ᠯᠢᠶᠠᠩᠴᠧᠩ ᠰᠢᠶᠠᠨ ᠤ 2020 ᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠳ᠋ᠠᠶᠢᠬ᠎ᠠ ᠠᠭᠤᠳᠠᠮ ᠲᠠᠯᠠᠪᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2020-05-06
    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠡᠮᠡᠯᠵᠢᠯᠲᠡ ᠪᠠ ᠤᠬᠠᠭᠤᠯᠭ᠎ᠠ ᠶᠢ ᠴᠢᠩᠭᠠᠳᠬᠠᠵᠤ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢ ᠲᠡᠭᠡᠭᠰᠢᠯᠡᠭᠦᠯᠬᠦ ᠶᠢᠨ ᠲᠦᠯᠦᠭᠡ᠂ 4 ᠰᠠᠷ᠎ᠠ ᠶᠢᠨ 26 ᠤ ᠡᠳᠦᠷ᠂ ᠮᠠᠨ ᠤ ᠰᠢᠶᠠᠨ ᠳ᠋ᠠᠶᠢᠬ᠎ᠠ  ᠠᠭᠤᠳᠠᠮ ᠲᠠᠯᠠᠪᠠᠶ ᠳᠤ 2020 ᠣᠨ ᠤ ᠮᠡᠳᠡᠯᠭᠡ ᠶᠢᠨ ᠥᠮᠴᠢᠯᠡᠬᠦ  ᠡᠷᠬᠡ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃     ᠡᠨᠡ ᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠡᠷᠡᠭᠦᠯ ᠡᠩᠬᠡ  ᠲᠤᠮᠳᠠᠳᠤ ᠤᠯᠤᠰ︾ ᠪᠣᠯᠤᠨ᠎ᠠ᠂ ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠶ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠵᠠᠬ᠎ᠠ ᠳᠡᠯᠭᠡᠭᠦᠷ ᠤᠨ ᠬᠢᠨᠠᠯᠳᠡ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠵᠢᠷᠤᠭ ᠪᠢᠴᠢᠭ ᠂ ᠬᠢᠯᠪᠠᠷ ᠣᠶᠢᠯᠠᠭᠠᠮᠵᠢᠲᠠᠶ ᠤᠬᠠᠭᠤᠯᠭ᠎ᠠ ᠶᠢᠨ  ᠬᠠᠭᠤᠳᠠᠰᠤ ᠲᠠᠷᠬᠠᠭᠠᠬᠤ᠂ ᠳᠡᠯᠭᠡᠨ ᠦᠵᠡᠭᠦᠯᠬᠦ  ᠰᠠᠮᠪᠠᠷ᠎ᠠ ᠳᠡᠯᠭᠡᠨ ᠦᠵᠡᠭᠦᠯᠬᠦ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠡᠷᠡᠭᠦᠯ ᠡᠩᠬᠡ ᠳᠤᠮᠳᠠᠳᠤ ᠤᠯᠤᠰ︾ ᠢᠶᠠᠷ ᠭᠤᠤᠯ ᠣᠶᠢᠯᠠᠭᠠᠭᠳᠠᠬᠤᠨ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠦᠨ᠎ᠡ᠃ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠭᠰᠠᠨ ᠪᠠ ᠬᠠᠤᠯᠢ ᠪᠤᠰᠤ ᠬᠡᠪᠯᠡᠭᠳᠡᠬᠦᠨ ᠢ ᠵᠠᠬ᠎ᠠ ᠳᠡᠯᠭᠡᠭᠦᠷ ᠲᠠᠬᠢ  ᠭᠦᠢᠯᠭᠡᠭᠡᠨ ᠳᠤ ᠡᠷᠡᠰ ᠴᠣᠬᠢᠯᠲᠠ ᠥᠭᠴᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ  ᠬᠠᠮᠠᠭᠠᠯᠠᠬᠤ ᠬᠡᠷᠡᠭᠲᠡᠶ ᠭᠡᠵᠦ ᠥᠷᠭᠡᠨ ᠤᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠪᠡ᠃     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠪᠠ ᠲᠥᠷᠥ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ  ᠡᠷᠬᠡ ᠶᠢᠨ ᠠᠵᠢᠯ ᠤᠨ ᠲᠤᠬᠠᠶ  ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠪᠥᠬᠦ ᠠᠷᠠᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠪᠠ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ  ᠴᠢᠩᠭᠠᠷᠠᠭᠤᠯᠵᠤ᠂ ︽ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ  ᠢᠳᠡᠭᠡᠮᠵᠢ ᠲᠠᠢ ᠪᠠᠷ ᠬᠠᠤᠯᠢ ᠶᠢ ᠰᠠᠬᠢᠬᠤ︾ ᠪᠠᠷ ᠭᠤᠤᠯ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠶ᠃                                                                                                                  ᠵᠤᠬᠢᠶᠠᠭᠴᠢ᠄ ᠱᠠᠩ ᠶᠦᠨ ᠰᠢᠶᠠ                                        ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2