ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠲᠠᠰᠤᠭ ᠭᠤᠷᠪᠠᠳᠤᠭᠠᠷ ᠤᠳᠠᠭᠠᠨ ᠤ ︽  ᠡᠭᠦᠯᠡᠨ ᠪᠤᠯᠪᠠᠰᠤᠷᠠᠭᠤᠯᠤᠯ︾  ᠳᠤ ᠢᠳᠡᠪᠬᠢᠳᠠᠢ ᠤᠷᠤᠯᠴᠠᠪᠠ
ᠨᠡᠶᠢᠲᠡᠯᠡᠭᠰᠡᠨ ᠴᠠᠭ᠄
2020-06-23
     6 ᠰᠠᠷ᠎ᠠ ᠶᠢᠨ23 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠮᠤᠩᠭᠤᠯ ᠰᠦᠯᠵᠢᠶᠡᠨ ᠴᠤᠭᠯᠠᠷᠠᠯ ᠤᠨ ᠰᠢᠭᠤᠳ ᠨᠡᠪᠳᠡᠷᠡᠭᠦᠯᠭᠡ ᠶᠢᠨ ᠬᠢᠴᠢᠶᠡᠯ ᠨᠢ ︽ ᠬᠦᠯᠦᠨ ᠪᠦᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ  ᠰᠦᠯᠵᠢᠶᠡᠨ ᠦᠷᠳᠡᠭᠡ ᠶᠢᠨ ᠮᠡᠷᠭᠡᠵᠢᠯ ᠤᠨ ᠠᠵᠢᠯᠳᠡᠨ ᠤ ᠪᠤᠯᠪᠠᠰᠤᠷᠠᠭᠤᠯᠤᠯ︾ ᠭᠡᠬᠦ ᠭᠠᠷᠴᠠᠭ  ᠰᠡᠳᠤᠪ ᠢᠶᠠᠷ  ᠬᠢᠴᠢᠶᠡᠯ ᠤᠷᠤᠪᠠ᠃ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ  ᠮᠤᠩᠭᠤᠯ ᠰᠦᠯᠵᠢᠶ᠎ᠡ ᠶᠢᠨ ᠨᠠᠶᠢᠷᠠᠭᠤᠯᠤᠭᠴᠢ ᠬᠠᠷᠢᠭᠤᠴᠠᠯᠭᠠᠳᠠᠨ ᠨᠠᠷ ᠴᠠᠭ ᠲᠤᠬᠠᠢ ᠳᠤᠨᠢ ᠲᠤᠰ ᠬᠢᠴᠢᠶᠡᠯ  ᠳᠤ ᠢᠳᠡᠪᠬᠢᠳᠠᠢ  ᠤᠷᠤᠯᠴᠠᠵᠤ᠂  ᠺᠤᠮᠫᠢᠥ᠋ᠲ᠋ᠧᠷ᠂ ᠭᠠᠷ ᠤᠳᠠᠰᠤ ᠵᠡᠷᠭᠡ ᠪᠠᠷ ᠬᠦᠯᠢᠶᠡᠨ ᠠᠪᠴᠦ ᠰᠤᠨᠤᠰᠪᠠ᠃
   ᠲᠤᠰ ᠤᠳᠠᠭᠠᠨ ᠤ ᠬᠢᠴᠢᠶᠡᠯ ᠳᠤ᠂ ᠬᠡᠷᠬᠢᠨ ᠮᠡᠳᠡᠭᠡ ᠵᠠᠩᠬᠢ ᠶᠢ ᠴᠠᠭ ᠲᠤᠬᠠᠢ ᠳᠤᠨᠢ ᠤᠷᠴᠢᠭᠤᠯᠵᠤ ᠲᠡᠪᠰᠢᠭᠦᠯᠬᠦ᠂ ᠰᠦᠯᠵᠢᠶᠡᠨ ᠠᠭᠤᠯᠭ᠎ᠠ ᠶᠢ ᠬᠡᠷᠬᠢᠨ ᠬᠠᠮᠠᠭᠠᠯᠠᠬᠤ᠂  ᠮᠡᠳᠡᠭᠡ ᠵᠠᠩᠬᠢ ᠶᠢ ᠬᠡᠷᠬᠢᠨ ᠲᠠᠩᠰᠠᠯᠠᠭᠤᠯᠤᠨ ᠬᠠᠳᠠᠭᠠᠯᠠᠬᠤ᠂ ᠮᠡᠷᠭᠡᠵᠢᠯ ᠤᠨ ᠲᠠᠯ᠎ᠠ ᠳᠤ ᠬᠤᠯᠪᠤᠭᠳᠠᠭᠰᠠᠨ ᠠᠰᠠᠭᠤᠳᠠᠯ ᠪᠠ ᠵᠢᠯ ᠤᠨ ᠡᠴᠤᠰ ᠤᠨ ᠬᠢᠨᠠᠨ ᠰᠢᠯᠭᠠᠬᠤ ᠳᠤ ᠠᠩᠬᠠᠷᠬᠤ ᠴᠢᠬᠤᠯᠠᠳᠠᠢ ᠬᠡᠳᠤᠨ ᠠᠰᠠᠭᠤᠳᠠᠯ ᠵᠡᠷᠭᠡ ᠲᠠᠯ᠎ᠠ ᠪᠠᠷ ᠵᠢᠯᠤᠭᠤᠳᠤᠯᠭ᠎ᠠ ᠬᠢᠵᠦ ᠲᠠᠶᠢᠯᠪᠤᠷᠢᠯᠡᠭ᠌ᠰᠠᠨ ᠪᠠᠶᠢᠨ᠎ᠠ᠃    ᠲᠤᠰ ᠤᠳᠠᠭᠠᠨ ᠤ ᠬᠢᠴᠢᠶᠡᠯ ᠢᠶᠠᠷ ᠲᠠᠮᠵᠢᠨ᠂ ᠮᠤᠩᠭᠤᠯ ᠰᠦᠯᠵᠢᠶᠡᠨ ᠦᠷᠳᠡᠭᠡ ᠶᠢᠨ ᠮᠡᠷᠭᠡᠵᠢᠯ ᠤᠨ ᠠᠵᠢᠯᠳᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠮᠤᠩᠭᠤᠯ ᠰᠦᠯᠵᠢᠶᠡᠨ ᠤ ᠠᠵᠢᠯ ᠨᠡᠩ ᠤᠷᠤᠭᠰᠢᠳᠠᠢ ᠶᠠᠪᠤᠭᠳᠠᠬᠤ ᠶᠢ ᠭᠦᠢᠴᠡᠳ ᠪᠠᠳᠤᠯᠠᠵᠠᠢ᠃                                                         ᠨᠠᠶᠢᠷᠠᠭᠤᠯᠤᠭᠴᠢ᠄ ᠼᠦᠢ ᠴᠢᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2