ᠮᠠᠨ ᠤ ᠰᠢᠶᠠᠨ ︽ᠮᠥᠩᠭᠦᠨ  ᠭᠦᠢᠯᠭᠡᠭᠡᠨ ᠎ ᠤ ᠤᠯᠠᠭᠠᠨᠮᠥ᠋ᠴᠢᠷ︾᠎ ᠤᠨ ᠲᠤᠭ ᠣᠯᠭᠤᠬᠤ ᠶᠣᠰᠣᠯᠠᠯ  ᠶᠠᠪᠤᠭᠤᠯᠪᠠ
ᠨᠡᠶᠢᠲᠡᠯᠡᠭᠰᠡᠨ ᠴᠠᠭ᠄
2020-06-01
    ᠮᠥᠩᠭᠦᠨ ᠭᠦᠢᠯᠭᠡᠭᠡᠨ ᠤ ᠦᠢᠯᠡᠳᠬᠦᠨ ᠢ ᠪᠣᠯᠪᠠᠰᠤᠷᠠᠩᠭᠤᠶ ᠬᠡᠷᠡᠭᠯᠡᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠪᠠᠨ  ᠲᠡᠭᠡᠭᠰᠢᠯᠡᠭᠦᠯᠬᠦ ᠶᠢᠨ ᠲᠦᠯᠦᠭᠡ᠂ 5 ᠰᠠᠷ᠎ᠠ ᠶᠢᠨ 28᠎ ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ  ᠪᠠᠩᠬᠢ ᠶᠢᠨ ᠬᠠᠷᠢᠶ᠎ᠠ ᠳᠣᠲᠣᠷᠠᠬᠢ ᠡᠯ᠎ᠡ ᠮᠥᠩᠭᠦᠨ  ᠭᠦᠢᠯᠭᠡᠭᠡᠨ ᠤ ᠪᠠᠶᠢᠭᠤᠯᠤᠮᠵᠢ ᠰᠢᠶᠠᠨ ᠤ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠵᠢᠴᠢ ᠤᠯᠠᠭᠠᠨᠮᠥ᠋ᠴᠢᠷ ᠲᠠᠢ ᠬᠠᠮᠲᠤ ᠪᠠᠷ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾ ᠎ ᠤᠨ ᠲᠤᠭ ᠣᠯᠭᠤᠬᠤ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ  ᠹᠧᠩ ᠱᠤᠸᠠᠩ ᠪᠣᠯᠤᠨ ᠰᠢᠶᠠᠨ ᠤ ᠵᠠᠰᠠᠭ ᠤᠨ ᠣᠷᠳᠣᠨ ᠤ ᠳᠡᠳ᠋  ᠳᠠᠷᠤᠭ᠎ᠠ ᠵᠠᠩ ᠯᠢ ᠸᠧᠨ ᠶᠣᠰᠣᠯᠠᠯ ᠳᠤ ᠣᠷᠣᠯᠴᠠᠪᠠ᠃
         ᠵᠠᠩ ᠯᠢ ᠸᠧᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ ᠲᠡᠷᠡ ᠵᠢᠭᠠᠵᠤ ᠭᠠᠷᠭᠠᠭᠰᠠᠨ ᠨᠢ᠂ ᠮᠥᠩᠭᠦᠨ ᠭᠦᠢᠯᠭᠡᠭᠡᠨ ᠤ ᠤᠯᠠᠭᠠᠨᠮᠥ᠋ᠴᠢᠷ ᠪᠣᠯ ᠨᠢᠭᠡ  ᠵᠤᠶᠢᠯ ᠤᠨ ᠮᠠᠰᠢ ᠤᠳᠬ᠎ᠠ ᠠᠭᠤᠯᠭ᠎ᠠ ᠲᠠᠢ ᠠᠵᠢᠯ ᠮᠥᠨ᠂ ᠮᠥᠩᠭᠦᠨ ᠭᠦᠢᠯᠭᠡᠭᠡᠨ ᠤ ᠤᠬᠠᠭᠤᠯᠭ᠎ᠠ ᠬᠥᠮᠦᠵᠢᠯ ᠤᠨ ᠠᠵᠢᠯ ᠤᠨ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠂ ᠨᠠᠩ ᠴᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠠᠰᠢᠭᠲᠠᠢ ᠰᠦᠪᠡᠭᠴᠢᠯᠡᠯᠲᠡ᠂ ᠡᠨᠡ  ᠬᠤᠶᠠᠷ ᠢ ᠣᠷᠭᠠᠨᠢᠭ ᠢᠶᠠᠷ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠶᠢ ᠤᠯᠠᠭᠠᠨᠮᠥ᠋ᠴᠢᠷ ᠤᠨ ᠤᠷᠠᠨ ᠰᠠᠶᠢᠬᠠᠨ ᠤ  ᠲᠤᠭᠯᠠᠯᠳᠠ ᠳᠤ ᠠᠭᠤᠰᠬᠠᠵᠤ ᠳᠡᠶᠢᠯᠬᠦ ᠮᠥᠷᠲᠡᠭᠡᠨ ᠪᠠᠰᠠ ᠨᠡᠩ ᠣᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ  ᠲᠠᠷᠢᠶᠠᠴᠢᠨ ᠮᠠᠯᠴᠢᠳ ᠲᠤ ᠠᠪᠴᠢᠷᠠᠵᠤ ᠴᠢᠳᠠᠨ᠎ᠠ᠃ ᠡᠭᠦᠨ ᠤ ᠤᠯᠠᠮ ᠢᠶᠠᠷ ᠦᠨᠳᠦᠰᠦᠨ ᠱᠠᠲᠤᠨ ᠤ ᠤᠯᠠᠨ ᠲᠦᠮᠡᠨ ᠤ ᠮᠥᠩᠭᠦᠨ ᠭᠦᠢᠯᠭᠡᠭᠡᠨ ᠤ ᠮᠡᠳᠡᠯᠭᠡ ᠶᠢᠨ ᠲᠤᠬᠠᠶ  ᠪᠤᠳᠠᠳᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ  ᠠᠵᠢᠯ ᠤᠨ ᠯᠢᠶᠠᠩᠴᠧᠩ ᠬᠤᠳᠠ ᠳᠤ ᠨᠠᠶᠢᠳᠠᠪᠤᠷᠢᠵᠢᠭᠤᠯᠤᠭᠳᠠᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠶ  ᠭᠡᠪᠡ᠃
