ᠲᠣᠰᠬᠤᠨ ᠳᠤ ᠰᠠᠭᠤᠭ᠎ᠠ  ᠨᠢᠭᠡᠳᠦᠭᠡᠷ ᠱᠦᠵᠢ ᠴᠧᠨ ᠰᠢᠶᠠᠩ ᠳ᠋ᠦᠩ  ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020-06-02
   2015ᠤᠨ ᠤ ᠡᠴᠦᠰ ᠪᠣᠯᠬᠤ ᠳᠤ᠂ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠴᠧᠨ ᠰᠢᠶᠠᠩ ᠳ᠋ᠦᠩ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠢᠷᠠᠭᠤ ᠠᠯᠳᠠᠷᠲᠤ ᠡᠭᠦᠷᠭᠡ ᠪᠠᠨ  ᠡᠭᠦᠷᠭᠡᠯᠡᠵᠦ ᠵᠢᠷᠭᠤᠳᠤᠭᠠᠷ ᠰᠤᠮᠤ ᠪᠠᠯᠭᠠᠰᠤᠨ ᠤ ᠡᠦ ᠵᠢᠤᠢ ᠶᠣᠣ ᠲᠣᠰᠬᠤᠨ ᠳᠤ ᠲᠣᠰᠬᠤᠨ ᠳᠤ ᠰᠠᠭᠤᠭ᠎ᠠ  ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠳᠥᠷᠪᠡᠨ ᠵᠢᠯ  ᠲᠤᠷᠰᠢ᠂ ᠲᠡᠷᠡ 4 ᠠᠵᠢᠯᠯᠠᠭᠴᠢ ᠭᠡᠰᠢᠭᠦᠨ ᠢ ᠳᠠᠭᠠᠭᠤᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠣᠪᠣᠷ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢ ᠲᠥᠷᠥᠯ ᠰᠠᠳᠤᠨ ᠢᠶᠠᠨ ᠪᠣᠯᠭᠠᠬᠤ ᠰᠡᠳᠬᠢᠯᠭᠡ ᠪᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠳᠤᠮᠳᠠ ᠰᠡᠳᠬᠢᠮᠵᠢ ᠪᠠᠷ ᠬᠥᠭᠵᠢᠯᠲᠡ ᠶᠢ ᠡᠷᠢᠯᠬᠢᠯᠡᠵᠡᠶ᠃ ᠪᠦᠬᠦ ᠲᠣᠰᠬᠤᠨ ᠤ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠨᠢ ᠠᠩᠭᠢᠵᠢᠷᠠᠭᠤᠯᠤᠨ ᠴᠢᠨᠡᠭᠡᠯᠢᠭᠵᠢᠭᠦᠯᠵᠦ᠂ ᠦᠨᠡᠨ ᠪᠣᠳᠠᠲᠠᠶ ᠦᠷ᠎ᠡ ᠪᠦᠲᠦᠮᠵᠢ ᠣᠯᠵᠤ᠂ ᠪᠦᠬᠦ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠠᠶ᠃
      ᠡᠤ ᠵᠢᠤᠢ ᠶᠣᠣ ᠲᠣᠰᠬᠤᠨ ᠪᠣᠯ ᠵᠢᠷᠭᠤᠳᠤᠭᠠᠷ ᠰᠤᠮᠤ ᠪᠠᠯᠭᠠᠰᠤᠨ ᠤ ᠠᠰ ᠡᠮᠦᠨ᠎ᠡ ᠬᠡᠰᠡᠭ ᠲᠤ᠂ ᠠᠭᠤᠯᠠᠷᠬᠠᠭ‌ᠣᠷᠣᠨ ᠳᠤ ᠪᠠᠶᠢᠷᠢᠯᠠᠵᠤ ᠪᠠᠶᠢᠨ᠎ᠠ᠃ ᠳᠣᠤᠷ᠎ᠠ ᠨᠢ 8 ᠠᠶᠢᠯ ᠲᠣᠰᠬᠤᠨ ᠬᠠᠷᠢᠶᠠᠯᠠᠵᠤ᠂ ᠡᠷᠦᠬᠡ ᠠᠮᠠ ᠶᠢᠨ ᠲᠠᠩᠰᠠ ᠨᠢ 564 ᠡᠷᠦᠬᠡ ᠪᠠᠶᠢᠵᠤ᠂ ᠶᠠᠳᠠᠭᠤ ᠬᠦᠴᠢᠷᠳᠡᠯᠲᠡᠶ 105 ᠡᠷᠦᠬᠡ 242 ᠬᠥᠮᠦᠨ ᠪᠣᠶ᠃ ᠠᠵᠢᠯᠯᠠᠬᠤ ᠠᠩᠭᠢ ᠣᠷᠣᠵᠤ ᠰᠠᠭᠤᠭᠰᠠᠨ ᠤ ᠳᠠᠷᠠᠭ᠎ᠠ᠂ ᠲᠤᠰᠬᠤᠨ ᠳᠤ ᠢᠳᠡᠵᠦ ᠤᠤᠭᠤᠬᠤ ᠬᠤᠨᠣᠵᠤ ᠰᠠᠭᠤᠬᠤ ᠪᠠᠨ ᠪᠠᠷᠢᠮᠲᠠᠯᠠᠵᠤ᠂ ᠰᠤᠷᠪᠤᠯᠵᠢᠯᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠲᠠᠢ ᠤᠷᠲᠤ ᠬᠤᠭᠤᠴᠠᠭ᠎ᠠ ᠶᠠᠷᠢᠯᠴᠠᠵᠤ᠂ ᠲᠡᠳᠡᠨ ᠤ ᠪᠣᠳᠠᠲᠤ ᠪᠠᠶᠢᠳᠠᠯ ᠪᠠ ᠪᠠᠴᠢᠮ  ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠢ ᠣᠶᠢᠯᠠᠭᠠᠬᠤ ᠶᠢᠨ ᠬᠠᠮᠲᠤ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ ᠳᠡᠭᠡᠷ᠎ᠡ ᠨᠠᠷᠢᠨ ᠲᠡᠮᠳᠡᠭᠯᠡᠬᠦ ᠬᠡᠷᠡᠭᠲᠡᠶ᠃ ᠡᠭᠦᠨ ᠤ ᠬᠠᠮᠲᠤ᠂ ᠪᠠᠰᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠪᠣᠯᠤᠨ ᠬᠡᠰᠡᠭ ᠨᠠᠮ ᠤᠨ ᠭᠡᠰᠢᠭᠦᠨ ᠲᠠᠢ ᠳᠠᠬᠢᠨ ᠳᠠᠪᠲᠠᠨ  ᠰᠡᠳᠭᠢᠯ ᠢᠶᠠᠨ ᠰᠤᠯᠢᠯᠴᠠᠵᠦ᠂ ᠡᠯ᠎ᠡ ᠵᠦᠢᠯ ᠤᠨ ᠬᠡᠯᠪᠡᠷᠢ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠦ ᠵᠢᠤᠢ  ᠶᠤᠤ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠰᠠᠭᠤᠷᠢ ᠲᠤᠭ᠎ᠠ ᠣᠨᠣᠪᠴᠢ ᠲᠠᠢ᠂ ᠪᠠᠶᠢᠳᠠᠯ ᠲᠣᠳᠣᠷᠬᠠᠢ᠂ ᠰᠡᠳᠬᠢᠴᠡ ᠲᠣᠳᠣᠷᠬᠠᠢ ᠪᠣᠯᠪᠠ᠃ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠵᠤ᠂ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠤᠨᠢᠨ  ᠲᠡᠭᠡᠷ᠎ᠡ ᠨᠢ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ  ᠰᠢᠢᠳᠪᠤᠷᠢᠯᠡᠪᠡ᠃
       ᠬᠡᠳᠦᠨ ᠵᠢᠯ ᠤᠨ ᠲᠤᠷᠰᠢ᠂ ᠠᠵᠢᠯᠯᠠᠬᠤ ᠠᠩᠬᠢ ᠶᠢᠨ ᠬᠢᠨ ᠤᠶᠤᠨ ᠴᠢᠳᠠᠯ ᠢᠶᠠᠨ ᠲᠥᠪᠯᠡᠷᠡᠭᠦᠯᠦᠨ ᠶᠠᠳᠠᠭᠤ ᠬᠦᠴᠢᠷᠳᠡᠯᠳᠡᠢ ᠡᠷᠦᠬᠡ ᠶᠢ ᠬᠠᠪᠰᠤᠷᠤᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠤᠨᠢᠨ ᠳᠡᠭᠡᠷ᠎ᠡ ᠨᠢ ᠢᠯᠭᠠᠨ ᠲᠠᠨᠢᠬᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠂ ᠤᠨᠢᠨ ᠳᠡᠭᠡᠷ᠎ᠡ ᠨᠢ ᠪᠤᠴᠠᠭᠠᠨ ᠭᠠᠷᠭᠠᠬᠤ ᠠᠵᠢᠯ ᠢ ᠢᠳᠡᠪᠬᠢᠲᠡᠢ ᠥᠷᠨᠢᠭᠦᠯᠪᠡ᠃     ᠶᠠᠭᠤᠨ ᠤ ᠡᠮᠦᠨ᠎ᠡ ᠪᠠᠶᠠᠵᠢᠬᠤ ᠵᠠᠮ  ᠢ ᠰᠠᠶᠢᠲᠤᠷ ᠳᠡᠪᠢᠰᠬᠦ ᠬᠡᠷᠡᠭᠲᠡᠶ᠃ ︽ᠲᠣᠪᠶᠤᠭ ᠤᠨ ᠬᠡᠯᠪᠡᠷᠢ︾ ᠶᠢᠨ ᠠᠵᠤ  ᠤᠶᠢᠯᠡᠰ ᠤᠨ ᠲᠡᠳᠬᠦᠨ ᠳᠡᠮᠵᠢᠬᠦ ᠲᠥᠷᠥᠯ  ᠵᠤᠶᠢᠯ ᠢᠶᠠᠷ ᠳᠠᠮᠵᠢᠭᠤᠯᠤᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠭᠠᠳᠠᠨ᠎ᠠ ᠠᠴᠠ ︽ᠴᠢᠰᠤ ᠶᠡᠭᠦᠯᠡᠵᠦ︾ ᠪᠠᠶᠢᠭᠰᠠᠨ  ᠠᠴᠠ ᠪᠠᠨ ᠳᠣᠲᠣᠭᠠᠳᠤ ᠳᠠᠭᠠᠨ ︽ᠴᠢᠰᠤ  ᠤᠶᠢᠯᠡᠳᠬᠦ︾ ᠳᠠᠰᠢ ᠬᠤᠪᠢᠷᠠᠭᠤᠯᠬᠤ ᠶᠢ ᠢᠳᠡᠪᠬᠢᠲᠡᠶ ᠠᠬᠢᠭᠤᠯᠤᠨ᠎ᠠ᠃      ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠭᠡᠪᠡᠯ᠂ 64 ᠨᠠᠰᠤᠲᠠᠢ ᠶᠠᠳᠠᠭᠤ ᠬᠦᠴᠢᠷᠳᠡᠯᠲᠡᠢ ᠡᠷᠦᠬᠡ ᠵᠠᠩ ᠬᠤᠸᠠᠨ ᠱᠧᠩ ᠪᠠᠶᠠᠷᠯᠠᠵᠤ᠂ ︽2017 ᠣᠨ ᠠᠴᠠ ᠡᠬᠢᠯᠡᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠠᠳᠠ ᠶᠢ ᠬᠠᠪᠰᠤᠷᠤᠨ ᠤᠯᠤᠰ ᠤᠨ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠭᠡᠵᠡᠶ᠃ ᠰᠠᠭᠤᠷᠢ ᠡᠮ᠎ᠡ ᠬᠤᠨᠢ᠂ ᠡᠪᠡᠰᠦ ᠬᠡᠷᠴᠢᠬᠦ ᠮᠠᠰᠢᠨ ᠪᠣᠯᠤᠨ ᠵᠢᠵᠢᠭ ᠪᠣᠯᠣᠳ ᠲᠡᠭᠡᠷᠮ᠎ᠡ ᠬᠤᠳᠠᠯᠳᠤᠨ ᠠᠪᠴᠤ᠂ ᠡᠨᠡ ᠵᠢᠯ ᠰᠦᠯᠢᠶᠣᠣ ᠪᠦᠷᠬᠦᠪᠴᠢ ᠪᠣᠯᠤᠨ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠪᠠᠰᠠ ᠨᠠᠳᠠ ᠳᠤ 2700 ᠭᠠᠷᠤᠶ ᠲᠥᠭᠦᠷᠢᠭ ᠨᠥᠬᠦᠪᠥᠷᠢᠯᠡᠵᠡᠶ᠃ ᠪᠠᠰᠠ ᠦᠷᠭᠦᠯᠵᠢ ᠢᠷᠡᠵᠦ ᠨᠠᠮᠠᠶᠢ ᠵᠢᠭᠠᠨ ᠵᠢᠯᠣᠭᠤᠳᠴᠤ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠮᠡᠷᠭᠡᠵᠢᠯ ᠢ ᠡᠵᠡᠮᠰᠢᠭᠦᠯᠳᠡᠭ᠃ ᠣᠳᠣ ᠮᠢᠨᠦ ᠵᠢᠯ ᠪᠦᠷᠢ ᠶᠢᠨ ᠬᠤᠨᠢ ᠬᠤᠳᠠᠯᠳᠤᠭᠰᠠᠨ ᠣᠷᠣᠯᠭ᠎ᠠ 4 ᠲᠦᠮᠡ ᠭᠠᠷᠤᠶ ᠪᠠᠶᠢᠨ᠎ᠠ᠃ ᠠᠮᠢᠳᠤᠷᠠᠯ ᠤᠯᠠᠮ ᠰᠠᠶᠢᠬᠠᠨ ᠪᠣᠯᠵᠤ᠂ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠪᠡᠶᠡᠯᠡᠭᠦᠯᠵᠦ᠂ ᠡᠨᠡ ᠨᠢ ᠴᠥᠮ ᠤᠯᠤᠰ ᠤᠨ ᠲᠦᠷᠦ ᠶᠢᠨ ᠪᠤᠳᠤᠯᠭ᠎ᠠ ᠳᠤ ᠲᠦᠰᠢᠭᠯᠡᠭᠰᠡᠨ ᠢᠶᠠᠷ ᠠᠵᠢᠯᠯᠠᠬᠤ ᠠᠩᠬᠢ ᠶᠢᠨ ᠬᠠᠪᠰᠤᠷᠤᠨ  ᠳᠡᠳᠭᠦᠬᠦ ᠪᠠᠶᠢᠷᠢᠨ ᠳᠤ ᠭᠠᠷᠤᠭᠰᠠᠨ ᠶᠤᠮ᠂ ᠮᠠᠨ ᠤ ᠠᠷᠠᠳ ᠲᠦᠮᠡᠨ ᠮᠠᠰᠢ ᠪᠠᠶᠠᠷᠯᠠᠵᠤ ᠪᠠᠶᠢᠨ᠎ᠠ  ᠭᠡᠪᠡ᠃   ᠡᠭᠦᠨ ᠤ ᠬᠠᠮᠲᠤ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ  ᠴᠢᠭᠯᠡᠭᠦᠯᠦᠨ᠂ ᠠᠵᠢᠯᠯᠠᠬᠤ ᠠᠩᠭᠢ ᠳᠠᠭᠠᠭᠤᠯᠤᠭᠴᠢ ᠠᠵᠤ ᠠᠬᠤᠶᠢᠯᠠᠯ ᠤᠨ ᠠᠰᠢᠭ ᠲᠤᠰᠠ ᠶᠢᠨ ᠴᠥᠷᠬᠡᠯᠡᠭᠡ ᠪᠠ ᠭᠡᠷᠡᠯ ᠸᠣᠯᠲ ᠤᠨ  ᠲᠡᠳᠭᠦᠮᠵᠢ ᠶᠢ ᠬᠢᠨᠠᠮᠠᠭᠠᠶ  ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠶᠢᠨ ᠣᠷᠣᠯᠭ᠎ᠠ  ᠶᠢ1600 ᠲᠥᠭᠦᠷᠢᠭ ᠠᠴᠠ 2400 ᠲᠥᠭᠦᠷᠢᠭ ᠨᠡᠮᠡᠭᠳᠡᠭᠦᠯᠵᠡᠶ᠃   ᠳᠠᠷᠠᠭᠠᠯᠠᠪᠠᠯ ᠬᠠᠮ ᠨᠢᠳᠤᠷᠭ᠎ᠠ ᠪᠠᠨ ᠰᠠᠶᠢᠲᠤᠷ ᠴᠣᠬᠢᠬᠤ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠶᠠᠳᠠᠭᠤ ᠬᠦᠴᠢᠷᠳᠡᠯᠲᠡᠶ ᠡᠷᠦᠬᠡ ᠳᠤ ᠴᠢᠭᠯᠡᠭᠦᠯᠦᠨ᠂ ᠠᠵᠢᠯᠯᠠᠬᠤ ᠠᠩᠭᠢ ᠣᠯᠠᠨ  ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠠᠪᠴᠤ᠂ ᠡᠷᠦᠬᠡ ᠪᠣᠯᠭᠠᠨ ᠲᠥᠷᠥᠯ  ᠵᠤᠶᠢᠯ ᠲᠠᠢ᠂ ᠡᠷᠦᠬᠡ ᠪᠣᠯᠭᠠᠨ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠨ᠎ᠠ᠃  ᠶᠠᠳᠠᠭᠤ ᠬᠦᠴᠢᠷᠳᠡᠯᠲᠡᠶ ᠡᠷᠦᠬᠡ ᠵᠣᠣ ᠮᠤᠤ ᠱᠧᠩ ᠵᠢᠯ ᠲᠤᠷᠰᠢ ᠭᠠᠳᠠᠨ᠎ᠠ ᠬᠥᠯᠥᠰᠥᠨ ᠠᠵᠢᠯ ᠬᠢᠵᠦ᠂ ᠡᠨᠡ ᠵᠢᠯ ᠤᠨ ᠬᠢᠵᠢᠭ ᠤᠨ ᠨᠥᠯᠥᠭᠡ ᠠᠴᠠ ᠪᠣᠯᠵᠤ ᠭᠠᠳᠠᠭᠰᠢ ᠭᠠᠷᠬᠤ ᠵᠠᠮ  