ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠰᠤᠶᠢᠳᠭᠡᠯ ᠢ ᠲᠠᠲᠠᠪᠤᠷᠢᠯᠠᠨ  ᠲᠤᠰᠢᠶᠠᠬᠤ  ᠬᠠᠮᠢᠶᠠᠷᠤᠯᠳᠡ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-06-10
    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠤᠬᠢᠷᠠᠭᠤᠯᠤᠯᠳᠡ ᠵᠢᠴᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ ᠺᠣᠮᠢᠰ ᠤᠨ ᠠᠵᠢᠯ ᠤᠨ ᠲᠥᠯᠥᠪᠯᠡᠭᠡ ᠶᠢ ᠦᠨᠳᠦᠰᠦᠯᠡᠨ ᠂ 6 ᠰᠠᠷ᠎ᠠ ᠶᠢᠨ 8 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠵᠠᠩ ᠳ᠋ᠦᠩ ᠹᠠᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠺᠣᠮᠢᠰ ᠤᠨ ᠬᠠᠷᠢᠭᠤᠴᠠᠯᠭᠠᠲᠠᠨ ᠵᠢᠴᠢ  ᠠᠵᠢᠯᠳᠡᠨ ᠢ ᠳᠠᠭᠠᠭᠤᠯᠤᠨ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ  ᠭᠦᠨᠵᠡᠭᠡᠶᠢᠷᠡᠨ ᠮᠠᠨ ᠤ ᠰᠢᠶᠠᠨ ᠤ ᠨᠠᠰᠤᠵᠢᠯ ᠤᠨ ᠳᠠᠭᠠᠳᠬᠠᠯ ᠤᠨ  ᠰᠤᠶᠢᠳᠭᠡᠯ ᠢ ᠲᠠᠲᠠᠪᠤᠷᠢᠯᠠᠨ ᠲᠤᠰᠢᠶᠠᠬᠤ  ᠬᠠᠮᠢᠶᠠᠷᠤᠯᠳᠡ ᠶᠢᠨ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠠᠶ᠃ ᠲᠡᠷᠡᠴᠢᠯᠡᠨ ᠶᠠᠷᠢᠯᠴᠠᠬᠤ ᠬᠤᠷᠠᠯ ᠬᠤᠷᠠᠯᠳᠤᠭᠤᠯᠪᠠ᠃
       ᠬᠤᠷᠠᠯ ᠳᠡᠭᠡᠷ᠎ᠡ᠂ ᠰᠢᠶᠠᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠳ᠋ᠤᠸᠠᠨ ᠯᠢ ᠫᠢᠩ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠪᠠᠶᠢᠳᠠᠯ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠪᠦᠲᠦᠭᠡᠯᠴᠢ ᠴᠢᠨᠠᠷᠲᠠᠶ ᠰᠠᠨᠠᠯ  ᠢ 4 ᠲᠠᠯ ᠎ᠠ ᠪᠠᠷ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠳᠤ ᠣᠷᠣᠯᠴᠠᠭᠰᠠᠳ ᠳᠠᠭᠠᠳᠬᠠᠯ ᠤᠨ ᠵᠠᠷᠤᠳᠠᠯ ᠲᠤᠰᠢᠶᠠᠬᠤ᠂ ᠳᠠᠭᠠᠳᠬᠠᠯ ᠤᠨ ᠳᠡᠰ᠂ ᠵᠢᠯ ᠤᠨ ᠬᠢᠨᠠᠯᠲᠠ ᠶᠢᠨ ᠠᠷᠭ᠎ᠠ ᠬᠡᠯᠪᠡᠷᠢ᠂ ᠣᠯᠭᠤᠮᠵᠢ ᠪᠣᠯᠤᠨ ᠭᠠᠷ  ᠭᠦᠢᠴᠡᠳᠭᠡᠯ ᠵᠡᠷᠭᠡ ᠶᠢᠨ ᠲᠣᠭᠤᠷᠢᠨ ᠳᠤ ᠶᠠᠷᠢᠯᠴᠠᠯ᠎ᠠ᠃ ᠮᠠᠰᠢ ᠤᠯᠠᠨ ᠦᠨᠡᠨ ᠬᠦ ᠬᠡᠷᠡᠭᠵᠢᠭᠦᠯᠵᠦ ᠪᠣᠯᠬᠤ ᠰᠠᠨᠠᠯ ᠪᠠ ᠰᠠᠨᠠᠭᠤᠯᠭ᠎ᠠ ᠳᠤᠷᠠᠳᠴᠠᠶ᠃      ᠪᠠᠶᠢᠴᠠᠭᠠᠨ ᠰᠤᠳᠤᠯᠬᠤ ᠳᠤᠭᠤᠶᠢᠯᠠᠩ ᠣᠳᠣᠬᠠᠨ ᠤ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠤᠨ ᠠᠵᠢᠯ ᠤᠨ ᠣᠯᠤᠭᠰᠠᠨ ᠠᠮᠵᠢᠯᠲᠠ ᠶᠢ  ᠭᠦᠢᠴᠡᠳ ᠨᠤᠲᠠᠯᠠᠬᠤ ᠶᠢᠨ ᠬᠠᠮᠲᠤ ᠣᠳᠣᠬᠠᠨ ᠤ ᠮᠠᠨ ᠤ ᠰᠢᠶᠠᠨ ᠤ  ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠰᠤᠶᠢᠳᠭᠡᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢᠨ ᠳᠤᠮᠳᠠ ᠤᠷᠤᠰᠢᠵᠦ ᠪᠠᠶᠢᠭ᠎ᠠ ᠠᠰᠠᠭᠤᠳᠠᠯ ᠤᠨ ᠲᠤᠬᠠᠶ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠨᠢᠭᠡ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠤᠬᠠᠭᠤᠯᠭ᠎ᠠ ᠪᠠ ᠲᠠᠶᠢᠯᠤᠮᠵᠢ ᠶᠢ ᠴᠢᠩᠭᠠᠳᠬᠠᠵᠤ᠂ ᠠᠷᠠᠳ ᠣᠯᠠᠨ ᠤ ᠦᠵᠡᠵᠦ ᠰᠣᠨᠣᠰᠬᠤ ᠳᠤᠷᠠᠲᠠᠶ ᠠᠷᠭ᠎ᠠ ᠮᠠᠶ᠋ᠢᠭ ᠢ ᠠᠪᠴᠤ᠂ ᠥᠷᠭᠡᠨ ᠣᠯᠠᠨ ᠬᠤᠲᠠ ᠬᠥᠳᠡᠭᠡ ᠶᠢᠨ  ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠪᠠ  ᠰᠤᠶᠢᠳᠭᠡᠯ ᠲᠤᠰᠢᠶᠠᠬᠤ ᠢᠳᠡᠪᠬᠢᠵᠢᠯ ᠢ  ᠢᠳᠡᠪᠬᠢᠳᠠᠢ ᠪᠠᠷ ᠵᠣᠷᠢᠭᠵᠢᠭᠤᠯᠤᠨ ᠬᠥᠲᠥᠯᠥᠨ ᠵᠢᠯᠣᠭᠤᠳᠬᠤ ᠬᠡᠷᠡᠭᠲᠡᠶ︔ ᠬᠤᠶᠠᠷ ᠲᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ  ᠢ  ᠭᠦᠢᠴᠡᠳ ᠠᠰᠢᠭᠯᠠᠵᠤ᠂ ᠬᠠᠮᠢᠶ᠎ᠠ ᠪᠦᠬᠦᠢ  ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠬᠠᠮᠲᠤᠷᠠᠯ  ᠤᠨ ᠬᠦᠴᠦᠨ ᠢ ᠪᠦᠷᠢᠯᠳᠦᠭᠦᠯᠦᠨ᠎ᠡ︔ ᠭᠤᠷᠪᠠ ᠳᠤ ᠰᠠᠶᠢᠨ ᠲᠤᠷᠰᠢᠯᠭ᠎ᠠ ᠵᠢᠴᠢ ᠬᠢᠬᠦ ᠠᠷᠭ᠎ᠠ ᠶᠢ ᠰᠤᠷᠤᠯᠴᠠᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠪᠠᠨ ᠥᠷᠭᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ᠃     ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠪᠠ᠃                                                                                 ᠴᠢᠮᠡᠭᠡᠯᠡᠭᠴᠢ᠄ ᠶᠠᠩ ᠰᠢᠶᠤᠤ ᠹᠸᠢ                                     ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                     ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2