ᠵᠠᠮ ᠬᠠᠷᠢᠯᠴᠠᠭᠠᠨ ᠤ ᠲᠥᠯᠥᠪᠵᠢᠭᠦᠯᠭᠡ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠳᠤᠮᠳᠠᠬᠢ ᠲᠣᠪᠤᠶᠢᠮ᠎ᠠ ᠠᠰᠠᠭᠤᠳᠠᠯ ᠢ ᠰᠢᠢᠳᠪᠤᠷᠢᠯᠡᠨ᠂ | ᠣᠯᠠᠨ ᠲᠦᠮᠡᠨ ᠤ ᠶᠠᠪᠤᠵᠤ ᠰᠠᠭᠤᠬᠤ ᠳᠤ ᠠᠰᠢᠭᠲᠠᠶ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ᠂ 5 | ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠹᠦ᠋ ᠵᠢᠶᠦ᠋ᠨ ᠹᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ | ᠰᠢᠶᠠᠨ ᠳᠤ ᠭᠦᠨᠵᠡᠭᠡᠶᠢᠷᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ | ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ | ᠶᠦᠩ ᠽᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠯᠢ ᠡᠤ ᠰᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ ᡂᠢ ᠵᠢᠶᠠᠨ ᠹᠧᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠳᠣᠯᠣᠳᠤᠭᠠᠷ ᠵᠠᠮ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ ᠶᠢᠨ ᠬᠡᠷᠡᠭ ᠰᠢᠢᠳᠪᠤᠷᠢᠯᠡᠬᠦ ᠲᠣᠭᠤᠷᠢᠭ᠂ ᠵᠢᠯᠣᠭᠤᠳᠬᠤ ᠲᠥᠪ ᠵᠢᠴᠢ ᠲᠡᠷᠭᠡ | ᠬᠠᠮᠢᠶᠠᠷᠬᠤ ᠭᠠᠵᠠᠷ᠂ G512 ᠪᠣᠯᠤᠨ ᠵᠢᠷᠭᠤᠳᠤᠭᠠᠷ ᠰᠤᠮᠤᠨ ᠤ ᠵᠠᠮ ᠤᠨ ᠠᠭᠤᠯᠵᠠᠷ ᠭᠠᠵᠠᠷ ᠲᠤ ᠬᠦᠷᠴᠦ᠂ | ᠮᠠᠨ ᠤ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ᠂ ᠵᠠᠮ ᠬᠠᠷᠢᠯᠴᠠᠭᠠᠨ ᠤ | ᠰᠠᠭᠤᠷᠢ ᠪᠡᠯᠡᠳᠬᠡᠮᠵᠢ ᠵᠢᠴᠢ ᠠᠮᠤᠷ ᠲᠦᠪᠰᠢᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠪᠠ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠲᠤᠬᠠᠶ ᠶᠢᠨ ᠭᠠᠵᠠᠷ ᠲᠤᠨᠢ ᠣᠶᠢᠯᠠᠭᠠᠪᠠ᠃ | | | | | ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᡂᠢ ᠵᠢᠶᠠᠨ ᠹᠧᠩ ᠮᠠᠨ ᠤ ᠰᠢᠶᠠᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ | ᠬᠢᠵᠦ᠂ ᠡᠯ᠎ᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠤᠰ ᠲᠤᠰ ᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠯ ᠰᠠᠨᠠᠭᠤᠯᠭ᠎ᠠ ᠳᠤᠷᠠᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠨᠢ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠩᠨᠡᠭᠡ ᠶᠢᠨ | ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠠᠵᠢᠯ ᠪᠠ ᠬᠠᠤᠯᠢ ᠬᠡᠷᠡᠭᠵᠢᠭᠦᠯᠦᠯᠳᠡ ᠳᠤ ᠬᠢᠨᠠᠯᠲᠠ ᠲᠠᠯᠪᠢᠬᠤ ᠲᠣᠭᠲᠠᠴᠠ | ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠤᠳᠤᠷᠢᠳᠬᠤ ᠲᠤᠭᠳᠠᠴᠠ ᠶᠢ ᠪᠠᠶᠢᠭᠤᠯᠤᠭᠰᠠᠨ ᠪᠠ | ᠬᠡᠷᠡᠭᠵᠢᠭᠦᠯᠦᠭᠰᠡᠨ ᠵᠡᠷᠭᠡ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠢᠶᠠᠷᠤᠯᠳᠡ ᠶᠢᠨ ᠠᠵᠢᠯ ᠢ ᠨᠤᠲᠠᠯᠠᠭᠰᠠᠨ ᠤ ᠬᠠᠮᠲᠤ ᠰᠢᠶᠠᠨ ᠤ ᠵᠠᠰᠠᠭ ᠤᠨ ᠣᠷᠳᠣᠨ ᠪᠣᠯᠤᠨ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠲᠤ ︽ᠵᠢᠷᠭᠤᠭᠠᠨ ᠶᠡᠭᠡ ᠳᠡᠭᠡᠭᠰᠢᠯᠡᠯᠲᠡ︾ ᠶᠢᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠠᠷᠤᠳᠠᠯ ᠢ ᠰᠢᠶᠠᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠵᠤ᠂ ᠠᠯᠪᠠᠨ ᠲᠤᠰᠢᠶᠠᠯᠲᠠᠨ ᠤ ᠵᠠᠮ ᠬᠠᠷᠢᠯᠴᠠᠭᠠᠨ ᠤ ᠬᠡᠷᠡᠭ ᠭᠠᠷᠭᠠᠭᠰᠠᠨ | ᠬᠡᠷᠡᠭ ᠢ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠮᠳᠠ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ | ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠬᠤ ᠬᠡᠷᠡᠭᠲᠡᠶ ᠭᠡᠵᠦ | ᠰᠠᠨᠠᠭᠤᠯᠪᠠ᠃ ᠡᠭᠦᠨ ᠤ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ ᠳᠦᠷᠢᠮ ᠢ | ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ | ᠴᠢᠬᠤᠯᠠ ᠶᠡᠭᠡ ᠶᠢ ᠰᠡᠷᠭᠡᠶᠢᠯᠡᠬᠦ᠂ ᠨᠡᠯᠢᠶᠡᠳ ᠶᠡᠭᠡ ᠶᠢ ᠬᠢᠵᠠᠭᠠᠷᠯᠠᠬᠤ᠂ ᠶᠡᠷᠦᠩᠬᠡᠶ ᠬᠡᠮᠵᠢᠶ᠎ᠡ ᠶᠢ ᠪᠠᠭᠠᠰᠬᠠᠬᠤ | ᠶᠡᠷᠦᠩᠬᠡᠢ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ | ᠮᠠᠨ ᠤ ᠰᠢᠶᠠᠨ ᠬᠤᠲᠠ ᠳᠤ ᠰᠠᠭᠤᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠪᠣᠯᠤᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ᠂ ᠵᠠᠮ ᠲᠡᠭᠡᠭᠡᠪᠦᠷᠢ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠪᠠ᠃ | | | | ᠰᠤᠷᠪᠤᠯᠵᠢᠯᠠᠭᠴᠢ᠄ ᠯᠢ ᠰᠢᠶᠣᠤ ᠾᠦᠢ | ᠴᠢᠮᠡᠭᠡᠯᠡᠭᠴᠢ᠄ ᠯᠢ ᠵᠢᠶᠠ ᠰᠢᠩ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |