ᠮᠠᠨ ᠤ ᠰᠢᠶᠠᠨ ︽ᠵᠠᠬᠢᠳᠠᠯ ᠰᠤᠷᠪᠤᠯᠵᠢᠯᠠᠭ᠎ᠠ ᠶᠢᠨ ᠲᠦᠷᠢᠮ︾ ᠳᠤ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠠᠷᠪᠠᠨ ᠲᠠᠪᠤᠨ ᠵᠢᠯ ᠤᠨ ᠣᠶ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-06-12
    ᠡᠨᠡ ᠵᠢᠯ ᠪᠣᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠬᠡᠷᠡᠭᠵᠢᠭᠦᠯᠦᠭᠰᠡᠨ ᠠᠷᠪᠠᠨ ᠲᠠᠪᠤᠨ ᠵᠢᠯ ᠤᠨ ᠣᠶ ᠪᠣᠯᠤᠨ᠎ᠠ᠃ ᠠᠷᠠᠳ ᠣᠯᠠᠨ ᠤ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠰᠠᠶᠢᠨ ᠰᠠᠶᠢᠬᠠᠨ ᠡᠮᠬᠢ ᠵᠢᠷᠤᠮ ᠤᠷᠴᠢᠨ ᠢ ᠪᠤᠢ ᠪᠤᠯᠭᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠬᠤ ᠶᠢᠨ ᠲᠦᠯᠦᠭᠡ᠂ 6 ᠰᠠᠷ᠎ᠠ ᠶᠢᠨ 11 ᠤ ᠡᠳᠦᠷ᠂ ᠯᠢᠶᠠᠩᠴᠧᠩ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ  ᠳ᠋ᠠᠶᠢᠬ᠎ᠠ  ᠠᠭᠤᠳᠠᠮ ᠲᠠᠯᠠᠪᠠᠶ ᠳᠤ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠨᠢ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠳᠡᠯᠭᠡᠵᠦ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠲᠤᠬᠠᠶ ᠶᠢᠨ ᠲᠠᠯᠠᠪᠠᠢ ᠳᠤ ᠣᠯᠠᠨ ᠲᠦᠮᠡᠨ ᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ᠂ ᠥᠩᠭᠡᠷᠡᠭᠰᠡᠨ ᠣᠯᠠᠨ ᠲᠦᠮᠡᠨ ᠳᠤ ᠬᠡᠷᠬᠢᠨ ᠬᠠᠤᠯᠢ ᠲᠣᠭᠲᠠᠭᠠᠯ ᠶᠣᠰᠣᠭᠠᠷ ᠱᠠᠲᠤ ᠳᠠᠷᠠᠭᠠᠯᠠᠨ ᠵᠠᠬᠢᠳᠠᠯ ᠰᠤᠷᠪᠤᠯᠵᠢᠯᠠᠭ᠎ᠠ ᠬᠢᠬᠦ ᠶᠢ ᠲᠠᠨᠢᠯᠴᠠᠭᠤᠯᠵᠤ᠂ ᠣᠶᠤᠨᠴᠢ ᠪᠥᠭᠡᠳ ᠬᠠᠤᠯᠢ ᠶᠣᠰᠣᠨ ᠤ ᠠᠷᠭ᠎ᠠ ᠮᠠᠶ᠋ᠢᠭ ᠢᠶᠠᠷ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠢᠯᠡᠳᠬᠡᠨ᠎ᠡ᠃ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠢᠨᠲ᠋ᠧᠷ ᠰᠦᠯᠵᠢᠶ᠎ᠡ ᠪᠠᠷ ᠵᠠᠬᠢᠳᠠᠯ ᠰᠤᠷᠪᠤᠯᠵᠢᠯᠠᠭ᠎ᠠ ᠂ ᠭᠠᠷ ᠤᠲᠠᠰᠤᠨ ᠤ ᠵᠠᠬᠢᠳᠠᠯ ᠰᠤᠷᠪᠤᠯᠵᠢᠯᠠᠭ᠎ᠠ ᠵᠡᠷᠭᠡ ᠠᠷᠭ᠎ᠠ ᠵᠠᠮ ᠢᠶᠠᠷ ᠠᠰᠠᠭᠤᠳᠠᠯ ᠢ  ᠲᠤᠰᠬᠠᠵᠤ᠂ ᠲᠤᠭ᠎ᠠ ᠪᠠᠷᠢᠮᠲᠠ ᠶᠢ ᠢᠯᠡᠭᠦᠬᠡᠨ  ᠠᠰᠢᠭᠯᠠᠨ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠨᠡᠩ ᠣᠯᠠᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠰᠦᠯᠵᠢᠶᠡᠨ ᠰᠤᠷᠪᠤᠯᠵᠢᠯᠠᠭ᠎ᠠ ᠪᠣᠯᠭᠠᠨ᠂  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠶᠢ ᠨᠡᠩ ᠰᠠᠶᠢᠲᠤᠷ ᠬᠠᠮᠠᠭᠠᠯᠠᠨ᠎ᠠ᠃
