ᠠᠮᠢ ᠠᠬᠤᠶ ᠤᠷᠴᠢᠨ ᠲᠤᠭᠤᠷᠢᠨ ᠤ ᠶᠠᠮᠤᠨ ᠤ  ᠬᠤᠸᠠᠪᠸᠢ  ᠶᠢᠨ ᠱᠠᠯᠠᠪᠳᠠᠭᠤᠯᠤᠨ ᠪᠠᠶᠢᠴᠠᠭᠠᠬᠤ ᠲᠣᠪᠴᠢᠶᠠᠨ ᠤ  ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-11
     6 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ   ᠬᠤᠸᠠᠪᠸᠢ  ᠶᠢᠨ ᠱᠠᠯᠠᠪᠳᠠᠭᠤᠯᠤᠨ ᠪᠠᠶᠢᠴᠠᠭᠠᠬᠤ  ᠲᠤᠪᠴᠢᠶᠠᠨ ᠤ ᠶᠤᠸᠠᠨ ᠶᠠᠩ ᠮᠧᠩ ᠨᠠᠷ ᠮᠠᠨ ᠤ ᠰᠢᠶᠠᠨ ᠳᠤ ᠬᠦᠷᠴᠦ  ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠢ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠫᠧᠩ ᠭᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠢᠶᠠ ᠰᠢᠶᠤᠤ ᠫᠢᠩ ᠵᠢᠴᠢ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠳᠤ  ᠤᠷᠤᠯᠴᠠᠪᠠ᠃
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠩ ᠽᠧ ᠶᠤᠸᠠᠨ ᠲᠡᠵᠢᠭᠡᠨ ᠦᠷᠡᠵᠢᠭᠦᠯᠬᠦ ᠲᠠᠯᠠᠪᠠᠢ᠂ ᠬᠠᠢ ᠭᠤᠤ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠤᠰ ᠲᠤᠰ ᠰᠣᠨᠣᠰᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ  ᠬᠡᠪᠴᠢᠶᠡᠳᠦ ᠲᠡᠵᠢᠭᠡᠨ ᠦᠷᠡᠵᠢᠭᠦᠯᠬᠦ ᠲᠠᠯᠠᠪᠠᠢ ᠶᠢ ᠦᠷᠭᠦᠯᠵᠢᠯᠡᠨ ᠬᠥᠲᠥᠯᠥᠨ ᠵᠢᠯᠣᠭᠤᠳᠴᠤ ᠪᠠᠶᠢᠭᠠᠳ ᠣᠷᠴᠢᠯ  ᠬᠡᠯᠪᠡᠷᠢ ᠶᠢᠨ᠂ ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠴᠢᠭᠯᠡᠯ ᠲᠡᠰᠢ ᠬᠥᠭᠵᠢᠭᠦᠯᠵᠦ᠂ ᠪᠣᠬᠢᠷᠲᠤᠯ ᠦᠭᠡᠢ᠂ ᠣᠷᠴᠢᠨ ᠲᠣᠭᠤᠷᠢᠨ  ᠢ ᠬᠠᠮᠠᠭᠠᠯᠠᠬᠤ᠂ ᠠᠮᠢ ᠠᠬᠤᠢ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ  ᠪᠠᠷᠢᠮᠳᠠᠯᠠᠬᠤ ᠬᠡᠷᠡᠭᠲᠡᠶ᠃ ᠠᠵᠤ ᠠᠬᠤᠶᠢᠯᠠᠯ ᠬᠤᠶᠢᠰᠢᠳᠠ ᠶᠢᠨ  ᠤᠶᠢᠯᠡᠳᠪᠤᠷᠢᠯᠡᠯ ᠳᠤᠮᠳᠠ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠮᠢ ᠠᠬᠤᠶ ᠶᠢᠨ ᠬᠡᠪ ᠵᠠᠭᠪᠤᠷ ᠢ ᠦᠷᠭᠦᠯᠵᠢᠯᠡᠨ ᠪᠠᠷᠢᠮᠲᠠᠯᠠᠵᠤ ᠪᠠᠭᠠᠰᠤᠨ ᠪᠣᠬᠢᠷᠲᠤᠯ ᠢ ᠬᠤᠣᠷ ᠦᠭᠡᠶᠢᠵᠢᠬᠦᠯᠦᠨ  ᠰᠢᠢᠳᠪᠤᠷᠢᠯᠡᠬᠦ ᠲᠥᠬᠦᠭᠡᠷᠦᠮᠵᠢ᠂ ᠲᠣᠨᠤᠭ ᠲᠥᠬᠦᠭᠡᠷᠦᠮᠵᠢ ᠶᠢ ᠳᠡᠰ ᠳᠡᠪᠰᠢᠭᠦᠯᠬᠦ ᠪᠠ ᠥᠭᠡᠷᠡᠴᠢᠯᠡᠬᠦ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠭᠠᠰᠤᠨ ᠪᠣᠬᠢᠷᠲᠤᠯ ᠢ ᠭᠠᠳᠠᠭᠰᠢᠯᠠᠭᠤᠯᠬᠤ ᠦᠭᠡᠢ᠂ ᠪᠣᠬᠢᠷᠲᠤᠯ ᠦᠭᠡᠢ ᠪᠠᠶᠢᠬᠤ ᠶᠢ ᠤᠯᠠᠮ ᠨᠢᠭᠡ ᠠᠯᠬᠤᠮ ᠪᠠᠲᠤᠯᠠᠵᠤ᠂ ᠡᠴᠦᠰ ᠲᠡᠭᠡᠨ ︽ᠬᠡᠮᠵᠢᠶ᠎ᠡ ᠶᠢ ᠪᠠᠭᠠᠰᠬᠠᠬᠤ᠂ ᠬᠤᠤᠷ  ᠦᠭᠡᠶᠢᠳᠡᠭᠦᠯᠬᠦ᠂ ᠡᠬᠢ ᠪᠠᠶᠠᠯᠢᠭᠵᠢᠭᠤᠯᠬᠤ︾ ᠵᠠᠰᠠᠬᠤ ᠬᠠᠷᠠᠯᠲᠠ ᠳᠤ  ᠬᠦᠷᠦᠭᠦᠯᠬᠦ ᠬᠡᠷᠡᠭᠳᠡᠢ ᠭᠡᠪᠡ᠃     ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠳᠠᠭ᠎ᠠ ᠶᠢᠨ ᠨᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠤᠰᠤ  ᠨᠦᠬᠦᠪᠦᠷᠢᠯᠡᠬᠦ ᠢᠨᠵᠧᠨᠧᠷᠢᠩ ᠤᠨ ᠭᠦᠩ ᠪᠠ ᠾᠧ ᠭᠤᠤᠯ ᠤᠨ ᠤᠰᠤ ᠭᠠᠷᠬᠤ ᠠᠮᠠᠰᠠᠷ᠂ ᠳᠠᠭ᠎ᠠ ᠶᠢᠨ ᠨᠠᠭᠤᠷ ᠤᠨ ᠰᠠᠶᠢᠷᠭᠠᠯ ᠨᠤᠭᠤ ᠭᠠᠵᠠᠷ ᠪᠣᠯᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠢᠨᠵᠧᠨᠧᠷᠢᠩ ᠵᠡᠷᠭᠡ ᠭᠠᠵᠠᠷ ᠢᠶᠠᠷ  ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠶ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠳᠠᠭ᠎ᠠ ᠶᠢᠨ  ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ  ᠰᠡᠷᠭᠦᠭᠡᠬᠦ ᠪᠠ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ  ᠴᠢᠩᠭᠠᠳᠬᠠᠵᠤ᠂ ᠪᠣᠬᠢᠷᠲᠤᠯ ᠢ ᠵᠠᠰᠠᠬᠤ ᠶᠠᠪᠤᠳᠠᠯ ᠢ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠪᠣᠳᠠᠲᠠᠶ ᠪᠥᠭᠡᠳ ᠨᠠᠷᠢᠯᠢᠭ ᠠᠳᠬᠤᠵᠤ ᠦᠷ᠎ᠡ ᠪᠦᠲᠦᠮᠵᠢ ᠭᠠᠷᠭᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ  ᠲᠦᠯᠦᠪᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠬᠦᠴᠦᠨ ᠢᠶᠠᠷ ᠰᠠᠶᠢᠲᠤᠷ  ᠬᠡᠷᠡᠭᠵᠢᠭᠦᠯᠵᠦ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠨ ᠵᠠᠰᠠᠬᠤ ᠡᠯ᠎ᠡ  ᠵᠤᠶᠢᠯ ᠤᠨ ᠠᠵᠢᠯ ᠢ  ᠯᠠᠪᠳᠠᠭᠤᠨ ᠪᠠᠲᠤᠲᠠᠶ ᠠᠬᠢᠭᠤᠯᠵᠤ᠂ ᠳᠠᠭ᠎ᠠ ᠶᠢᠨ ᠨᠠᠭᠤᠷ ᠤᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠳᠠᠭ᠎ᠠ ᠶᠢᠨ ᠨᠠᠭᠤᠷ ᠤᠨ ᠤᠰᠤᠨ ᠤ ᠬᠡᠮᠵᠢᠶ᠎ᠡ ᠶᠢ ᠦᠨᠡᠨ ᠬᠦ ᠨᠡᠮᠡᠭᠳᠡᠭᠦᠯᠵᠦ᠂ ᠤᠰᠤᠨ ᠤ ᠴᠢᠨᠠᠷ  ᠢ ᠰᠠᠶᠢᠵᠢᠷᠠᠭᠤᠯᠵᠤ᠂ ᠥᠩᠭᠡ ᠦᠵᠡᠮᠵᠢ ᠶᠢ ᠰᠠᠶᠢᠬᠠᠨ ᠪᠣᠯᠭᠠᠨ᠎ᠠ᠃      ᠬᠤᠩ ᠮᠤᠤ  ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠯᠠᠵᠤ ᠰᠢᠢᠳᠪᠤᠷᠢᠯᠡᠬᠦ ᠤᠶᠢᠯᠡᠳᠪᠤᠷᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠡᠭᠡᠭᠡᠪᠦᠷᠢᠯᠡᠬᠦ᠂ ᠲᠠᠯᠪᠢᠬᠤ᠂ ᠪᠤᠯᠠᠬᠤ ᠵᠡᠷᠭᠡ ᠠᠰᠠᠭᠤᠳᠠᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠭᠦᠨᠵᠡᠭᠡᠶ  ᠶᠠᠷᠢᠯᠴᠠᠵᠤ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠬᠤᠭ ᠨᠣᠪᠰᠢ ᠶᠢ ᠰᠢᠢᠳᠪᠤᠷᠢᠯᠡᠬᠦ ᠪᠣᠯ ᠣᠷᠴᠢᠨ ᠲᠣᠭᠤᠷᠢᠨ ᠢ  ᠬᠠᠮᠠᠭᠠᠯᠠᠬᠤ ᠠᠵᠢᠯ ᠤᠨ ᠭᠤᠤᠯᠳᠠᠯᠭ᠎ᠠ ᠪᠣᠯᠤᠨ᠎ᠠ᠃ ᠨᠡᠶᠢᠭᠡᠮ ᠤᠨ ᠠᠩᠬᠠᠷᠤᠯ ᠤᠨ ᠲᠥᠪᠯᠡᠷᠡᠯ ᠮᠥᠨ᠂ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠭ ᠨᠣᠪᠰᠢ ᠶᠢᠨ ᠨᠡᠪᠴᠢᠬᠦ ᠱᠦᠭᠦᠬᠦ ᠰᠢᠩᠭᠡᠨ ᠲᠠᠪᠠᠷᠠᠬᠤ ᠪᠠ ᠪᠣᠬᠢᠷᠲᠤᠯ ᠯᠡᠪᠡᠷᠡᠬᠦ ᠡᠭᠦᠰᠬᠦ ᠶᠢ ᠴᠢᠩᠭ᠎ᠠ  ᠰᠡᠷᠭᠡᠶᠢᠯᠡᠵᠦ᠂ ᠨᠡᠪᠴᠢᠬᠦ ᠱᠦᠭᠦᠬᠦ ᠰᠢᠩᠭᠡᠨ ᠰᠢᠢᠳᠪᠤᠷᠢᠯᠡᠬᠦ ᠪᠡᠯᠡᠳᠬᠡᠮᠵᠢ ᠶᠢ ᠴᠠᠭ ᠢᠮᠠᠭᠲᠠ ᠪᠠᠶᠢᠴᠠᠭᠠᠨ ᠦᠵᠡᠬᠦ ᠬᠡᠷᠡᠭᠲᠡᠶ᠃ ᠪᠠᠶᠢᠩᠭᠤ ᠬᠠᠮᠠᠭᠠᠯᠠᠵᠤ᠂ ᠴᠠᠭ ᠲᠤᠬᠠᠶ ᠳᠤᠨᠢ ᠰᠡᠯᠪᠢᠨ ᠵᠠᠰᠠᠵᠤ᠂ ᠬᠤᠭ ᠨᠣᠪᠰᠢ ᠵᠢᠴᠢ ᠪᠣᠬᠢᠷ ᠤᠰᠤ ᠶᠢ  ᠰᠢᠢᠳᠪᠤᠷᠢᠯᠡᠵᠦ ᠭᠠᠳᠠᠭᠰᠢᠯᠠᠭᠤᠯᠬᠤ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠪᠡ᠃                          ᠰᠤᠷᠪᠤᠯᠵᠢᠯᠠᠭᠴᠢ᠄ ᠱᠠᠩ ᠶᠦᠨ ᠰᠢᠶᠠ                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2