ᠮᠠᠨ ᠤ ᠰᠢᠶᠠᠨ ᠤ ᠪᠠᠭ᠎ᠠ ᠰᠤᠷᠭᠠᠭᠤᠯᠢ  ᠵᠢᠴᠢ ᠳᠣᠤᠷ᠎ᠠ ᠠᠩᠬᠢ ᠶᠢᠨ ᠰᠤᠷᠤᠭᠴᠢᠳ ᠪᠤᠯᠤᠨ ᠬᠡᠤᠬᠡᠳ ᠤᠨ ᠴᠡᠴᠡᠷᠯᠢᠭ ᠪᠦᠬᠦ ᠲᠠᠯ᠎ᠠ ᠪᠠᠷ  ᠰᠤᠷᠤᠯᠭ᠎ᠠ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2020-06-03
   6 ᠰᠠᠷ᠎ᠠ ᠶᠢᠨ 2 ᠤᠨ ᠡᠳᠦᠷ ᠤᠨ ᠦᠳᠡ ᠡᠮᠦᠨ᠎ᠡ᠂ ᠪᠦᠬᠦ ᠰᠢᠶᠠᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠣᠨ ᠤ ᠰᠤᠷᠤᠭᠴᠢᠳ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠢᠶᠠᠨ ᠤᠭᠲᠤᠵᠤ ᠂ ᠰᠡᠳᠬᠢᠯ ᠳᠣᠭᠳᠣᠯᠤᠨ ᠰᠠᠯᠵᠤ ᠤᠳᠠᠭᠰᠠᠨ ᠰᠤᠷᠭᠠᠭᠤᠯᠢ ᠶᠢᠨ  ᠬᠦᠷᠢᠶᠡᠯᠡᠩ ᠳᠡᠭᠡᠨ ᠪᠤᠴᠠᠪᠠ᠃ ᠨᠢᠯᠬ᠎ᠠ ᠬᠡᠦᠬᠡᠳ ᠴᠦ ᠭᠡᠷ ᠤᠨ ᠠᠬᠠᠮᠠᠳ ᠤᠨ ᠳᠠᠭᠠᠭᠤᠯᠭ᠎ᠠ ᠳᠣᠣᠷ᠎ᠠ᠂ ᠬᠡᠤᠬᠡᠳ ᠤᠨ ᠪᠠᠭᠰᠢ ᠬᠡᠤᠬᠡᠳ ᠤᠨ ᠪᠡᠶ᠎ᠡ ᠶᠢᠨ ᠳᠤᠯᠠᠭᠠᠨ ᠢ ᠰᠢᠯᠭᠠᠵᠤ ᠠᠷᠢᠭᠤᠳᠬᠠᠭᠰᠠᠨ ᠤ ᠳᠠᠷᠠᠭ᠎ᠠ ᠰᠤᠷᠭᠠᠭᠤᠯᠢ ᠶᠢᠨ ᠬᠦᠷᠢᠶᠡᠨ ᠳᠤ ᠡᠮᠬᠢ ᠵᠢᠷᠤᠮ ᠲᠠᠢ ᠪᠠᠷ ᠣᠷᠣᠵᠤ᠂ ᠬᠢᠵᠢᠭ ᠤᠨ ᠪᠠᠶᠢᠳᠠᠯ ᠤᠨ ᠳᠠᠷᠠᠭᠠᠬᠢ  ᠰᠤᠷᠤᠯᠭ᠎ᠠ ᠪᠠᠨ ᠰᠡᠷᠭᠦᠭᠡᠪᠡ᠃
      ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠪᠠᠭᠰᠢ ᠵᠠᠩ ᠫᠧᠶ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠨᠥᠳᠦᠷ ᠪᠣᠯ ᠴᠡᠴᠡᠷᠯᠢᠭ ᠨᠡᠭᠡᠭᠡᠵᠦ ᠰᠤᠷᠭᠠᠭᠤᠯᠢ ᠪᠠᠨ ᠰᠡᠷᠭᠦᠭᠡᠬᠦ ᠨᠢᠭᠡᠳᠦᠭᠡᠷ ᠡᠳᠦᠷ ᠪᠣᠯᠤᠨ᠎ᠠ᠂ ᠴᠡᠴᠡᠷᠯᠢᠭ ᠲᠤ ᠣᠷᠣᠬᠤ ᠠᠴᠠ ᠡᠮᠦᠨ᠎ᠡ ᠪᠢᠳᠡ ᠬᠡᠤᠬᠡᠳ ᠤᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠵᠦ᠂ ᠪᠦᠬᠦ ᠲᠠᠯ᠎ᠠ ᠪᠠᠷ ᠠᠷᠢᠭᠤᠳᠬᠠᠵᠠᠶ᠃ ᠵᠠᠯᠭᠠᠭᠠᠳ ᠪᠢᠳᠡ ᠲᠣᠭᠯᠠᠭᠠᠮ ᠤᠨ ᠬᠡᠯᠪᠡᠷᠢ ᠪᠠᠷ ᠬᠡᠤᠬᠡᠳ ᠢ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠲᠠᠢ ᠪᠣᠯᠭᠠᠬᠤ ᠶᠢ ᠤᠯᠠᠮ ᠨᠢᠭᠡ ᠠᠯᠬᠤᠮ ᠰᠤᠷᠭᠠᠨ ᠬᠦᠮᠦᠵᠢᠭᠦᠯᠵᠦ᠂  ᠰᠠᠯᠬᠢ ᠨᠡᠪᠲᠡᠷᠡᠭᠦᠯᠬᠦ᠂ ᠭᠠᠷ ᠢᠶᠠᠨ ᠤᠬᠢᠶᠠᠬᠤ᠂ ᠬᠥᠨᠵᠢᠯᠡ ᠳᠡᠪᠢᠰᠬᠡᠷ ᠢᠶᠠᠨ ᠬᠠᠲᠠᠭᠠᠬᠤ  ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠰᠠᠶᠢᠲᠤᠷ ᠬᠢᠵᠦ᠂ ᠬᠡᠤᠬᠡᠳ ᠤᠳ ᠲᠤ ᠨᠢᠭᠡᠨ  ᠠᠮᠤᠷ ᠲᠦᠪᠰᠢᠨ᠂ ᠬᠠᠯᠠᠭᠤᠨ ᠳᠤᠯᠠᠭᠠᠨ ᠰᠤᠷᠤᠯᠴᠠᠬᠤ ᠣᠷᠴᠢᠨ ᠲᠣᠭᠤᠷᠢᠨ  ᠢ ᠪᠤᠢ ᠪᠣᠯᠭᠠᠵᠤ ᠥᠭᠭᠦᠨ᠎ᠡ  ᠭᠡᠪᠡ᠃
     ᠵᠢᠦ ᠲᠠᠩ ᠬᠡᠤᠬᠡᠳ ᠤᠨ ᠴᠡᠴᠡᠷᠯᠢᠭ ᠪᠠ ᠯᠢᠶᠠᠩᠴᠧᠩ  ᠬᠤᠶᠠᠳᠤᠭᠠᠷ ᠪᠠᠭ᠎ᠠ ᠰᠤᠷᠭᠠᠭᠤᠯᠢ ᠳᠤ ᠰᠤᠷᠤᠯᠭ᠎ᠠ ᠪᠠᠨ ᠰᠡᠷᠭᠦᠭᠡᠬᠦ ᠠᠵᠢᠯ ᠴᠤ ᠡᠮᠬᠢ ᠴᠡᠭᠴᠡ ᠲᠠᠢ ᠶᠠᠪᠤᠭᠳᠠᠵᠤ  ᠪᠠᠶᠢᠨ᠎ᠠ᠃ ᠰᠤᠷᠭᠠᠭᠤᠯᠢ ᠶᠢᠨ ᠡᠭᠦᠳᠡᠨ ᠳᠡᠭᠡᠷ᠎ᠡ᠂ ᠰᠤᠷᠤᠭᠴᠢᠳ ᠡᠮᠬᠢ ᠵᠢᠷᠤᠮ ᠲᠠᠢ  ᠮᠦᠷᠦᠯᠡᠵᠦ  ᠂ ᠠᠷᠢᠭᠤᠳᠬᠠᠯ᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠭᠰᠡᠨ ᠤ ᠳᠠᠷᠠᠭ᠎ᠠ ᠰᠠᠶ᠋ᠢ ᠰᠤᠷᠭᠠᠭᠤᠯᠢ ᠶᠢᠨ ᠬᠦᠷᠢᠶᠡᠨ ᠳᠤ ᠣᠷᠣᠵᠤ ᠪᠣᠯᠤᠨ᠎ᠠ᠃ ᠰᠤᠷᠭᠠᠭᠤᠯᠢ ᠨᠢ ᠠᠯᠢ ᠣᠯᠠᠨ ᠴᠤᠭᠯᠠᠷᠠᠯ ᠤᠨ ᠴᠢᠨᠠᠷᠲᠠᠶ ᠬᠥᠳᠡᠯᠭᠡᠭᠡᠨ ᠢ ᠬᠦᠴᠦᠨ ᠦᠭᠡᠢ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ  ᠭᠦᠢᠴᠡᠳ ᠰᠠᠶᠢᠲᠤᠷ ᠬᠢᠬᠦ ᠤᠷᠢᠲᠠᠯ  ᠲᠤᠤᠷ᠎ᠠ᠂ ᠰᠤᠷᠭᠠᠨ ᠬᠥᠮᠦᠵᠢᠯ ᠵᠢᠭᠠᠨ ᠰᠤᠷᠭᠠᠬᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃
       ︽ᠮᠠᠨ ᠤ ᠴᠡᠴᠡᠷᠯᠢᠭ ᠤᠷᠢᠳᠴᠢᠯᠠᠨ ᠰᠤᠷᠤᠯᠭ᠎ᠠ ᠪᠠᠨ ᠰᠡᠷᠭᠦᠭᠡᠬᠦ ᠲᠥᠰᠦᠯ ᠲᠣᠭᠲᠠᠭᠠᠵᠤ᠂ ᠪᠠᠭᠰᠢ ᠨᠠᠷ ᠢ ᠵᠣᠬᠢᠶᠠᠨ ᠪᠠᠶᠢᠭᠤᠯᠤᠨ ᠬᠡᠦᠬᠡᠳ ᠤᠨ ᠴᠡᠴᠡᠷᠯᠢᠭ ᠤᠨ ᠬᠢᠵᠢᠭ ᠢ ᠰᠡᠷᠭᠡᠶᠢᠯᠡᠬᠦ ᠰᠣᠷᠢᠯᠲᠠ  ᠦᠷᠨᠢᠭᠦᠯᠵᠦ᠂ ᠲᠤᠰᠠᠭᠠᠷᠯᠠᠬᠤ ᠭᠡᠷ ᠭᠠᠷᠭᠠᠵᠤ᠂ ᠲᠤᠰᠬᠠᠶ ᠬᠥᠮᠦᠨ ᠢᠶᠠᠷ ᠡᠳᠦᠷ ᠲᠤᠲᠤᠮ ᠤᠨ ᠤᠰᠠᠳᠬᠠᠬᠤ ᠠᠵᠢᠯ ᠢ ᠬᠠᠷᠢᠭᠤᠴᠠᠭᠤᠯᠵᠤ᠂ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠡᠤᠬᠡᠳ ᠤᠨ ᠴᠡᠴᠡᠷᠯᠢᠭ ᠲᠤ ᠣᠷᠣᠵᠤ ᠪᠠᠭᠰᠢ ᠪᠣᠯᠤᠨ ᠬᠡᠤᠬᠡᠳ ᠤᠨ ᠠᠮᠤᠷ ᠲᠦᠪᠰᠢᠨ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠶᠢ ᠠᠪᠬᠤ ᠬᠡᠷᠡᠭᠲᠡᠶ᠃︾ ᠭᠡᠵᠦ ᠵᠢᠦ ᠲᠠᠩ ᠬᠡᠤᠬᠡᠳ ᠤᠨ ᠴᠡᠴᠡᠷᠯᠢᠭ  ᠤᠨ ᠳᠠᠷᠤᠭ᠎ᠠ ᠭᠦᠸᠧ  ᠫᠧᠩ ᠬᠡᠯᠡᠵᠡᠶ᠃
      ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠬᠢᠷᠤᠯ ᠮᠠ ᠬᠠᠢ ᠵᠢᠶᠦ᠋ᠨ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠳᠣᠣᠷ᠎ᠠ ᠠᠩᠭᠢ ᠶᠢᠨ ᠰᠤᠷᠤᠭᠴᠢᠳ ᠤᠨ ᠡᠮᠬᠢ ᠵᠢᠷᠤᠮ ᠲᠠᠢ ᠪᠠᠷ ᠰᠤᠷᠤᠯᠭ᠎ᠠ ᠪᠠᠨ ᠰᠡᠷᠭᠦᠭᠡᠬᠦ ᠶᠢ  ᠪᠠᠳᠤᠯᠠᠬᠤ ᠶᠢᠨ ᠲᠥᠯᠥᠭᠡ  ᠠᠳᠠᠯᠢ ᠪᠤᠰᠤ ᠴᠠᠭ ᠬᠤᠭᠤᠴᠠᠭ᠎ᠠ ᠲᠠᠢ ᠪᠠᠷ ᠰᠤᠷᠭᠠᠭᠤᠯᠢ ᠲᠠᠷᠬᠠᠭᠠᠬᠤ ᠶᠢ ᠬᠡᠷᠡᠭᠵᠢᠭᠦᠯᠵᠡᠶ᠃ ᠴᠠᠭ ᠲᠣᠭᠲᠠᠭᠠᠨ ᠠᠷᠢᠭᠤᠳᠬᠠᠵᠤ ᠰᠠᠯᠬᠢ ᠨᠡᠪᠲᠡᠷᠡᠭᠦᠯᠦᠨ ᠰᠤᠷᠭᠠᠭᠤᠯᠢ ᠶᠢᠨ ᠡᠭᠦᠳᠡ ᠪᠠ ᠠᠩᠭᠢ ᠶᠢᠨ ᠡᠭᠦᠳᠡ ᠳᠤ ᠬᠤᠶᠠᠷ ᠤᠳᠠᠭ᠎ᠠ ᠪᠡᠶ᠎ᠡ ᠶᠢᠨ ᠳᠤᠯᠠᠭᠠᠨ ᠤ  ᠪᠠᠶᠢᠴᠠᠭᠠᠯᠳᠡ ᠬᠢᠵᠦ᠂ ᠬᠡᠤᠬᠡᠳ ᠨᠢᠭᠡᠪᠦᠷᠢ ᠶᠢᠨ ᠠᠮᠤᠷ ᠲᠦᠪᠰᠢᠨ ᠡᠷᠡᠭᠦᠯ ᠮᠡᠨᠳᠦ ᠪᠠᠷ ᠰᠤᠷᠭᠠᠭᠤᠯᠢ ᠶᠢᠨ ᠬᠦᠷᠢᠶᠡᠨ ᠳᠤ ᠪᠤᠴᠠᠵᠤ ᠢᠷᠡᠬᠦ ᠶᠢ ᠪᠠᠲᠤᠯᠠᠬᠤ ᠬᠡᠷᠡᠭᠲᠡᠶ ᠭᠡᠵᠠᠢ᠃
        ᠴᠡᠴᠡᠷᠯᠢᠭ ᠨᠡᠭᠡᠭᠡᠵᠦ ᠰᠤᠷᠭᠠᠭᠤᠯᠢ ᠰᠡᠷᠭᠦᠭᠡᠬᠦ ᠠᠩᠬᠠᠨ ᠤ ᠡᠳᠦᠷ᠂ ᠪᠦᠬᠦ ᠰᠢᠶᠠᠨ ᠤ ᠡᠯ᠎ᠡ ᠪᠠᠭ᠎ᠠ ᠰᠤᠷᠭᠠᠭᠤᠯᠢ ᠪᠣᠯᠤᠨ ᠬᠡᠤᠬᠡᠳ ᠤᠨ ᠴᠡᠴᠡᠷᠯᠢᠭ ᠤᠨ ᠬᠢᠨ ᠨᠠᠷᠢᠨ ᠵᠤᠶᠢᠯᠡᠰ ᠠᠴᠠ ᠡᠬᠢᠯᠡᠨ ᠬᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠨᠢ ᠪᠠᠭᠰᠢ ᠠᠵᠢᠯᠲᠠᠨ ᠤ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠬᠦ ᠣᠪᠣᠷ ᠢ ᠢᠯᠡᠷᠡᠭᠦᠯᠵᠡᠶ᠃      ᠲᠦᠷᠦᠭᠦᠬᠡᠨ᠂ ᠪᠥᠬᠦ ᠰᠢᠶᠠᠨ ᠤ 30 ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ ᠴᠡᠴᠡᠷᠯᠢᠭ ᠪᠦᠬᠦᠨ ᠢᠶᠠᠷ ᠢᠶᠠᠨ ᠰᠤᠷᠤᠯᠭ᠎ᠠ ᠪᠠᠨ ᠰᠡᠷᠭᠦᠭᠡᠬᠦ ᠶᠢ ᠪᠡᠶᠡᠯᠡᠭᠦᠯᠪᠡ᠃ ᠰᠤᠷᠤᠯᠭ᠎ᠠ ᠪᠠᠨ ᠰᠡᠷᠭᠦᠭᠡᠬᠦ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠲᠥᠯᠥᠭᠡ᠂ ᠪᠦᠬᠦ ᠰᠢᠶᠠᠨ ᠤ ᠡᠯ᠎ᠡ ᠰᠤᠷᠭᠠᠭᠤᠯᠢ ᠴᠥᠮ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠬᠢᠵᠢᠭ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠡᠶ᠃ ᠬᠢᠵᠢᠭ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠪᠠ ᠲᠠᠷᠬᠠᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠪᠣᠢ ᠪᠦᠬᠦᠢ ᠬᠢᠴᠢᠶᠡᠯ ᠤᠨ ᠭᠡᠷ᠂ ᠠᠷᠢᠭᠤᠨ ᠴᠡᠪᠡᠷ ᠤᠨ ᠲᠠᠰᠤᠭ᠂ ᠣᠯᠠᠨ ᠨᠡᠶᠢᠲᠡ ᠶᠢᠨ ᠠᠰᠠᠷ ᠤᠨ ᠵᠠᠮ᠂ ᠬᠡᠷᠡᠰᠬᠡ ᠵᠡᠷᠭᠡ ᠲᠠᠯᠠᠪᠤᠷ ᠭᠠᠵᠠᠷ ᠪᠣᠯᠤᠨ ᠪᠡᠯᠡᠳᠬᠡᠮᠵᠢ ᠶᠢ ᠥᠨᠴᠥᠭ ᠪᠤᠯᠤᠩ ᠦᠭᠡᠢ ᠪᠠᠷ ᠠᠷᠢᠭᠤᠳᠬᠠᠵᠤ᠂ ᠰᠤᠷᠭᠠᠭᠤᠯᠢ  ᠶᠢᠨ ᠳᠣᠲᠣᠷᠠᠬᠢ ᠪᠢᠲᠡᠭᠦᠤ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠮᠢ ᠨᠠᠰᠤᠨ ᠤ ᠠᠮᠤᠷ ᠲᠦᠪᠰᠢᠨ ᠢ ᠦᠨᠡᠨᠬᠦ  ᠪᠠᠳᠤᠯᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠡᠮᠬᠢ ᠳᠢᠭᠯᠢᠮ ᠢ ᠪᠥᠬᠦ  ᠬᠦᠴᠦᠨ ᠢᠶᠠᠷ ᠢᠶᠠᠨ ᠰᠠᠶᠢᠳᠤᠷ ᠪᠠᠲᠤᠯᠠᠬᠤ ᠬᠡᠷᠡᠭᠲᠡᠶ᠃                           ᠰᠤᠷᠪᠤᠯᠵᠢᠯᠠᠭᠴᠢ᠄ ᠵᠧᠤ  ᠸᠧᠨ  ᠵᠢᠤᠸᠠᠨ     ᠸᠠᠩ ᠪᠢᠨ                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2