ᠢ ᠰᠠᠭᠠᠲᠠᠭᠠᠭᠰᠠᠨ ᠪᠣᠯᠪᠠᠴᠤ ᠤᠯᠤᠰ  ᠤᠨ ᠰᠠᠶᠢᠨ ᠲᠥᠷᠥ ᠶᠢᠨ ᠪᠣᠳᠣᠯᠭ᠎ᠠ ᠲᠡᠷᠡ ᠦᠨᠡᠨ ᠰᠡᠳᠬᠢᠯ ᠠᠴᠠ ᠪᠠᠨ ᠦᠵᠡᠵᠦ᠂ ᠲᠣᠰᠬᠤᠨ ᠳᠤ ᠦᠯᠡᠳᠡᠵᠦ ᠠᠵᠤ ᠦᠢᠯᠡᠰ ᠢᠶᠠᠨ ᠬᠥᠭᠵᠢᠭᠦᠯᠬᠦ ᠪᠠᠷ ᠰᠢᠢᠳᠪᠤᠷᠢᠯᠡᠪᠡ  ᠃ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠲᠣᠰᠬᠤᠨ ᠤ ᠬᠤᠶᠠᠷ ᠵᠥᠪᠯᠡᠯ ᠪᠣᠯᠤᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠳᠠᠮᠵᠢᠭᠤᠯᠤᠨ ᠨᠡᠪᠲᠡᠷᠡᠯᠴᠡᠵᠦ᠂ ᠲᠡᠭᠦᠨ ᠤ ᠨᠣᠭᠤᠭ᠎ᠠ ᠵᠠᠬᠢᠶᠠᠯᠠᠬᠤ ᠳᠤ ᠠᠵᠤ  ᠤᠶᠢᠯᠡᠰ ᠤᠨ ᠳᠡᠮᠵᠢᠯᠭᠡ ᠦᠵᠡᠭᠦᠯᠵᠡᠶ᠃ ᠡᠭᠦᠨ ᠤ ᠳᠤ ᠬᠠᠮᠲᠤ ᠪᠠᠰᠠ ᠲᠡᠭᠦᠨ ᠳᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠣᠷᠣᠨ  ᠰᠠᠭᠤᠴᠠ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠵᠠᠶ᠃   ᠰᠤᠷᠪᠤᠯᠵᠢᠯᠠᠭᠴᠢ ᠶᠢᠨ ᠡᠮᠦᠨ᠎ᠡ ᠵᠣᠣ ᠮᠤᠤ ᠱᠧᠩ  ᠄ ︽ᠪᠢ ᠶᠡᠷᠦ ᠨᠢ ᠭᠠᠳᠠᠨ᠎ᠠ ᠬᠥᠯᠥᠰᠥᠨ ᠠᠵᠢᠯ ᠬᠢᠵᠦ ᠪᠠᠶᠢᠵᠠᠢ᠂ ᠨᠢᠳᠤᠨᠤᠨ ᠬᠠᠷᠢᠵᠤ ᠢᠷᠡᠭᠡᠳ ᠲᠣᠰᠬᠤᠨ ᠢᠶᠠᠨ ᠣᠯᠵᠤ ᠦᠵᠡᠭᠰᠡᠨ ᠴᠢᠨᠢ ᠪᠠᠰᠠ ᠨᠡᠯᠢᠶᠡᠳ ᠵᠦᠭᠡᠷ ᠪᠣᠯᠴᠢᠬᠠᠵᠠᠢ᠃ ᠤᠯᠠᠮ ᠠᠴᠠ ᠤᠯᠠᠮ ᠰᠠᠶᠢᠨ ᠪᠣᠯᠵᠤ᠂ ᠶᠠᠳᠠᠭᠤ ᠬᠦᠴᠢᠷᠳᠡᠯᠲᠡᠢ ᠡᠷᠦᠬᠡ ᠳᠤ ᠰᠢᠨ᠎ᠡ ᠭᠡᠷ ᠪᠠᠷᠢᠵᠤ᠂ ᠠᠵᠤ ᠦᠢᠯᠡᠰ  ᠢ ᠬᠠᠪᠰᠤᠷᠤᠨ ᠲᠡᠳᠬᠦᠵᠦ ᠬᠥᠭᠵᠢᠭᠦᠯᠪᠡᠯ᠂ ᠪᠢ ᠪᠠᠰᠠ ᠭᠠᠳᠠᠭᠰᠢ ᠭᠠᠷᠴᠤ ᠬᠥᠯᠥᠰᠥᠨ ᠠᠵᠢᠯ ᠬᠢᠬᠦ ᠰᠠᠨᠠᠭ᠎ᠠ ᠦᠭᠡᠢ ᠪᠣᠯᠵᠠᠢ᠃ ᠡᠨᠡ ᠵᠢᠯ ᠲᠣᠰᠬᠤᠨ ᠤ ᠺᠠᠳ᠋ᠷ ᠨᠠᠳᠠ ᠳᠤ ᠪᠠᠰᠠ 40 ᠺᠦᠸᠠᠲ ᠮᠧᠲᠷ ᠤᠨ ᠰᠢᠨ᠎ᠡ ᠭᠡᠷ ᠪᠠᠷᠢᠵᠤ ᠥᠭᠭᠦᠭᠰᠡᠨ ᠳᠤ ᠨᠠᠳᠠ ᠳᠤ ᠶᠡᠭᠡ ᠰᠠᠶᠢᠨ ᠰᠠᠨᠠᠭᠳᠠᠵᠤ  ᠪᠠᠶᠢᠨ᠎ᠠ᠃ ᠤᠳᠤ ᠪᠢ ᠪᠠᠰᠠ ᠳᠠᠬᠢᠶ᠎ᠠ ᠪᠠ ᠲᠠᠤᠯᠠᠢ ᠲᠡᠵᠢᠭᠡᠵᠡᠢ᠂ ᠡᠨᠡ ᠵᠢᠯ ᠪᠢ ᠪᠠᠰᠠ ᠬᠤᠨᠢ ᠲᠡᠵᠢᠭᠡᠬᠦ ᠦᠢᠯᠡᠰ ᠢ  ᠬᠦᠭᠵᠢᠭᠦᠯᠦᠶ᠎ᠡ ᠭᠡᠵᠦ ᠪᠣᠳᠣᠵᠤ  ᠪᠠᠶᠢᠨ᠎ᠠ ᠃ ᠣᠷᠣᠯᠭ᠎ᠠ ᠨᠢ ᠬᠥᠯᠥᠰᠥᠨ ᠠᠵᠢᠯ ᠠᠴᠠ ᠬᠤᠯᠠ ᠳᠡᠭᠡᠷ᠎ᠡ  ᠢᠯᠡᠭᠦᠦ ᠪᠤᠯᠤᠭᠰᠠᠨ ᠰᠢᠭ᠋ ᠰᠠᠨᠠᠭᠳᠠᠵᠤ  ᠪᠠᠶᠢᠨ᠎ᠠ ᠭᠡᠪᠡ᠃ᠬᠡᠳᠦᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠡᠤ ᠵᠢᠤᠢ ᠶᠣᠣ ᠲᠣᠰᠬᠤᠨ  ᠳᠤ ᠨᠢᠭᠡᠨᠲᠡ ᠴᠡᠴᠡᠭᠯᠡᠨ ᠬᠥᠭᠵᠢᠭᠰᠡᠨ ᠬᠥᠭᠵᠢᠯᠲᠡ ᠶᠢᠨ ᠪᠠᠶᠢᠳᠠᠯ ᠢᠯᠡᠷᠡᠪᠡ᠃ ︽ᠨᠠᠮᠤᠷ ᠤᠨ ᠵᠢᠮᠢᠰ ᠲᠤᠷ ᠶᠠᠳᠠᠷᠠᠬᠤ ᠪᠤᠢ ᠲᠣᠰᠬᠤᠨ ᠳᠤ ᠰᠠᠭᠤᠭ᠎ᠠ ᠠᠵᠢᠯᠲᠠᠳ  ᠤᠶᠢᠯᠡᠳᠪᠤᠷᠢᠯᠡᠯ ᠠᠮᠢᠳᠤᠷᠠᠯ ᠳᠠᠬᠢ ᠣᠯᠠᠨ ᠲᠦᠮᠡᠨ ᠤ ᠪᠣᠳᠠᠲᠠᠶ ᠬᠦᠴᠢᠷᠳᠡᠯ ᠢ ᠬᠠᠪᠰᠤᠷᠤᠨ  ᠰᠢᠢᠳᠪᠤᠷᠢᠯᠡᠵᠦ ᠥᠭᠴᠡᠶ᠃ ᠠᠵᠢᠯ ᠳᠠᠭᠠᠨ ᠠᠵᠢᠯᠴᠢ ᠬᠢᠴᠢᠶᠡᠩᠭᠦᠶ᠂ ᠠᠵᠢᠯ ᠶᠠᠪᠤᠳᠠᠯ ᠬᠢᠬᠦ ᠳᠡᠭᠡᠨ ᠲᠥᠪ ᠭᠤᠤᠯᠴᠢ ᠪᠠᠶᠢᠵᠤ᠂ ᠪᠦᠬᠦ ᠲᠣᠰᠬᠤᠨ  ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃    ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ  ᠢᠯᠠᠯᠲᠠ ᠶᠢ ᠤᠯᠬᠤ ᠵᠢᠯ ᠪᠣᠯᠤᠨ᠎ᠠ᠂ ᠤᠳᠤ ᠨᠢᠭᠡᠨᠲᠡ ᠬᠠᠮᠤᠭ ᠡᠴᠦᠰ ᠤᠨ ᠰᠢᠪᠲᠤᠯᠤᠯᠲᠠ ᠶᠢᠨ ᠱᠠᠲᠤᠨ ᠳᠤ  ᠤᠷᠤᠪᠠ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠴᠧᠨ ᠰᠢᠶᠠᠩ ᠳ᠋ᠦᠩ ᠢᠲᠡᠭᠡᠯ ᠲᠡᠭᠦᠯᠳᠡᠷ ᠢᠶᠠᠷ ᠪᠢᠳᠡᠨ ᠳᠤ ᠡᠨᠡ ᠵᠢᠯ  ᠤᠨ ᠠᠵᠢᠯ ᠤᠨ ᠲᠥᠯᠥᠪᠯᠡᠭᠡ ᠶᠢ ᠶᠠᠷᠢᠵᠤ ᠥᠭᠪᠡ᠃ ︽ᠮᠠᠨ ᠤ ᠡᠤ ᠵᠢᠤᠢ ᠶᠣᠣ ᠵᠠᠰᠠᠭ ᠵᠠᠬᠢᠷᠭᠠᠨ ᠤ ᠲᠣᠰᠬᠤᠨ ᠳᠤ 104 ᠶᠠᠳᠠᠭᠤ ᠬᠦᠴᠢᠷᠳᠡᠯᠲᠡᠶ ᠡᠷᠦᠬᠡ ᠪᠣᠶ᠂ ᠡᠨᠡ ᠵᠢᠯ ︿ᠨᠣᠭᠤᠭ᠎ᠠ ᠵᠠᠬᠢᠶᠠᠯᠠᠬᠤ ᠮᠠᠶ᠋ᠢᠭ﹀ ᠤᠨ ᠠᠵᠤ  ᠤᠶᠢᠯᠡᠰ ᠢ ᠬᠥᠭᠵᠢᠭᠦᠯᠬᠦ ᠲᠠᠯ᠎ᠠ ᠪᠠᠷ 43 ᠡᠷᠦᠬᠡ᠂ ᠠᠵᠤ  ᠠᠬᠤᠶᠢᠯᠠᠯ 55 ᠡᠷᠦᠬᠡ᠂ ᠬᠡᠷᠡᠯ ᠸᠣᠯᠲ ᠤᠨ ᠲᠠᠯ᠎ᠠ ᠪᠠᠷ ᠲᠡᠳᠬᠦᠬᠦ ᠲᠠᠯ᠎ᠠ ᠪᠠᠷ ᠬᠢ 6 ᠡᠷᠦᠬᠡ ᠪᠠᠶᠢᠨ᠎ᠠ᠃ ︽ᠳᠥᠷᠪᠡ ᠶᠢ ᠠᠷᠢᠯᠭᠠᠬᠤ ᠦᠭᠡᠢ︾ ᠱᠠᠭᠠᠷᠳᠠᠯᠭ᠎ᠠ ᠶᠣᠰᠣᠭᠠᠷ᠂ ᠡᠨᠡ ᠵᠢᠯ᠂ ᠲᠣᠰᠬᠤᠨ ᠠᠴᠠ 320 ᠮᠦ ᠭᠠᠵᠠᠷ ᠰᠢᠷᠣᠶ ᠶᠢ ᠬᠠᠮᠲᠤ ᠳᠠᠭᠠᠨ ᠳᠠᠭᠠᠭᠠᠴᠢᠯᠠᠵᠤ᠂ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠲᠡᠭᠡᠵᠡᠶ᠃ ᠲᠡᠳᠡᠨ ᠤ ᠣᠷᠣᠯᠭ᠎ᠠ ᠶᠢ ᠨᠡᠮᠡᠭᠳᠡᠭᠦᠯᠵᠦ᠂ ᠲᠡᠳᠡᠨ ᠤ ᠠᠮᠢᠳᠤᠷᠠᠯ ᠢ ᠤᠯᠠᠮ ᠠᠴᠠ ᠤᠯᠠᠮ ᠰᠠᠶᠢᠨ ᠪᠣᠯᠭᠠᠨ᠎ᠠ  ᠃                       ᠰᠤᠷᠪᠤᠯᠵᠢᠯᠠᠭᠴᠢ  ᠄ ᠸᠠᠩ ᠪᠢᠨ   ᠱᠠᠩ ᠶᠦᠨ ᠰᠢᠶᠠ                       ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                       ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2