ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠤᠬᠠᠭᠤᠯᠬᠤ ᠠᠩᠭᠢ ᠲᠣᠰᠬᠤᠨ ᠡᠷᠦᠬᠡ ᠳᠤ ᠬᠦᠷᠴᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-06-11
    ᠦᠨᠳᠦᠰᠦᠨ ᠱᠠᠲᠤᠨ ᠤ ᠥᠷᠭᠡᠨ ᠣᠯᠠᠨ  ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠠᠷᠢᠶᠠᠴᠢᠳ ᠤᠨ ᠤᠳᠬ᠎ᠠ ᠤᠷᠠᠯᠢᠭ ᠤᠨ ᠠᠵᠢᠯᠯᠠᠭ᠎ᠠ ᠳᠠᠬᠢ ᠬᠠᠶᠢᠷ᠎ᠠ ᠬᠠᠯᠠᠮᠵᠢ ᠶᠢ  ᠬᠦᠭᠵᠢᠭᠡᠭᠦ  ᠶᠢᠨ ᠲᠥᠯᠥᠭᠡ᠂ 6 ᠰᠠᠷ᠎ᠠ ᠶᠢᠨ 9 ᠤ ᠡᠳᠦᠷ᠂ ᠯᠢᠶᠠᠩᠴᠧᠩ ᠰᠢᠶᠠᠨ ᠤ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠤᠬᠠᠭᠤᠯᠬᠤ ᠠᠩᠭᠢ ᠲᠣᠰᠬᠤᠨ ᠡᠷᠦᠬᠡ ᠳᠤ  ᠬᠦᠷᠴᠦ  ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠶ᠃
        ᠯᠣᠤ ᠸᠠ ᠶᠢᠩ ᠠᠭᠤᠳᠠᠮ ᠲᠠᠯᠠᠪᠠᠢ ᠶᠢᠨ ᠪᠥᠵᠢᠭ ᠤᠨ ᠠᠩᠭᠢ ᠬᠤᠶᠠᠷ ᠵᠢᠯ ᠤᠨ ᠡᠮᠦᠨ᠎ᠡ ᠨᠢᠭᠡᠨᠲᠡ ᠪᠠᠶᠢᠭᠤᠯᠤᠭᠳᠠᠵᠠᠢ᠂ ᠠᠩᠭᠢ ᠶᠢᠨ ᠳᠠᠷᠤᠭ᠎ᠠ ᠯᠢ ᠠᠶ ᠶᠦᠨ ᠤᠤᠯ ᠨᠢ ᠪᠥᠵᠢᠭᠯᠡᠬᠦ ᠳᠤᠷᠠᠲᠠᠶ ᠪᠠᠶᠢᠭᠰᠠᠨ ᠪᠥᠭᠡᠳ ᠤᠳᠬ᠎ᠠ ᠤᠷᠠᠯᠢᠭ ᠤᠨ  ᠠᠵᠢᠯᠯᠠᠭ᠎ᠠ ᠳᠤ ᠳᠤᠷᠠᠲᠠᠶ᠃ ᠨᠡᠩ ᠣᠯᠠᠨ ᠲᠣᠰᠬᠤᠨ ᠤ ᠠᠷᠠᠳ ᠢ ᠲᠠᠯᠠᠪᠠᠶ ᠶᠢᠨ ᠪᠥᠵᠢᠭ ᠤᠨ ᠠᠩᠭᠢ ᠳᠤ ᠣᠷᠣᠭᠤᠯᠬᠤ ᠶᠢᠨ ᠲᠥᠯᠥᠭᠡ ᠯᠢ ᠠᠶ ᠶᠦᠨ ᠭᠡᠷ ᠤᠨ ᠬᠦᠷᠢᠶ᠎ᠡ ᠪᠠᠨ ᠵᠢᠵᠢᠭ ᠲᠠᠪᠴᠠᠩ ᠪᠣᠯᠭᠠᠨ ᠵᠠᠰᠠᠵᠠᠶ᠃ ᠥᠪᠡᠷ ᠤᠨ ᠵᠠᠷᠤᠳᠠᠯ ᠢᠶᠠᠷ ᠲᠠᠯᠠᠪᠠᠶ ᠶᠢᠨ ᠪᠥᠵᠢᠭ ᠤᠨ ᠳᠠᠭᠤ ᠬᠥᠭᠵᠢᠮ ᠢ ᠬᠤᠳᠠᠯᠳᠤᠨ ᠠᠪᠴᠤ ᠡᠳᠦᠷ ᠪᠦᠷᠢ  ᠶᠢᠨ ᠦᠳᠡ ᠶᠢᠨ ᠬᠤᠶᠢᠨ᠎ᠠ ᠲᠣᠰᠬᠤᠨ ᠤ ᠠᠷᠠᠳ ᠢ ᠳᠠᠭᠠᠭᠤᠯᠤᠨ ᠬᠦᠷᠢᠶᠡᠨ ᠳᠣᠲᠣᠷ᠎ᠠ ᠪᠥᠵᠢᠭ ᠪᠥᠵᠢᠭᠯᠡᠨ᠎ᠡ᠃
        ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ  ᠤᠯᠠᠭᠠᠨᠮᠥ᠋ᠴᠢᠷ ᠯᠢ ᠠᠶ ᠶᠦᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠭᠢ ᠶᠢ ᠰᠣᠨᠣᠰᠤᠭᠰᠠᠨ ᠤ ᠳᠠᠷᠠᠭ᠎ᠠ᠂ ᠲᠦᠢᠯ ᠢᠶᠠᠷ ᠠᠩᠬᠠᠷᠴᠤ᠂ ᠡᠨᠡ ᠤᠳᠠᠭ᠎ᠠ ᠲᠤᠰᠬᠠᠶᠢᠯᠠᠨ ᠲᠠᠪᠤᠨ ᠤᠯᠠᠭᠠᠨᠮᠥ᠋ᠴᠢᠷ ᠤᠨ ᠭᠡᠰᠢᠭᠦᠨ ᠲᠣᠮᠢᠯᠠᠨ ᠯᠣᠤ ᠸᠠ ᠶᠢᠩ ᠲᠣᠰᠬᠤᠨ ᠳᠤ  ᠢᠷᠡᠭᠦᠯᠵᠦ᠂ ᠲᠣᠰᠬᠤᠨ ᠤ ᠠᠷᠠᠳ ᠤᠨ ᠲᠠᠯᠠᠪᠠᠢ ᠶᠢᠨ ᠪᠥᠵᠢᠭ ᠤᠨ ᠬᠥᠳᠡᠯᠭᠡᠭᠡᠨ ᠢ ᠪᠡᠶ᠎ᠡ ᠪᠠᠷ ᠢᠶᠠᠨ ᠵᠢᠯᠣᠭᠤᠳᠴᠤ᠂ ᠣᠳᠣ ᠶᠢᠨ ᠰᠤᠷᠭᠠᠯ  ᠢᠶᠠᠷ ᠲᠣᠰᠬᠤᠨ ᠤ ᠠᠷᠠᠳ ᠲᠤ ᠨᠢᠭᠡᠨ ᠰᠢᠨ᠎ᠡ ᠲᠠᠯᠠᠪᠠᠶ ᠶᠢᠨ ᠪᠥᠵᠢᠭ  ᠰᠤᠷᠤᠯᠴᠠᠭᠤᠯᠵᠠᠢ᠃ ᠲᠣᠰᠬᠤᠨ ᠤ ᠠᠷᠠᠳ ᠪᠣᠯᠤᠨ ᠤᠯᠠᠭᠠᠨᠮᠥ᠋ᠴᠢᠷ ᠤᠨ ᠭᠡᠰᠢᠭᠦᠳ ᠪᠠᠶᠠᠷᠯᠠᠨ ᠬᠥᠭᠡᠷᠦᠯᠳᠦᠵᠦ᠂ ᠳᠠᠭᠤᠯᠠᠨ ᠪᠥᠵᠢᠭᠯᠡᠵᠦ᠂ ᠲᠣᠰᠬᠤᠨ ᠤ ᠪᠤᠰᠤᠳ ᠠᠷᠠᠳ ᠤᠨ ᠠᠩᠬᠠᠷᠤᠯ ᠢ ᠲᠠᠲᠠᠵᠤ᠂ ᠣᠯᠠᠨ ᠢᠶᠠᠷ ᠢᠶᠠᠨ ᠪᠦᠷ ᠲᠣᠭᠤᠷᠢᠨ ᠦᠵᠡᠵᠦ᠂ ᠪᠦᠬᠦ᠋ᠢᠯᠡ ᠠᠭᠤᠷ ᠠᠮᠢᠰᠬᠤᠯ ᠮᠠᠰᠢ ᠪᠠᠶᠠᠷ ᠬᠥᠷ ᠲᠠᠢ ᠪᠠᠶᠢᠯ᠎ᠠ᠃ ᠲᠣᠰᠬᠤᠨ ᠤ ᠠᠷᠠᠳ ᠯᠢ ᠠᠶ ᠶᠦᠨ ᠰᠡᠳᠬᠢᠯ ᠳᠣᠭᠳᠣᠯᠤᠨ᠄ ︽ᠪᠢ ᠲᠣᠰᠬᠤᠨ ᠤ ᠠᠷᠠᠳ ᠢᠶᠠᠨ ᠳᠠᠭᠠᠭᠤᠯᠤᠨ ᠠᠭᠤᠳᠠᠮ ᠲᠠᠯᠠᠪᠠᠶ ᠶᠢᠨ ᠪᠥᠵᠢᠭ ᠪᠥᠵᠢᠭᠯᠡᠭᠡᠳ ᠨᠢᠭᠡᠨᠲᠡ ᠬᠤᠶᠠᠷ ᠵᠢᠯ ᠭᠠᠷᠤᠶ ᠪᠣᠯᠵᠠᠶ᠃ ᠣᠳᠣ ᠣᠯᠠᠨ ᠢᠶᠠᠷ ᠢᠶᠠᠨ ᠬᠢᠬᠦ ᠠᠵᠢᠯ ᠦᠭᠡᠢ  ᠦᠶ᠎ᠡ ᠳᠤ ᠪᠦᠷ ᠮᠢᠨᠦ ᠬᠦᠷᠢᠶᠡᠨ ᠳᠤ ᠳᠡᠪᠬᠡᠷᠦᠨ ᠢᠷᠡᠵᠦ᠂ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠪᠠᠰᠠ ᠪᠡᠶ᠎ᠡ ᠮᠠᠬᠠᠪᠣᠳ ᠢᠶᠠᠨ  ᠪᠤᠯᠪᠠᠰᠤᠷᠠᠭᠤᠯᠵᠠᠢ᠃ ᠲᠡᠷᠡ ᠮᠥᠷᠲᠡᠭᠡᠨ ᠣᠳᠣ ᠤᠯᠠᠭᠠᠨᠮᠥ᠋ᠴᠢᠷ ᠪᠠᠰᠠ ᠪᠢᠳᠡᠨ ᠳᠤ ᠲᠠᠯᠠᠪᠠᠢ ᠶᠢᠨ ᠪᠥᠵᠢᠭ ᠵᠢᠭᠠᠵᠤ ᠥᠭᠬᠦ ᠪᠠᠷ ᠢᠷᠡᠵᠦ᠂ ᠪᠤᠰᠤᠳ ᠬᠥᠮᠦᠨ ᠪᠢᠳᠡᠨ ᠤ ᠥᠪᠡᠷ ᠤᠨ ᠬᠢᠭᠰᠡᠨ ᠠᠵᠢᠯᠯᠠᠭ᠎ᠠ ᠪᠠᠨ ᠢᠩᠭᠢᠵᠦ ᠴᠢᠬᠤᠯᠠᠴᠢᠯᠠᠪᠠᠯ᠂ ᠪᠢ ᠪᠠᠰᠠ  ᠯᠠᠪᠳᠠᠢ ᠬᠦᠰᠡᠯ ᠡᠷᠡᠮᠡᠯᠵᠡᠯ ᠢᠶᠠᠨ ᠬᠥᠰᠡᠷᠳᠡᠭᠦᠯᠬᠦ ᠦᠭᠡᠢ ᠶᠤᠮ᠃ ᠠᠭᠤᠳᠠᠮ ᠲᠠᠯᠠᠪᠠᠢ ᠶᠢᠨ ᠪᠥᠵᠢᠭ ᠢ ᠦᠷᠭᠦᠯᠵᠢᠯᠡᠨ ᠰᠠᠶᠢᠲᠤᠷ ᠪᠥᠵᠢᠭᠯᠡᠵᠦ᠂ ᠣᠯᠠᠨ ᠲᠦᠮᠡᠨ ᠤ ᠰᠣᠶᠣᠯ ᠤᠨ  ᠠᠮᠢᠳᠤᠷᠠᠯ ᠢ ᠪᠠᠶᠠᠯᠢᠭᠵᠢᠭᠤᠯᠤᠨ᠎ᠠ᠃
           ᠤᠶᠢᠷ᠎ᠠ ᠶᠢᠨ ᠵᠢᠯ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶ  ᠦᠷᠨᠢᠭᠦᠯᠬᠦ ᠶᠢᠨ ᠲᠥᠯᠥᠭᠡ᠂ ᠤᠯᠠᠭᠠᠨᠮᠥ᠋ᠴᠢᠷ ᠤᠨ ᠭᠡᠰᠢᠭᠦᠳ ᠣᠯᠠᠨ ᠲᠦᠮᠡᠨ ᠤ ᠤᠬᠠᠭᠤᠯᠭ᠎ᠠ ᠶᠢᠨ ᠲᠣᠭᠤᠷᠢᠨ ᠳᠤ ᠂ ᠣᠯᠠᠨ ᠲᠦᠮᠡᠨ ᠳᠤ  ᠤᠶᠢᠯᠡᠴᠢᠯᠡᠬᠦ ᠡᠨᠡ ᠬᠦ ᠡᠭᠦᠰᠦᠯᠲᠡ ᠪᠠ ᠲᠤᠰᠤᠯᠲᠠ ᠳᠤ ᠬᠠᠨᠳᠤᠭᠤᠯᠤᠨ᠂ ᠲᠠᠷᠢᠶᠠᠴᠢᠨ ᠲᠦᠮᠡᠨ ᠳᠤ ᠳᠣᠲᠣᠨᠣ ᠤᠶᠢᠯᠡᠴᠢᠯᠡᠭᠡ ᠬᠠᠩᠭᠠᠵᠤ᠂ ᠨᠠᠮ ᠤᠨ ᠳᠠᠭᠤᠨ ᠪᠣᠯᠤᠨ ᠬᠠᠶᠢᠷ᠎ᠠ ᠬᠠᠯᠠᠮᠵᠢ ᠶᠢ ᠠᠷᠠᠳ ᠲᠦᠮᠡᠨ ᠤ ᠳᠤᠮᠳᠠ ᠦᠨᠡᠨ ᠬᠦ ᠳᠠᠮᠵᠢᠭᠤᠯᠵᠤ᠂ ᠪᠠᠶᠠᠷ ᠪᠠᠶᠠᠰᠤᠯ ᠪᠠ ᠪᠣᠯᠪᠠᠰᠤᠨ ᠢ ᠦᠨᠳᠦᠰᠦᠨ ᠱᠠᠲᠤᠨ ᠤ ᠣᠯᠠᠨ ᠲᠦᠮᠡᠨ ᠳᠤ ᠠᠪᠴᠢᠷᠠᠵᠤ᠂ ᠣᠯᠠᠨ ᠲᠦᠮᠡᠨ ᠳᠤ ︽ᠰᠣᠶᠣᠯ ᠠᠷᠠᠳ ᠤᠨ ᠠᠮᠢᠳᠤᠷᠠᠯ︾ ᠤᠨ ᠠᠪᠴᠢᠷᠠᠭᠰᠠᠨ ᠰᠠᠶᠢᠨ ᠰᠠᠶᠢᠬᠠᠨ ᠠᠮᠢᠳᠤᠷᠠᠯ ᠢ ᠦᠨᠡᠨ ᠬᠦ  ᠡᠳ᠋ᠯᠡᠭᠦᠯᠦᠨ᠎ᠡ᠃ ᠤᠯᠠᠭᠠᠨᠮᠥ᠋ᠴᠢᠷ ᠤᠨ ᠭᠡᠰᠢᠭᠦᠨ ᠵᠣᠣ ᠶᠠᠨ ᠵᠢᠶᠦ᠋ᠨ᠄ ︽ᠡᠨᠡ ᠤᠳᠠᠭ᠎ᠠ ᠮᠠᠨ ᠤ ᠤᠯᠠᠭᠠᠨᠮᠥ᠋ᠴᠢᠷ ᠠᠶᠢᠯ ᠡᠷᠦᠬᠡ ᠳᠤ ᠬᠦᠷᠴᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠠᠶᠢᠨ ᠳᠤᠷ᠎ᠠ ᠶᠢᠨ  ᠤᠶᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ ᠡᠨᠡ ᠪᠣᠯ ᠨᠢᠭᠡ ᠵᠦᠢᠯ ᠤᠨ ᠨᠢᠭᠤᠷᠳᠠᠭᠰᠠᠨ ᠰᠣᠶᠣᠯ ᠤᠨ ᠦᠢᠯᠡᠴᠢᠯᠡᠭᠡ ᠮᠥᠨ᠂ ᠲᠡᠷᠡ ᠨᠢ ᠤᠯᠠᠨ ᠲᠦᠮᠡᠨ ᠢ ᠬᠥᠲᠥᠯᠥᠨ ᠵᠢᠯᠣᠭᠤᠳᠬᠤ᠂ ᠤᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ  ᠢ ᠪᠠᠶᠠᠯᠢᠭᠵᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ ᠴᠢᠳᠠᠨ᠎ᠠ︾ ᠭᠡᠵᠦ ᠵᠢᠭᠠᠵᠤ ᠭᠠᠷᠭᠠᠪᠠ᠃                          ᠰᠤᠷᠪᠤᠯᠵᠢᠯᠠᠭᠴᠢ᠄  ᠴᠧᠨ ᠶᠦᠨ                            ᠳᠠᠳᠤᠯᠭ᠎ᠠ ᠶᠢᠨ ᠰᠤᠷᠤᠭᠴᠢ᠄ ᠼᠤᠤ ᠵᠧᠨ  ᠸᠠᠩ ᠶᠠᠨ ᠨᠠᠨ                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2