ᠸᠠᠩ ᠸᠧᠨ ᠮᠠᠨ ᠤ ᠰᠢᠶᠠᠨ ᠤ ᠬᠡᠰᠡᠭ ᠣᠷᠣᠨ ᠰᠠᠭᠤᠴᠠ ᠶᠢᠨ ᠲᠣᠭᠤᠷᠢᠭ ᠲᠤ ᠭᠦᠨᠵᠡᠭᠡᠶᠢᠷᠡᠨ ᠨᠠᠮ ᠤᠨ ᠪᠠᠶᠢᠭᠤᠯᠤᠯᠳᠡ ᠪᠠᠷ  ᠪᠠᠭ᠎ᠠ ᠲᠣᠭᠤᠷᠢᠭ ᠢ ᠵᠠᠰᠠᠬᠤ ᠲᠤᠬᠠᠶ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-22
     6 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠮᠠᠨ ᠤ ᠰᠢᠶᠠᠨ ᠤ ᠬᠡᠰᠡᠭ ᠣᠷᠣᠨ ᠰᠠᠭᠤᠴᠠ ᠶᠢᠨ ᠲᠣᠭᠤᠷᠢᠭ ᠲᠤ ᠭᠦᠨᠵᠡᠭᠡᠶᠢᠷᠡᠨ ᠨᠠᠮ ᠤᠨ ᠪᠠᠶᠢᠭᠤᠯᠤᠯᠲᠠ  ᠪᠠᠷ ᠵᠢᠵᠢᠭ ᠲᠣᠭᠤᠷᠢᠭ ᠢ ᠵᠠᠰᠠᠬᠤ ᠠᠬᠤᠶ ᠲᠠᠯᠠᠪᠠᠶ ᠶᠢᠨ ᠬᠤᠷᠠᠯ  ᠬᠤᠷᠠᠯᠳᠤᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠪᠠᠷᠢᠮᠳᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠣᠯᠠᠨ ᠲᠦᠮᠡᠨ ᠤ ᠰᠡᠳᠬᠢᠯ ᠲᠠᠯᠪᠢᠵᠤ  ᠪᠠᠶᠢᠭ᠎ᠠ ᠰᠠᠨᠠᠭᠠᠰᠢᠷᠠᠵᠤ  ᠪᠠᠶᠢᠭ᠎ᠠ ᠶᠠᠪᠤᠳᠠᠯ  ᠢ ᠦᠨᠡᠨᠬᠦ  ᠰᠢᠢᠳᠪᠤᠷᠢᠯᠡᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠰᠠᠭᠤᠭᠠᠯᠢ ᠠᠷᠠᠳ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠮᠠᠨ ᠤ ᠰᠢᠶᠠᠨ ᠤ ᠤᠳᠤᠷᠢᠳᠤᠯᠭ᠎ᠠ ᠦ᠋ ᠶᠦᠨ ᠰᠢᠶᠠ᠂  ᡂᠢ ᠵᠢᠶᠠᠨ ᠹᠧᠩ᠂ ᠵᠠᠩ ᠸᠧᠨ ᠱᠧᠩ᠂ ᠷᠧᠨ ᠳ᠋ᠦᠩ ᠮᠢᠩ᠂ ᠵᠠᠩ ᠳ᠋ᠦᠩ  ᠹᠠᠩ᠂ ᠴᠤᠤ ᠰᠢᠶᠠ᠂ ᠸᠠᠩ ᠬᠤᠩ ᠮᠢᠩ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃     ︽ᠵᠢᠵᠢᠭ ᠲᠣᠭᠤᠷᠢᠭ ᠤᠨ ᠨᠠᠮ ᠤᠨ ᠡᠭᠦᠷ ᠠᠴᠠ ᠬᠡᠷᠬᠢᠨ ᠵᠢᠯᠣᠭᠤᠳᠬᠤ ᠪᠣᠶ︖︾ ︽ᠰᠠᠭᠤᠭᠠᠯᠢ ᠠᠷᠠᠳ ᠲᠤ  ᠤᠶᠢᠯᠡᠴᠢᠯᠡᠬᠦ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠣᠶ︖ ᠸᠠᠩ  ᠸᠧᠨ ᠨᠠᠷ ᠤᠷᠢᠳ ᠬᠤᠵᠢᠳ ᠹᠦ᠋ ᠬᠠᠶ ᠪᠠᠭ᠎ᠠ ᠲᠣᠭᠤᠷᠢᠭ᠂ ᠲᠠᠷᠢᠶᠠᠯᠠᠩ ᠤᠨ ᠲᠣᠪᠴᠢᠶ᠎ᠠ ᠶᠢᠨ ᠬᠡᠷ ᠪᠦᠯᠢ ᠶᠢᠨ ᠬᠠᠷᠢᠶᠠᠲᠤ ᠠᠰᠠᠷ᠂ ᠹᠦ᠋ ᠲᠠᠢ ᠠᠨ ᠪᠠᠭ᠎ᠠ ᠲᠣᠭᠤᠷᠢᠭ᠂ ᠷᠦ᠋ ᠢ ᠵᠢᠶᠠ ᠶᠤᠸᠠᠨ ᠪᠠᠭ᠎ᠠ ᠲᠣᠭᠤᠷᠢᠭ᠂ ᠪᠠᠶ ᠭᠠᠩ  ᠪᠣᠣ  ᠦᠪᠡᠷᠳᠡᠭᠡᠨ ᠪᠠᠶᠢᠭᠤᠯᠤᠭᠰᠠᠨ ᠠᠰᠠᠷ᠂ ᠣᠶ ᠰᠢᠭᠤᠶ ᠶᠢᠨ ᠲᠣᠪᠴᠢᠶ᠎ᠠ ᠶᠢᠨ ᠳᠥᠭᠦᠮ  ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠲᠤ ᠭᠦᠨᠵᠡᠭᠡᠶᠢᠷᠡᠨ᠂ ᠰᠠᠭᠤᠭᠠᠯᠢ ᠲᠣᠭᠤᠷᠢᠭ ᠤᠨ ᠵᠠᠰᠠᠯᠲᠠ᠂ ᠲᠤᠤᠷᠴᠢᠯᠠᠭᠰᠠᠨ ᠬᠠᠮᠢᠶᠠᠷᠤᠯᠲᠠ᠂ ᠦᠨᠳᠦᠰᠦᠨ ᠱᠠᠲᠤᠨ ᠤ ᠦᠢᠯᠡᠴᠢᠯᠡᠭᠡ ᠪᠠ ᠵᠢᠵᠢᠭ ᠲᠣᠭᠤᠷᠢᠭ ᠤᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠵᠡᠷᠭᠡ ᠠᠵᠢᠯ ᠤᠨ ᠪᠠᠶᠢᠳᠠᠯ ᠢ ᠨᠠᠷᠢᠨ  ᠤᠶᠢᠯᠠᠭᠠᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠠᠰᠠᠬᠤ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠯᠠᠪᠯᠠᠨ ᠠᠰᠠᠭᠤᠪᠠ᠃      ᠸᠠᠩ ᠸᠧᠨ ᠠᠴᠠ ᠡᠯ᠎ᠡ ᠲᠣᠭᠤᠷᠢᠭ ᠨᠢᠭᠡᠴᠡ᠂ ᠨᠡᠶᠢᠭᠡᠮ ᠲᠣᠭᠤᠷᠢᠭ  ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠨᠡᠶᠢᠯᠡᠯ ᠬᠦᠴᠦᠨ ᠢ ᠨᠢᠭᠲᠠᠷᠠᠭᠤᠯᠵᠤ᠂ ᠤᠯᠠᠨ ᠲᠦᠮᠡᠨ ᠤ ᠪᠣᠳᠠᠲᠠᠶ ᠠᠰᠠᠭᠤᠳᠠᠯ ᠢ ᠦᠨᠡᠨ ᠬᠦ  ᠰᠢᠢᠳᠪᠤᠷᠢᠯᠡᠨ᠎ᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠶᠢ  ᠪᠤᠳᠠᠳᠠᠶᠢᠵᠢᠭᠤᠯᠤᠨ ᠬᠦᠴᠦᠷᠬᠡᠭᠵᠢᠭᠦᠯᠵᠦ᠂ ᠵᠢᠵᠢᠭ ᠲᠣᠭᠤᠷᠢᠭ ᠤᠨ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ  ᠤᠶᠢᠯᠡᠳᠤᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠤᠶᠢᠯᠡᠳᠤᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠲᠦᠯᠬᠢᠨ ᠠᠬᠢᠭᠤᠯᠬᠤ  ᠶᠢ ᠪᠠᠷᠢᠮᠲᠠᠯᠠᠵᠤ᠂ ᠪᠣᠳᠠᠲᠠᠶ ᠪᠦᠲᠦᠮᠵᠢᠲᠡᠶ ᠠᠷᠭ᠎ᠠ ᠬᠡᠯᠪᠡᠷᠢ ᠠᠷᠭ᠎ᠠ ᠪᠠᠷᠢᠯ ᠢ ᠢᠳᠡᠪᠬᠢᠲᠡᠶ ᠰᠦᠪᠡᠭᠴᠢᠯᠡᠨ᠂ ᠰᠠᠭᠤᠷᠢ ᠲᠥᠬᠦᠭᠡᠷᠦᠮᠵᠢ᠂ ᠠᠳᠠᠯ ᠠᠬᠤᠶ ᠶᠢᠨ ᠬᠠᠮᠢᠶᠠᠷᠤᠯᠲᠠ᠂ ᠨᠡᠶᠢᠭᠡᠮ ᠤᠨ ᠠᠮᠤᠷ ᠲᠦᠪᠰᠢᠨ᠂ ᠭᠠᠯ  ᠤᠨᠳᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠵᠦ᠂ ᠣᠯᠠᠨ ᠨᠡᠶᠢᠲᠡ ᠶᠢᠨ  ᠤᠶᠢᠯᠡᠴᠢᠯᠡᠭᠡ ᠶᠢ ᠰᠠᠭᠤᠭᠠᠯᠢ ᠲᠣᠭᠤᠷᠢᠭ ᠲᠤ ᠬᠦᠷᠭᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠦᠨᠳᠦᠰᠦᠨ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ  ᠢ  ᠦᠨᠡᠨᠬᠦ ᠴᠡᠪᠡᠷ᠂ ᠠᠮᠤᠷ ᠲᠦᠪᠰᠢᠨ᠂ ᠳᠥᠭᠦᠮ ᠳᠥᠲᠡ ᠰᠠᠭᠤᠯᠭᠠᠵᠤ᠂ ᠣᠯᠠᠨ ᠲᠦᠮᠡᠨ ᠳᠤ ᠰᠠᠶᠢᠨ ᠰᠠᠶᠢᠬᠠᠨ ᠣᠷᠴᠢᠨ ᠲᠣᠭᠤᠷᠢᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠳᠣᠪᠤᠶᠢᠯᠭᠠᠵᠤ᠂ ᠠᠯᠤᠰ ᠬᠡᠲᠦ ᠳᠤ ᠰᠠᠭᠤᠷᠢᠯᠠᠨ᠂ ᠪᠠᠭ᠎ᠠ ᠲᠣᠭᠤᠷᠢᠭ ᠤᠨ  ᠵᠠᠰᠠᠯᠳᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠣᠯᠠᠨ ᠲᠦᠮᠡᠨ ᠤ ᠰᠠᠨᠠᠯ ᠢ ᠭᠦᠨᠵᠡᠭᠡᠶ ᠴᠤᠭᠯᠠᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ  ᠪᠠᠷᠢᠮᠳᠠᠯᠠᠵᠤ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨ ᠬᠦ ᠪᠣᠳᠠᠲᠠᠶ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠩ ᠮᠤᠤ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠤᠬᠠᠶ  ᠶᠢᠨ ᠲᠠᠯᠠᠪᠠᠶ ᠶᠢᠨ ᠬᠤᠷᠠᠯ ᠳᠤ ᠣᠷᠣᠯᠴᠠᠵᠠᠶ᠃                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2