         ᠡᠨᠡ ᠵᠢᠯ ᠪᠣᠯ ᠮᠠᠨ ᠤ ᠤᠯᠤᠰ ᠠᠴᠠ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠳᠤ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠠᠷᠪᠠᠨ ᠲᠠᠪᠤᠨ ᠵᠢᠯ ᠤᠨ ᠣᠢ ᠪᠣᠯᠤᠨ᠎ᠠ᠂ ᠥᠨᠥᠳᠦᠷ ᠪᠢᠳᠡ ᠳ᠋ᠠᠶᠢᠬ᠎ᠠ  ᠠᠭᠤᠳᠠᠮ ᠲᠠᠯᠠᠪᠠᠶ ᠳᠤ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠢ ᠬᠡᠷᠡᠭᠵᠢᠭᠦᠯᠦᠭᠰᠡᠨ‌ᠠᠷᠪᠠᠨ ᠲᠠᠪᠤᠨ ᠵᠢᠯ ᠤᠨ ᠣᠶ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠂ ᠲᠡᠭᠦᠨ ᠤ ᠵᠣᠷᠢᠯᠭ᠎ᠠ ᠨᠢ ᠤᠬᠠᠭᠤᠯᠭ᠎ᠠ ᠬᠢᠬᠦ ᠶᠢᠨ ᠲᠥᠯᠥᠭᠡ ᠶᠤᠮ᠃ ᠣᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠬᠦ᠂ ᠱᠠᠲᠤ ᠳᠠᠷᠠᠭᠠᠯᠠᠨ ᠵᠠᠬᠢᠳᠠᠯ ᠰᠤᠷᠪᠤᠯᠵᠢᠯᠠᠭ᠎ᠠ ᠬᠢᠬᠦ᠂ ᠬᠠᠤᠯᠢ ᠶᠢ ᠰᠠᠬᠢᠬᠤ ᠵᠠᠬᠢᠳᠠᠯ ᠰᠤᠷᠪᠤᠯᠵᠢᠯᠠᠭ᠎ᠠ ᠬᠢᠬᠦ᠂ ᠤᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ  ᠰᠢᠢᠳᠪᠤᠷᠢᠯᠡᠵᠦ᠂  ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠨ᠎ᠠ᠃ ᠣᠯᠠᠨ ᠲᠦᠮᠡᠨ ᠵᠠᠬᠢᠳᠠᠯ ᠰᠤᠷᠪᠤᠯᠵᠢᠯᠠᠭ᠎ᠠ ᠶᠢᠨ ᠳᠦᠷᠢᠮ  ᠢ ᠣᠶᠢᠯᠠᠭᠠᠬᠤ ᠦᠭᠡᠢ ᠠᠴᠠ ᠪᠣᠯᠵᠤ ᠡᠮᠬᠢ ᠵᠢᠷᠤᠮ ᠦᠭᠡᠢ ᠵᠠᠬᠢᠳᠠᠯ ᠰᠤᠷᠪᠤᠯᠵᠢᠯᠠᠭ᠎ᠠ ᠬᠢᠬᠦ ᠦᠭᠡᠢ᠂ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠢ ᠵᠥᠷᠢᠴᠡᠵᠦ᠂ ᠲᠡᠭᠦᠨ ᠤ ᠲᠤᠰ ᠬᠥᠮᠦᠨ᠂ ᠭᠡᠷ ᠪᠦᠯᠢ᠂ ᠢᠯᠠᠩᠭᠤᠶ᠎ᠠ ᠦᠷ᠎ᠡ ᠬᠡᠦᠬᠡᠳ ᠤᠨ ᠠᠵᠢᠯ ᠳᠤ ᠠᠵᠢᠯ ᠣᠯᠬᠤ᠂ ᠴᠡᠷᠢᠭ ᠲᠤ  ᠤᠷᠤᠬᠤ ᠵᠡᠷᠭᠡ ᠳᠤ ᠴᠢᠬᠤᠯᠠ ᠪᠤᠰᠤ ᠶᠠᠷᠰᠢᠭ ᠲᠦᠪᠡᠭ ᠤᠴᠠᠷᠠᠭᠤᠯᠳᠠᠭ᠃ ᠲᠠᠷᠠᠭᠠᠴᠢ ᠶᠢᠨ ᠠᠯᠬᠤᠮ ᠳᠤ ᠪᠢᠳᠡ ᠪᠠᠰᠠ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂  ᠪᠠᠷᠢᠯᠭ᠎ᠠ ᠶᠢᠨ ᠠᠬᠤᠶ ᠲᠠᠯᠠᠪᠠᠶ ᠵᠡᠷᠭᠡ ᠭᠠᠵᠠᠷ ᠢᠶᠠᠷ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠬᠢᠬᠦ ᠪᠠᠷ ᠪᠡᠯᠡᠳᠭᠡᠵᠦ ᠪᠠᠶᠢᠨ᠎ᠠ  ᠭᠡᠵᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠵᠢᠶᠦ᠋ᠨ ᠸᠧᠨ ᠬᠡᠯᠡᠪᠡ᠃
     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ᠵᠢᠴᠢ ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠳᠦᠷᠢᠮ  ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠥᠷᠭᠡᠨ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠬᠦ ᠲᠤᠬᠠᠶ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ  ᠰᠢᠢᠳᠪᠤᠷᠢᠯᠡᠬᠦ ᠳᠤ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ  ᠬᠠᠤᠯᠢ ᠶᠢ ᠡᠷᠢᠬᠦ᠂ ᠠᠰᠠᠭᠤᠳᠠᠯ ᠢ  ᠰᠢᠢᠳᠪᠤᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠵᠦ᠂ ᠵᠥᠷᠢᠴᠡᠯ ᠢ ᠠᠷᠢᠯᠭᠠᠬᠤ ᠳᠤ  ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠪᠠ᠃                           ᠰᠤᠷᠪᠤᠯᠵᠢᠯᠠᠭᠴᠢ᠄ ᠱᠠᠩ ᠶᠦᠨ ᠰᠢᠶᠠ   ᠼᠤᠤ ᠵᠧᠨ                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2