᠣᠯᠭ᠎ᠠ 70% ᠣᠷᠴᠢᠮ ᠤᠨ ᠪᠡᠯᠡ ᠮᠥᠩᠭᠦ ᠶᠢ ᠬᠡᠷᠡᠭᠯᠡᠨ ᠰᠠᠭᠤᠭᠠᠯᠢ ᠠᠷᠠᠳ ᠤᠨ ᠣᠷᠣᠯᠭ᠎ᠠ ᠶᠢ | ᠰᠢᠭᠤᠳ ᠪᠤᠶᠤ ᠨᠡᠯᠢᠶᠡᠳ ᠰᠢᠭᠤᠳ ᠲᠤᠯᠭᠠᠭᠤᠷᠢᠯᠠᠵᠤ᠂ ᠬᠡᠷᠡᠭᠯᠡᠭᠡ ᠶᠢ ᠠᠬᠢᠭᠤᠯᠵᠤ᠂ ᠵᠠᠬ᠎ᠠ ᠳᠡᠯᠭᠡᠭᠦᠷ ᠢ | ᠳᠠᠶᠢᠴᠢᠯᠠᠪᠠ ᠭᠡᠵᠦ ᠶᠡᠷᠦᠩᠬᠡᠶ ᠰᠠᠶᠢᠳ ᠬᠡᠯᠡᠵᠡᠶ᠃ | ᠰᠢᠨ᠎ᠡ ᠶᠢ ᠡᠭᠦᠳᠬᠦ ᠶᠢᠨ ᠨᠦᠬᠦᠭᠡ ᠨᠢᠭᠡ ᠲᠠᠯ᠎ᠠ ᠪᠣᠯ ᠡᠳ᠋ ᠤᠨ ᠵᠠᠰᠠᠭ ᠤᠨ ᠪᠡᠯᠡ ᠮᠥᠩᠭᠦ ᠶᠢᠨ ︽ᠰᠢᠭᠤᠳ | ᠬᠦᠷᠬᠦ ᠲᠣᠭᠲᠠᠴᠠ︾ ᠶᠢ ᠪᠠᠶᠢᠭᠤᠯᠬᠤ ᠶᠠᠪᠤᠳᠠᠯ ᠪᠣᠯᠤᠨ᠎ᠠ᠃ ᠯᠢ ᠺᠧ ᠴᠢᠶᠠᠩ᠂ ᠲᠦᠷᠦ ᠶᠢᠨ ᠪᠤᠳᠤᠯᠭ᠎ᠠ ᠪᠡᠯᠡ | ᠮᠥᠩᠭᠦ ᠶᠢ ᠣᠷᠣᠨ ᠨᠤᠲᠤᠭ ᠲᠤ ᠰᠢᠭᠤᠳ ᠬᠦᠷᠭᠡᠵᠦ᠂ ᠦᠨᠳᠦᠰᠦᠨ ᠱᠠᠳᠤᠨ ᠳᠤ ᠰᠢᠭᠤᠳ ᠬᠦᠷᠭᠡᠵᠦ᠂ | ᠠᠷᠠᠳ ᠤᠨ ᠠᠮᠢᠳᠤᠷᠠᠯ ᠳᠤ ᠰᠢᠭᠤᠳ ᠬᠦᠷᠭᠡᠬᠦ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠤᠯᠠᠭᠠᠨ ᠲᠤᠭ᠎ᠠ ᠪᠠ | ᠬᠢᠵᠢᠭ ᠢ ᠡᠰᠡᠷᠭᠦᠴᠡᠬᠦ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠦᠬᠦᠨ ᠢ ᠣᠷᠣᠨ ᠨᠤᠲᠤᠭ ᠲᠤ | ᠰᠢᠯᠵᠢᠭᠦᠯᠦᠨ ᠥᠭᠴᠦ᠂ ᠮᠤᠵᠢ ᠳᠤ ᠮᠥᠨ ᠴᠦ ︽ᠵᠠᠮ ᠥᠩᠭᠡᠷᠡᠬᠦ ᠡᠳ᠋ ᠤᠨ ᠰᠠᠬᠢᠭᠤᠯᠰᠤᠨ︾ ᠦᠨᠳᠦᠰᠦᠨ | ᠱᠠᠲᠤᠨ ᠳᠤ ᠰᠢᠭᠤᠳ ᠬᠦᠷᠳᠡᠭ ᠶᠤᠮ᠃ | ︽ᠪᠢᠳᠡ ᠪᠠᠰᠠ ᠨᠢᠭᠡᠨ ᠣᠨᠴᠠᠭᠠᠶ ᠰᠢᠯᠵᠢᠭᠦᠯᠦᠨ ᠥᠭᠬᠦ ᠲᠣᠭᠲᠠᠴᠠ ᠶᠢ ᠠᠪᠴᠤ ᠪᠠᠶᠢᠨ᠎ᠠ᠃ ᠡᠳᠡᠭᠡᠷ | ᠵᠣᠭᠤᠰ ᠢ ᠪᠦᠬᠦᠨ ᠢ ᠠᠵᠤ ᠠᠬᠤᠶᠢᠯᠠᠯ ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠤᠷᠤᠭᠤᠯᠵᠤ | ᠂ ᠨᠡᠶᠢᠭᠡᠮ ᠤᠨ ᠪᠠᠲᠤᠯᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ᠂ ᠠᠵᠢᠯ ᠠᠯᠳᠠᠯᠲᠠ᠂ ᠨᠠᠰᠤᠵᠢᠯ ᠤᠨ ᠠᠰᠠᠷᠠᠮᠵᠢ | ᠪᠣᠯᠤᠨ ᠣᠨᠴᠠ ᠬᠦᠴᠢᠷᠳᠡᠯᠲᠡᠶ ᠬᠥᠮᠦᠰ ᠤᠨ ᠪᠡᠶ᠎ᠡ ᠳᠡᠭᠡᠷ᠎ᠡ ᠪᠠᠭᠤᠯᠭᠠᠨ᠎ᠠ᠃ ᠦᠨᠡᠨ ᠨᠡᠷ᠎ᠡ ᠶᠢᠨ ᠳᠦᠷᠢᠮ ᠢ | ᠲᠣᠭᠲᠠᠭᠠᠵᠤ᠂ ᠡᠳᠡᠭᠡᠷ ᠨᠢ ᠴᠥᠮ ᠪᠠᠶᠢᠴᠠᠭᠠᠬᠤ ᠳᠠᠩᠰᠠ ᠲᠠᠢ᠂ ᠬᠤᠳᠠᠯ ᠳᠠᠩᠰᠠ ᠬᠢᠵᠦ ᠤᠭᠲᠤ ᠪᠣᠯᠬᠤ ᠦᠭᠡᠢ᠂ | ᠨᠢᠷᠤᠭᠤ ᠶᠢ ᠨᠢ ᠬᠤᠯᠠᠭᠤᠵᠤ ᠲᠤᠯᠭᠠᠭᠤᠷᠢ ᠶᠢ ᠨᠢ ᠰᠣᠯᠢᠵᠤ ᠶᠠᠭᠠᠬᠢᠭᠰᠠᠨ ᠴᠤ ᠪᠣᠯᠬᠤ ᠦᠭᠡᠢ᠃ ᠶᠡᠷᠦᠩᠬᠡᠶ ᠰᠠᠶᠢᠳ | ᠬᠡᠯᠡᠬᠦ ᠳᠡᠭᠡᠨ᠂ ︽ᠪᠢᠳᠡ ᠨᠢᠳᠦ ᠪᠠᠨ ᠪᠦᠯᠲᠡᠶᠢᠯᠭᠡᠨ ᠰᠢᠷᠲᠡᠨ᠎ᠡ᠂ ᠨᠡᠶᠢᠭᠡᠮ ᠤᠨ ᠬᠢᠨᠠᠯᠳᠡ ᠲᠠᠯᠪᠢᠬᠤ ᠶᠢ ᠴᠤ | ᠪᠠᠶᠠᠷᠯᠠᠨ ᠤᠭᠲᠤᠨ᠎ᠠ᠃ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠬᠠᠮᠤᠭ ᠡᠴᠦᠰ ᠤᠨ ᠦᠷ᠎ᠡ ᠳ᠋ᠦᠩ ᠨᠢ ᠵᠠᠬ᠎ᠠ | ᠳᠡᠯᠭᠡᠭᠦᠷ ᠤᠨ ᠭᠤᠤᠯ ᠴᠣᠭᠴᠠ ᠪᠠ ᠠᠷᠠᠳ ᠣᠯᠠᠨ ᠳᠤ ᠮᠡᠳᠡᠷᠡᠭᠳᠡᠨ᠎ᠡ ᠃ | ᠪᠢᠳᠡ ᠡᠷᠬᠡᠪᠰᠢ ᠣᠳᠣᠬᠠᠨ ᠤ ᠠᠵᠤ ᠠᠬᠤᠶ ᠪᠠᠨ ᠲᠣᠭᠲᠠᠭᠤᠨ ᠪᠠᠶᠢᠯᠭᠠᠵᠤ᠂ ᠲᠣᠭᠲᠠᠭᠤᠨ ᠢᠶᠠᠷ | ᠤᠷᠤᠭᠰᠢᠯᠠᠵᠤ᠂ ᠭᠡᠪᠡᠴᠦ ᠪᠠᠰᠠ ᠬᠦᠨᠳᠦ ᠬᠥᠯ ᠠᠴᠠ ᠵᠶᠢᠯᠠᠬᠤ ᠬᠡᠷᠡᠭᠲᠡᠶ᠂ ᠲᠣᠭᠤᠰᠣ ᠰᠢᠷᠣᠶ ᠲᠡᠭᠳᠡᠭᠡᠵᠦ | ᠬᠤᠵᠢᠮ ᠤᠨ ᠬᠥᠮᠦᠨ ᠤ ᠵᠠᠮ ᠳᠤ ᠰᠠᠭᠠᠳ ᠤᠴᠠᠷᠠᠭᠤᠯᠵᠤ ᠪᠤᠯᠬᠤ ᠦᠭᠡᠢ | | | | | ᠬᠡᠷᠬᠢᠨ ︽ᠣᠨᠴᠠᠭᠠᠢ ᠴᠠᠭ ᠦᠶ᠎ᠡ ᠶᠢᠨ ᠣᠨᠴᠠᠭᠠᠢ ᠲᠥᠷᠥ ᠶᠢᠨ ᠪᠣᠳᠣᠯᠭ᠎ᠠ︾ ᠶᠢ ᠦᠷᠭᠦᠯᠵᠢᠯᠡᠨ | ᠬᠡᠷᠡᠭᠵᠢᠭᠦᠯᠬᠦ ᠲᠤᠬᠠᠢ ᠯᠢ ᠺᠧ ᠴᠢᠶᠠᠩ ᠠᠴᠠ᠄ ᠨᠢᠭᠡ ᠳᠤ ︽ᠵᠠᠰᠠᠭ ᠤᠨ ᠣᠷᠳᠣᠨ ᠤ ᠵᠠᠷᠤᠯᠭ᠎ᠠ ᠶᠢ ᠪᠠᠭᠠᠰᠬᠠᠨ᠎ᠠ︾᠃ | ᠶᠡᠷᠦᠩᠬᠡᠶ ᠰᠠᠶᠢᠳ ᠴᠢᠬᠤᠯᠠᠴᠢᠯᠠᠭᠰᠠᠨ ᠨᠢ᠂ ᠲᠥᠪ ᠵᠠᠰᠠᠭ ᠤᠨ ᠣᠷᠳᠣᠨ ᠡᠨᠡ ᠤᠳᠠᠭ᠎ᠠ ᠲᠦᠷᠦᠭᠦᠯᠡᠨ ᠭᠠᠮᠨᠠᠵᠤ | ᠠᠮᠢᠳᠤᠷᠠᠵᠦ ᠪᠠᠶᠢᠨ᠎ᠠ᠂ ᠲᠥᠪ ᠤᠨ ᠰᠠᠯᠠᠭ᠎ᠠ ᠮᠥᠴᠢᠷ ᠤᠨ ᠪᠠᠴᠢᠮ ᠬᠡᠷᠡᠭᠴᠡᠭᠡᠨ ᠤ ᠪᠤᠰᠤ ᠬᠠᠲᠠᠭᠤ ᠪᠤᠰᠤ ᠴᠢᠨᠠᠷᠲᠠᠶ | ᠵᠠᠷᠤᠯᠭ᠎ᠠ ᠶᠢ ᠬᠠᠭᠠᠰ ᠠᠴᠠ ᠳᠡᠭᠡᠭᠰᠢ ᠪᠠᠭᠠᠰᠬᠠᠵᠤ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ ᠶᠢ ᠦᠨᠳᠦᠰᠦᠨ | ᠱᠠᠲᠤᠨ ᠤ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠳᠤ ᠬᠡᠷᠡᠭᠯᠡᠨ᠎ᠡ᠃ ︽ᠡᠯ᠎ᠡ ᠱᠠᠲᠤᠨ ᠤ ᠵᠠᠰᠠᠭ ᠤᠨ | ᠣᠷᠳᠣᠨ ᠴᠥᠮ ᠠᠷᠪᠢᠯᠠᠨ ᠭᠠᠮᠨᠠᠵᠤ ᠠᠮᠢᠳᠤᠷᠠᠬᠤ ᠬᠡᠷᠡᠭᠲᠡᠶ᠂ ᠬᠡᠯᠪᠡᠷᠢ ᠶᠢᠨ ᠦᠵᠡᠯ ᠭᠠᠷᠭᠠᠵᠤ ᠵᠣᠭᠤᠰ ᠵᠠᠷᠤᠬᠤ | ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ︾ ᠭᠡᠵᠡᠶ᠃ | ᠬᠤᠶᠠᠷ ᠲᠤ᠂ ︽ᠲᠦᠷᠦᠯ ᠵᠦᠢᠯ ᠨᠢ ᠦᠷ᠎ᠡ ᠠᠰᠢᠭ ᠲᠠᠢ᠂ ᠠᠴᠢ ᠬᠠᠷᠢᠭᠤ ᠲᠠᠢ ᠪᠠᠶᠢᠬᠤ ᠬᠡᠷᠡᠭᠲᠡᠢ︾᠃ ᠯᠢ | ᠺᠧ ᠴᠢᠶᠠᠩ᠂ ᠪᠢᠳᠠ ᠬᠡᠷᠡᠭᠯᠡᠭᠡ ᠶᠢ ᠥᠷᠭᠡᠳᠬᠡᠬᠦ ᠶᠢ ᠴᠢᠬᠤᠯᠠᠴᠢᠯᠠᠵᠤ ᠪᠠᠶᠢᠬᠤ ᠨᠢ ᠪᠡᠯᠡ ᠣᠷᠣᠭᠤᠯᠬᠤ ᠬᠡᠷᠡᠭᠴᠡᠭᠡ | ᠦᠭᠡᠢ ᠭᠡᠰᠡᠨ ᠦᠭᠡ ᠪᠢᠰᠢ᠂ ᠬᠠᠷᠢᠨ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠎ᠡ ᠭᠡᠰᠡᠨ ᠦᠭᠡ ᠶᠤᠮ᠃ | ᠡᠨᠡ ᠤᠳᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠤᠶᠢᠯ ᠤᠨ ᠵᠢᠭᠡᠯᠡᠯᠭᠡ ᠶᠢᠨ ᠲᠡᠮᠳᠡᠭᠲᠦ | 16000 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠰᠡᠨ ᠤ ᠳᠡᠭᠡᠷ᠎ᠡ ᠪᠠᠰᠠ ᠵᠠᠷᠢᠮ ᠤᠯᠤᠰ ᠤᠨ ᠵᠢᠭᠡᠯᠡᠯᠭᠡ ᠶᠢ | ᠨᠡᠮᠡᠵᠡᠶ᠃ 2 ᠲᠦᠮᠡᠨ ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠠᠶᠢᠵᠤ᠂ ᠬᠡᠪᠴᠢᠶᠡᠲᠦ ᠴᠢᠨᠠᠷᠲᠠᠶ ᠲᠦᠷᠦ ᠶᠢᠨ | ᠪᠤᠳᠤᠯᠭ᠎ᠠ ᠵᠢᠨᠲ᠋ᠣᠲᠣᠷᠠ ᠵᠠᠭᠤᠨ ᠤ ᠬᠤᠷᠢ ᠭᠤᠴᠢ ᠶᠢ ᠡᠵᠡᠯᠡᠵᠦ ᠪᠠᠶᠢᠨ᠎ᠠ᠃ | ︽ᠭᠡᠪᠡᠴᠦ ᠮᠠᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠪᠣᠯ ︿ᠬᠤᠶᠠᠷ ᠰᠢᠨ᠎ᠡ ᠨᠢᠭᠡ ᠬᠦᠨᠳᠦ﹀ | ᠪᠣᠯᠤᠨ᠎ᠠ᠂ ᠳᠠᠷᠤᠶ ᠰᠢᠨ᠎ᠡ ᠮᠠᠶ᠋ᠢᠭ ᠤᠨ ᠰᠠᠭᠤᠷᠢ ᠪᠡᠯᠡᠳᠬᠡᠮᠵᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠠᠯᠲᠠ | ᠪᠣᠯᠤᠨ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠤᠶᠢᠯ | ᠪᠣᠯᠬᠤ ᠮᠥᠷᠲᠡᠭᠡᠨ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠨ᠎ᠡ᠃ ᠡᠳᠡᠭᠡᠷ ᠪᠡᠯᠡ ᠮᠥᠩᠭᠦ ᠪᠠᠷ ᠨᠡᠶᠢᠭᠡᠮ ᠤᠨ ᠪᠡᠯᠡ | ᠮᠥᠩᠭᠦ ᠶᠢᠨ ᠣᠷᠣᠭᠤᠯᠤᠯᠲᠠ ᠶᠢ ᠬᠥᠳᠡᠯᠭᠡᠨ᠎ᠡ᠃ ᠲᠥᠷᠥᠯ ᠵᠦᠢᠯ ᠨᠢ ᠦᠷ᠎ᠡ ᠠᠰᠢᠭ ᠲᠠᠢ᠂ ᠠᠴᠢ | ᠬᠠᠷᠢᠭᠤᠯᠤᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢ ᠨᠤᠳᠠᠯᠠᠯ ᠬᠢᠵᠦ᠂ ᠵᠢᠮ᠎ᠡ ᠶᠣᠰᠣ ᠪᠠᠷ ᠠᠵᠢᠯᠯᠠᠪᠠᠯ᠂ | ᠠᠷᠬᠠᠭ ᠦᠯᠡᠳᠡᠬᠦ ᠦᠭᠡᠢ ᠭᠡᠵᠦ ᠶᠡᠷᠦᠩᠬᠡᠶ ᠰᠠᠶᠢᠳ ᠬᠡᠯᠡᠵᠡᠶ᠃ | ᠪᠢᠳᠡ ᠡᠷᠬᠡᠪᠰᠢ ᠣᠳᠣᠬᠠᠨ ᠤ ᠠᠵᠤ ᠠᠬᠤᠶ ᠪᠠᠨ ᠲᠣᠭᠲᠠᠭᠤᠨ ᠪᠠᠶᠢᠯᠭᠠᠵᠤ᠂ ᠲᠣᠭᠲᠠᠭᠤᠨ ᠢᠶᠠᠷ | ᠤᠷᠤᠭᠰᠢᠯᠠᠵᠤ᠂ ᠭᠡᠪᠡᠴᠦ ᠪᠠᠰᠠ ᠬᠦᠨᠳᠦ ᠬᠥᠯ ᠠᠴᠠ ᠵᠠᠶᠢᠯᠠᠬᠤ ᠬᠡᠷᠡᠭᠲᠡᠶ᠂ ᠲᠣᠭᠤᠰᠣ ᠰᠢᠷᠣᠶ ᠲᠡᠭᠳᠡᠭᠡᠵᠦ | ᠬᠤᠵᠢᠮ ᠤᠨ ᠬᠥᠮᠦᠨ ᠤ ᠵᠠᠮ ᠳᠤ ᠰᠠᠭᠠᠳ ᠤᠴᠠᠷᠠᠭᠤᠯᠵᠤ ᠪᠤᠯᠬᠤ ᠦᠭᠡᠢ ᠭᠡᠵᠦ ᠶᠡᠷᠦᠩᠬᠡᠶ ᠰᠠᠶᠢᠳ ᠯᠢ ᠺᠧ | ᠴᠢᠶᠠᠩ ᠴᠢᠬᠤᠯᠠᠴᠢᠯᠠᠪᠠ᠃ | | ᠤᠷᠴᠢᠭᠤᠯᠤᠭᠴᠢ᠄ ᠼᠦᠢ ᠴᠢᠩ |