ᠲᠠᠪᠤᠨ ᠰᠠᠷ᠎ᠠ ᠶᠢᠨ ᠯᠢᠶᠠᠩᠴᠧᠩ ᠳᠤ᠂ ᠬᠠᠪᠤᠷ ᠤᠨ ᠦᠵᠡᠮᠵᠢ ᠪᠢᠯᠬᠠᠵᠤ᠂ ᠭᠤᠷᠭᠤᠤᠯᠳᠠᠢ ᠬᠠᠷᠢᠶᠠᠴᠠᠢ | ᠵᠢᠷᠭᠢᠨ ᠨᠢᠰᠦᠨ᠎ᠡ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ | ᠪᠦᠷᠢᠯᠳᠦᠭᠰᠡᠨ ︽ᠬᠤᠶᠠᠷ ᠢ ᠰᠢᠢᠳᠪᠤᠷᠢᠯᠡᠵᠦ ᠬᠤᠶᠠᠷ ᠢ ᠲᠡᠳᠬᠦᠬᠦ︾ ᠲᠣᠰᠬᠤᠨ ᠳᠤ ᠬᠦᠷᠴᠦ ᠡᠷᠦᠬᠡ ᠳᠤ | ᠬᠦᠷᠴᠦ ᠤᠳᠬ᠎ᠠ ᠤᠷᠠᠯᠢᠭ ᠬᠦᠷᠭᠡᠬᠦ᠂ ᠲᠦᠷᠦ ᠶᠢᠨ ᠪᠤᠳᠤᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ | ᠠᠵᠢᠯᠯᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠳᠠᠭ᠎ᠠ ᠶᠢᠨ ᠨᠠᠭᠤᠷ ᠤᠨ ᠲᠠᠩ᠂ ᠮᠤᠷᠢᠨ | ᠲᠣᠯᠣᠭᠠᠶᠢᠲᠤ ᠠᠭᠤᠯᠠᠨ ᠬᠤᠷᠮᠣᠢ ᠳᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠤ ᠬᠠᠮᠤᠭ ᠤᠨ ᠪᠠᠶᠢᠩᠭᠤ | ᠴᠤᠭᠯᠠᠷᠠᠬᠤ᠂ ᠬᠠᠮᠤᠭ ᠤᠨ ᠲᠦᠬᠦᠮ ᠲᠠᠶᠢᠯᠪᠤᠷᠢᠯᠠᠨ ᠶᠠᠷᠢᠬᠤ ᠳᠤ ᠤᠬᠠᠭᠤᠯᠤᠨ ᠲᠠᠶᠢᠯᠪᠤᠷᠢᠯᠠᠬᠤ ᠠᠷᠭ᠎ᠠ | ᠬᠡᠯᠪᠡᠷᠢ ᠪᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠳᠤᠯᠭ᠎ᠠ᠂ ᠰᠣᠶᠣᠯ ᠤᠨ | ᠠᠭᠤᠯᠭ᠎ᠠ ᠶᠢ ᠪᠦᠬᠦᠶᠢᠯᠡ ᠬᠥᠳᠡᠭᠡ ᠲᠣᠰᠬᠤᠨ ᠳᠤ ᠤᠯᠠᠮᠵᠢᠯᠠᠪᠠ᠃ | ᠰᠠᠯᠪᠤᠷᠢ ᠪᠠᠭ᠎ᠠ ᠠᠩᠭᠢ ᠶᠢᠨ ᠬᠢᠨ ᠲᠢᠶᠠᠨ ᠴᠧᠩ ᠰᠢᠶᠠᠩ ᠤᠨ ᠱᠤᠸᠠᠩ ᠱᠠᠨ ᠲᠣᠰᠬᠤᠨ ᠳᠤ ᠬᠦᠷᠴᠦ᠂ | ᠠᠶᠢᠯ ᠡᠷᠦᠬᠡ ᠪᠠᠷ ᠲᠣᠭᠤᠷᠢᠵᠤ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠶᠠᠳᠠᠭᠤ ᠬᠦᠴᠢᠷᠳᠡᠯᠲᠡᠶ | ᠡᠷᠦᠬᠡ ᠳᠤ ᠣᠶᠤᠨ ᠰᠠᠨᠠᠭᠠᠨ ᠤ ᠬᠦᠨᠡᠰᠦ ᠬᠦᠷᠭᠡᠵᠡᠶ᠃ 30 ᠭᠠᠷᠤᠭᠰᠠᠨ ᠳ᠋ᠢᠩ ᠰᠢᠤᠸᠠᠢ ᠬᠤᠢ ᠠᠮᠢᠳᠤᠷᠠᠯ ᠨᠢ | ᠶᠠᠳᠠᠭᠤ ᠬᠦᠴᠢᠷᠳᠡᠯᠲᠡᠶ ᠠᠴᠠ ᠡᠬᠡᠨᠡᠷ ᠨᠢ 11 ᠨᠠᠰᠤᠲᠠᠶ ᠪᠠ 8 ᠨᠠᠰᠤᠲᠠᠶ ᠬᠤᠶᠠᠷ ᠬᠡᠤᠬᠡᠳ ᠢᠶᠠᠨ ᠬᠠᠶᠠᠭᠠᠳ | ᠭᠡᠷ ᠠᠴᠠ ᠪᠠᠨ ᠰᠠᠯᠵᠤ ᠶᠠᠪᠤᠪᠠ᠃ ᠬᠡᠦᠬᠡᠳ ᠢᠶᠠᠨ ᠠᠰᠠᠷᠠᠨ ᠲᠡᠵᠢᠭᠡᠵᠦ᠂ 60 ᠭᠠᠷᠤᠢ ᠨᠠᠰᠤᠲᠠᠢ ᠡᠵᠢ ᠪᠠᠨ | ᠠᠰᠠᠷᠠᠨ ᠲᠡᠵᠢᠭᠡᠬᠦ ᠳᠤ ᠪᠦᠷ ᠭᠠᠳᠠᠭᠰᠢ ᠭᠠᠷᠴᠤ ᠬᠥᠯᠥᠰᠥᠨ ᠠᠵᠢᠯ ᠬᠢᠬᠦ ᠳᠤ ᠲᠦᠰᠢᠭᠯᠡᠨ᠎ᠡ᠃ ᠡᠨᠡ ᠵᠢᠯ᠂ | ᠬᠢᠵᠢᠭ ᠤᠨ ᠨᠥᠯᠥᠭᠡ ᠠᠴᠠ ᠪᠣᠯᠵᠤ ᠠᠵᠢᠯ ᠣᠯᠤᠭᠰᠠᠨ ᠦᠭᠡᠢ᠂ ᠠᠷᠭ᠎ᠠ ᠪᠤᠰᠤ ᠭᠡᠷ ᠲᠡᠭᠡᠨ ᠰᠠᠭᠤᠵᠤ᠂ ᠤᠷᠮ᠎ᠠ | ᠦᠭᠡᠢ ᠪᠤᠯᠵᠠᠢ᠃ ᠰᠠᠯᠪᠤᠷᠢ ᠪᠠᠭ᠎ᠠ ᠠᠩᠭᠢ ᠶᠢᠨ ᠬᠢᠨ ᠲᠡᠭᠦᠨ ᠤ ᠭᠡᠷ ᠲᠤ ᠣᠷᠣᠵᠤ ᠢᠷᠡᠭᠡᠳ᠂ ︽ᠥᠨᠥᠳᠦᠷ ᠪᠣᠯ | ᠰᠠᠶᠢᠨ ᠡᠳᠦᠷ︾ ᠭᠡᠬᠦ ᠳᠠᠭᠤᠤ ᠨᠢ ᠲᠡᠭᠦᠨ ᠢ ᠪᠠᠶᠠᠷ ᠪᠠᠶᠠᠰᠬᠤᠯᠠᠩ ᠲᠠᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ | ᠠᠩᠭᠢ ᠶᠢᠨ ᠳᠣᠤᠷ᠎ᠠ ᠪᠠᠨ ᠦᠭᠡ ᠬᠡᠯᠡᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠤᠬᠠᠶ | ᠶᠠᠷᠢᠵᠤ᠂ ᠲᠡᠭᠦᠨ ᠤ ᠬᠡᠷ ᠪᠦᠯᠢ ᠶᠢᠨ ᠪᠠᠶᠢᠳᠠᠯ ᠢ ᠵᠠᠳᠠᠯᠵᠤ᠂ ᠨᠠᠮ ᠪᠠ ᠵᠠᠰᠠᠭ ᠤᠨ ᠣᠷᠳᠣᠨ ᠤ ᠶᠠᠳᠠᠭᠤ ᠶᠢ | ᠲᠡᠳᠬᠦᠬᠦ ᠲᠦᠷᠦ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠵᠤ᠂ ᠳ᠋ᠢᠩ ᠰᠢᠤᠸᠠᠢ ᠾᠦᠢ ᠳᠤ ᠶᠠᠳᠠᠭᠤ ᠠᠴᠠ | ᠠᠩᠭᠢᠵᠢᠷᠠᠬᠤ ᠵᠠᠮ ᠢ ᠵᠢᠭᠠᠵᠤ ᠥᠭᠴᠡᠶ᠃ ᠳ᠋ᠢᠩ ᠰᠢᠤᠸᠠᠢ ᠬᠤᠢ ᠶᠢᠨ ᠤᠬᠠᠭᠠᠨ ᠲᠥᠬᠦᠭᠡ ᠨᠢ ᠨᠡᠭᠡᠭᠡᠭᠳᠡᠵᠦ᠂ ︽ | ᠤᠳᠤ ᠶᠢᠨ ᠲᠦᠷᠦ ᠶᠢᠨ ᠪᠤᠳᠤᠯᠭ᠎ᠠ ᠪᠣᠯ ᠳᠠᠷᠤᠢ ᠰᠠᠶᠢᠨ ᠶᠤᠮ᠂ ᠪᠢᠳᠡᠨ ᠢ ᠬᠠᠪᠰᠤᠷᠤᠨ ᠶᠠᠳᠠᠭᠤ ᠠᠴᠠ | ᠠᠩᠭᠢᠵᠢᠷᠠᠭᠤᠯᠬᠤ ᠪᠠᠷ ᠪᠠᠷᠠᠬᠤ ᠦᠭᠡᠢ᠂ ᠪᠠᠰᠠ ᠰᠣᠶᠣᠯ ᠢ ᠭᠡᠷ ᠤᠨ ᠡᠭᠦᠳᠡᠨ ᠳᠤ ᠨᠢ ᠬᠦᠷᠭᠡᠵᠡᠢ᠂ ᠮᠢᠨᠦ | ᠠᠮᠢᠳᠤᠷᠠᠯ ᠯᠠᠪᠲᠠᠢ ᠰᠠᠶᠢᠨ ᠰᠠᠶᠢᠬᠠᠨ ᠠᠮᠢᠳᠤᠷᠠᠵᠤ ᠴᠢᠳᠠᠨ᠎ᠠ᠃ ᠨᠤᠲᠤᠭ ᠤᠨ ᠦᠭᠡ᠂ ᠵᠣᠭᠤᠭᠳᠠᠬᠤ ᠮᠠᠶ᠋ᠢᠭ ᠤᠨ | ᠤᠬᠠᠭᠤᠯᠤᠨ ᠲᠠᠶᠢᠯᠪᠤᠷᠢᠯᠠᠯᠲᠠ ᠨᠢ ᠣᠯᠠᠨ ᠲᠦᠮᠡᠨ ᠤ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠂ ᠡᠨᠡ ᠪᠣᠯ | ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ ᠶᠢᠨ ᠬᠢᠨ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠲᠤ | ᠲᠥᠷᠥᠭᠳᠡᠯ ᠢᠶᠠᠨ ᠶᠠᠷᠢᠯᠴᠠᠵᠤ᠂ ᠢᠷᠡᠭᠡᠳᠦᠶ ᠪᠠᠨ ᠶᠠᠷᠢᠵᠦ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠭᠰᠠᠨ | ᠬᠤᠷᠢᠶᠠᠩᠭᠤᠶ ᠳᠦᠷᠰᠦ ᠪᠣᠯᠤᠨ᠎ᠠ᠃ | ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ ᠪᠠ ᠬᠠᠮᠤᠷᠬᠤ ᠬᠡᠪᠴᠢᠶ᠎ᠡ ᠶᠢ ᠴᠢᠩᠭᠠᠳᠬᠠᠬᠤ ᠶᠢᠨ | ᠲᠥᠯᠥᠭᠡ᠂ ᠤᠬᠠᠭᠤᠯᠤᠨ ᠲᠠᠶᠢᠯᠪᠤᠷᠢᠯᠠᠬᠤ ᠳᠤ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠠ ᠡᠷᠦᠬᠡ ᠳᠤ | ᠣᠷᠣᠵᠤ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠ ᠤᠳᠬ᠎ᠠ | ᠤᠷᠠᠯᠢᠭ ᠤᠨ ᠤᠬᠠᠭᠤᠯᠭ᠎ᠠ ᠶᠢ ᠬᠠᠮᠲᠤ ᠪᠠᠷ ᠠᠭᠤᠰᠤᠯᠴᠠᠭᠤᠯᠬᠤ ᠠᠷᠭ᠎ᠠ ᠶᠢ ᠠᠪᠴᠤ᠂ ᠣᠯᠠᠨ ᠶᠠᠩᠵᠤ ᠶᠢᠨ | ᠬᠡᠯᠪᠡᠷᠢ ᠮᠠᠶ᠋ᠢᠭ ᠲᠠᠢ᠂ ᠠᠭᠤᠯᠭ᠎ᠠ ᠪᠠᠷ ᠪᠠᠶᠠᠯᠢᠭ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠢᠲᠡᠭᠡᠯ | ᠵᠣᠷᠢᠭ ᠢᠶᠠᠨ ᠴᠢᠩᠭᠠᠷᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠤᠨ᠂ ᠬᠥᠮᠦᠰ ᠤᠨ ᠰᠡᠳᠬᠢᠯ ᠢ | ᠳᠤᠯᠠᠭᠠᠴᠠᠭᠤᠯᠵᠤ᠂ ᠰᠡᠳᠬᠢᠯ ᠢᠶᠠᠨ ᠨᠢᠭᠡᠳᠭᠡᠨ᠎ᠡ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠰᠠᠯᠪᠤᠷᠢ ᠪᠠᠭ᠎ᠠ ᠠᠩᠭᠢ ᠶᠢᠨ ᠬᠢᠨ ᠪᠠᠰᠠ ᠲᠠᠷᠢᠶᠠᠨ ᠭᠠᠵᠠᠷ ᠲᠤ | ᠭᠦᠨᠵᠡᠭᠡᠶᠢᠷᠡᠵᠦ᠂ ᠲᠠᠷᠢᠶᠠᠴᠢᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ | ᠲᠦᠮᠡᠨ ᠤ ᠠᠩᠬᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠠᠮᠤᠷ ᠲᠦᠪᠰᠢᠨ᠂ ᠪᠠᠭ᠎ᠠ | ᠲᠣᠭᠠᠨ ᠤ ᠵᠢᠭᠡᠯᠡᠯᠭᠡ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠰᠠᠭᠤᠳᠠᠯ ᠤᠨ ᠲᠤᠬᠠᠶ᠂ ᠣᠯᠠᠨ | ᠲᠦᠮᠡᠨ ᠲᠠᠢ ᠬᠠᠷᠢᠯᠴᠠᠬᠤ ᠬᠡᠯᠪᠡᠷᠢ ᠪᠠᠷ ᠳᠠᠮᠵᠢᠭᠤᠯᠤᠨ ᠰᠡᠵᠢᠭ ᠢ ᠨᠢ ᠠᠯᠳᠠᠷᠠᠭᠠᠵᠤ᠂ ᠣᠯᠠᠨ ᠲᠦᠮᠡᠨ ᠲᠠᠢ | ᠬᠠᠷᠢᠯᠴᠠ ᠰᠠᠨᠠᠯ ᠰᠣᠯᠢᠯᠴᠠᠬᠤ ᠳᠤᠮᠳᠠ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ | ᠢᠲᠡᠭᠡᠯ ᠵᠣᠷᠢᠭ ᠢ ᠪᠠᠲᠤᠳᠬᠠᠪᠠ᠃ | ᠬᠥᠳᠡᠭᠡ ᠠᠵᠤ ᠠᠬᠤᠢ ᠶᠢᠨ ᠶᠠᠭᠠᠷᠠᠤ ᠴᠠᠭ ᠢ ᠪᠣᠳᠣᠯᠬᠢᠯᠠᠭᠠᠳ᠂ ᠬᠡᠰᠡᠭ ᠤᠯᠠᠨ ᠲᠦᠮᠡᠨ ᠲᠥᠪᠯᠡᠷᠡᠭᠦᠯᠦᠨ | ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠬᠤ ᠶᠢᠨ ᠠᠷᠭ᠎ᠠ ᠦᠭᠡᠢ ᠪᠤᠯᠵᠤ᠂ ᠲᠤᠰ ᠤᠳᠠᠭ᠎ᠠ ᠶᠢᠨ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠩᠭᠡᠷᠡᠭᠰᠡᠨ ᠢᠶᠠᠨ ᠲᠠᠶᠢᠰᠠᠨ ᠳᠡᠭᠡᠷ᠎ᠡ ᠠᠴᠠ ᠳᠣᠷᠣᠭᠰᠢ ᠰᠤᠨᠤᠰᠬᠤ᠂ ︽ᠲᠠᠷᠢᠶᠠᠨ | ᠭᠠᠵᠠᠷ ᠤᠨ ᠬᠢᠴᠢᠶᠡᠯ︾᠂ ︽ᠬᠠᠨᠵᠤᠨ ᠤ ᠬᠢᠴᠢᠶᠡᠯ︾ ᠢ ᠰᠢᠨᠡᠴᠢᠯᠡᠨ ᠥᠷᠨᠢᠭᠦᠯᠵᠦ᠂ ᠨᠠᠮ ᠤᠨ ᠶᠠᠳᠠᠭᠤ ᠶᠢ | ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠦᠨᠳᠦᠰᠦᠨ | ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠯᠳᠡ ᠶᠢ ᠤᠯᠠᠨ ᠲᠦᠮᠡᠨ ᠤ ︽ᠡᠴᠦᠰ ᠤᠨ ᠨᠢᠭᠡ ᠺᠢᠯᠤᠮᠧᠲᠷ︾ | ᠢ ᠨᠡᠪᠲᠡᠷᠡᠭᠦᠯᠵᠦ᠂ ᠶᠠᠳᠠᠭᠤ ᠬᠦᠴᠢᠷᠳᠡᠯ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ | ᠤᠯᠬᠤ ᠳᠤ ᠦᠵᠡᠯ ᠰᠠᠨᠠᠭ᠎ᠠ ᠶᠢ ᠨᠢᠭᠡᠳᠬᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠶᠢᠯᠡᠯ ᠬᠦᠴᠦᠨ ᠢ | ᠪᠦᠷᠢᠯᠳᠦᠭᠦᠯᠵᠡᠢ᠃ | | | ᠰᠤᠷᠪᠤᠯᠵᠢᠯᠠᠭᠴᠢ᠄ ᠰᠦᠩ ᠹᠦ᠋ ᠾᠧᠩ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | | ᠤᠷᠴᠢᠭᠤᠯᠤᠭᠴᠢ᠄ ᠼᠦᠢ ᠴᠢᠩ |