ᠮᠠᠨ ᠤ ᠰᠢᠶᠠᠨ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-17
    6 ᠰᠠᠷ᠎ᠠ ᠶᠢᠨ 16 ᠤ ᠡᠳᠦᠷ᠂ ᠮᠠᠨ ᠤ ᠰᠢᠶᠠᠨ ᠤ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠬᠤᠷᠠᠯᠳᠤᠵᠤ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠵᠠᠳᠠᠯᠵᠠᠶ᠃ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠣᠳᠣᠬᠠᠨ ᠤ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠳᠠᠬᠢᠨ ᠨᠠᠷᠢᠯᠢᠭᠵᠢᠭᠤᠯᠤᠨ᠎ᠠ᠃ ᠬᠤᠷᠠᠯ ᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠡᠷᠬᠢᠯᠡᠵᠡᠶ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ ᠯᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠬᠤᠷᠠᠯ ᠳᠤ ᠣᠷᠣᠯᠴᠠᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠡᠶᠢᠮᠦ ᠰᠠᠶᠢᠨ ᠪᠢᠰᠢ᠂ ᠪᠦᠬᠦ ᠰᠢᠶᠠᠨ ᠢᠶᠠᠷ ᠢᠶᠠᠨ ᠤᠳᠠᠭᠠᠨ ᠳᠠᠭᠠᠭᠠᠮᠠᠭᠠᠶ ᠳᠠᠶᠢᠨ ᠬᠢᠬᠦ ᠦᠵᠡᠯ ᠰᠠᠨᠠᠭᠠᠨ ᠤ ᠪᠡᠯᠡᠳᠬᠡᠯ ᠲᠠᠢ  ᠪᠠᠶᠢᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠤ ᠪᠠᠶᠢᠳᠠᠯ ᠢ  ᠭᠦᠨᠵᠡᠭᠡᠢ ᠲᠣᠳᠣᠷᠬᠠᠶ ᠲᠠᠨᠢᠵᠤ᠂ ᠴᠠᠭ ᠢᠮᠠᠭᠲᠠ ᠬᠥᠩᠭᠡᠨ ᠬᠠᠭᠤᠮᠠᠭᠠᠶ ᠪᠠᠶᠢᠵᠤ᠂ ᠰᠣᠨᠣᠷ ᠰᠡᠷᠡᠮᠵᠢ ᠪᠠᠨ ᠰᠤᠯᠠᠷᠠᠭᠤᠯᠵᠤ ᠪᠣᠯᠬᠤ ᠦᠭᠡᠢ᠃ ᠠᠵᠢᠯᠲᠠᠨ ᠪᠣᠯᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠤᠨ ᠮᠡᠳᠡᠭᠡ ᠵᠠᠩᠭᠢ ᠶᠢ ᠵᠢᠭᠰᠠᠭᠠᠨ  ᠪᠠᠶᠢᠴᠠᠭᠠᠵᠤ ᠳᠠᠩᠰᠠᠯᠠᠬᠤ᠂ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ᠂ ᠠᠨᠠᠭᠠᠬᠤ ᠤᠬᠠᠭᠠᠨ ᠤ ᠠᠵᠢᠭᠯᠠᠯᠲᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠠᠶ᠃ ᠰᠡᠷᠭᠡᠶᠢᠯᠡᠨ ᠡᠵᠡᠮᠳᠡᠬᠦ ᠠᠵᠢᠯ ᠤᠨ ᠬᠠᠨᠳᠤᠯᠭᠠᠲᠤ ᠴᠢᠨᠠᠷ᠂ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ  ᠴᠢᠩᠭᠠᠳᠬᠠᠵᠤ᠂ ᠬᠢᠵᠢᠭ ᠤᠨ ᠪᠠᠶᠢᠳᠠᠯ ᠳᠡᠯᠭᠡᠷᠡᠬᠦ ᠶᠢ ᠡᠷᠡᠰ ᠰᠡᠷᠭᠡᠶᠢᠯᠡᠨ᠎ᠡ᠃ ᠢᠳᠡᠭᠡᠨ ᠤ ᠵᠠᠬ᠎ᠠ ᠳᠡᠯᠭᠡᠭᠦᠷ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯᠯᠠᠬᠤ ᠳᠤᠭᠤᠶᠢᠯᠠᠩ  ᠢ ᠵᠣᠬᠢᠶᠠᠨ ᠪᠠᠶᠢᠭᠤᠯᠵᠤ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠂ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠴᠢᠭᠯᠡᠭᠦᠯᠦᠨ᠂ ᠬᠡᠪᠰᠢᠭᠰᠡᠨ ᠪᠠᠶᠢᠴᠠᠭᠠᠯᠲᠠ ᠶᠢᠨ ᠠᠵᠢᠯ ᠢ  ᠦᠷᠨᠢᠭᠦᠯᠵᠦ᠂ ᠢᠳᠡᠭᠡᠨ ᠤ ᠠᠮᠤᠷ ᠲᠦᠪᠰᠢᠨ ᠡᠷᠡᠭᠦᠯ ᠬᠠᠮᠠᠭᠠᠯᠠᠯ ᠤᠨ ᠪᠣᠭᠤᠮᠲᠠ ᠶᠢ ᠪᠠᠲᠤ ᠰᠠᠬᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠤᠬᠠᠭᠤᠯᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠤᠬᠠᠭᠤᠯᠬᠤ ᠠᠷᠭ᠎ᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠬᠥᠮᠦᠰ  ᠤᠨ ᠲᠣᠰ ᠪᠡᠶ᠎ᠡ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ  ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ  ᠴᠢᠩᠭᠠᠳᠬᠠᠵᠤ᠂ ᠲᠥᠰᠦᠯ ᠢᠶᠠᠨ ᠨᠠᠷᠢᠯᠢᠭᠵᠢᠭᠤᠯᠵᠠᠶ᠃ ᠨᠠᠷᠢᠨ ᠨᠢᠮᠪᠠᠶ ᠪᠠᠶᠢᠷᠢᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠮᠤᠷ ᠲᠦᠪᠰᠢᠨ ᠤ ᠲᠣᠤᠷ ᠢ ᠪᠠᠲᠤ ᠪᠠᠬᠢ ᠪᠠᠶᠢᠭᠤᠯᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ  ᠠᠷᠭᠠᠴᠠᠭᠠᠬᠤ ᠠᠵᠢᠯ ᠢ ᠰᠠᠶᠢᠲᠤᠷ ᠬᠢᠵᠦ᠂ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ  ᠮᠠᠭᠠᠳᠯᠠᠵᠤ᠂ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠥᠨᠳᠥᠷ ᠪᠦᠲᠦᠮᠵᠢᠲᠡᠶ  ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠡᠷᠡᠰ ᠵᠣᠷᠢᠭ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠡᠯ᠎ᠡ  ᠵᠤᠶᠢᠯ ᠤᠨ  ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠳᠡᠭᠡᠷ᠎ᠡ᠂ ᠱᠢ ᠼᠦᠢ ᠴᠢᠨ ᠳᠡᠭᠡᠳᠦ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠤᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠭᠤᠤᠯᠳᠠᠯᠭ᠎ᠠ ᠲᠠᠢ ᠠᠵᠢᠯ ᠢ  ᠲᠤᠬᠢᠷᠠᠭᠤᠯᠤᠨ ᠪᠠᠶᠢᠷᠢᠯᠠᠭᠤᠯᠪᠠ᠃ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ  ᠤᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃                  ᠰᠤᠷᠪᠤᠯᠵᠢᠯᠠᠭᠴᠢ  ᠄ ᠱᠠᠩ ᠶᠦᠨ ᠰᠢᠶᠠ                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2