ᠯᠢᠶᠠᠩᠴᠧᠩ ᠰᠢᠶᠠᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 20 ᠳ᠋ᠤᠭᠠᠷ ᠲᠣᠭᠠᠲᠤ ᠠᠯᠪᠠᠨ ᠵᠠᠷ
ᠨᠡᠶᠢᠲᠡᠯᠡᠭᠰᠡᠨ ᠴᠠᠭ᠄
2020-06-15
     ᠣᠶᠢᠷ᠎ᠠ ᠳᠤ᠂ ᠪᠡᠭᠡᠵᠢᠩ ᠬᠤᠲᠠ ᠳᠤ ᠰᠢᠨ᠎ᠡ ᠪᠠᠷ ᠨᠡᠮᠡᠭᠳᠡᠭᠰᠡᠨ ᠡᠬᠡ ᠭᠠᠵᠠᠷ ᠤᠨ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠣᠯᠠᠨ ᠭᠠᠷᠴᠠᠶ᠃ ︽ᠭᠠᠳᠠᠭᠠᠳᠤ ᠠᠴᠠ ᠬᠠᠯᠳᠠᠪᠤᠷᠢᠯᠡᠨ ᠤᠷᠤᠵᠦ ᠢᠷᠡᠬᠦ ᠶᠢ ᠰᠡᠷᠭᠡᠶᠢᠯᠡᠵᠦ᠂ ᠲᠤᠳᠤᠨ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠨ ᠤ ᠰᠢᠶᠠᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠦᠷᠭᠦᠯᠵᠢᠯᠡᠨ  ᠰᠠᠶᠢᠵᠢᠷᠠᠵᠤ ᠪᠠᠶᠢᠭ᠎ᠠ ᠪᠠᠶᠢᠳᠠᠯ ᠢ ᠪᠠᠬᠢᠵᠢᠭᠦᠯᠵᠦ᠂ ᠪᠦᠬᠦ ᠰᠢᠶᠠᠨ ᠤ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ᠲᠤᠬᠠᠶ ᠤᠳᠤ  ᠬᠤᠯᠪᠤᠭᠳᠠᠯ ᠪᠦᠬᠦᠢ  ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ 2020 ᠣᠨ ᠤ 5 ᠰᠠᠷ᠎ᠠ ᠶᠢᠨ 30 ᠤ ᠡᠳᠦᠷ ᠠᠴᠠ ᠬᠤᠶᠢᠰᠢ ᠪᠡᠭᠡᠵᠢᠩ ᠬᠤᠲᠠ ᠶᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠶᠠᠯᠠᠯ ᠤᠨ ᠵᠠᠮ ᠮᠥᠷ ᠪᠦᠬᠦᠨ ᠴᠥᠮ ᠬᠠᠷᠢᠯᠴᠠᠨ ᠴᠤᠭᠯᠠᠷᠠᠵᠤ᠂ ᠪᠡᠭᠡᠵᠢᠩ ᠤᠨ ᠰᠢᠨ ᠹᠡ ᠳ᠋ᠢ ᠵᠠᠬ᠎ᠠ ᠳᠡᠯᠭᠡᠭᠦᠷ᠂ ᠵᠢᠩ  ᠱᠧᠨ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠵᠢᠴᠢ ᠪᠡᠭᠡᠵᠢᠩ ᠤᠨ ᠰᠢᠨ ᠹᠡ ᠳ᠋ᠢ ᠵᠠᠬ᠎ᠠ ᠳᠡᠯᠭᠡᠭᠦᠷ᠂ ᠵᠢᠩ  ᠱᠧᠨ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠲᠠᠢ ᠬᠠᠷᠢᠯᠴᠠᠵᠤ ᠥᠩᠭᠡᠷᠡᠭᠰᠡᠨ ᠮᠠᠨ ᠤ ᠰᠢᠶᠠᠨ ᠤ ᠬᠥᠮᠦᠰ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂  ᠪᠠᠶᠢᠭ᠎ᠠ ᠨᠡᠶᠢᠭᠡᠮ ᠲᠤᠭᠤᠷᠢᠭ ︵ᠭᠠᠴᠠᠭᠠᠨ ᠤ ᠠᠷᠠᠳ ᠤᠨ ᠵᠥᠪᠯᠡᠯ︶᠂ ᠨᠢᠭᠡᠴᠡ ᠪᠤᠶᠤ ᠪᠠᠭᠤᠳᠠᠯ  ᠳᠤ ᠳᠠᠷᠦ᠋ᠢᠬᠠᠨ ᠦᠨᠡᠨ ᠮᠥᠨ  ᠢᠶᠠᠷ ᠨᠢ ᠮᠡᠳᠡᠭᠦᠯᠦᠨ ᠬᠦᠷᠭᠡᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠷᠢᠯᠴᠠᠵᠤ ᠱᠠᠭᠠᠷᠳᠠᠯᠭ᠎ᠠ ᠶᠣᠰᠣᠭᠠᠷ ᠦᠯᠢᠭᠡᠷ ᠠᠪᠴᠤ ᠪᠠᠶᠢᠴᠠᠭᠠᠨ ᠬᠡᠮᠵᠢᠬᠦ ᠶᠢᠨ ᠬᠠᠮᠲᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃       ᠬᠤᠶᠠᠷ᠂ 6 ᠰᠠᠷ᠎ᠠ ᠶᠢᠨ 13 ᠤ ᠡᠳᠦᠷ ᠤᠨ  ᠲᠡᠭ ᠴᠠᠭ ᠠᠴᠠ ᠰᠡᠭᠦᠯᠡᠷ᠂ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠤᠭᠤᠷᠢᠭ ᠵᠡᠷᠭᠡ ᠳᠤᠮᠳᠠ ᠠᠶᠤᠯᠲᠠᠶ ᠭᠠᠵᠠᠷ ᠣᠷᠣᠨ ᠠᠴᠠ ᠮᠠᠨ ᠤ ᠰᠢᠶᠠᠨ ᠳᠤ ᠣᠷᠣᠵᠤ ᠢᠷᠡᠭᠰᠡᠨ ᠬᠥᠮᠦᠰ ᠡᠷᠬᠡᠪᠰᠢ  ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂  ᠪᠠᠶᠢᠭ᠎ᠠ ᠨᠡᠶᠢᠭᠡᠮ ᠲᠣᠭᠤᠷᠢᠭ ︵ᠲᠣᠰᠬᠤᠨ ᠤ ᠵᠥᠪᠯᠡᠯ︶᠂ ᠨᠢᠭᠡᠴᠡ᠂ ᠪᠠᠭᠤᠳᠠᠯ ᠪᠠᠭᠤᠳᠠᠯ ᠤᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ ᠴᠥᠮ ︽14 ᠡᠳᠦᠷ ᠤᠨ ᠲᠥᠪᠯᠡᠷᠡᠭᠦᠯᠦᠨ  ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2  ᠤᠳᠠᠭ᠎ᠠ ᠶᠢᠨ ᠪᠥᠭᠡᠮ ᠬᠦᠴᠢᠯ ᠤᠨ  ᠪᠠᠶᠢᠴᠠᠭᠠᠯᠳᠡ + 1  ᠤᠳᠠᠭᠠᠨ ᠤ ᠴᠢᠰᠤᠨ ᠴᠠᠶᠢᠪᠠᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠭᠤᠷᠪᠠ᠂ ᠳᠡᠭᠡᠷ᠎ᠡ ᠳᠤᠷᠠᠳᠤᠭᠰᠠᠨ ᠬᠥᠮᠦᠰ ᠡᠷᠬᠡᠪᠰᠢ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ  ᠢ ᠤᠬᠠᠮᠰᠠᠷ ᠠᠴᠠ ᠪᠠᠨ ᠵᠢᠷᠤᠮᠯᠠᠵᠤ᠂ ᠮᠡᠳᠡᠭᠡ ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠳᠤ ᠬᠠᠮᠵᠢᠯᠴᠠᠬᠤ ᠦᠭᠡᠢ᠂ ᠬᠢᠵᠢᠭ ᠤᠨ ᠪᠠᠶᠢᠳᠠᠯ ᠢ ᠲᠠᠷᠬᠠᠭᠠᠬᠤ ᠵᠡᠷᠭᠡ ᠬᠦᠨᠳᠦ ᠨᠣᠴᠢᠲᠠᠶ ᠤᠷᠰᠢᠭ ᠲᠠᠲᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠳᠠᠷᠦ᠋ᠢᠬᠠᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠬᠠᠮᠢᠶᠠᠷᠤᠯᠲᠠ ᠶᠢ ᠳᠠᠮᠵᠢᠭᠰᠠᠨ ᠦᠭᠡᠶ ᠳᠡᠭᠡᠷ᠎ᠡ ᠳᠤᠷᠠᠳᠤᠭᠰᠠᠨ ᠬᠥᠮᠦᠰ ᠪᠤᠶᠤ ᠬᠠᠮᠢᠶ᠎ᠠ ᠪᠦᠬᠦᠢ ᠪᠠᠶᠢᠳᠠᠯ ᠢ ᠡᠵᠡᠮᠰᠢᠭᠰᠡᠨ ᠪᠦᠬᠦᠨ ᠢ ᠣᠯᠵᠤ ᠮᠡᠳᠡᠪᠡᠯ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠪᠤᠶᠤ  ᠪᠠᠶᠢᠭ᠎ᠠ ᠰᠢᠶᠠᠩ  ᠪᠠᠯᠭᠠᠰᠤ ᠵᠢᠴᠢ ᠨᠡᠶᠢᠭᠡᠮ ᠲᠣᠭᠤᠷᠢᠭ ︵ᠲᠣᠰᠬᠤᠨ ᠤ ᠵᠥᠪᠯᠡᠯ︶ ᠳᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ  ᠬᠡᠷᠡᠭᠳᠡᠢ᠃       ᠲᠦᠷᠪᠡ᠂ ᠭᠠᠳᠠᠭᠠᠳᠤ ᠠᠴᠠ ᠣᠷᠣᠭᠤᠯᠤᠭᠰᠠᠨ ᠳᠠᠯᠠᠢ ᠶᠢᠨ ᠢᠳᠡᠭᠡᠨ᠂ ᠦᠬᠡᠷ ᠬᠤᠨᠢᠨ ᠮᠢᠬᠠᠨ ᠤ ᠪᠦᠲᠦᠭᠡᠭᠳᠡᠬᠦᠨ ᠢ ᠬᠢᠨᠠᠨ ᠬᠠᠮᠢᠶᠠᠷᠴᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠣᠶᠢᠷ᠎ᠠ ᠶᠢᠨ ᠬᠤᠶᠠᠷ ᠭᠠᠷᠠᠭ ᠤᠨ  ᠲᠤᠳᠤᠷ᠎ᠠ ᠮᠠᠨ ᠤ ᠰᠢᠶᠠᠨ ᠤ ᠭᠠᠳᠠᠭᠠᠳᠤ ᠠᠴᠠ ᠣᠷᠣᠭᠤᠯᠤᠭᠰᠠᠨ ᠳᠠᠯᠠᠶ ᠶᠢᠨ ᠢᠳᠡᠭᠡᠨ ᠵᠡᠷᠭᠡ ᠤᠰᠤᠨ ᠭᠠᠷᠤᠯᠲᠠ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠦᠤ ᠦᠬᠡᠷ ᠬᠤᠨᠢᠨ ᠮᠢᠬ᠎ᠠ ᠵᠡᠷᠭᠡ ᠪᠦᠲᠦᠭᠡᠭᠳᠡᠬᠦᠨ ᠢ  ᠪᠠᠶᠢᠴᠠᠭᠠᠵᠤ᠂ ᠢᠯᠠᠩᠭᠤᠶ᠎ᠠ ᠪᠡᠭᠡᠵᠢᠩ ᠤᠨ ᠰᠢᠨ ᠹᠡ ᠳ᠋ᠢ ᠵᠠᠬ᠎ᠠ ᠳᠡᠯᠭᠡᠭᠦᠷ᠂ ᠵᠢᠩ  ᠱᠧᠨ ᠳᠠᠯᠠᠢ ᠶᠢᠨ ᠢᠳᠡᠭᠡᠨ ᠤ ᠵᠠᠬ᠎ᠠ  ᠲᠡᠯᠭᠡᠭᠦᠷ ᠤᠨ ᠪᠥᠭᠡᠮ ᠢᠶᠠᠷ ᠬᠤᠳᠠᠯᠳᠤᠬᠤ ᠪᠦᠲᠦᠭᠡᠭᠳᠡᠬᠦᠨ ᠤ ᠣᠷᠣᠵᠤ ᠢᠷᠡᠬᠦ᠂ ᠬᠠᠳᠠᠭᠠᠯᠠᠬᠤ᠂ ᠠᠷᠠᠯᠵᠢᠶᠠᠯᠠᠬᠤ ᠵᠡᠷᠭᠡ  ᠪᠠᠶᠢᠳᠠᠯ᠂ ᠳᠡᠭᠡᠷ᠎ᠡ ᠳᠤᠷᠠᠳᠤᠭᠰᠠᠨ ᠢᠳᠡᠭᠡᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠬᠠᠶ ᠮᠡᠷᠭᠡᠵᠢᠯ ᠤᠨ ᠬᠥᠯᠳᠡᠭᠡᠨ  ᠬᠦᠷᠭᠡᠬᠦ ᠬᠥᠮᠥᠷᠭᠡ᠂ ᠬᠡᠲᠦ ᠳᠡᠯᠭᠡᠭᠦᠷ᠂ ᠳᠥᠭᠦᠮ ᠳᠡᠯᠭᠡᠭᠦᠷ᠂ ᠢᠳᠡᠭᠡᠨ ᠤ ᠳᠡᠯᠭᠡᠭᠦᠷ ᠵᠢᠴᠢ ᠮᠢᠬᠠᠨ ᠤ  ᠵᠤᠶᠢᠯ ᠪᠠ ᠤᠰᠤᠨ ᠭᠠᠷᠤᠯᠲᠠ ᠶᠢ ᠬᠡᠷᠡᠭᠯᠡᠬᠦ ᠬᠡᠮᠵᠢᠶ᠎ᠡ ᠪᠠᠷ ᠶᠡᠭᠡ  ᠪᠠᠶᠢᠭ᠎ᠠ ᠢᠳᠡᠭᠡᠨ ᠤᠮᠳᠠᠭᠠᠨ ᠤ  ᠤᠶᠢᠯᠡᠴᠢᠯᠡᠭᠡᠨ ᠤ ᠨᠢᠭᠡᠴᠡ ᠵᠡᠷᠭᠡ ᠡᠵᠡᠩᠨᠡᠭᠴᠢ ᠪᠠᠷ ᠭᠤᠤᠯᠳᠠᠯᠭ᠎ᠠ ᠪᠣᠯᠭᠠᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠢᠳᠡᠭᠡᠨ᠂ ᠣᠷᠴᠢᠨ ᠲᠣᠭᠤᠷᠢᠨ ᠪᠠ ᠬᠠᠮᠢᠶ᠎ᠠ ᠪᠦᠬᠦᠢ ᠠᠵᠢᠯ ᠡᠷᠬᠢᠯᠡᠭᠰᠡᠳ ᠲᠤ ᠬᠡᠪ  ᠠᠪᠴᠤ ᠪᠠᠶᠢᠴᠠᠭᠠᠨ ᠰᠢᠯᠭᠠᠬᠤ ᠬᠡᠷᠡᠭᠲᠡᠶ᠃     ᠲᠠᠪᠤ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠬᠤᠪᠢᠶᠠᠨ ᠤᠨᠤᠰᠢᠯᠠᠬᠤ ᠳᠦᠷᠢᠮ  ᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠰᠠᠶᠢᠲᠤᠷ  ᠰᠡᠷᠭᠡᠶᠢᠯᠡᠬᠦ ᠨᠥᠬᠦᠴᠡᠯ ᠳᠣᠣᠷ᠎ᠠ ᠬᠠᠯᠠᠭᠤᠷᠠᠬᠤ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠎ᠡ᠃ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠭᠰᠡᠨ ᠪᠣᠢ ᠪᠦᠬᠦᠢ ᠡᠪᠡᠳᠴᠢᠲᠡᠨ ᠳᠤ᠂ ᠡᠷᠬᠡᠪᠰᠢ ︽ᠡᠷᠡᠭᠦᠯ ᠮᠡᠨᠳᠦ ᠶᠢᠨ ᠺᠣᠳ᠋︾ ᠢ ᠱᠦᠭᠦᠷᠳᠡᠬᠦ ᠶᠢᠨ ᠬᠠᠮᠲᠤ᠂ ᠴᠥᠮ᠎ᠡ ᠶᠢᠨ ᠬᠦᠴᠢᠯ ᠤᠨ ᠰᠢᠯᠭᠠᠨ  ᠪᠠᠶᠢᠴᠠᠭᠠᠯᠳᠡ ᠬᠢᠵᠦ᠂ ᠢᠯᠠᠩᠭᠤᠶ᠎ᠠ 14 ᠡᠳᠦᠷ ᠤᠨ ᠳᠣᠲᠣᠷ᠎ᠠ ᠪᠡᠭᠡᠵᠢᠩ ᠳᠤ ᠰᠠᠭᠤᠭᠰᠠᠨ ᠲᠡᠤᠬᠡ ᠪᠠ ᠭᠠᠳᠠᠭᠠᠳᠤ ᠡᠴᠠ‌ᠣᠷᠣᠭᠤᠯᠤᠭᠰᠠᠨ ᠲᠡᠯᠡᠶ ᠶᠢᠨ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠦᠬᠡᠷ ᠬᠤᠨᠢᠨ ᠮᠢᠬ᠎ᠠ ᠵᠡᠷᠭᠡ  ᠤᠶᠢᠯᠡᠳᠭᠦᠨ ᠲᠠᠢ ᠣᠶᠢᠷᠠᠲᠤᠭᠰᠠᠨ ᠲᠡᠤᠬᠡ ᠶᠢ ᠠᠩᠬᠠᠷᠤᠨ ᠠᠰᠠᠭᠤᠬᠤ ᠬᠡᠷᠡᠭᠲᠡᠶ᠃      ᠵᠢᠷᠭᠤᠭ᠎ᠠ᠂ ᠬᠢᠵᠢᠭ ᠤᠨ ᠪᠠᠶᠢᠳᠠᠯ ᠮᠥᠨ ᠬᠦ ᠳᠠᠭᠤᠰᠤᠭᠠᠳᠤᠶ ᠪᠣᠯᠬᠤᠷ᠂ ᠡᠷᠬᠡᠪᠰᠢ ᠬᠡᠪᠰᠢᠭᠰᠡᠨ ᠰᠡᠷᠭᠡᠶᠢᠯᠡᠯᠲᠡ ᠶᠢ ᠰᠠᠶᠢᠲᠤᠷ ᠠᠳᠬᠤᠬᠤ ᠬᠡᠷᠡᠭᠲᠡᠶ᠃ ᠪᠦᠬᠦ ᠰᠢᠶᠠᠨ ᠤ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠵᠡᠯ ᠤᠬᠠᠮᠰᠠᠷ ᠢᠶᠠᠨ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠂ ᠬᠤᠪᠢ ᠬᠥᠮᠦᠨ ᠤ ᠰᠡᠷᠭᠡᠶᠢᠯᠡᠯᠲᠡ ᠪᠠᠨ ᠴᠢᠩᠭᠠᠳᠬᠠᠬᠤ ᠶᠢ ᠠᠩᠬᠠᠷᠴᠤ᠂ ᠢᠳᠡᠭᠡᠨ ᠢ  ᠭᠦᠢᠴᠡᠳ ᠴᠢᠨᠠᠵᠤ ᠪᠤᠯᠭᠤᠵᠤ᠂  ᠲᠦᠬᠦᠬᠡᠢ ᠬᠦᠢᠲᠡᠨ ᠢᠳᠡᠭᠡᠨ ᠢᠳᠡᠬᠦ ᠦᠭᠡᠢ᠂ ᠭᠠᠷ ᠢᠶᠠᠨ ᠤᠬᠢᠶᠠᠨ᠂ ᠠᠮᠠᠪᠴᠢ ᠵᠡᠭᠦᠵᠦ᠂ ᠰᠠᠯᠬᠢ ᠢᠯᠡᠭᠦᠦ  ᠨᠡᠪᠳᠡᠷᠡᠭᠦᠯᠦᠨ᠎ᠡ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠣᠴᠢᠬᠤ ᠦᠭᠡᠢ ᠪᠠᠶᠢᠵᠤ᠂ ᠤᠬᠠᠮᠰᠠᠷ ᠠᠴᠠ ᠪᠠᠨ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠴᠢᠬᠤᠯᠠ ᠪᠤᠰᠤ ᠪᠣᠯ᠂ ᠣᠶᠢᠷ᠎ᠠ ᠳᠤ ᠪᠡᠭᠡᠵᠢᠩ ᠬᠤᠲᠠ᠂ ᠢᠯᠠᠩᠭᠤᠶ᠎ᠠ ᠰᠢ ᠴᠧᠩ ᠲᠣᠭᠤᠷᠢᠭ᠂ ᠹᠧᠩ ᠲᠠᠢ ᠲᠤᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠳᠤᠮᠳᠠ ᠲᠦᠭᠰᠢᠭᠦᠷᠢᠲᠡᠶ ᠭᠠᠵᠠᠷ ᠣᠷᠣᠨ ᠳᠤ ᠬᠦᠷᠴᠦ ᠪᠣᠯᠬᠤ ᠥᠬᠡᠶ︔ ᠬᠡᠷᠪᠡ ᠵᠠᠪᠠᠯ ᠣᠴᠢᠬᠤ ᠭᠡᠪᠡᠯ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ ᠪᠡᠭᠡᠵᠢᠩ ᠬᠤᠲᠠ ᠠᠴᠠ ᠮᠠᠨ ᠤ ᠰᠢᠶᠠᠨ ᠳᠤ ᠪᠤᠴᠠᠬᠤ ᠠᠴᠠ ᠡᠮᠦᠨ᠎ᠡ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ  ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶ ᠳᠤ ᠮᠡᠳᠡᠭᠦᠯᠦᠨ ᠳᠠᠩᠰᠠᠯᠠᠭᠤᠯᠵᠤ᠂ ᠲᠡᠷᠡᠴᠢᠯᠡᠨ ᠮᠠᠨ ᠤ ᠰᠢᠶᠠᠨ ᠤ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠣᠰᠣᠭᠠᠷ  ᠬᠡᠷᠡᠭᠵᠢᠭᠦᠯᠦᠨ᠎ᠡ᠃ ᠬᠠᠷᠢᠯᠴᠠᠬᠤ ᠬᠡᠯᠪᠡᠷᠢ᠄ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 4200399 ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 4201145 ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ  ᠲᠥᠪ᠄ 4201758  ᠯᠢᠶᠠᠩᠴᠧᠩ ᠰᠢᠶᠠᠨ ᠤ ᠰᠢᠨ᠎ᠡ  ᠲᠢᠲᠢᠮᠯᠢᠭ  ᠠᠭᠤᠰᠬᠢᠨ ᠦᠷᠪᠢᠰᠦᠯ  ᠤᠨ ᠬᠢᠵᠢᠭ ᠤᠨ    ᠪᠠᠶᠢᠳᠠᠯ ᠢ ᠠᠷᠭᠠᠴᠠᠭᠠᠬᠤ  ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                 2020 ᠣᠨ ᠤ 6 ᠰᠠᠷ᠎ᠠ ᠶᠢᠨ 14 ᠤ ᠡᠳᠦᠷ                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2