︽5 · 1︾ ᠤ ᠬᠤᠭᠤᠴᠠᠭᠠᠨ ᠳᠤ ᠯᠢᠶᠠᠩᠴᠧᠩ ᠰᠢᠶᠠᠨ ᠳᠤ ︽ᠬᠤᠶᠠᠷ ᠢ ᠰᠢᠢᠳᠪᠤᠷᠢᠯᠡᠵᠦ ᠬᠤᠶᠠᠷ ᠢ ᠲᠡᠳᠬᠦᠬᠦ︾ ᠤᠬᠠᠭᠤᠯᠤᠨ ᠲᠠᠶᠢᠯᠪᠤᠷᠢᠯᠠᠬᠤ  ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020-05-06
  ᠲᠠᠪᠤᠨ ᠰᠠᠷ᠎ᠠ ᠶᠢᠨ ᠯᠢᠶᠠᠩᠴᠧᠩ  ᠳᠤ᠂ ᠬᠠᠪᠤᠷ ᠤᠨ ᠦᠵᠡᠮᠵᠢ ᠪᠢᠯᠬᠠᠵᠤ᠂ ᠭᠤᠷᠭᠤᠤᠯᠳᠠᠢ ᠬᠠᠷᠢᠶᠠᠴᠠᠢ ᠵᠢᠷᠭᠢᠨ ᠨᠢᠰᠦᠨ᠎ᠡ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ ᠪᠦᠷᠢᠯᠳᠦᠭᠰᠡᠨ ︽ᠬᠤᠶᠠᠷ ᠢ ᠰᠢᠢᠳᠪᠤᠷᠢᠯᠡᠵᠦ  ᠬᠤᠶᠠᠷ ᠢ ᠲᠡᠳᠬᠦᠬᠦ︾ ᠲᠣᠰᠬᠤᠨ ᠳᠤ ᠬᠦᠷᠴᠦ ᠡᠷᠦᠬᠡ ᠳᠤ ᠬᠦᠷᠴᠦ ᠤᠳᠬ᠎ᠠ ᠤᠷᠠᠯᠢᠭ ᠬᠦᠷᠭᠡᠬᠦ᠂ ᠲᠦᠷᠦ ᠶᠢᠨ ᠪᠤᠳᠤᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ ᠠᠵᠢᠯᠯᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠳᠠᠭ᠎ᠠ ᠶᠢᠨ ᠨᠠᠭᠤᠷ ᠤᠨ ᠲᠠᠩ᠂ ᠮᠤᠷᠢᠨ ᠲᠣᠯᠣᠭᠠᠶᠢᠲᠤ ᠠᠭᠤᠯᠠᠨ ᠬᠤᠷᠮᠣᠢ ᠳᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠤ ᠬᠠᠮᠤᠭ ᠤᠨ ᠪᠠᠶᠢᠩᠭᠤ ᠴᠤᠭᠯᠠᠷᠠᠬᠤ᠂ ᠬᠠᠮᠤᠭ ᠤᠨ ᠲᠦᠬᠦᠮ ᠲᠠᠶᠢᠯᠪᠤᠷᠢᠯᠠᠨ ᠶᠠᠷᠢᠬᠤ ᠳᠤ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ  ᠪᠤᠳᠤᠯᠭ᠎ᠠ᠂ ᠰᠣᠶᠣᠯ ᠤᠨ ᠠᠭᠤᠯᠭ᠎ᠠ ᠶᠢ ᠪᠦᠬᠦᠶᠢᠯᠡ ᠬᠥᠳᠡᠭᠡ ᠲᠣᠰᠬᠤᠨ  ᠳᠤ ᠤᠯᠠᠮᠵᠢᠯᠠᠪᠠ᠃
