| 5 ᠳ᠋ᠤᠭᠠᠷ ᠰᠠᠷ᠎ᠠ ᠶᠢᠨ 28 ᠤ ᠡᠳᠦᠷ᠂ 2020 ᠣᠨ ᠤ ᠪᠦᠬᠦ ᠤᠯᠤᠰ ᠤᠨ ︽ᠬᠤᠶᠠᠷ ᠬᠤᠷᠠᠯ︾ | ᠠᠮᠵᠢᠯᠲᠠᠲᠠᠢ ᠲᠡᠭᠦᠰᠦᠯ᠎ᠡ᠃ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠳᠤ ᠬᠤᠷᠠᠯᠳᠤᠭᠰᠠᠨ ᠡᠨᠡ | ᠤᠳᠠᠭᠠᠨ ᠤ ᠣᠨᠴᠠᠭᠠᠢ ︽ᠬᠤᠶᠠᠷ ᠬᠤᠷᠠᠯ︾ ᠪᠢᠳᠠᠨ ᠳᠤ ᠶᠠᠮᠠᠷ ᠭᠦᠨᠵᠡᠭᠡᠢ ᠰᠠᠭᠤᠭᠳᠠᠯ ᠦᠯᠡᠳᠡᠭᠡᠭᠰᠡᠨ ᠪᠣᠯ︖ | 1. ᠪᠦᠬᠦ ᠤᠯᠤᠰ ᠤᠨ ︽ᠬᠤᠶᠠᠷ ᠬᠤᠷᠠᠯ︾ 1998 ᠣᠨ ᠠᠴᠠ ᠨᠠᠭᠠᠰᠢ 3 ᠳ᠋ᠤᠭᠠᠷ ᠰᠠᠷ᠎ᠠ ᠶᠢᠨ 3 ᠤ | ᠡᠳᠦᠷ ᠡᠬᠢᠯᠡᠳᠡᠭ ᠵᠤᠷᠰᠢᠯ ᠢᠶᠠᠨ ᠠᠩᠬ᠎ᠠ ᠤᠳᠠᠭ᠎ᠠ ᠡᠪᠳᠡᠵᠡᠢ᠃ | 2. ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ | ᠬᠤᠷᠠᠯ ᠢ ᠠᠩᠬ᠎ᠠ ᠤᠳᠠᠭ᠎ᠠ ᠣᠷᠣᠢ ᠬᠢᠪᠡ᠃ | 3. ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠨᠢ ᠲᠤᠰ ᠲᠤᠰ ᠬᠤᠶᠠᠷ ᠤᠳᠠᠭ᠎ᠠ ᠨᠠᠮᠠᠨᠴᠢᠯᠠᠨ | ᠭᠠᠰᠢᠭᠤᠳᠠᠬᠤ ᠶᠣᠰᠣᠯᠠᠯ ᠶᠠᠪᠤᠭᠤᠯᠵᠤ᠂ ᠬᠢᠵᠢᠭ ᠤᠨ ᠤᠯᠠᠮ ᠢᠶᠠᠷ ᠦᠷᠡᠭᠳᠡᠭᠰᠡᠨ ᠪᠠᠭᠠᠲᠤᠷᠴᠤᠳ ᠪᠣᠯᠣᠨ ᠠᠳᠡᠭᠰᠡᠨ | ᠠᠬ᠎ᠠ ᠳᠡᠭᠦᠦ ᠨᠠᠷ ᠢᠶᠠᠨ ᠭᠠᠰᠢᠭᠤᠳᠠᠪᠠ᠃ | 4. ᠰᠣᠨᠢᠨ ᠮᠡᠳᠡᠭᠡ ᠨᠡᠶᠢᠲᠡᠯᠡᠬᠦ ᠬᠤᠷᠠᠯ ᠪᠣᠯᠣᠨ ᠡᠯ᠎ᠡ ᠵᠦᠢᠯ ᠤᠨ ᠰᠤᠷᠪᠤᠯᠵᠢᠯᠠᠬᠤ ᠠᠵᠢᠯᠯᠠᠭ᠎ᠠ ᠶᠢ ᠪᠦᠷ | ᠰᠦᠯᠵᠢᠶᠡᠨ ᠤ ᠬᠡᠯᠪᠡᠷᠢ ᠪᠠᠷ ᠲᠣᠬᠢᠷᠠᠭᠤᠯᠪᠠ᠃ | 5. ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠠᠮᠤᠭ ᠤᠨ ᠴᠥᠭᠡᠨ ᠤᠳᠠᠭ᠎ᠠ᠂ ᠬᠠᠮᠤᠭ ᠤᠨ ᠪᠠᠭ᠎ᠠ ᠬᠡᠪᠴᠢᠶ᠎ᠡ ᠪᠠᠷ | ᠬᠢᠪᠡ᠃ | 6. 5G ᠵᠡᠷᠭᠡ ᠰᠢᠨ᠎ᠡ ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠨᠡᠩ ᠠᠮᠤᠷ ᠲᠦᠪᠰᠢᠨ ᠨᠡᠩ ᠦᠷ᠎ᠡ | ᠪᠦᠲᠦᠮᠵᠢᠲᠡᠢ ᠪᠣᠯᠪᠠ᠃ | 7. ᠡᠷᠡᠭᠦᠯ ᠮᠡᠨᠳᠦ ᠶᠢᠨ ᠪᠣᠭᠴᠣ ᠪᠣᠯᠣᠨ ᠠᠷᠢᠭᠤᠳᠬᠠᠬᠤ ᠮᠠᠰᠢᠨ ᠬᠥᠮᠥᠨ ᠵᠡᠷᠭᠡ ᠶᠢ ᠬᠡᠷᠡᠭᠯᠡᠪᠡ᠃ | 8. ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠬᠤᠶᠠᠳᠤᠭᠠᠷ ᠤᠳᠠᠭᠠᠨ ᠤ ᠶᠠᠷᠢᠶ᠎ᠠ ᠨᠡᠶᠢᠲᠡᠯᠡᠬᠦ ᠠᠵᠢᠯ ᠢ ᠲᠡᠦᠬᠡᠨ ᠳᠤ | ᠠᠩᠬ᠎ᠠ ᠤᠳᠠᠭ᠎ᠠ ᠸᠢᠳᠢᠤ᠋ ᠪᠠᠷ ᠬᠢᠪᠡ᠃ | 9. ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠥᠪᠬᠡᠨ ᠲᠦᠮᠡ ᠭᠠᠷᠤᠢ ᠦᠰᠦᠭ ᠲᠠᠢ | ᠪᠠᠶᠢᠵᠤ᠂ ᠥᠩᠭᠡᠷᠡᠭᠰᠡᠨ ᠵᠢᠯ ᠤᠨ ᠬᠢ ᠠᠴᠠ ᠨᠡᠯᠢᠶᠡᠳ ᠪᠠᠭ᠎ᠠ ᠪᠣᠯᠪᠠ᠃ | 10. ︽ᠠᠷᠠᠳ ᠲᠦᠮᠡᠨ ᠢ ᠡᠷᠬᠢᠮᠯᠡᠨ ᠳᠡᠭᠡᠳᠦᠯᠡᠬᠦ︾ ᠭᠡᠰᠡᠨ ᠦᠭᠡ ᠥᠷᠭᠡᠨ ᠢᠶᠠᠷ ᠶᠠᠷᠢᠭᠳᠠᠯᠠ᠃ | 11. ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠦᠬᠦ ᠤᠯᠤᠰ ᠤᠨ GDP ᠶᠢᠨ ᠨᠡᠮᠡᠭᠳᠡᠯ ᠤᠨ | ᠪᠣᠳᠠᠲᠠᠢ ᠬᠠᠷᠠᠯᠲᠠ ᠶᠢ ᠲᠣᠭᠲᠠᠭᠠᠭᠰᠠᠨ ᠦᠭᠡᠢ᠃ | 12. ︽ᠵᠢᠷᠭᠤᠭᠠᠨ ᠲᠠᠯ᠎ᠠ ᠶᠢ ᠪᠠᠲᠤᠯᠠᠬᠤ᠂ ᠵᠢᠷᠭᠤᠭᠠᠨ ᠲᠠᠯ᠎ᠠ ᠶᠢ ᠲᠣᠭᠲᠠᠪᠤᠷᠢᠵᠢᠭᠤᠯᠬᠤ︾ ᠨᠢ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠵᠠᠩᠭᠢᠯᠠᠭ᠎ᠠ ᠶᠢᠨ ᠦᠭᠡ ᠪᠣᠯᠪᠠ᠃ | 13. ᠪᠠᠶᠢᠩᠭᠤ ᠶᠢᠨ ᠴᠢᠨᠠᠷᠲᠠᠢ ᠬᠢᠵᠢᠭ ᠢ ᠰᠡᠷᠭᠡᠶᠢᠯᠡᠨ ᠳᠠᠷᠤᠬᠤ ᠠᠵᠢᠯ ᠨᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠳᠥᠷᠪᠡ ᠤᠳᠠᠭ᠎ᠠ ᠳᠤᠷᠠᠳᠤᠭᠳᠠᠪᠠ᠃ | 14. ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠣᠯᠭᠤᠯᠲᠠ ᠶᠢᠨ ᠲᠤᠬᠠᠢ 39 ᠤᠳᠠᠭ᠎ᠠ | ᠳᠤᠷᠠᠳᠪᠠ᠃ | 15. ᠡᠨᠡ ᠵᠢᠯ 2 ᠲᠦᠮᠡ 5000 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ | ᠬᠡᠯᠲᠦᠷᠢᠭᠦᠯᠦᠨ᠎ᠡ᠃ | 16. ᠬᠢᠵᠢᠭ ᠲᠠᠢ ᠲᠡᠮᠡᠴᠡᠬᠦ ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠣᠨᠴᠠᠭᠠᠢ ᠵᠢᠭᠡᠯᠡᠯᠭᠡ | ᠲᠠᠷᠬᠠᠭᠠᠨ᠎ᠠ᠃ | 17. ᠲᠥᠪ ᠤᠨ ᠡᠳ᠋ ᠤᠨ ᠵᠠᠰᠠᠭ ᠤᠨ ᠵᠠᠷᠤᠯᠭ᠎ᠠ ᠶᠢ ᠪᠠᠭᠤᠷᠠᠭᠤᠯᠵᠤ᠂ ᠪᠠᠴᠢᠮ ᠬᠡᠷᠡᠭᠴᠡᠭᠡᠲᠡᠢ ᠪᠤᠰᠤ | ᠵᠠᠷᠤᠯᠭ᠎ᠠ ᠶᠢ ᠵᠠᠭᠤᠨ ᠤ 50 ᠢᠯᠡᠭᠦᠦ ᠪᠠᠷ ᠪᠠᠭᠤᠷᠠᠭᠤᠯᠤᠨ᠎ᠠ᠃ | 18. ᠬᠤᠪᠧᠢ ᠶᠢᠨ ᠬᠥᠭᠵᠢᠯᠲᠡ ᠶᠢ ᠲᠡᠳᠬᠦᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ 19. ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠵᠠᠰᠠᠭ ᠤᠨ ᠣᠷᠳᠣᠨ ᠠᠴᠠ | ᠣᠯᠭᠤᠬᠤ ᠨᠥᠬᠦᠪᠦᠷᠢ ᠶᠢᠨ ᠪᠠᠷᠢᠮᠵᠢᠶ᠎ᠠ ᠶᠢ ᠳᠤᠮᠳᠠᠴᠢ ᠪᠠᠷ 30 ᠲᠥᠭᠦᠷᠢᠭ ᠨᠡᠮᠡᠭᠳᠡᠭᠦᠯᠦᠨ᠎ᠡ᠃ | 20. ᠥᠨᠥ ᠵᠢᠯ ᠪᠣᠯᠣᠨ ᠢᠷᠡᠬᠦ ᠵᠢᠯ ᠳᠠᠪᠬᠤᠷᠳᠠᠭᠰᠠᠨ ᠲᠤᠭ᠎ᠠ ᠪᠠᠷ ᠨᠡᠶᠢᠲᠡ 3500 ᠲᠦᠮᠡ᠊ ᠨ | ᠬᠥᠮᠥᠨ ᠳᠤ ᠲᠤᠬᠠᠶᠢᠯᠠᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠨ᠎ᠡ᠃ | 21. ᠭᠠᠢ ᠭᠠᠮᠰᠢᠭ ᠡᠪᠡᠳᠴᠢᠨ ᠵᠣᠪᠠᠯᠠᠩ ᠠᠴᠠ ᠪᠣᠯᠵᠤ ᠲᠦᠷ ᠴᠠᠭ ᠬᠦᠴᠢᠷᠳᠡᠯ ᠳᠤ ᠤᠴᠠᠷᠠᠭᠰᠠᠨ | ᠬᠥᠮᠥᠰ ᠢ ᠪᠦᠷ ᠲᠡᠳᠬᠦᠨ ᠳᠡᠮᠵᠢᠨ᠎ᠡ᠃ | 22. ᠡᠨᠡ ᠵᠢᠯ ᠣᠷᠣᠯᠭ᠎ᠠ ᠪᠠᠭ᠎ᠠ ᠲᠠᠢ ᠬᠥᠮᠥᠰ ᠤᠨ ᠨᠡᠶᠢᠭᠡᠮ ᠤᠨ ᠳᠠᠭᠠᠳᠬᠠᠯ ᠲᠤᠰᠢᠶᠠᠬᠤ ᠬᠤᠭᠤᠴᠠᠭ᠎ᠠ ᠶᠢ | ᠵᠣᠬᠢᠬᠤ ᠬᠡᠮᠵᠢᠶ᠎ᠡ ᠪᠠᠷ ᠬᠤᠶᠢᠰᠢᠯᠠᠭᠤᠯᠤᠨ᠎ᠠ᠃ | 23. ᠬᠤᠲᠠ ᠪᠠᠯᠭᠠᠰᠤᠨ ᠤ 3 ᠲᠦᠮᠡ 9000 ᠬᠠᠭᠤᠴᠢᠨ ᠰᠠᠭᠤᠭᠠᠯᠢ ᠲᠣᠭᠤᠷᠢᠭ ᠢ 2020 ᠣᠨ ᠠᠴᠠ | ᠥᠭᠡᠷᠡᠴᠢᠯᠡᠨ ᠵᠠᠰᠠᠨ᠎ᠠ᠃ | 24. ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠯᠠᠰᠢᠨ ᠤ ᠭᠠᠭ᠋ᠠᠢ ᠶᠢᠨ ᠦᠢᠯᠡᠳᠪᠦᠷᠢᠯᠡᠯ ᠢ | ᠰᠡᠷᠭᠦᠭᠡᠨ᠎ᠡ ᠭᠡᠵᠦ ᠴᠢᠬᠤᠯᠠᠴᠢᠯᠠᠪᠠ᠃ | 25. ᠣᠳᠣ ᠦᠯᠡᠳᠡᠵᠦ ᠪᠠᠶᠢᠭ᠎ᠠ ᠶᠠᠳᠠᠭᠤ ᠬᠦᠴᠢᠷᠲᠡᠢ ᠬᠥᠮᠥᠰ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠬᠤ ᠶᠢ ᠪᠠᠲᠤᠯᠠᠨ᠎ᠠ᠃ | 26. ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠳᠤ ᠰᠦᠨ ᠰᠢᠶᠤᠤ ᠬᠦᠸᠧ | ᠪᠣᠯᠣᠨ ᠳ᠋ᠦ᠋ ᠱᠤᠤ ᠫᠢᠩ ᠤᠨ ᠬᠡᠷᠡᠭ ᠢ ᠨᠡᠷ᠎ᠡ ᠳᠤᠷᠠᠳᠪᠠ᠃ | 27. ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠳᠤ ︽ᠬᠡᠨ ᠢᠯᠡᠭᠦᠦ | ᠠᠭᠠᠰᠢᠯᠠᠪᠠᠯ ᠬᠡᠨ ᠢᠯᠡᠭᠦᠦ ᠶᠣᠰᠣ ᠲᠠᠢ︾᠂ ︽ᠬᠡᠨ ᠰᠢᠷᠬᠠᠲᠤᠪᠠᠯ ᠬᠡᠨ ᠶᠣᠰᠣ ᠲᠠᠢ︾ ᠭᠡᠰᠡᠨ ᠠᠵᠢᠯᠯᠠᠭ᠎ᠠ ᠶᠢ | ᠡᠷᠡᠰ ᠬᠤᠷᠢᠭᠯᠠᠬᠤ ᠬᠡᠷᠡᠭᠲᠡᠢ ᠭᠡᠵᠦ ᠳᠤᠷᠠᠳᠪᠠ᠃ | 28. ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠩᠬ᠎ᠠ ᠤᠳᠠᠭ᠎ᠠ ᠠᠵᠢᠯ ᠤᠨ ᠮᠡᠳᠡᠭᠦᠯᠦᠯᠲᠡ ᠪᠠᠨ | ᠸᠢᠳᠢᠤ᠋ ᠪᠠᠷ ᠨᠡᠶᠢᠲᠡᠯᠡᠪᠡ᠃ | 29. ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠳᠤ ᠠᠩᠬ᠎ᠠ ᠤᠳᠠᠭ᠎ᠠ 20 | ᠵᠢᠯ ᠤᠨ ᠲᠤᠷᠰᠢᠬᠢ ᠡᠷᠡᠭᠦᠦ ᠶᠢᠨ ᠬᠡᠷᠡᠭ ᠤᠨ ᠬᠤᠪᠢᠷᠠᠯᠲᠠ ᠶᠢᠨ ᠪᠠᠶᠢᠳᠠᠯ ᠢ ᠵᠠᠳᠠᠯᠤᠨ ᠰᠢᠨᠵᠢᠪᠡ᠃ | 30. ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠳᠤ ᠬᠢᠵᠢᠭ ᠤᠨ | ᠪᠠᠶᠢᠳᠠᠯ ᠲᠠᠢ ᠬᠤᠯᠪᠣᠭᠳᠠᠭᠰᠠᠨ 3700 ᠶᠠᠯᠠᠲᠤ ᠡᠲᠡᠭᠡᠳ ᠢ ᠪᠠᠷᠢᠪᠴᠢᠯᠠᠭᠰᠠᠨ ᠢᠶᠠᠨ ᠵᠠᠳᠠᠷᠠᠭᠤᠯᠪᠠ᠃ | 31. ᠳᠤᠮᠳᠠᠳᠤ ᠤᠯᠤᠰ ᠪᠤᠰᠤᠳ ᠤᠯᠤᠰ ᠢ ᠵᠣᠷᠢᠭᠤᠳᠠ ᠳᠠᠷᠤᠩᠭᠤᠶᠢᠯᠠᠬᠤ ᠦᠭᠡᠢ᠂ ᠭᠡᠪᠡᠴᠦ ᠳᠤᠮᠳᠠᠳᠤ | ᠤᠯᠤᠰ ᠲᠤ ᠵᠠᠷᠴᠢᠮ ᠲᠠᠢ ᠪᠥᠭᠡᠳ ᠳᠣᠲᠣᠷ ᠲᠠᠮᠢᠷ ᠲᠠᠢ ᠭᠡᠵᠦ ᠮᠠᠨ ᠤ ᠤᠯᠤᠰ ᠤᠨ ᠭᠠᠳᠠᠭᠠᠳᠤ ᠶᠠᠪᠤᠳᠠᠯ ᠤᠨ | ᠶᠠᠮᠤᠨ ᠤ ᠰᠠᠶᠢᠳ ᠬᠡᠯᠡᠪᠡ᠃ | 32. ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠬᠤ ᠬᠠᠨᠳᠤᠰᠢ ᠬᠤᠪᠢᠷᠠᠭ᠎ᠠ ᠦᠭᠡᠢ ᠭᠡᠵᠦ | ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠤᠨ ᠡᠷᠬᠢᠯᠡᠭᠴᠢ ᠬᠡᠯᠡᠪᠡ᠃ | 33. ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ ᠪᠠᠶᠢᠭᠤᠯᠬᠤ ᠵᠢᠯ ᠳᠤ ᠮᠢᠬ᠎ᠠ ᠲᠣᠰᠣᠨ ᠤ | ᠬᠠᠩᠭᠠᠯᠭ᠎ᠠ ᠶᠢ ᠯᠠᠪᠲᠠᠢ ᠪᠠᠲᠤᠯᠠᠨ᠎ᠠ ᠭᠡᠵᠦ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠠᠶᠢᠳ | ᠬᠡᠯᠡᠪᠡ᠃ | 34. 5G ᠶᠢᠨ ᠬᠡᠷᠡᠭᠯᠡᠭᠴᠢ 3600 ᠲᠦᠮᠡ ᠪᠣᠯᠣᠯ᠎ᠠ ᠭᠡᠵᠦ ᠠᠵᠤ ᠦᠢᠯᠡᠳᠪᠦᠷᠢ ᠪᠣᠯᠣᠨ ᠴᠢᠮᠡᠭᠡ | ᠵᠠᠩᠭᠢᠵᠢᠯᠳᠠ ᠶᠢᠨ ᠶᠠᠮᠤᠨ ᠤ ᠰᠠᠶᠢᠳ ᠬᠡᠯᠡᠪᠡ᠃ | 35. ᠡᠨᠡ ᠵᠢᠯ ᠠᠮᠢ ᠠᠬᠤᠢ ᠪᠠᠶᠢᠭᠠᠯᠢ ᠣᠷᠴᠢᠨ ᠢ ᠬᠠᠮᠠᠭᠠᠯᠠᠬᠤ ᠠᠵᠢᠯ ᠢ ᠱᠠᠭᠠᠷᠳᠠᠨ ᠪᠠᠶᠢᠴᠠᠭᠠᠬᠤ | ᠬᠤᠶᠠᠳᠤᠭᠠᠷ ᠡᠭᠡᠯᠵᠢᠨ ᠤ ᠬᠤᠶᠠᠳᠤᠭᠠᠷ ᠪᠦᠯᠦᠭ ᠤᠨ ᠠᠵᠢᠯᠯᠠᠬᠤ ᠳᠤᠭᠤᠶᠢᠯᠠᠩ ᠢ ᠲᠣᠮᠢᠯᠠᠨ᠎ᠠ ᠭᠡᠵᠦ ᠠᠮᠢ ᠠᠬᠤᠢ | ᠪᠠᠶᠢᠭᠠᠯᠢ ᠣᠷᠴᠢᠨ ᠢ ᠬᠠᠮᠠᠭᠠᠯᠠᠬᠤ ᠶᠠᠮᠤᠨ ᠤ ᠰᠠᠶᠢᠳ ᠵᠠᠳᠠᠷᠠᠭᠤᠯᠪᠠ᠃ | 36. ᠬᠢᠵᠢᠭ ᠲᠠᠢ ᠲᠡᠮᠡᠴᠡᠭᠰᠡᠨ ᠥᠩᠭᠡᠷᠡᠯᠲᠡ ᠪᠠᠨ ᠶᠠᠷᠢᠬᠤ ᠦᠶ᠎ᠡ 72 ᠨᠠᠰᠤᠲᠠᠢ ᠠᠺᠠᠳᠧᠮᠢᠴᠢ ᠵᠠᠩ ᠪᠦᠸᠧ | ᠯᠢ ᠨᠢᠯᠪᠤᠰᠤ ᠠᠰᠬᠠᠷᠠᠭᠤᠯᠪᠠ᠃ | 37. ︽ᠬᠥᠮᠥᠨ ᠰᠠᠷᠢᠭᠠᠯᠠᠭᠴᠢ ᠳᠤ ᠣᠨᠣᠭᠠᠬᠤ ᠶᠠᠯ᠎ᠠ ᠶᠢ ᠨᠡᠮᠡᠭᠳᠡᠭᠦᠯᠬᠦ ᠬᠡᠷᠡᠭᠲᠡᠢ︾ ᠭᠡᠰᠡᠨ ᠰᠠᠨᠠᠯ ᠣᠯᠠᠨ ᠤ | ᠠᠩᠬᠠᠷᠤᠯ ᠢ ᠲᠠᠲᠠᠪᠠ᠃ | 38. ᠰᠢᠶᠠᠩᠭᠠᠩ ᠲᠠᠢ ᠬᠤᠯᠪᠣᠭᠳᠠᠭᠰᠠᠨ ᠤᠯᠤᠰ ᠤᠨ ᠠᠮᠤᠷ ᠢ ᠬᠠᠮᠠᠭᠠᠯᠠᠬᠤ ᠬᠠᠤᠯᠢ ᠶᠢ ᠪᠠᠲᠤᠯᠠᠪᠠ᠃ | 39. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠦᠷᠢᠨ ᠪᠣᠳᠢ︾ | ᠶᠢ ᠪᠠᠲᠤᠯᠠᠵᠤ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠠᠶᠢᠨ᠎ᠠ | ᠃ | 40. ᠢᠷᠭᠡᠨ ᠤ ᠬᠠᠤᠯᠢ ᠶᠢᠨ ᠪᠦᠷᠢᠨ ᠪᠣᠳᠢ ᠳᠤ ᠬᠥᠮᠥᠨ ᠴᠢᠨᠠᠷ ᠤᠨ ᠲᠤᠬᠠᠢ ᠲᠤᠰᠬᠠᠢ ᠵᠤᠷᠪᠤᠰ | ᠲᠣᠭᠲᠠᠭᠠᠵᠤ᠂ ᠬᠥᠮᠥᠨ ᠠᠷᠠᠳ ᠢᠶᠠᠷ ᠦᠨᠳᠦᠰᠦ ᠰᠠᠭᠤᠷᠢ ᠪᠣᠯᠭᠠᠵᠤ ᠪᠠᠶᠢᠬᠤ ᠶᠢ ᠬᠠᠷᠠᠭᠤᠯᠪᠠ᠃ | 41. ︽ᠣᠷᠤᠭ ᠰᠠᠯᠬᠤ ᠠᠴᠠ ᠡᠮᠦᠨ᠎ᠡ ᠲᠠᠶᠢᠪᠤᠭᠤ ᠪᠣᠳᠣᠯᠬᠢᠯᠠᠬᠤ ᠬᠤᠭᠤᠴᠠᠭ᠎ᠠ ᠭᠠᠷᠭᠠᠬᠤ︾ ᠶᠠᠪᠤᠳᠠᠯ ᠢ | ᠢᠷᠭᠡᠨ ᠤ ᠬᠠᠤᠯᠢ ᠶᠢᠨ ᠪᠦᠷᠢᠨ ᠪᠣᠳᠢ ᠳᠤ ᠣᠷᠣᠭᠤᠯᠪᠠ᠃ | 42. ᠣᠷᠣᠨ ᠰᠠᠭᠤᠴᠠ ᠶᠢᠨ ᠬᠡᠷᠡᠭᠯᠡᠭᠡᠨ ᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠦᠷᠭᠦᠯᠵᠢᠯᠡᠨ | ᠤᠷᠲᠤᠳᠬᠠᠬᠤ ᠪᠠᠷ ᠲᠣᠭᠲᠠᠪᠠ᠃ | 43. ᠢᠷᠭᠡᠨ ᠤ ᠬᠠᠤᠯᠢ ᠶᠢᠨ ᠪᠦᠷᠢᠨ ᠪᠣᠳᠢ ᠳᠤ ︽ᠦᠰᠦᠭ ᠪᠢᠴᠢᠭ᠂ ᠵᠢᠷᠤᠭ ᠰᠡᠭᠦᠳᠡᠷ︾ ᠢ ᠪᠡᠯᠭᠡ ᠶᠢᠨ | ᠬᠠᠯᠳᠠᠯᠭ᠎ᠠ ᠬᠢᠭᠰᠡᠨ ᠢᠶᠠᠷ ᠨᠤᠲᠠᠯᠠᠨ ᠲᠣᠭᠲᠠᠭᠠᠬᠤ ᠬᠡᠪᠴᠢᠶᠡᠨ ᠳᠤ ᠣᠷᠣᠭᠤᠯᠪᠠ᠃ | 44. ᠢᠷᠭᠡᠨ ᠤ ᠬᠠᠤᠯᠢ ᠶᠢᠨ ᠪᠦᠷᠢᠨ ᠪᠣᠳᠢ ᠳᠤ ᠠᠰᠠᠷ ᠠᠴᠠ ᠶᠠᠭᠤᠮ᠎ᠠ ᠬᠠᠶᠠᠬᠤ ᠠᠵᠢᠯᠯᠠᠭ᠎ᠠ ᠠᠴᠠ | ᠬᠠᠷᠢᠭᠤᠴᠠᠯᠭ᠎ᠠ ᠨᠡᠬᠡᠮᠵᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ | 45. ᠢᠷᠭᠡᠨ ᠤ ᠬᠠᠤᠯᠢ ᠶᠢᠨ ᠪᠦᠷᠢᠨ ᠪᠣᠳᠢ ᠳᠤ ᠭᠡᠷ ᠬᠥᠷᠥᠩᠭᠡ ᠶᠢᠨ ᠦᠢᠯᠡᠴᠢᠯᠡᠭᠡᠨ ᠤ ᠠᠵᠢᠯᠲᠠᠳ ᠤᠰᠤ | ᠴᠠᠬᠢᠯᠭᠠᠨ ᠢ ᠨᠢ ᠲᠠᠰᠤᠯᠬᠤ ᠵᠡᠷᠭᠡ ᠠᠷᠭ᠎ᠠ ᠪᠠᠷ ᠭᠡᠷ ᠬᠥᠷᠥᠩᠭᠡ ᠶᠢᠨ ᠦᠢᠯᠡᠴᠢᠯᠡᠭᠡᠨ ᠤ ᠵᠠᠷᠤᠳᠠᠯ ᠲᠤᠰᠢᠶᠠᠬᠤ ᠶᠢ | ᠠᠯᠪᠠᠳᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ | 46. ᠲᠥᠪ ᠠᠴᠠ ᠰᠢᠯᠵᠢᠭᠦᠯᠦᠨ ᠲᠤᠰᠢᠶᠠᠬᠤ ᠪᠡᠯᠡ ᠮᠥᠩᠭᠦ ᠶᠢ ᠲᠤᠬᠠᠢ ᠶᠢᠨ ᠬᠥᠮᠥᠨ ᠤ ᠨᠡᠷ᠎ᠡ ᠪᠠᠷ | ᠪᠠᠶᠢᠭᠤᠯᠤᠭᠰᠠᠨ ᠳᠠᠩᠰᠠᠨ ᠳᠤ ᠣᠷᠣᠭᠤᠯᠬᠤ ᠳᠦᠷᠢᠮ ᠢ ᠲᠣᠭᠲᠠᠭᠠᠪᠠ᠃ | 47. ᠠᠵᠢᠯ ᠬᠥᠳᠡᠯᠮᠦᠷᠢ ᠬᠢᠵᠦ᠂ ᠡᠳ᠋ ᠪᠠᠶᠠᠯᠢᠭ ᠡᠭᠦᠳᠬᠦ ᠶᠢᠨ ᠴᠢᠬᠤᠯᠠ ᠴᠢᠨᠠᠷ ᠢ ᠴᠢᠬᠤᠯᠠᠴᠢᠯᠠᠪᠠ᠃ | 48. ᠨᠡᠶᠢᠭᠡᠮ ᠤᠨ ᠳᠠᠭᠠᠳᠬᠠᠯ ᠤᠨ ᠬᠠᠳᠠᠭᠠᠯᠠᠮᠵᠢ ᠨᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠵᠤ ᠳᠡᠶᠢᠯᠦᠨ᠎ᠡ᠃ | 49. ᠡᠨᠡ ᠵᠢᠯ ᠲᠡᠭᠦᠰᠬᠦ 847 ᠲᠦᠮᠡᠨ ᠣᠶᠤᠲᠠᠨ ᠤ ᠠᠵᠢᠯ ᠣᠯᠭᠤᠯᠲᠠ ᠶᠢ ᠴᠢᠬᠤᠯᠠ ᠪᠠᠶᠢᠷᠢᠨ ᠳᠤ | ᠲᠠᠯᠪᠢᠨ᠎ᠠ᠃ | 50. ᠡᠯ᠎ᠡ ᠱᠠᠲᠤᠨ ᠤ ᠵᠠᠰᠠᠭ ᠤᠨ ᠣᠷᠳᠣᠨ ᠲᠦᠭ ᠲᠦᠮᠡᠨ ᠠᠶᠢᠯ ᠡᠷᠦᠬᠡ ᠶᠢᠨ ᠬᠦᠴᠢᠷ ᠵᠣᠪᠠᠯᠠᠩ ᠢ | ᠰᠢᠢᠳᠪᠦᠷᠢᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠶᠡᠷᠦᠩᠬᠡᠢ ᠰᠠᠶᠢᠳ ᠱᠠᠭᠠᠷᠳᠠᠪᠠ᠃ | | |