       ᠶᠣᠰᠣᠯᠠᠯ ᠳᠤᠮᠳᠠ᠂ ᠯᠢ ᠹᠧᠩ ᠱᠤᠸᠠᠩ ︽ᠮᠥᠩᠭᠦᠨ  ᠭᠦᠢᠯᠭᠡᠭᠡᠨ ᠎ ᠤ ᠤᠯᠠᠭᠠᠨᠮᠥ᠋ᠴᠢᠷ︾᠎ ᠤᠨ ᠲᠤᠭ ᠢ ᠤᠯᠠᠭᠠᠨᠮᠥ᠋ᠴᠢᠷ ᠲᠤ ᠣᠯᠭᠤᠪᠠ᠃
          ᠠᠷᠠᠳ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ᠪᠣᠯᠤᠨ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤᠷᠢᠳ ᠬᠤᠵᠢᠳ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾᠎ ᠢ ᠪᠠᠶᠢᠭᠤᠯᠬᠤ ᠲᠥᠰᠦᠯ᠂ ᠠᠵᠢᠯ ᠤᠨ ᠠᠬᠢᠴᠠ ᠵᠢᠴᠢ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾᠎ ᠢ ᠬᠠᠮᠲᠤᠷᠠᠨ ᠪᠠᠶᠢᠭᠤᠯᠬᠤ ᠲᠤᠬᠠᠶ ᠶᠠᠷᠢᠶ᠎ᠠ ᠲᠠᠯᠪᠢᠪᠠ᠃ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ ᠢ ᠬᠠᠮᠲᠤᠷᠠᠨ ᠠᠬᠢᠭᠤᠯᠬᠤ ᠲᠤᠬᠠᠶ ᠰᠠᠨᠠᠭᠠᠴᠢᠯᠠᠭ᠎ᠠ ᠶᠢᠨ ᠪᠢᠴᠢᠭ︾ ᠎ ᠲᠤ ᠬᠠᠮᠲᠤ ᠪᠠᠷ ᠭᠠᠷ ᠤᠨ ᠥᠰᠥᠭ ᠵᠢᠷᠤᠪᠠ᠃
     ᠡᠨᠡ ᠤᠳᠠᠭᠠᠨ ᠤ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾ ᠪᠠᠶᠢᠭᠤᠯᠤᠭᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ ᠵᠤᠷᠢᠭᠵᠢᠭᠤᠯᠵᠤ ᠪᠣᠳᠠᠲᠠᠶ ᠠᠵᠢᠯᠯᠠᠭ᠎ᠠ ᠶᠢ ᠴᠤᠤᠷᠢᠶᠠᠲᠤᠨ ᠳᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠲᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠤᠯᠠᠮ ᠨᠢᠭᠡ ᠠᠯᠬᠤᠮ ᠪᠣᠳᠠᠲᠠᠶ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠡᠭᠦᠨ ᠤ ᠳᠤ ᠬᠠᠮᠲᠤ ᠤᠯᠠᠭᠠᠨᠮᠥ᠋ᠴᠢᠷ ᠤᠨ ᠤᠬᠠᠭᠤᠯᠭ᠎ᠠ ᠶᠢᠨ ᠠᠭᠤᠯᠭ᠎ᠠ ᠶᠢ ᠨᠠᠩ ᠪᠠᠶᠠᠯᠢᠭᠵᠢᠭᠤᠯᠵᠤ᠂ ᠤᠳᠬ᠎ᠠ ᠤᠷᠠᠯᠢᠭ ᠤᠨ ᠲᠣᠭᠯᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠠᠵᠢᠯ ᠳᠤ ᠨᠡᠩ ᠰᠠᠶᠢᠨ ᠲᠠᠪᠴᠠᠩ  ᠬᠠᠩᠭᠠᠭᠰᠠᠨ ᠪᠠᠶᠢᠨ᠎ᠠ᠃                                                                                             ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ︵ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ᠶᠢᠨ ᠬᠠᠩᠭᠠᠭᠰᠠᠨ ᠡᠬᠡ  ᠪᠢᠴᠢᠭ︶
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2