       ᠰᠠᠯᠪᠤᠷᠢ ᠪᠠᠭ᠎ᠠ ᠠᠩᠭᠢ ᠶᠢᠨ ᠬᠢᠨ ᠲᠢᠶᠠᠨ ᠴᠧᠩ ᠰᠢᠶᠠᠩ ᠤᠨ ᠱᠤᠸᠠᠩ ᠱᠠᠨ ᠲᠣᠰᠬᠤᠨ ᠳᠤ ᠬᠦᠷᠴᠦ᠂ ᠠᠶᠢᠯ ᠡᠷᠦᠬᠡ  ᠪᠠᠷ ᠲᠣᠭᠤᠷᠢᠵᠤ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠶᠠᠳᠠᠭᠤ ᠬᠦᠴᠢᠷᠳᠡᠯᠲᠡᠶ ᠡᠷᠦᠬᠡ  ᠳᠤ ᠣᠶᠤᠨ ᠰᠠᠨᠠᠭᠠᠨ ᠤ ᠬᠦᠨᠡᠰᠦ ᠬᠦᠷᠭᠡᠵᠡᠶ᠃ 30 ᠭᠠᠷᠤᠭᠰᠠᠨ ᠳ᠋ᠢᠩ ᠰᠢᠤᠸᠠᠢ ᠬᠤᠢ ᠠᠮᠢᠳᠤᠷᠠᠯ ᠨᠢ ᠶᠠᠳᠠᠭᠤ ᠬᠦᠴᠢᠷᠳᠡᠯᠲᠡᠶ ᠠᠴᠠ ᠡᠬᠡᠨᠡᠷ ᠨᠢ 11 ᠨᠠᠰᠤᠲᠠᠶ ᠪᠠ 8 ᠨᠠᠰᠤᠲᠠᠶ ᠬᠤᠶᠠᠷ ᠬᠡᠤᠬᠡᠳ ᠢᠶᠠᠨ ᠬᠠᠶᠠᠭᠠᠳ ᠭᠡᠷ ᠠᠴᠠ ᠪᠠᠨ ᠰᠠᠯᠵᠤ ᠶᠠᠪᠤᠪᠠ᠃ ᠬᠡᠦᠬᠡᠳ ᠢᠶᠠᠨ ᠠᠰᠠᠷᠠᠨ ᠲᠡᠵᠢᠭᠡᠵᠦ᠂ 60 ᠭᠠᠷᠤᠢ ᠨᠠᠰᠤᠲᠠᠢ ᠡᠵᠢ ᠪᠠᠨ ᠠᠰᠠᠷᠠᠨ ᠲᠡᠵᠢᠭᠡᠬᠦ ᠳᠤ ᠪᠦᠷ ᠭᠠᠳᠠᠭᠰᠢ  ᠭᠠᠷᠴᠤ ᠬᠥᠯᠥᠰᠥᠨ ᠠᠵᠢᠯ ᠬᠢᠬᠦ ᠳᠤ ᠲᠦᠰᠢᠭᠯᠡᠨ᠎ᠡ᠃ ᠡᠨᠡ ᠵᠢᠯ᠂ ᠬᠢᠵᠢᠭ ᠤᠨ ᠨᠥᠯᠥᠭᠡ ᠠᠴᠠ ᠪᠣᠯᠵᠤ ᠠᠵᠢᠯ ᠣᠯᠤᠭᠰᠠᠨ ᠦᠭᠡᠢ᠂ ᠠᠷᠭ᠎ᠠ ᠪᠤᠰᠤ ᠭᠡᠷ ᠲᠡᠭᠡᠨ ᠰᠠᠭᠤᠵᠤ᠂ ᠤᠷᠮ᠎ᠠ ᠦᠭᠡᠢ  ᠪᠤᠯᠵᠠᠢ᠃ ᠰᠠᠯᠪᠤᠷᠢ ᠪᠠᠭ᠎ᠠ ᠠᠩᠭᠢ ᠶᠢᠨ ᠬᠢᠨ ᠲᠡᠭᠦᠨ ᠤ ᠭᠡᠷ ᠲᠤ ᠣᠷᠣᠵᠤ ᠢᠷᠡᠭᠡᠳ᠂ ︽ᠥᠨᠥᠳᠦᠷ ᠪᠣᠯ ᠰᠠᠶᠢᠨ ᠡᠳᠦᠷ︾  ᠭᠡᠬᠦ ᠳᠠᠭᠤᠤ ᠨᠢ ᠲᠡᠭᠦᠨ ᠢ ᠪᠠᠶᠠᠷ ᠪᠠᠶᠠᠰᠬᠤᠯᠠᠩ ᠲᠠᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠩᠭᠢ ᠶᠢᠨ  ᠳᠣᠤᠷ᠎ᠠ ᠪᠠᠨ ᠦᠭᠡ ᠬᠡᠯᠡᠵᠦ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠲᠤᠬᠠᠶ ᠶᠠᠷᠢᠵᠤ᠂ ᠲᠡᠭᠦᠨ ᠤ ᠬᠡᠷ ᠪᠦᠯᠢ ᠶᠢᠨ ᠪᠠᠶᠢᠳᠠᠯ ᠢ ᠵᠠᠳᠠᠯᠵᠤ᠂ ᠨᠠᠮ ᠪᠠ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ  ᠲᠦᠷᠦ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠵᠤ᠂ ᠳ᠋ᠢᠩ ᠰᠢᠤᠸᠠᠢ ᠾᠦᠢ ᠳᠤ ᠶᠠᠳᠠᠭᠤ ᠠᠴᠠ ᠠᠩᠭᠢᠵᠢᠷᠠᠬᠤ ᠵᠠᠮ ᠢ ᠵᠢᠭᠠᠵᠤ ᠥᠭᠴᠡᠶ᠃ ᠳ᠋ᠢᠩ ᠰᠢᠤᠸᠠᠢ ᠬᠤᠢ ᠶᠢᠨ ᠤᠬᠠᠭᠠᠨ ᠲᠥᠬᠦᠭᠡ  ᠨᠢ ᠨᠡᠭᠡᠭᠡᠭᠳᠡᠵᠦ᠂ ︽ᠤᠳᠤ ᠶᠢᠨ ᠲᠦᠷᠦ ᠶᠢᠨ ᠪᠤᠳᠤᠯᠭ᠎ᠠ ᠪᠣᠯ ᠳᠠᠷᠤᠢ  ᠰᠠᠶᠢᠨ ᠶᠤᠮ᠂ ᠪᠢᠳᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠪᠠᠷ ᠪᠠᠷᠠᠬᠤ ᠦᠭᠡᠢ᠂ ᠪᠠᠰᠠ ᠰᠣᠶᠣᠯ ᠢ ᠭᠡᠷ  ᠤᠨ ᠡᠭᠦᠳᠡᠨ ᠳᠤ ᠨᠢ ᠬᠦᠷᠭᠡᠵᠡᠢ᠂ ᠮᠢᠨᠦ ᠠᠮᠢᠳᠤᠷᠠᠯ ᠯᠠᠪᠲᠠᠢ ᠰᠠᠶᠢᠨ ᠰᠠᠶᠢᠬᠠᠨ ᠠᠮᠢᠳᠤᠷᠠᠵᠤ ᠴᠢᠳᠠᠨ᠎ᠠ᠃ ᠨᠤᠲᠤᠭ ᠤᠨ ᠦᠭᠡ᠂ ᠵᠣᠭᠤᠭᠳᠠᠬᠤ ᠮᠠᠶ᠋ᠢᠭ ᠤᠨ ᠤᠬᠠᠭᠤᠯᠤᠨ ᠲᠠᠶᠢᠯᠪᠤᠷᠢᠯᠠᠯᠲᠠ ᠨᠢ ᠣᠯᠠᠨ ᠲᠦᠮᠡᠨ  ᠤ ᠬᠦᠷᠢᠶᠡᠯᠡᠯ ᠢ ᠶᠡᠬᠡᠳᠡ ᠣᠯᠵᠤ ᠪᠠᠶᠢᠨ᠎ᠠ᠂ ᠡᠨᠡ ᠪᠣᠯ ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ  ᠶᠢᠨ ᠬᠢᠨ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠲᠤ ᠲᠥᠷᠥᠭᠳᠡᠯ ᠢᠶᠠᠨ ᠶᠠᠷᠢᠯᠴᠠᠵᠤ᠂ ᠢᠷᠡᠭᠡᠳᠦᠶ ᠪᠠᠨ  ᠶᠠᠷᠢᠵᠦ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠭᠰᠠᠨ ᠬᠤᠷᠢᠶᠠᠩᠭᠤᠶ ᠳᠦᠷᠰᠦ ᠪᠣᠯᠤᠨ᠎ᠠ᠃
      ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ ᠪᠠ ᠬᠠᠮᠤᠷᠬᠤ ᠬᠡᠪᠴᠢᠶ᠎ᠡ ᠶᠢ ᠴᠢᠩᠭᠠᠳᠬᠠᠬᠤ ᠶᠢᠨ ᠲᠥᠯᠥᠭᠡ᠂ ᠤᠬᠠᠭᠤᠯᠤᠨ ᠲᠠᠶᠢᠯᠪᠤᠷᠢᠯᠠᠬᠤ ᠳᠤ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠠ ᠡᠷᠦᠬᠡ ᠳᠤ ᠣᠷᠣᠵᠤ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠ ᠤᠳᠬ᠎ᠠ ᠤᠷᠠᠯᠢᠭ ᠤᠨ  ᠤᠬᠠᠭᠤᠯᠭ᠎ᠠ ᠶᠢ ᠬᠠᠮᠲᠤ ᠪᠠᠷ ᠠᠭᠤᠰᠤᠯᠴᠠᠭᠤᠯᠬᠤ ᠠᠷᠭ᠎ᠠ ᠶᠢ ᠠᠪᠴᠤ᠂ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠠᠭᠤᠯᠭ᠎ᠠ ᠪᠠᠷ ᠪᠠᠶᠠᠯᠢᠭ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠢᠲᠡᠭᠡᠯ ᠵᠣᠷᠢᠭ ᠢᠶᠠᠨ  ᠴᠢᠩᠭᠠᠷᠠᠭᠤᠯᠵᠤ᠂ ᠠᠷᠠᠳ ᠤᠨ ᠰᠡᠳᠬᠢᠯ ᠢ ᠨᠢᠭᠲᠠᠷᠠᠭᠤᠯᠤᠨ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ  ᠨᠢᠭᠡᠳᠭᠡᠨ᠎ᠡ᠃
    ᠤᠬᠠᠭᠤᠯᠤᠨ ᠲᠠᠶᠢᠯᠪᠤᠷᠢᠯᠠᠬᠤ ᠳᠤᠮᠳᠠ᠂ ᠰᠠᠯᠪᠤᠷᠢ ᠪᠠᠭ᠎ᠠ ᠠᠩᠭᠢ ᠶᠢᠨ ᠬᠢᠨ ᠪᠠᠰᠠ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠠᠷᠢᠶᠠᠴᠢᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ  ᠲᠦᠮᠡᠨ ᠤ ᠠᠩᠬᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠠᠮᠤᠷ ᠲᠦᠪᠰᠢᠨ᠂ ᠪᠠᠭ᠎ᠠ ᠲᠣᠭᠠᠨ ᠤ ᠵᠢᠭᠡᠯᠡᠯᠭᠡ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠰᠠᠭᠤᠳᠠᠯ ᠤᠨ ᠲᠤᠬᠠᠶ᠂ ᠣᠯᠠᠨ   ᠲᠦᠮᠡᠨ ᠲᠠᠢ ᠬᠠᠷᠢᠯᠴᠠᠬᠤ ᠬᠡᠯᠪᠡᠷᠢ ᠪᠠᠷ ᠳᠠᠮᠵᠢᠭᠤᠯᠤᠨ ᠰᠡᠵᠢᠭ ᠢ ᠨᠢ ᠠᠯᠳᠠᠷᠠᠭᠠᠵᠤ᠂ ᠣᠯᠠᠨ ᠲᠦᠮᠡᠨ ᠲᠠᠢ ᠬᠠᠷᠢᠯᠴᠠ  ᠰᠠᠨᠠᠯ ᠰᠣᠯᠢᠯᠴᠠᠬᠤ ᠳᠤᠮᠳᠠ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠢᠲᠡᠭᠡᠯ ᠵᠣᠷᠢᠭ ᠢ ᠪᠠᠲᠤᠳᠬᠠᠪᠠ᠃
 
     ᠬᠥᠳᠡᠭᠡ ᠠᠵᠤ ᠠᠬᠤᠢ ᠶᠢᠨ ᠶᠠᠭᠠᠷᠠᠤ ᠴᠠᠭ ᠢ ᠪᠣᠳᠣᠯᠬᠢᠯᠠᠭᠠᠳ᠂ ᠬᠡᠰᠡᠭ ᠤᠯᠠᠨ ᠲᠦᠮᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠬᠤ ᠶᠢᠨ ᠠᠷᠭ᠎ᠠ ᠦᠭᠡᠢ ᠪᠤᠯᠵᠤ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ  ᠠᠵᠢᠯᠯᠠᠭ᠎ᠠ ᠥᠩᠭᠡᠷᠡᠭᠰᠡᠨ ᠢᠶᠠᠨ ᠲᠠᠶᠢᠰᠠᠨ ᠳᠡᠭᠡᠷ᠎ᠡ ᠠᠴᠠ ᠳᠣᠷᠣᠭᠰᠢ ᠰᠤᠨᠤᠰᠬᠤ᠂ ︽ᠲᠠᠷᠢᠶᠠᠨ ᠭᠠᠵᠠᠷ ᠤᠨ ᠬᠢᠴᠢᠶᠡᠯ︾᠂ ︽ᠬᠠᠨᠵᠤᠨ ᠤ ᠬᠢᠴᠢᠶᠡᠯ︾ ᠢ ᠰᠢᠨᠡᠴᠢᠯᠡᠨ ᠥᠷᠨᠢᠭᠦᠯᠵᠦ᠂ ᠨᠠᠮ ᠤᠨ ᠶᠠᠳᠠᠭᠤ ᠶᠢ ᠲᠡᠳᠬᠦᠬᠦ ᠲᠦᠷᠦ ᠶᠢᠨ  ᠪᠤᠳᠤᠯᠭ᠎ᠠ ᠶᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ  ᠲᠠᠶᠢᠯᠪᠤᠷᠢᠯᠠᠯᠳᠡ ᠶᠢ ᠤᠯᠠᠨ ᠲᠦᠮᠡᠨ ᠤ ︽ᠡᠴᠦᠰ ᠤᠨ ᠨᠢᠭᠡ  ᠺᠢᠯᠤᠮᠧᠲᠷ︾ ᠢ ᠨᠡᠪᠲᠡᠷᠡᠭᠦᠯᠵᠦ᠂ ᠶᠠᠳᠠᠭᠤ   ᠬᠦᠴᠢᠷᠳᠡᠯ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠢᠯᠠᠯᠲᠠ ᠶᠢ ᠪᠦᠬᠦ ᠲᠠᠯ᠎ᠠ ᠪᠠᠷ ᠤᠯᠬᠤ ᠳᠤ ᠦᠵᠡᠯ ᠰᠠᠨᠠᠭ᠎ᠠ ᠶᠢ ᠨᠢᠭᠡᠳᠬᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠡᠶᠢᠯᠡᠯ ᠬᠦᠴᠦᠨ ᠢ ᠪᠦᠷᠢᠯᠳᠦᠭᠦᠯᠵᠡᠢ᠃                                     ᠰᠤᠷᠪᠤᠯᠵᠢᠯᠠᠭᠴᠢ᠄ ᠰᠦᠩ ᠹᠦ᠋ ᠾᠧᠩ                                     ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                     ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2