— 2020 ᠤᠨ ᠤ 5 ᠰᠠᠷ᠎ᠠ ᠶᠢᠨ 22 ᠤᠨ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ | ᠲᠥᠯᠥᠭᠡᠯᠡᠭᠴᠢᠳ ᠡ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠬᠢᠶ᠎ᠡ᠃ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠ ᠤᠤ᠃ | ᠡᠨᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠠᠴᠠ ᠨᠠᠭᠠᠰᠢ ᠮᠠᠨ ᠤ ᠤᠯᠤᠰ ᠲᠤ ᠲᠣᠬᠢᠶᠠᠯᠳᠤᠭᠰᠠᠨ ᠲᠡᠯᠬᠡᠷᠡᠭᠰᠡᠨ ᠬᠤᠷᠳᠤᠴᠠ | ᠬᠠᠮᠤᠭ ᠤᠨ ᠲᠦᠷᠭᠡᠨ᠂ ᠬᠠᠯᠳᠠᠪᠤᠷᠢᠯᠠᠭᠰᠠᠨ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠬᠢᠵᠠᠭᠠᠷᠯᠠᠬᠤ | ᠬᠦᠴᠢᠷᠳᠡᠯ ᠬᠠᠮᠤᠭ ᠤᠨ ᠶᠡᠭᠡ ᠬᠦᠨᠳᠦ ᠴᠢᠬᠤᠯᠠ ᠭᠡᠨᠡᠳᠳᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠤᠯᠤᠰ ᠳᠠᠶᠠᠭᠠᠷ ᠪᠠ ᠥᠷᠭᠡᠨ ᠣᠯᠠᠨ ᠠᠷᠠᠳ ᠲᠦᠮᠡᠨ ᠤ | ᠲᠦᠢᠯ ᠤᠨ ᠬᠠᠲᠠᠭᠤᠵᠢᠯᠲᠠᠶ ᠴᠢᠷᠮᠠᠶᠢᠯᠭ᠎ᠠ ᠪᠠ ᠦᠷᠡᠭᠳᠡᠯ ᠰᠦᠢᠳᠦᠯ ᠢᠶᠠᠷ ᠲᠠᠮᠵᠢᠭᠠᠳ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠤᠭᠰᠠᠨ | ᠪᠠᠶᠢᠨ᠎ᠠ᠃ ᠣᠳᠣᠬᠠᠨ ᠳᠤ᠂ ᠬᠢᠵᠢᠭ ᠤᠨ ᠪᠠᠶᠢᠳᠠᠯ ᠬᠠᠷᠠᠬᠠᠨ ᠳᠠᠭᠤᠰᠤᠭᠠᠳᠤᠶ ᠪᠠᠶᠢᠵᠤ᠂ ᠬᠥᠭᠵᠢᠯᠲᠡ ᠶᠢᠨ ᠡᠭᠦᠷᠭᠡ | ᠲᠦᠢᠯ ᠤᠨ ᠬᠠᠲᠠᠭᠤ ᠪᠡᠷᠬᠡᠰᠢᠶᠡᠯᠳᠡᠢ ᠪᠠᠶᠢᠨ᠎ᠠ᠃ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ | ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ᠨᠢᠭᠡ᠂ 2019 ᠣᠨ ᠪᠠ ᠡᠨᠡ ᠵᠢᠯ ᠠᠴᠠ ᠨᠠᠭᠠᠰᠢᠬᠢ ᠠᠵᠢᠯ ᠤᠨ ᠡᠷᠭᠢᠴᠡᠭᠦᠯᠦᠯ | ᠨᠢᠳᠤᠨᠤᠨ᠂ ᠮᠠᠨ ᠤ ᠤᠯᠤᠰ ᠤᠨ ᠬᠥᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭᠠᠯᠳᠠ | ᠲᠤᠯᠭᠠᠷᠠᠪᠠ᠃ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠵᠤᠬᠰᠤᠩᠬᠢᠷᠠᠵᠤ᠂ ᠤᠯᠠᠨ ᠤᠯᠤᠰ ᠤᠨ ᠠᠵᠤ ᠠᠬᠤᠶ | ᠠᠷᠠᠯᠵᠢᠶᠠᠨ ᠤ ᠦᠷᠢᠰᠦᠯᠳᠦᠭᠡᠨ ᠰᠢᠷᠦᠭᠦᠰᠴᠦ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠪᠠᠶᠢᠳᠠᠯ ᠤᠨ | ᠪᠠᠭᠤᠷᠠᠬᠤ ᠳᠠᠷᠤᠯᠲᠠ ᠶᠡᠬᠡᠰᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠪᠦᠬᠦ ᠵᠢᠯ ᠤᠨ ᠭᠤᠤᠯ ᠭᠤᠤᠯ ᠬᠠᠷᠠᠯᠲᠠ ᠡᠭᠦᠷᠭᠡ ᠪᠠᠨ ᠪᠡᠶᠡᠯᠡᠭᠦᠯᠦᠬᠡᠳ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠬᠦ ᠳᠤ ᠰᠢᠢᠳᠪᠦᠷᠢᠯᠡᠭᠴᠢ ᠴᠢᠨᠠᠷᠲᠠᠶ ᠰᠠᠭᠤᠷᠢ ᠶᠢ | ᠲᠠᠯᠪᠢᠵᠤ ᠥᠭᠪᠡ᠃ | — ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠪᠠ᠃ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ 99.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ | 6.1% ᠪᠠᠷ ᠨᠡᠮᠡᠭᠳᠡᠪᠡ᠃ ᠬᠤᠳᠠ ᠪᠠᠯᠭᠠᠰᠤᠨ ᠳᠤ ᠠᠵᠢᠯ ᠤᠯᠤᠭᠰᠠᠨ ᠬᠦᠮᠦᠨ 1352 ᠲᠦᠮᠡ ᠰᠢᠨ᠎ᠡ ᠪᠠᠷ | ᠨᠡᠮᠡᠭᠳᠡᠵᠤ᠂ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ 5.3% ᠠᠴᠠ ᠳᠣᠷᠣᠭᠰᠢ ᠪᠣᠯᠪᠠ᠃ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ 2.9% ᠪᠠᠷ ᠥᠰᠪᠡ᠃ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ | ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠪᠠ᠃ | — ᠠᠵᠤ ᠠᠬᠤᠶ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 40 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠬᠡᠷᠡᠭᠯᠡᠭᠡ ᠭᠤᠤᠯ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠪᠠ᠃ | ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠨᠡᠮᠡᠭᠳᠡᠪᠡ᠃ | ᠠᠮᠤ ᠪᠤᠳᠠᠭᠠᠨ ᠤ ᠤᠨᠠᠯᠲᠠ 1.33 ᠲᠦᠮᠡᠨ ᠳ᠋ᠦᠩᠰᠢᠭᠤᠷ ᠵᠢᠩ ᠳᠤ ᠬᠦᠷᠪᠡ᠃ ᠪᠠᠶᠢᠩᠭᠤ ᠰᠠᠭᠤᠭ᠎ᠠ ᠬᠥᠮᠦᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠠᠩᠬ᠎ᠠ ᠤᠳᠠᠭ᠎ᠠ 60% ᠶᠢ ᠳᠠᠪᠠᠵᠤ᠂ ᠴᠢᠬᠤᠯᠠ ᠶᠡᠭᠡ ᠣᠷᠣᠨ | ᠪᠦᠰᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠪᠡ᠃ | — ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢᠭᠡ ᠪᠦᠯᠦᠭ ᠴᠢᠬᠤᠯᠠ ᠶᠡᠭᠡ ᠦᠷ᠎ᠡ ᠪᠦᠲᠦᠭᠡᠯ ᠤᠯᠪᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠦᠷᠭᠦᠯᠵᠢᠯᠡᠨ ᠪᠤᠵᠠᠭᠠᠶᠢᠷᠠᠵᠤ᠂ ᠤᠯᠠᠮᠵᠢᠯᠠᠯᠲᠤ ᠠᠵᠤ ᠦᠢᠯᠡᠰ ᠤᠨ ᠳᠡᠰ | ᠳᠡᠪᠰᠢᠬᠦ ᠶᠢ ᠲᠦᠷᠭᠡᠳᠭᠡᠪᠡ᠃ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ | ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ | ᠡᠳᠦᠷ ᠪᠦᠷᠢ ᠶᠢᠨ ᠴᠡᠪᠡᠷ ᠨᠡᠮᠡᠭᠳᠡᠯ 1 ᠲᠦᠮᠡᠨ ᠡᠷᠦᠬᠡ ᠠᠴᠠ ᠲᠡᠭᠡᠭᠰᠢ ᠪᠤᠯᠪᠠ᠃ | — ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ ᠢ ᠠᠯᠬᠤᠪᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠬᠤᠯᠠ ᠬᠦᠷᠢᠶᠡᠨ ᠳᠠᠬᠢ | ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ ᠪᠣᠯᠪᠠ᠃ 2.36 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠨᠢ ᠤᠤᠯ ᠤᠨ ᠲᠣᠭᠲᠠᠭᠠᠭᠰᠠᠨ 2 ᠲᠦᠮᠡᠨ ᠳ᠋ᠦᠩᠰᠢᠭᠤᠷ ᠰᠢᠬᠠᠮ | ᠲᠥᠭᠦᠷᠢᠭ ᠤᠨ ᠬᠡᠪᠴᠢᠶ᠎ᠡ ᠠᠴᠠ ᠳᠠᠪᠠᠵᠤ᠂ ᠦᠢᠯᠡᠳᠬᠦ ᠦᠢᠯᠡᠰ ᠪᠠ ᠵᠢᠵᠢᠭ ᠪᠢᠴᠢᠯ ᠠᠵᠤ ᠠᠬᠤᠶᠢᠯᠠᠯ ᠬᠠᠮᠤᠭ ᠤᠨ | ᠢᠯᠡᠬᠦᠦ ᠠᠰᠢᠭ ᠭᠥᠷᠳᠡᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠪᠡᠶᠡᠯᠡᠬᠦᠯᠪᠡ᠃ ︽ᠪᠠᠭᠤᠯᠭᠠᠬᠤ᠂ ᠤᠶᠠᠯᠳᠤᠭᠤᠯᠬᠤ᠂ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠪᠠᠶᠢᠭᠤᠯᠪᠠ᠃ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ᠢ ᠨᠡᠶᠢᠲᠡᠯᠡᠵᠦ᠂ ᠱᠠᠩᠬᠠᠶ ᠶᠢᠨ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠨ᠎ᠡ ᠬᠡᠰᠡᠭ ᠢ ᠨᠡᠮᠡᠨ ᠪᠠᠶᠢᠭᠤᠯᠪᠠ᠃ ᠭᠠᠳᠠᠭᠠᠳᠤ | ᠠᠷᠠᠯᠵᠢᠶ᠎ᠠ ᠪᠠ ᠭᠠᠳᠠᠭᠠᠳᠤ ᠪᠡᠯᠡ ᠲᠣᠭᠲᠠᠭᠤᠨ ᠪᠠᠶᠢᠳᠠᠯ ᠢᠶᠠᠨ ᠬᠠᠳᠠᠭᠠᠯᠠᠪᠠ᠃ | — ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ | ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ 1109 ᠲᠦᠮᠡ ᠴᠦᠬᠡᠳᠬᠡᠵᠤ᠂ | ᠶᠠᠳᠠᠭᠤᠷᠠᠯ ᠤᠨ ᠨᠤᠷᠮ᠎ᠠ 0.6% ᠪᠣᠯᠲᠠᠯ᠎ᠠ ᠪᠠᠭᠤᠷᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠰᠢᠢᠳᠪᠤᠷᠢᠯᠡᠭᠴᠢ ᠴᠢᠨᠠᠷᠲᠠᠶ ᠠᠮᠵᠢᠯᠲᠠ ᠪᠦᠲᠦᠬᠡᠯ ᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠭᠤᠤᠯ ᠭᠤᠤᠯ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠳᠠ ᠶᠢᠨ | ᠬᠡᠮᠵᠢᠶ᠎ᠡ ᠦᠷᠭᠦᠯᠵᠢᠯᠡᠨ ᠪᠠᠭᠤᠷᠠᠵᠦ᠂ ᠠᠮᠢ ᠠᠬᠤᠢ ᠶᠢᠨ ᠤᠷᠴᠢᠨ ᠨᠦᠬᠦᠴᠡᠯ ᠶᠡᠷᠦᠩᠬᠡᠢ ᠳᠡᠭᠡᠨ ᠰᠠᠶᠢᠵᠢᠷᠠᠪᠠ᠃ | ᠮᠥᠩᠭᠦᠨ ᠭᠦᠢᠯᠭᠡᠭᠡᠨ ᠤ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠪᠠ᠃ | — ᠠᠷᠠᠳ ᠤᠨ ᠠᠮᠢᠳᠤᠷᠠᠯ ᠤᠯᠠᠮ ᠨᠢᠭᠡ ᠠᠯᠬᠤᠮ ᠰᠠᠶᠢᠵᠢᠷᠠᠪᠠ᠃ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 3 ᠲᠦᠮᠡᠨ ᠲᠥᠭᠦᠷᠢᠭ ᠢ ᠳᠠᠪᠠᠪᠠ᠃ ᠨᠠᠰᠤᠵᠢᠯ ᠤᠨ ᠦᠨᠳᠦᠰᠦᠨ | ᠠᠰᠠᠷᠠᠮᠵᠢ᠂ ᠡᠮᠨᠡᠯᠭᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠪᠠᠲᠤᠯᠠᠭ᠎ᠠ ᠶᠢᠨ ᠲᠦᠪᠰᠢᠨ | ᠳᠡᠭᠡᠭᠰᠢᠯᠡᠪᠡ᠃ ᠬᠤᠳᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠳᠦᠭᠡᠨ | ᠪᠠᠶᠢᠭᠤᠯᠤᠯᠲᠠ ᠪᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ | ᠭᠦᠨᠵᠡᠭᠡᠶ ᠠᠬᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠲᠤ ᠠᠮᠢᠳᠤᠷᠠᠯ ᠤᠨ | ᠨᠥᠬᠦᠪᠥᠷᠢ ᠥᠭᠬᠦ ᠬᠥᠮᠦᠨ ᠤ ᠲᠤᠭ᠎ᠠ 40% ᠰᠢᠬᠠᠮ ᠨᠡᠮᠡᠭᠳᠡᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ 100 ᠲᠦᠮᠡᠨ ᠬᠥᠮᠦᠨ ᠢ ᠥᠷᠭᠡᠳᠬᠡᠨ ᠡᠯᠰᠡᠪᠡ᠃ | ᠪᠢᠳᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ | ᠶᠡᠭᠡ ᠪᠠᠷ ᠪᠡᠯᠭᠡᠯᠡᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠭᠡ ᠤᠯᠤᠰ ᠢᠶᠠᠨ | ᠬᠠᠶᠢᠷᠠᠯᠠᠬᠤ ᠤᠷᠬᠢᠯᠦᠮ᠎ᠠ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠦ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠰᠦᠷ | ᠳᠠᠯᠠᠶᠢᠴᠠᠲᠠᠶ ᠬᠦᠴᠦᠨ ᠢ ᠨᠢᠭᠲᠠᠷᠠᠭᠤᠯᠪᠠ᠃ | ᠪᠢᠳᠡ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ | ᠂ ︽ᠲᠤᠯᠭᠤᠷ ᠵᠤᠷᠢᠯᠳᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ | ᠵᠠᠰᠠᠵᠤ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠥᠩᠭᠡᠷᠡᠭᠦᠯᠪᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠡᠯᠪᠡᠭ ᠪᠠᠶᠠᠯᠢᠭ | ᠦᠷ᠎ᠡ ᠪᠦᠲᠦᠭᠡᠯ ᠤᠯᠪᠠ᠃ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ | ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠰᠢ ᠶᠢᠨ ᠫᠢᠩ ᠲᠡᠷᠢᠭᠦᠯᠡᠭᠴᠢ ᠵᠡᠷᠭᠡ ᠨᠠᠮ | ᠪᠠ ᠲᠦᠷᠦ ᠶᠢᠨ ᠤᠳᠤᠷᠢᠳᠬᠤ ᠬᠥᠮᠦᠰ ᠤᠯᠠᠨ ᠤᠯᠤᠰ ᠲᠤ ᠠᠶᠢᠯᠴᠢᠯᠠᠯᠲᠠ ᠬᠢᠵᠦ᠂ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯᠳᠤᠭᠠᠨ᠂ ᠠᠯᠲᠠᠨ ᠲᠤᠭᠤᠰᠬ᠎ᠠ ᠤᠯᠤᠰ ᠤᠨ | ᠤᠲᠤᠷᠢᠳᠬᠤ ᠬᠦᠮᠦᠰ ᠤᠨ ᠠᠭᠤᠯᠵᠠᠯᠳᠠ᠂ ᠠᠽᠢᠶ᠎ᠠ ᠲᠢᠪ ᠤᠨ ᠬᠠᠮᠵᠢᠯᠴᠠᠬᠤ ᠪᠠ ᠢᠲᠡᠭᠡᠯᠴᠡᠬᠦ ᠠᠷᠭ᠎ᠠ | ᠬᠡᠮᠵᠢᠶ᠎ᠡ ᠶᠢᠨ ᠬᠤᠷᠠᠯ ᠤᠨ ᠲᠦᠷᠦᠭᠦᠴᠦᠳ ᠤᠨ ᠬᠤᠷᠠᠯ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ | ᠬᠥᠮᠦᠰ ᠤᠨ ᠰᠢᠷᠢᠰ ᠬᠤᠷᠠᠯᠳᠤᠭᠠᠨ᠂ ᠳᠤᠮᠳᠠᠳᠤ ᠧᠦ᠋ᠷᠣᠫᠠ ᠶᠢᠨ ᠤᠳᠤᠷᠢᠳᠬᠤ ᠬᠥᠮᠦᠰ ᠤᠨ ᠠᠭᠤᠯᠵᠠᠯᠳᠠ᠂ | ᠳᠤᠮᠳᠠᠳᠤ ᠶᠠᠫᠣᠨ ᠺᠣᠷᠢᠶᠠ ᠶᠢᠨ ᠤᠳᠤᠷᠢᠳᠬᠤ ᠬᠥᠮᠦᠰ ᠤᠨ ᠠᠭᠤᠯᠵᠠᠯᠳᠠ ᠵᠡᠷᠭᠡ ᠴᠢᠬᠤᠯᠠ ᠶᠡᠭᠡ ᠠᠵᠢᠯᠯᠠᠭ᠎ᠠ ᠳᠤ | ᠣᠷᠣᠯᠴᠠᠪᠠ᠃ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠳᠤ | ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠪᠠ᠃ ᠠᠵᠤ ᠠᠬᠤᠶ ᠶᠢᠨ ᠭᠠᠳᠠᠭᠠᠳᠤ ᠬᠠᠷᠢᠯᠴᠠᠭ᠎ᠠ᠂ ᠬᠦᠮᠦᠨ ᠨᠡᠶᠢᠬᠡᠮ ᠤᠨ ᠰᠣᠯᠢᠯᠴᠠᠭ᠎ᠠ | ᠲᠤᠪᠤᠶᠢᠮ᠎ᠠ ᠦᠷ᠎ᠡ ᠪᠦᠲᠦᠮᠵᠢ ᠤᠯᠪᠠ᠃ ᠳᠤᠮᠳᠠᠳᠤ ᠤᠯᠤᠰ ᠳᠡᠯᠡᠬᠡᠶ ᠶᠢᠨ ᠡᠩᠬᠡ ᠲᠠᠶᠢᠪᠤᠩ ᠪᠣᠯᠤᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠠ᠃ | ᠲᠥᠯᠥᠭᠡᠯᠡᠭᠴᠢᠳ ᠡ︕ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠨᠠᠮ ᠤᠨ | ᠲᠥᠪ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠨ | ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠪᠡᠶᠡᠴᠢᠯᠡᠨ ᠵᠢᠯᠣᠭᠤᠳᠴᠤ᠂ ᠪᠡᠶᠡᠴᠢᠯᠡᠨ ᠪᠠᠶᠢᠷᠢᠯᠠᠭᠤᠯᠵᠤ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠪᠠ᠃ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠶᠢᠨ ᠳᠣᠤᠷ᠎ᠠ᠂ ᠲᠥᠪ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠴᠠᠭ ᠲᠤᠬᠠᠶ ᠳᠤᠨᠢ ᠰᠤᠳᠤᠯᠤᠨ | ᠪᠠᠶᠢᠷᠢᠯᠠᠭᠤᠯᠵᠤ᠂ ᠲᠥᠪ ᠤᠨ ᠵᠢᠯᠣᠭᠤᠳᠬᠤ ᠳᠤᠭᠤᠶᠢᠯᠠᠩ ᠵᠢᠯᠣᠭᠤᠳᠬᠤ ᠪᠠ ᠬᠢᠨᠠᠨ ᠵᠢᠯᠣᠭᠤᠳᠬᠤ ᠪᠠᠨ | ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠭᠡᠶᠢᠯᠡᠵᠦ ᠬᠠᠮᠳᠤᠷᠠᠨ ᠬᠢᠵᠠᠭᠠᠷᠯᠠᠬᠤ | ᠲᠣᠭᠲᠠᠴᠠ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠪᠥᠬᠦ ᠬᠦᠴᠦᠨ ᠢᠶᠠᠷ ᠢᠶᠠᠨ | ᠳᠡᠮᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠠᠳ ᠤᠨ ᠳᠠᠶᠢᠨ᠂ ᠪᠦᠬᠦ ᠲᠠᠯ᠎ᠠ ᠶᠢᠨ ᠲᠠᠶᠢᠨ᠂ | ᠬᠤᠷᠢᠬᠯᠠᠨ ᠲᠠᠷᠤᠬᠤ ᠲᠠᠶᠢᠨ ᠢ ᠥᠷᠨᠢᠭᠦᠯᠪᠡ᠃ ᠥᠷᠭᠡᠨ ᠣᠯᠠᠨ ᠡᠮᠨᠡᠯᠭᠡ ᠶᠢᠨ ᠠᠵᠢᠯᠲᠠᠨ ᠡᠷᠡᠯᠬᠡᠭ | ᠪᠠᠭᠠᠲᠤᠷᠯᠢᠭ ᠢᠶᠠᠷ ᠪᠠᠶᠢᠯᠳᠤᠵᠤ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠬᠦᠨᠳᠦ | ᠡᠭᠦᠷᠭᠡ ᠶᠢ ᠵᠣᠷᠢᠭᠲᠠᠶ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠬᠠᠮᠵᠢᠯᠴᠠᠨ ᠪᠤᠭᠤᠮᠳᠠ ᠶᠢ | ᠰᠢᠪᠲᠤᠯᠵᠤ᠂ ᠨᠡᠶᠢᠭᠡᠮ ᠲᠣᠭᠤᠷᠢᠭ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ | ᠱᠠᠲᠤᠨ ᠤ ᠺᠠᠳ᠋ᠷ᠂ ᠰᠣᠨᠢᠨ ᠮᠡᠳᠡᠭᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠠᠵᠢᠯ ᠤᠨ ᠪᠠᠶᠢᠷᠢ ᠪᠠᠨ | ᠪᠠᠲᠤ ᠰᠠᠬᠢᠵᠤ᠂ ᠲᠦᠷᠭᠡᠨ ᠬᠦᠷᠭᠡᠯᠳᠡ᠂ ᠣᠷᠴᠢᠨ ᠠᠬᠤᠢ ᠶᠢᠨ ᠠᠷᠢᠭᠤᠨ ᠴᠡᠪᠡᠷ᠂ ᠬᠢᠵᠢᠭ ᠢ ᠡᠰᠡᠷᠭᠦᠴᠡᠬᠦ ᠡᠳ᠋ | ᠪᠣᠳᠠᠰ ᠢ ᠦᠢᠯᠡᠳᠪᠦᠷᠢᠯᠡᠵᠦ ᠵᠦᠬᠡᠬᠡᠪᠦᠷᠢᠯᠡᠬᠦ ᠠᠵᠢᠯᠳᠠᠨ ᠵᠣᠪᠠᠭᠤᠷᠢ ᠵᠦᠳᠡᠭᠦᠷᠢ ᠪᠠᠨ ᠬᠠᠶᠢᠬᠤᠷᠤᠯ ᠦᠭᠡᠢ᠂ ᠲᠦᠭ | ᠲᠦᠮᠡᠨ ᠡᠬᠡᠯ ᠵᠢᠷ ᠤᠨ ᠬᠥᠳᠡᠯᠮᠦᠷᠢᠴᠢᠨ ᠦᠭᠡ ᠳᠠᠭᠤᠨ ᠦᠭᠡᠢ ᠪᠠᠷ ᠵᠢᠳᠬᠦᠵᠤ᠂ ᠦᠬᠠᠨ ᠤ ᠠᠷᠠᠳ ᠲᠦᠮᠡᠨ᠂ | ᠬᠤᠪᠸᠢ ᠶᠢᠨ ᠠᠷᠠᠳ ᠲᠦᠮᠡᠨ ᠰᠢᠨᠲᠠᠷᠠᠰᠢ ᠦᠭᠡᠢ ᠲᠡᠮᠡᠴᠡᠵᠦ᠂ ᠨᠡᠶᠢᠭᠡᠮ ᠤᠨ ᠡᠯ᠎ᠡ ᠡᠲᠡᠭᠡᠳ ᠪᠣᠯᠤᠨ ᠰᠢᠶᠠᠩᠭᠠᠩ | ᠣᠣᠮᠧᠨ ᠲᠠᠶᠢᠸᠠᠨ ᠤ ᠠᠬ᠎ᠠ ᠳᠡᠭᠦᠦ ᠨᠡᠷ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ ᠵᠣᠭᠤᠰ | ᠮᠥᠩᠭᠦ ᠡᠳ᠋ ᠪᠣᠳᠠᠰ ᠬᠠᠨᠳᠢᠪᠯᠠᠪᠠ᠃ ᠳᠤᠮᠳᠠᠳᠤ ᠶᠢᠨ ᠬᠥᠪᠡᠭᠦᠳ ᠥᠬᠢᠳ ᠬᠦᠴᠢᠷ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠰᠦᠷᠯᠢᠭ ᠦᠨᠳᠦᠷ | ᠴᠠᠭᠠᠨ ᠬᠡᠷᠡᠮ ᠢ ᠪᠤᠰᠬᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ᠂ ᠪᠢᠳᠡ ᠢᠲᠡᠭᠡᠯ ᠵᠣᠷᠢᠭ ᠢᠶᠠᠨ ᠪᠠᠲᠤᠳᠬᠠᠬᠤ᠂ | ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠨᠠᠷᠢᠯᠢᠬ | ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢ | ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠬ ᠠᠳᠬᠤᠪᠠ᠃ ᠴᠠᠭ ᠲᠤᠬᠠᠶ ᠳᠤᠨᠢ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠦᠬᠡ ᠲᠥᠷᠥᠯ ᠤᠨ | ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠦᠨᠳᠦ ᠶᠡᠭᠡ ᠬᠡᠷᠡᠭ ᠢ ᠠᠷᠭᠠᠴᠠᠭᠠᠬᠤ ᠨᠢᠭᠡᠳᠦᠭᠡᠷ ᠳᠡᠰ ᠤᠨ ᠠᠷᠭ᠎ᠠ | ᠬᠡᠮᠵᠢᠶ᠎ᠠ ᠶᠢ ᠡᠬᠢᠯᠡᠭᠦᠯᠪᠡ᠃ ᠦᠬᠠᠨ ᠪᠣᠯᠤᠨ ᠬᠤᠪᠧᠶ ᠶᠢᠨ ᠬᠠᠮᠠᠭᠠᠯᠠᠯᠲᠠ ᠶᠢᠨ ᠳᠠᠶᠢᠨ ᠤ ᠢᠯᠠᠯᠲᠠ ᠶᠢ ᠡᠷᠡᠰ | ᠲᠡᠮᠡᠴᠡᠨ ᠣᠯᠬᠤ ᠶᠢᠨ ᠬᠠᠮᠲᠤ ᠰᠢᠢᠳᠪᠦᠷᠢᠲᠦ ᠴᠢᠨᠠᠷᠲᠠᠶ ᠦᠷ᠎ᠡ ᠪᠦᠲᠦᠮᠵᠢ ᠶᠢ ᠤᠯᠬᠤ ᠶᠢᠨ ᠲᠦᠯᠦᠬᠡ᠂ ᠴᠢᠩᠭ᠎ᠠ | ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠶ ᠬᠡᠷᠡᠭᠵᠢᠭᠦᠯᠬᠦ ᠪᠠᠷ ᠳᠠᠮᠵᠢᠭᠤᠯᠤᠨ᠂ ᠪᠦᠬᠦ | ᠤᠯᠤᠰ ᠤᠨ ᠬᠦᠴᠦᠨ ᠢ ᠳᠠᠶᠢᠴᠢᠯᠠᠨ ᠲᠤᠰᠠᠯᠠᠵᠤ᠂ 4 ᠲᠦᠮᠡ ᠭᠠᠷᠤᠶ ᠡᠮᠴᠢ ᠰᠤᠪᠢᠯᠠᠭᠴᠢ ᠶᠢ ᠲᠣᠮᠢᠯᠠᠨ ᠲᠦᠷᠬᠡᠨ | ᠲᠤᠰᠠᠯᠠᠭᠤᠯᠵᠤ᠂ ᠾᠦᠸᠧ ᠱᠧᠨ ᠱᠠᠨ᠂ ᠯᠸᠢ ᠱᠧᠨ ᠱᠠᠨ ᠡᠮᠨᠡᠯᠭᠡ ᠶᠢᠨ ᠬᠤᠷᠢᠶ᠎ᠠ ᠪᠤᠯᠤᠨ ᠴᠢᠩᠭᠡᠯᠢᠭ | ᠡᠮᠨᠡᠯᠭᠡ ᠶᠢᠨ ᠬᠤᠷᠢᠶ᠎ᠠ ᠪᠠᠶᠢᠭᠤᠯᠵᠤ᠂ ᠬᠦᠯᠢᠶᠡᠨ ᠠᠪᠴᠤ ᠡᠮᠨᠡᠬᠦ ᠣᠷᠣ ᠶᠢ ᠲᠦᠷᠭᠡᠬᠡᠨ ᠨᠠᠮᠠᠨ ᠲᠡᠬᠦᠯᠳᠡᠷᠵᠢᠬᠦᠯᠵᠤ᠂ | ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠢ ᠡᠩ ᠲᠡᠷᠢᠭᠦᠨ ᠳᠤ ᠪᠠᠲᠤᠯᠠᠨ᠂ ᠣᠨᠣᠰᠢᠯᠠᠨ ᠡᠮᠨᠡᠬᠦ ᠲᠥᠰᠦᠯ ᠢᠶᠠᠨ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠢᠲᠠᠳ ᠡᠮᠨᠡᠯᠬᠡ ᠧᠦ᠋ᠷᠣᠫᠠ ᠡᠮᠨᠡᠯᠭᠡ ᠶᠢ ᠤᠶᠠᠯᠳᠤᠭᠤᠯᠬᠤ ᠶᠢ ᠪᠠᠷᠢᠮᠲᠠᠯᠠᠨ | ᠂ ︽ᠳᠦᠷᠪᠡ ᠶᠢ ᠲᠦᠪᠯᠡᠷᠡᠭᠦᠯᠬᠦ︾ ᠶᠢ ᠪᠠᠷᠢᠮᠲᠠᠯᠠᠵᠤ᠂ ᠡᠪᠡᠳᠴᠢᠲᠡᠨ ᠢ ᠪᠥᠬᠦ ᠬᠦᠴᠦᠨ ᠢᠶᠠᠷ ᠢᠶᠠᠨ ᠡᠮᠨᠠᠨ | ᠠᠪᠤᠷᠠᠵᠤ᠂ ᠡᠳᠡᠭᠡᠷᠡᠬᠦᠯᠬᠦ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠡᠪᠡᠳᠴᠢᠨ ᠢᠶᠠᠷ | ᠥᠭᠦᠬᠦ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠪᠠ᠃ ᠪᠦᠬᠦ ᠤᠯᠤᠰ ᠤᠨ ᠬᠡᠪᠴᠢᠶᠠᠨ ᠳᠤ ᠴᠠᠭᠠᠨ | ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠶᠢ ᠤᠷᠲᠤᠳᠬᠠᠵᠤ᠂ ᠰᠤᠷᠭᠠᠭᠤᠯᠢ ᠡᠬᠢᠯᠡᠬᠦ ᠬᠤᠭᠤᠴᠠᠭ᠎ᠠ ᠶᠢ | ᠬᠤᠶᠢᠰᠢᠯᠠᠭᠤᠯᠵᠤ᠂ ᠠᠮᠢᠳᠤᠯᠢᠭ ᠢᠶᠠᠷ ᠠᠵᠢᠯ ᠢᠶᠠᠨ ᠰᠡᠷᠭᠦᠭᠡᠵᠦ᠂ ᠤᠷᠬᠢᠯ ᠴᠠᠭ ᠢ ᠵᠦᠷᠢᠬᠦᠯᠦᠨ ᠶᠠᠪᠤᠵᠤ ᠰᠠᠭᠤᠵᠤ᠂ | ᠣᠯᠠᠨ ᠢᠶᠠᠷ ᠢᠶᠠᠨ ᠰᠡᠷᠭᠡᠶᠢᠯᠡᠨ ᠬᠢᠵᠠᠭᠠᠷᠯᠠᠬᠤ ᠶᠢ ᠪᠠᠷᠢᠮᠲᠠᠯᠠᠨ᠂ ︽ᠳᠥᠷᠪᠡᠨ ᠡᠷᠳᠡᠭᠡᠨ︾ ᠢ ᠪᠠᠷᠢᠮᠲᠠᠯᠠᠵᠤ᠂ | ᠬᠠᠯᠳᠠᠪᠤᠷᠢᠯᠠᠬᠤ ᠡᠬᠢ ᠰᠤᠷᠪᠤᠯᠵᠢ ᠶᠢ ᠡᠷᠡᠰ ᠬᠢᠵᠠᠭᠠᠷᠯᠠᠵᠤ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ | ᠪᠦᠲᠦᠮᠵᠢᠲᠡᠶ ᠬᠤᠷᠢᠬᠯᠠᠪᠠ᠃ ᠡᠮ ᠤᠨ ᠵᠦᠢᠯ᠂ ᠸᠠᠺᠼᠢᠨ ᠪᠠ ᠪᠠᠶᠢᠴᠠᠭᠠᠨ ᠰᠢᠯᠭᠠᠬᠤ ᠤᠷᠪᠠᠯᠵᠢ ᠶᠢ ᠰᠤᠳᠤᠯᠤᠨ | ᠨᠡᠭᠡᠭᠡᠬᠦ ᠪᠠᠨ ᠴᠢᠩᠭᠠᠳᠬᠠᠪᠠ᠃ ᠡᠮᠨᠡᠯᠭᠡ ᠳᠤ ᠬᠡᠷᠡᠭᠯᠡᠬᠦ ᠡᠳ᠋ ᠪᠣᠳᠠᠰ ᠤᠨ ᠦᠢᠯᠡᠳᠪᠦᠷᠢᠯᠡᠯ ᠢ ᠦᠳᠲᠡᠷ ᠲᠦᠷᠭᠡᠨ | ᠥᠷᠭᠡᠳᠬᠡᠵᠦ᠂ ᠤᠬᠤᠷᠬᠠᠨ ᠬᠤᠭᠤᠴᠠᠭᠠᠨ ᠳᠤ ᠶᠡᠭᠡ ᠬᠡᠮᠵᠢᠶ᠎ᠡ ᠪᠠᠷ ᠨᠡᠮᠡᠭᠳᠡᠬᠦᠯᠦᠨ᠂ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠰᠠᠶᠢᠲᠤᠷ | ᠠᠳᠬᠤᠵᠤ᠂ ᠵᠠᠮ ᠬᠠᠷᠢᠯᠴᠠᠭᠠᠨ ᠤ ᠭᠤᠤᠯ ᠱᠤᠭᠤᠮ ᠤᠨ ᠰᠠᠭᠠᠳ ᠦᠭᠡᠢ ᠨᠡᠪᠲᠡᠷᠡᠬᠦ ᠪᠠ ᠨᠡᠭᠦᠷᠡᠰᠦ ᠴᠠᠬᠢᠯᠭᠠᠨ | ᠲᠤᠰᠤ ᠬᠡᠢ ᠶᠢᠨ ᠬᠠᠩᠭᠠᠯᠭ᠎ᠠ ᠶᠢ ᠪᠠᠲᠤᠯᠠᠪᠠ᠃ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠠᠷᠭᠠᠴᠠᠭᠠᠬᠤ ᠠᠴᠠ | ᠪᠣᠯᠵᠤ᠂ ᠴᠠᠭ ᠲᠤᠨᠢ ᠲᠣᠬᠢᠷᠠᠭᠤᠯᠤᠨ ᠪᠠᠶᠢᠡᠭᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠶᠢ ᠠᠬᠢᠭᠤᠯᠪᠠ᠃ ᠬᠢᠯᠢ ᠶᠢᠨ | ᠭᠠᠳᠠᠨᠠᠬᠢ ᠬᠢᠵᠢᠭ ᠤᠨ ᠪᠠᠶᠢᠳᠠᠯ ᠦᠷᠬᠡᠵᠢᠨ ᠲᠡᠯᠭᠡᠷᠡᠭᠰᠡᠨ ᠪᠠᠶᠢᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ | ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠬᠢᠯᠢ ᠶᠢᠨ ᠭᠠᠳᠠᠨ᠎ᠠ | ᠪᠠᠶᠢᠭ᠎ᠠ ᠮᠠᠨ ᠤ ᠤᠯᠤᠰ ᠤᠨ ᠠᠷᠠᠳ ᠢᠷᠭᠡᠨ ᠢᠶᠠᠨ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠪᠠ᠃ | ᠣᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠤ᠂ ᠢᠯᠡ᠂ ᠲᠣᠳᠣ᠂ ᠬᠠᠷᠢᠭᠤᠴᠠᠯᠭ᠎ᠠ ᠲᠠᠢ | ᠣᠪᠣᠷ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠬᠦᠯᠦᠨ ᠨᠡᠶᠢᠳᠡᠯᠡᠵᠤ᠂ ᠬᠢᠵᠢᠭ ᠢ | ᠰᠡᠷᠭᠡᠶᠢᠯᠡᠬᠦ ᠮᠡᠷᠭᠡᠵᠢᠯ ᠪᠣᠯᠤᠨ ᠠᠷᠭ᠎ᠠ ᠪᠠᠷᠢᠯ ᠢᠶᠠᠨ ᠰᠠᠨᠠᠭᠠᠴᠢᠯᠠᠭ᠎ᠠ ᠠᠴᠠ ᠪᠠᠨ ᠬᠤᠪᠢᠶᠠᠯᠴᠠᠵᠤ᠂ ᠬᠠᠷᠢᠯᠴᠠᠨ | ᠬᠠᠪᠰᠤᠷᠴᠤ᠂ ᠬᠠᠮᠲᠤ ᠪᠠᠷ ᠬᠢᠵᠢᠭ ᠢ ᠡᠰᠡᠷᠭᠦᠴᠡᠪᠠ᠃ | ᠮᠠᠨ ᠤ 14 ᠳ᠋ᠦᠩᠰᠢᠭᠤᠷ ᠬᠥᠮᠦᠨ ᠠᠮᠠ ᠪᠦᠬᠦᠢ ᠡᠶᠢᠮᠦ ᠨᠢᠬᠡᠨ ᠬᠥᠭᠵᠢᠵᠦ ᠪᠠᠶᠢᠭ᠎ᠠ ᠤᠯᠤᠰ ᠲᠤ ᠠᠪᠴᠤ | ᠬᠡᠯᠡᠪᠡᠯ᠂ ᠨᠡᠯᠢᠶᠡᠳ ᠣᠬᠤᠷᠬᠠᠨ ᠬᠤᠭᠤᠴᠠᠭᠠᠨ ᠳᠣᠲᠣᠷ᠎ᠠ ᠬᠢᠵᠢᠭ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠵᠤ᠂ | ᠠᠷᠠᠳ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠰᠠᠨ ᠨᠢ ᠬᠠᠳᠠᠭᠤ ᠪᠡᠷᠬᠡᠰᠢᠶᠡᠯ ᠢ ᠲᠤᠭᠤᠯᠤᠨ ᠪᠠᠶᠢᠵᠤ | ᠤᠯᠤᠭᠰᠠᠨ ᠲᠤᠩ ᠬᠢᠯᠪᠠᠷ ᠪᠤᠰᠤ ᠠᠮᠵᠢᠯᠳᠠ ᠪᠤᠯᠬᠤ ᠶᠤᠮ᠃ ᠪᠢᠳᠡ ᠪᠠᠰᠠ ᠯᠤᠲᠤ ᠶᠡᠭᠡ ᠦᠨ᠎ᠡ ᠥᠷᠳᠡᠭ | ᠭᠠᠷᠭᠠᠭᠰᠠᠨ ᠶᠤᠮ᠂ ᠨᠢᠭᠡᠳᠦᠭᠡᠷ ᠤᠯᠠᠷᠢᠯ ᠳᠤ ᠠᠵᠤ ᠠᠬᠤᠶ ᠶᠢᠨ ᠰᠥᠭᠡᠷᠭᠦ ᠨᠡᠮᠡᠭᠳᠡᠯ ᠤᠨ ᠪᠠᠶᠢᠳᠠᠯ ᠭᠠᠷᠴᠤ᠂ | ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠳᠠᠭᠠᠷᠢᠯᠲᠠ ᠳᠤ ᠤᠴᠠᠷᠠᠪᠠ᠂ ᠭᠡᠪᠡᠴᠤ ᠠᠮᠢ ᠨᠠᠰᠤ ᠶᠠᠭᠤᠨ ᠠᠴᠠ | ᠴᠤ ᠡᠷᠬᠢᠮ ᠨᠠᠨᠳᠢᠨ ᠪᠠᠶᠢᠳᠠᠭ ᠲᠤᠯᠠ ᠡᠨᠡ ᠪᠤᠯ ᠵᠠᠪᠠᠯ ᠳᠠᠭᠠᠭᠠᠬᠤ ᠶᠤᠰᠤᠳᠠᠢ ᠪᠥᠭᠡᠳ ᠭᠠᠷᠭᠠᠭᠤᠰᠢᠲᠠᠶ ᠦᠨ᠎ᠡ | ᠲᠥᠯᠥᠪᠦᠷᠢ ᠪᠤᠯᠬᠤ ᠶᠤᠮ᠃ ᠪᠢᠳᠠ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠪᠠ ᠠᠵᠤ ᠠᠬᠤᠢ | ᠨᠡᠶᠢᠬᠡᠮ ᠤᠨ ᠬᠦᠭᠵᠢᠯᠳᠠ ᠶᠢ ᠨᠢᠬᠡᠳᠦᠯᠳᠠᠢ ᠲᠦᠯᠦᠪᠯᠡᠨ ᠠᠬᠢᠭᠤᠯᠵᠤ᠂ ᠴᠠᠭ ᠲᠣᠬᠢᠶᠠᠯ ᠢ ᠠᠯᠳᠠᠯ ᠦᠭᠡᠢ ᠪᠠᠷ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ 8 ᠲᠠᠯ᠎ᠠ ᠶᠢᠨ 90 ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠨ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ | ᠬᠡᠰᠡᠭ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠪᠣᠢ ᠪᠦᠬᠦᠢ ᠰᠦᠢᠳᠬᠡᠯ ᠬᠤᠷᠢᠶᠠᠬᠤ ᠵᠠᠰᠠᠮᠠᠯ ᠵᠠᠮ ᠢᠶᠠᠷ | ᠨᠡᠪᠳᠡᠷᠡᠬᠦ ᠰᠦᠢᠳᠬᠡᠯ ᠢ ᠦᠯᠦ ᠬᠤᠷᠢᠶᠠᠬᠤ᠂ ᠡᠨᠧᠷᠭᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂ ᠳᠡᠮ | ᠬᠦᠤ ᠲᠠᠢ ᠵᠢᠭᠡᠯᠡᠯᠭᠡ ᠲᠠᠯᠪᠢᠬᠤ ᠵᠡᠷᠭᠡ ᠲᠦᠷᠦ ᠶᠢᠨ ᠪᠤᠳᠤᠯᠭ᠎ᠠ ᠶᠢ ᠭᠡᠷᠡᠭᠵᠢᠬᠦᠯᠪᠠ᠃ ᠵᠢᠷᠤᠮ ᠤᠨ ᠶᠣᠰᠣᠭᠠᠷ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠤᠷᠢᠳᠴᠢᠯᠠᠨ | ᠪᠠᠭᠤᠯᠭᠠᠪᠠ᠃ ᠲᠠᠷᠢᠶᠠᠯᠠᠬᠤ ᠴᠠᠭ ᠢ ᠰᠠᠭᠠᠲᠠᠭᠠᠯ ᠦᠬᠡᠢ ᠪᠠᠷ ᠬᠠᠪᠤᠷ ᠤᠨ ᠲᠠᠷᠢᠶᠠᠯᠠᠭ᠎ᠠ ᠶᠢ ᠠᠳᠬᠤᠪᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠥᠬᠦᠷᠡᠰᠢ ᠦᠭᠡᠢ ᠠᠬᠢᠭᠤᠯᠪᠠ᠃ | ᠬᠢᠵᠢᠭ ᠢ ᠡᠰᠡᠷᠬᠦᠴᠡᠬᠦ ᠨᠢᠬᠡᠳᠦᠬᠡᠷ ᠹᠷᠣᠨᠲ ᠤᠨ ᠪᠠ ᠬᠦᠴᠢᠷᠳᠡᠯᠳᠠᠢ ᠬᠦᠮᠦᠰ ᠲᠤ ᠨᠦᠬᠦᠪᠦᠷᠢ ᠦᠭᠴᠤ᠂ ᠦᠨ᠎ᠡ | ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ 1 ᠳᠠᠬᠢᠨ ᠢᠶᠠᠷ ᠳᠡᠭᠡᠭᠰᠢᠯᠡᠭᠦᠯᠬᠦ ᠪᠠᠷ ᠪᠤᠯᠪᠠ᠃ | ᠡᠳᠡᠭᠡᠷ ᠲᠥᠷᠥ ᠶᠢᠨ ᠪᠣᠳᠣᠯᠭ᠎ᠠ ᠨᠢ ᠦᠷᠭᠡᠨ ᠤᠯᠠᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠠᠭ | ᠲᠤᠬᠠᠢ ᠳᠤᠨᠢ ᠪᠦᠲᠦᠮᠵᠢᠲᠡᠢ ᠠᠬᠢᠭᠤᠯᠤᠭᠠᠳ᠂ ᠮᠠᠨ ᠤ ᠤᠯᠤᠰ ᠤᠨ ᠠᠵᠤ ᠠᠬᠤᠢ ᠶᠢᠨ ᠡᠷᠡᠰ ᠴᠢᠩᠭ᠎ᠠ ᠤᠶᠠᠨ | ᠬᠠᠳᠠᠨ ᠴᠢᠨᠠᠷ ᠪᠠ ᠯᠤᠲᠤ ᠶᠡᠭᠡ ᠳᠠᠯᠳᠠ ᠬᠦᠴᠦᠨ ᠢ ᠢᠯᠡᠷᠡᠭᠦᠯᠵᠡᠢ᠃ | ᠲᠥᠯᠥᠭᠡᠯᠡᠭᠴᠢᠳ ᠡ︕ | ᠨᠢᠳᠤᠨᠤᠨ ᠠᠴᠠ ᠨᠠᠭᠠᠰᠢᠬᠢ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠡᠨᠡ ᠵᠢᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠪᠤᠯ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠬᠰᠠᠨ ᠤ ᠦᠷ᠎ᠡ ᠳ᠋ᠦᠩ | ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠪᠦᠬᠦ ᠨᠠᠮ | ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ | ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ ᠰᠢᠶᠠᠩᠭᠠᠩ ᠤᠨ | ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠤ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ | ᠣᠷᠣᠨ ᠤ ᠠᠬ᠎ᠠ ᠳᠡᠭᠦᠤ ᠨᠡᠷ᠂ ᠲᠠᠶᠢᠸᠠᠨ ᠤ ᠠᠬ᠎ᠠ ᠳᠡᠭᠦᠤ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ | ᠳᠡᠭᠦᠤ ᠨᠡᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠠ︕ ᠳᠤᠮᠳᠠᠳᠤ ᠤᠯᠤᠰ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠪᠠ ᠬᠢᠵᠢᠭ ᠤᠨ ᠪᠠᠶᠢᠳᠠᠯ ᠢ ᠡᠰᠡᠷᠬᠦᠴᠡᠬᠦ ᠲᠡᠮᠡᠴᠡᠯ ᠢ ᠬᠠᠯᠠᠮᠵᠢᠯᠠᠨ ᠳᠠᠮᠵᠢᠵᠤ ᠪᠠᠶᠢᠭ᠎ᠠ | ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠤ | ᠪᠢᠳᠡ ᠰᠡᠷᠭᠡᠭ ᠢᠶᠠᠷ ᠣᠯᠵᠤ ᠬᠠᠷᠠᠪᠠ᠃ ᠪᠦᠬᠦ ᠳᠡᠯᠡᠬᠡᠶ ᠶᠢᠨ ᠬᠢᠵᠢᠭ ᠤᠨ ᠪᠠᠶᠢᠳᠠᠯ ᠤᠨ ᠳᠠᠭᠠᠷᠢᠯᠳᠠ ᠠᠴᠠ ᠪᠣᠯᠵᠤ᠂ | ᠳᠡᠯᠡᠬᠡᠶ ᠶᠢᠨ ᠠᠵᠤ ᠠᠬᠤᠶ ᠬᠦᠨᠳᠦ ᠨᠣᠴᠢᠲᠠᠶ ᠮᠠᠭᠤᠳᠠᠵᠤ᠂ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ | ᠬᠡᠯᠬᠢᠶ᠎ᠡ ᠶᠢᠨ ᠣᠷᠴᠢᠯ ᠳᠤ ᠬᠠᠷᠰᠢ ᠰᠠᠭᠠᠳ ᠤᠴᠠᠷᠠᠵᠤ᠂ ᠤᠯᠠᠨ ᠤᠯᠤᠰ ᠤᠨ ᠠᠷᠠᠯᠵᠢᠶᠠᠨ ᠤ ᠪᠡᠯᠡ | ᠣᠷᠣᠭᠤᠯᠤᠯᠲᠠ ᠪᠠᠭᠠᠰᠴᠤ᠂ ᠪᠦᠬᠡᠮ ᠲᠠᠸᠠᠷ ᠤᠨ ᠵᠠᠬ᠎ᠠ ᠳᠡᠯᠭᠡᠭᠦᠷ ᠲᠣᠭᠲᠠᠪᠤᠷᠢ ᠦᠭᠡᠢ ᠪᠣᠯᠵᠤ ᠪᠠᠶᠢᠨ᠎ᠠ᠃ | ᠤᠯᠤᠰ ᠤᠨ ᠳᠣᠲᠣᠭᠠᠳᠤ ᠶᠢᠨ ᠬᠡᠷᠡᠭᠯᠡᠭᠡ᠂ ᠪᠡᠯᠡ ᠣᠷᠣᠭᠤᠯᠤᠯᠲᠠ᠂ ᠭᠠᠳᠠᠭᠠᠳᠤ ᠭᠠᠷᠭᠠᠯᠲᠠ ᠪᠠᠭᠤᠷᠠᠵᠤ᠂ ᠠᠵᠢᠯ | ᠣᠯᠭᠤᠯᠲᠠ ᠶᠢᠨ ᠳᠠᠷᠤᠯᠲᠠ ᠢᠯᠡᠳᠲᠡ ᠨᠡᠮᠡᠭᠳᠡᠵᠦ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ ᠶᠢᠨ | ᠠᠵᠤ ᠠᠬᠤᠢᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠲᠣᠪᠤᠶᠢᠮ᠎ᠠ ᠢᠯᠡᠷᠡᠵᠦ᠂ ᠮᠥᠩᠭᠦᠨ | ᠭᠦᠢᠯᠭᠡᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠡᠳᠦᠶ ᠲᠡᠳᠦᠶ ᠬᠤᠷᠠᠮᠳᠤᠵᠤ᠂ ᠦᠨᠳᠦᠰᠦᠨ ᠱᠠᠲᠤᠨ ᠤ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠰᠢᠷᠦᠭᠦᠰᠴᠤ ᠪᠠᠶᠢᠨ᠎ᠠ᠃ ᠵᠠᠰᠠᠭ ᠤᠨ ᠣᠷᠳᠣᠨ ᠤ | ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠮᠥᠨ ᠯᠡ | ᠨᠡᠯᠢᠶᠡᠳ ᠲᠤᠪᠤᠶᠢᠮ᠎ᠠ ᠤᠷᠤᠰᠢᠵᠤ᠂ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ | ᠦᠭᠡᠢ᠂ ᠠᠵᠢᠯ ᠬᠢᠵᠤ ᠴᠢᠳᠠᠬᠤ ᠦᠭᠡᠢ᠂ ᠳᠤᠷ᠎ᠠ ᠪᠠᠷ ᠢᠶᠠᠨ ᠬᠢᠵᠤ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ | ᠠᠰᠠᠭᠤᠳᠠᠯ ᠤᠯᠠᠨ ᠭᠠᠷᠴᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ ᠪᠠᠷ ᠴᠥᠭᠡᠨ | ᠪᠤᠰᠤ ᠪᠠᠭᠤᠷᠠᠶ ᠭᠤᠭᠴᠤᠭ᠎ᠠ ᠢᠯᠡᠷᠡᠵᠡᠶ᠂ ᠤᠯᠠᠨ ᠲᠦᠮᠡᠨ ᠤ ᠲᠤᠷᠠᠳᠤᠭᠰᠠᠨ ᠵᠠᠷᠢᠮ ᠰᠠᠨᠠᠯ ᠰᠠᠨᠠᠭᠤᠯᠭ᠎ᠠ ᠶᠢ ᠴᠤ | ᠴᠢᠬᠤᠯᠠᠴᠢᠯᠠᠬᠤ ᠬᠡᠷᠡᠭᠲᠡᠶ ᠪᠠᠶᠢᠨ᠎ᠠ᠃ ᠪᠢᠳᠡ ᠵᠠᠪᠠᠯ ᠠᠵᠢᠯ ᠢᠶᠠᠨ ᠴᠢᠷᠮᠠᠶᠢᠨ ᠰᠠᠶᠢᠵᠢᠷᠠᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠶᠤᠨ ᠴᠢᠳᠠᠯ ᠢᠶᠠᠨ ᠰᠢᠪᠬᠠᠵᠤ᠂ ᠠᠷᠠᠳ ᠲᠦᠮᠡᠨ ᠤ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠶ᠃ | ᠬᠤᠶᠠᠷ᠂ ᠡᠨᠡ ᠵᠢᠯ ᠤᠨ ᠬᠥᠭᠵᠢᠯᠲᠡ ᠶᠢᠨ ᠭᠤᠤᠯ ᠬᠠᠷᠠᠯᠲᠠ ᠪᠠ ᠲᠠᠷᠠᠭᠠᠴᠢ ᠶᠢᠨ ᠱᠠᠲᠤᠨ ᠤ ᠠᠵᠢᠯ ᠤᠨ | ᠶᠡᠷᠦᠩᠬᠡᠶ ᠪᠠᠶᠢᠷᠢᠯᠠᠭᠤᠯᠤᠯᠲᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠭᠦ ᠳᠤ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠭᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠡᠭᠭᠤᠵᠢᠭᠤᠯᠤᠭᠰᠠᠨ ᠤᠷᠢᠲᠠᠯ | ᠳᠣᠤᠷ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠭᠴᠢ ᠬᠦᠴᠦᠨ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ | ᠪᠠᠷᠢᠮᠲᠠᠯᠠᠵᠤ᠂ ᠭᠤᠷᠪᠠᠨ ᠶᠡᠭᠡ ᠪᠡᠷᠭᠡ ᠰᠡᠳᠦᠪ ᠢ ᠰᠢᠢᠳᠪᠤᠷᠢᠯᠡᠭᠦ ᠳᠠᠶᠢᠨ ᠢ ᠡᠷᠡᠰ ᠰᠠᠶᠢᠲᠤᠷ ᠬᠢᠵᠦ᠂ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ | ᠠᠵᠢᠯ ᠣᠯᠭᠤᠯᠲᠠ ᠶᠢ ᠪᠠᠲᠤᠯᠠᠨ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠦ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢ ᠪᠠᠲᠤᠯᠠᠨ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠶᠦᠯᠭᠦᠢ ᠪᠠᠶᠢᠬᠤ ᠶᠢ ᠪᠠᠲᠤᠯᠠᠵᠦ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠨ᠂ ᠦᠨᠳᠦᠰᠦᠨ | ᠱᠠᠲᠤᠨ ᠤ ᠠᠵᠢᠯᠯᠠᠭᠠᠨ ᠢ ᠪᠠᠲᠤᠯᠠᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ | ᠬᠠᠮᠠᠭᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠭᠦ ᠰᠢᠢᠳᠪᠦᠷᠢᠲᠦ ᠳᠠᠶᠢᠨ ᠳᠤ | ᠰᠢᠢᠳᠪᠤᠷᠢᠳᠤ ᠢᠯᠠᠯᠲᠠ ᠣᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠭᠦ ᠪᠠᠲᠤᠯᠠᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠭᠡᠷᠡᠭᠲᠡᠢ᠃ | ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠳᠤ | ᠤᠷᠢᠳ ᠡᠮᠦᠨ᠎ᠡ ᠭᠠᠷᠤᠭ᠎ᠠ ᠦᠭᠡᠢ ᠠᠶᠤᠯ ᠲᠦᠭᠰᠢᠬᠦᠷᠢ ᠪᠠ ᠰᠢᠯᠭᠠᠯᠳᠠ ᠲᠤᠯᠭᠠᠷᠠᠵᠦ ᠪᠠᠶᠢᠭ᠎ᠠ ᠪᠤᠯᠪᠠᠴᠤ᠂ | ᠪᠢᠳᠡᠨ ᠳᠤ ᠦᠪᠡᠷᠮᠢᠴᠡ ᠪᠠᠶᠢᠳᠠᠭ ᠤᠯᠤᠰ ᠲᠦᠷᠦ ᠪᠠ ᠪᠠᠶᠢᠭᠤᠯᠤᠯ ᠤᠨ ᠳᠠᠪᠠᠭᠤᠯᠢᠭ ᠲᠠᠢ᠂ ᠦᠯᠡᠮᠵᠢ ᠵᠤᠵᠠᠭᠠᠨ | ᠠᠵᠤ ᠠᠬᠤᠶ ᠶᠢᠨ ᠰᠠᠭᠤᠷᠢ ᠲᠠᠢ᠂ ᠯᠤᠲᠤ ᠶᠡᠭᠡ ᠵᠠᠬ᠎ᠠ ᠳᠡᠯᠭᠡᠭᠦᠷ ᠤᠨ ᠲᠠᠯᠳᠠ ᠬᠦᠴᠦᠨ ᠲᠠᠢ᠂ ᠠᠵᠢᠯᠴᠢ | ᠬᠦᠳᠡᠯᠮᠦᠷᠢᠴᠢ ᠤᠶᠤᠨ ᠤᠬᠠᠭᠠᠯᠢᠭ ᠦᠢ ᠤᠯᠠᠨ ᠠᠷᠠᠳ ᠲᠦᠮᠡᠨ ᠲᠠᠢ ᠶᠤᠮ᠃ ᠰᠢᠯᠭᠠᠯᠳᠠ ᠳᠤ ᠰᠢᠭᠤᠳ | ᠬᠠᠨᠳᠤᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠬᠥᠳᠡᠯᠭᠡᠭᠴᠢ | ᠬᠦᠴᠦᠨ ᠢᠶᠠᠨ ᠴᠢᠩᠭᠠᠳᠬᠠᠵᠤ᠂ ᠮᠠᠨ ᠤ ᠤᠯᠤᠰ ᠤᠨ ᠬᠦᠭᠵᠢᠯᠳᠠ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ | ᠳᠤᠬᠢᠶᠠᠯᠳᠤ ᠬᠤᠭᠤᠴᠠᠭ᠎ᠠ ᠪᠠᠨ ᠬᠠᠮᠠᠭᠠᠯᠠᠵᠤ ᠰᠠᠶᠢᠳᠤᠷ ᠬᠡᠷᠡᠭᠯᠡᠬᠦ ᠯᠠ ᠶᠤᠮ ᠪᠣᠯ᠂ ᠣᠳᠣᠬᠠᠨ ᠤ ᠬᠦᠴᠢᠷ | ᠪᠡᠷᠬᠡᠰᠢᠶᠡᠯ ᠢ ᠯᠠᠪᠲᠠᠶ ᠲᠤᠭᠤᠯᠤᠨ ᠳᠠᠪᠠᠵᠦ ᠴᠢᠳᠠᠬᠤ ᠮᠦᠷᠳᠡᠭᠡᠨ ᠳᠤᠮᠳᠠᠳᠤ ᠤᠯᠤᠰ ᠤᠨ ᠬᠥᠭᠵᠢᠯᠲᠡ ᠯᠠᠪᠲᠠᠶ | ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠵᠦ ᠴᠢᠳᠠᠬᠤ ᠶᠤᠮ᠃ | ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠭᠠᠳ᠂ ᠪᠢᠳᠡ ᠬᠢᠵᠢᠭ ᠤᠨ ᠪᠠᠶᠢᠳᠠᠯ ᠠᠴᠠ ᠡᠮᠦᠨ᠎ᠠ | ᠪᠣᠳᠣᠯᠬᠢᠯᠠᠭᠰᠠᠨ ᠵᠢᠱᠢᠭᠰᠡᠨ ᠬᠠᠷᠠᠯᠲᠠ ᠳᠤ ᠵᠣᠬᠢᠰᠲᠠᠶ ᠲᠣᠬᠢᠷᠠᠭᠤᠯᠤᠯᠲᠠ ᠬᠢᠵᠡᠢ᠃ ᠡᠨᠡ ᠵᠢᠯ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠶᠢ ᠲᠠᠷᠢᠭᠦᠨ ᠳᠤ ᠳᠠᠯᠪᠢᠵᠦ᠂ ᠶᠠᠳᠠᠭᠤ ᠠᠴᠠ | ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠭᠦ ᠳᠠᠶᠢᠨ ᠳᠤ ᠵᠠᠪᠠᠯ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠬᠤᠳᠠ | ᠪᠠᠯᠭᠠᠰᠤᠨ ᠳᠤ ᠠᠵᠢᠯ ᠤᠯᠤᠭᠰᠠᠨ ᠬᠦᠮᠦᠨ ᠤ ᠲᠤᠭ᠎ᠠ ᠶᠢ 900 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ | ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠪᠠᠶᠢᠯᠭᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ | ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ ᠴᠢᠨᠠᠷ ᠢ ᠨᠢ | ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ | ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠶ ᠶᠢᠨ ᠨᠡᠮᠡᠭᠳᠡᠯ ᠢ | ᠦᠨᠳᠦᠰᠦᠨ ᠳᠡᠭᠡᠨ ᠵᠢᠭᠳᠡ ᠪᠠᠶᠢᠯᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯᠲᠡᠢ ᠰᠢᠶᠠᠨ ᠢ ᠪᠦᠭᠦᠳᠡ ᠶᠢ ᠶᠠᠳᠠᠭᠤ ᠠᠴᠠ ᠠᠩᠭᠢᠵᠢᠷᠠᠭᠤᠯᠤᠨ᠎ᠠ︔ ᠮᠥᠩᠭᠦᠨ ᠭᠦᠢᠯᠭᠡᠭᠡᠨ ᠤ ᠬᠦᠨᠳᠦ | ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ︔ ᠨᠢᠭᠡᠴᠢ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠠ ᠭᠤᠤᠯ ᠭᠤᠤᠯ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠦ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠤᠨ᠎ᠠ᠃ | ᠲᠣᠳᠣᠷᠬᠠᠶᠢᠯᠠᠭᠤᠰᠢᠳᠠᠢ ᠨᠢ᠂ ᠪᠢᠳᠡ ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠳᠤ | ᠪᠣᠳᠠᠲᠠᠶ ᠬᠠᠷᠠᠯᠲᠠ ᠳᠤᠷᠠᠳᠤᠭᠰᠠᠨ ᠦᠭᠡᠢ᠂ ᠡᠭᠦᠨ ᠤ ᠭᠤᠤᠯ ᠰᠢᠯᠳᠠᠭᠠᠨ ᠨᠢ ᠪᠦᠬᠦ ᠪᠥᠮᠪᠥᠷᠴᠡᠭ ᠤᠨ ᠬᠢᠵᠢᠭ ᠤᠨ | ᠪᠠᠶᠢᠳᠠᠯ ᠪᠠ ᠠᠵᠤ ᠠᠬᠤᠶ ᠠᠷᠠᠯᠵᠢᠶᠠᠨ ᠤ ᠪᠠᠶᠢᠳᠠᠯ ᠤᠨ ᠲᠣᠭᠲᠠᠭᠠᠯᠲᠤ ᠪᠤᠰᠤ ᠴᠢᠨᠠᠷ ᠮᠠᠰᠢ ᠶᠡᠭᠡ ᠪᠠᠶᠢᠵᠤ᠂ ᠮᠠᠨ ᠤ | ᠤᠯᠤᠰ ᠤᠨ ᠬᠥᠭᠵᠢᠯᠲᠡ ᠳᠤ ᠲᠥᠰᠦᠭᠡᠯᠡᠬᠦᠶ᠎ᠡ ᠪᠡᠷᠬᠡ ᠨᠥᠯᠥᠭᠡᠯᠡᠬᠦ ᠬᠦᠴᠦᠨ ᠵᠦᠢᠯ ᠤᠳ ᠲᠤᠯᠭᠠᠷᠠᠵᠤ ᠪᠠᠶᠢᠨ᠎ᠠ᠃ | ᠢᠩᠭᠢᠵᠦ ᠬᠢᠬᠦ ᠨᠢ ᠡᠯ᠎ᠡ ᠲᠠᠯ᠎ᠠ ᠶᠢᠨ ᠬᠢᠨ ᠢ ᠬᠦᠳᠦᠯᠦᠨ ᠵᠢᠯᠤᠭᠤᠳᠴᠤ ᠤᠶᠤᠨ ᠴᠢᠳᠠᠯ ᠢᠶᠠᠨ ᠲᠥᠪᠯᠡᠷᠡᠭᠦᠯᠦᠨ ︽ | ᠵᠢᠷᠭᠤᠭ᠎ᠠ ᠶᠢ ᠲᠤᠭᠳᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ ᠠᠳᠬᠤᠬᠤ ᠳᠤ ᠠᠰᠢᠭᠲᠠᠶ | ᠶᠤᠮ᠃ ︽ᠵᠢᠷᠭᠤᠭ᠎ᠠ ᠶᠢ ᠪᠠᠲᠤᠯᠠᠬᠤ︾ ᠪᠣᠯ ᠡᠨᠡ ᠵᠢᠯ ᠤᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠤᠨ ᠬᠦᠴᠦᠯᠡᠬᠦ ᠴᠡᠭ ᠪᠣᠯᠤᠨ᠎ᠠ᠃ ︽ᠵᠢᠷᠭᠤᠭ᠎ᠠ ᠶᠢ ᠪᠠᠲᠤᠯᠠᠬᠤ︾ ᠬᠢᠵᠠᠭᠠᠷ ᠱᠤᠭᠤᠮ ᠢ ᠪᠠᠳᠤ ᠰᠠᠬᠢᠪᠠᠯ᠂ | ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠭᠤᠨ ᠪᠠᠶᠢᠯᠭᠠᠵᠦ ᠴᠢᠳᠠᠨ᠎ᠠ︔ ᠪᠠᠳᠤᠯᠠᠬᠤ ᠪᠠᠷ ᠲᠤᠭᠳᠠᠭᠤᠨ | ᠪᠠᠶᠢᠯᠭᠠᠬᠤ ᠶᠢ ᠠᠬᠢᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠡᠶᠢᠪᠡᠯ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠰᠠᠭᠤᠷᠢ ᠶᠢ ᠪᠠᠳᠤᠳᠬᠠᠨ ᠦᠭᠴᠦ ᠴᠢᠳᠠᠬᠤ | ᠶᠤᠮ᠃ ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ | ᠬᠠᠷᠠᠯᠲᠠ ᠶᠢ ᠪᠡᠶᠡᠯᠡᠭᠦᠯᠭᠦ ᠳᠤ ᠴᠦ ᠭᠡᠰᠡᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠴᠤ ᠭᠡᠰᠡᠨ᠂ | ᠴᠦᠮ ᠠᠵᠤ ᠠᠬᠤᠶ ᠶᠢᠨ ᠨᠡᠮᠡᠭᠳᠡᠯ ᠢᠶᠠᠷ ᠲᠤᠯᠭᠠᠭᠤᠷᠢᠯᠠᠭᠤᠯᠳᠠᠭ ᠪᠤᠯᠬᠤᠷ ᠠᠵᠤ ᠠᠬᠤᠶ ᠶᠢᠨ ᠠᠵᠢᠯᠯᠠᠭᠠᠨ ᠢ | ᠲᠣᠭᠲᠠᠭᠤᠨ ᠪᠠᠶᠢᠯᠭᠠᠬᠤ ᠨᠢ ᠪᠦᠬᠦ ᠲᠠᠯ᠎ᠠ ᠳᠤ ᠬᠤᠯᠪᠣᠭᠳᠠᠳᠠᠭ ᠭᠡᠳᠡᠭ ᠢ ᠲᠠᠨᠢᠵᠦ ᠤᠯᠬᠤ ᠭᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ ᠠᠷᠠᠳ ᠤᠨ | ᠠᠮᠢᠳᠤᠷᠠᠯ ᠢ ᠪᠠᠲᠤᠯᠠᠨ᠂ ᠬᠡᠷᠡᠭᠯᠡᠭᠡ ᠶᠢ ᠠᠬᠢᠭᠤᠯᠵᠦ᠂ ᠵᠠᠬ᠎ᠠ ᠳᠡᠯᠭᠡᠭᠦᠷ ᠢ ᠳᠠᠶᠢᠴᠢᠯᠠᠨ᠂ ᠨᠡᠮᠡᠭᠳᠡᠯ ᠢ ᠲᠣᠭᠲᠠᠭᠤᠨ | ᠪᠠᠶᠢᠯᠭᠠᠵᠦ ᠪᠠᠶᠢᠭᠠᠳ᠂ ᠳᠠᠭᠠᠷᠢᠯᠲᠠ ᠶᠢ ᠪᠦᠲᠦᠮᠵᠢᠲᠡᠶ ᠠᠷᠭᠠᠴᠠᠭᠠᠬᠤ᠂ ᠰᠠᠶᠢᠨ ᠣᠷᠴᠢᠯ ᠢ ᠪᠡᠶᠡᠯᠡᠭᠦᠯᠬᠦ ᠰᠢᠨ᠎ᠡ | ᠵᠠᠮ ᠢ ᠨᠡᠭᠡᠭᠡᠬᠦ ᠭᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢ ᠨᠡᠩ ᠢᠳᠡᠪᠬᠢᠲᠡᠶ ᠪᠦᠲᠦᠮᠵᠢᠲᠠᠢ ᠪᠠᠶᠢᠯᠭᠠᠬᠤ ᠬᠡᠷᠡᠭᠲᠡᠶ | ᠃ ᠡᠨᠡ ᠵᠢᠯ ᠤᠯᠠᠭᠠᠨ ᠲᠤᠭ᠎ᠠ ᠶᠢᠨ ᠨᠣᠷᠮ᠎ᠠ ᠶᠢ 3.6% ᠠᠴᠠ ᠳᠡᠭᠡᠭᠰᠢ ᠲᠣᠬᠢᠷᠠᠭᠤᠯᠬᠤ ᠪᠠᠷ ᠲᠦᠯᠦᠪᠯᠡᠵᠦ᠂ | ᠡᠳ᠋ ᠤᠨ ᠵᠠᠰᠠᠭ ᠤᠨ ᠤᠯᠠᠭᠠᠨ ᠲᠤᠭ᠎ᠠ ᠶᠢ ᠨᠢᠳᠤᠨᠤᠨ ᠤ ᠬᠢ ᠠᠴᠠ 1 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠬᠦᠯᠭᠦ ᠶᠢᠨ ᠬᠠᠮᠳᠤ ᠬᠢᠵᠢᠭ ᠢ ᠡᠰᠡᠷᠭᠦᠴᠡᠬᠦ ᠤᠯᠤᠰ ᠤᠨ ᠣᠨᠴᠠᠭᠠᠶ ᠵᠢᠭᠡᠯᠡᠯᠭᠡ ᠶᠢ 1 ᠲᠦᠮᠡᠨ ᠳ᠋ᠦᠩᠰᠢᠭᠤᠷ | ᠲᠥᠭᠦᠷᠢᠭ ᠲᠠᠷᠬᠠᠭᠠᠨ᠎ᠠ᠃ ᠡᠨᠡ ᠪᠣᠯ ᠣᠨᠴᠠᠭᠠᠶ ᠴᠠᠭ ᠦᠶ᠎ᠡ ᠶᠢᠨ ᠣᠨᠴᠠᠭᠠᠶ ᠠᠷᠭ᠎ᠠ ᠬᠡᠮᠵᠢᠶ᠎ᠡ ᠮᠦᠨ᠃ ᠳᠡᠭᠡᠷ᠎ᠡ | ᠳᠤᠷᠠᠳᠤᠭᠰᠠᠨ 2 ᠲᠦᠮᠡᠨ ᠳ᠋ᠦᠩᠰᠢᠭᠤᠷ ᠲᠥᠭᠦᠷᠢᠭ ᠢ ᠪᠦᠬᠦᠨ ᠢ ᠣᠷᠣᠨ ᠨᠤᠲᠤᠭ ᠲᠤ ᠰᠢᠯᠵᠢᠭᠦᠯᠦᠨ ᠥᠭᠴᠦ᠂ | ᠣᠨᠴᠠᠭᠠᠢ ᠰᠢᠯᠵᠢᠭᠦᠯᠦᠨ ᠥᠭᠬᠦ ᠲᠣᠭᠲᠠᠴᠠ ᠶᠢ ᠪᠠᠶᠢᠭᠤᠯᠤᠭᠠᠳ᠂ ᠪᠡᠯᠡ ᠮᠥᠩᠭᠦ ᠶᠢ ᠬᠤᠲᠠ ᠰᠢᠶᠠᠨ ᠤ | ᠦᠨᠳᠦᠰᠦᠨ ᠱᠠᠲᠤᠨ ᠳᠤ ᠰᠢᠭᠤᠳ ᠬᠦᠷᠭᠡᠵᠦ᠂ ᠰᠢᠭᠤᠳ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠦᠨ | ᠠᠷᠠᠳ ᠲᠤ ᠠᠰᠢᠭ ᠬᠦᠷᠲᠡᠭᠡᠨ᠎ᠠ᠂ ᠭᠤᠤᠯᠳᠠᠭᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠲᠦᠷᠢᠶᠡᠰᠦ | ᠬᠥᠩᠭᠡᠯᠡᠵᠦ ᠬᠦᠤ ᠮᠥᠩᠭᠦ ᠪᠠᠭᠤᠷᠠᠭᠤᠯᠬᠤ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠥᠷᠭᠡᠳᠬᠡᠬᠦ ᠶᠢ ᠳᠠᠮᠵᠢᠭᠦ | ᠵᠡᠷᠭᠡ ᠶᠢ ᠪᠠᠭᠳᠠᠭᠠᠭᠰᠠᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠳᠤ ᠬᠡᠷᠡᠭᠯᠡᠨ᠎ᠡ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠰᠢᠨᠵᠢ ᠴᠢᠨᠠᠷ ᠢ ᠴᠢᠩᠭᠠᠷᠠᠭᠤᠯᠵᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠶᠢ ᠤᠭᠲᠤ ᠵᠥᠪᠰᠢᠶᠡᠷᠡᠬᠦ ᠦᠭᠡᠢ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ᠠᠷᠠᠳ ᠤᠨ ᠦᠨᠳᠦᠰᠦᠨ | ᠠᠮᠢᠳᠤᠷᠠᠯ ᠤᠨ ᠵᠠᠷᠤᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠵᠦ᠂ ᠭᠤᠤᠯᠳᠠᠯᠭ᠎ᠠ ᠲᠠᠢ | ᠬᠦᠷᠢᠶᠡᠨ ᠳᠠᠬᠢ ᠵᠠᠷᠤᠯᠭ᠎ᠠ ᠶᠢ ᠦᠨᠡᠨ ᠬᠦ ᠪᠠᠲᠤᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ | ᠠᠰᠠᠷ ᠳᠠᠭᠳᠤ ᠳᠠᠩᠬᠢᠮ ᠪᠠᠭᠤᠳᠠᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠯᠠᠷᠵᠢᠶ᠎ᠠ ᠳᠠᠳᠠᠵᠤ | ᠪᠦᠷᠢᠯᠬᠡᠨ ᠰᠦᠢᠳᠬᠡᠬᠦ ᠶᠢ ᠴᠢᠩᠭ᠎ᠠ ᠴᠠᠭᠠᠵᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠡᠷᠬᠡᠪᠰᠢ ᠦᠨᠡᠨ ᠬᠦ | ᠭᠠᠮᠨᠠᠨ ᠠᠷᠪᠢᠯᠠᠵᠦ᠂ ᠲᠥᠪ ᠵᠠᠰᠠᠭ ᠤᠨ ᠣᠷᠳᠣᠨ ᠲᠦᠷᠦᠭᠦᠯᠡᠨ ᠬᠢᠵᠦ᠂ ᠲᠥᠪ ᠤᠨ ᠲᠤᠰ ᠱᠠᠲᠤᠨ ᠤ | ᠵᠠᠷᠤᠯᠭ᠎ᠠ ᠶᠢ ᠰᠥᠭᠡᠷᠭᠦ ᠨᠡᠮᠡᠭᠳᠡᠯ ᠢᠶᠠᠷ ᠲᠣᠬᠢᠷᠠᠭᠤᠯᠵᠠᠢ᠂ ᠡᠭᠦᠨ ᠳᠤ ᠪᠠᠴᠢᠮ ᠬᠡᠷᠡᠭᠴᠡᠭᠡᠨ ᠤ ᠪᠤᠰᠤ ᠵᠠᠶᠢᠯᠠᠰᠢ ᠦᠭᠡᠢ | ᠪᠤᠰᠤ ᠵᠠᠷᠤᠯᠭ᠎ᠠ ᠶᠢ 50% ᠠᠴᠠ ᠳᠡᠭᠡᠭᠰᠢ ᠪᠠᠭᠠᠰᠬᠠᠨ᠎ᠠ᠃ ᠡᠯ᠎ᠡ ᠲᠥᠷᠥᠯ ᠤᠨ ᠦᠯᠡᠳᠡᠪᠦᠷᠢ ᠪᠡᠯᠡ ᠮᠥᠩᠭᠦ᠂ | ᠰᠤᠯᠠ ᠳᠠᠷᠤᠭᠳᠠᠵᠦ ᠪᠠᠶᠢᠭ᠎ᠠ ᠪᠠ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠬᠤᠷᠢᠶᠠᠬᠤ ᠶᠣᠰᠣᠲᠠᠢ ᠶᠢ ᠨᠢ | ᠴᠦᠮ ᠬᠤᠷᠢᠶᠠᠵᠤ᠂ ᠳᠠᠬᠢᠨ ᠲᠣᠬᠢᠷᠠᠭᠤᠯᠤᠨ᠎ᠠ᠃ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ ᠦᠷ᠎ᠡ ᠠᠰᠢᠭ ᠢ | ᠶᠡᠭᠡ ᠪᠠᠷ ᠨᠡᠮᠡᠭᠳᠡᠭᠦᠯᠵᠦ᠂ ᠡᠯ᠎ᠡ ᠵᠦᠢᠯ ᠤᠨ ᠵᠠᠷᠤᠯᠭ᠎ᠠ ᠶᠢ ᠡᠷᠬᠡᠪᠰᠢ ᠨᠠᠷᠢᠨ ᠪᠤᠳᠤᠵᠦ ᠨᠢᠮᠪᠠᠶ ᠲᠦᠯᠦᠪᠯᠡᠨ᠂ ᠵᠣᠭᠤᠰ | ᠨᠢᠭᠡᠪᠦᠷᠢ ᠶᠢ ᠵᠠᠪᠠᠯ ᠴᠢᠬᠤᠯᠠ ᠴᠢᠬᠤᠯᠠ ᠪᠠᠴᠢᠮ ᠵᠠᠩᠭᠢᠯᠠᠭ᠎ᠠ ᠶᠢᠨ ᠭᠠᠵᠠᠷ ᠲᠤᠨᠢ ᠭᠡᠷᠡᠭᠯᠡᠵᠦ᠂ ᠵᠠᠬ᠎ᠠ ᠳᠡᠯᠭᠡᠭᠦᠷ ᠤᠨ | ᠪᠠᠶᠡᠴᠢ ᠴᠣᠭᠴᠠ ᠪᠣᠯᠤᠨ ᠠᠷᠠᠳ ᠤᠯᠠᠨ ᠳᠤ ᠵᠠᠪᠠᠯ ᠦᠨᠡᠨ ᠪᠣᠳᠠᠲᠠᠢ ᠲᠦᠷᠦᠭᠳᠡᠯ ᠤᠯᠭᠤᠬᠤ ᠬᠡᠷᠡᠭᠲᠡᠢ᠃ | ᠵᠣᠭᠤᠰᠣᠨ ᠤ ᠯᠠᠪᠳᠠᠭᠤᠨ ᠲᠦᠷᠦ ᠶᠢᠨ ᠪᠤᠳᠤᠯᠭ᠎ᠠ ᠶᠢ ᠨᠡᠩ ᠠᠮᠢᠳᠤᠯᠢᠭ ᠪᠦᠭᠡᠳ ᠲᠣᠬᠢᠷᠠᠮᠵᠢᠲᠠᠶ ᠪᠠᠶᠢᠯᠭᠠᠬᠤ | ᠬᠡᠷᠡᠭᠲᠡᠶ᠃ ᠬᠠᠳᠠᠭᠠᠯᠠᠮᠵᠢ ᠶᠢᠨ ᠪᠡᠯᠡᠳᠭᠡᠯ ᠮᠦᠡᠭᠭᠦ ᠶᠢᠨ ᠨᠤᠷᠮ᠎ᠠ ᠪᠠ ᠬᠦᠤ ᠮᠥᠩᠭᠦ ᠶᠢ ᠪᠠᠭᠤᠷᠠᠭᠤᠯᠬᠤ᠂ ᠳᠠᠬᠢᠨ | ᠵᠢᠭᠡᠯᠡᠯᠭᠡ ᠦᠭᠭᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠳᠡᠯᠭᠡᠷᠡᠩᠭᠦᠶ ᠤᠳᠬ᠎ᠠ ᠶᠢᠨ ᠵᠣᠭᠤᠰᠣᠨ ᠤ | ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠠᠯᠠ ᠲᠣᠬᠢᠷᠠᠭᠤᠯᠭ᠎ᠠ ᠶᠢᠨ ᠬᠡᠪᠴᠢᠶᠠᠨ ᠤ ᠨᠡᠮᠡᠭᠳᠡᠯ ᠤᠨ ᠬᠤᠷᠳᠤᠴᠠ ᠶᠢ | ᠨᠢᠳᠤᠨᠤᠨ ᠤ ᠬᠢ ᠠᠴᠠ ᠢᠯᠡᠳᠲᠡ ᠥᠨᠳᠥᠷ ᠪᠣᠯᠭᠠᠬᠤ ᠶᠢ ᠬᠦᠳᠦᠯᠦᠨ ᠵᠢᠯᠤᠭᠤᠳᠤᠨ᠎ᠠ᠃ ᠠᠷᠠᠳ ᠤᠨ ᠵᠣᠭᠤᠰᠣᠨ ᠤ | ᠭᠤᠪᠢᠭᠤᠯᠭ᠎ᠠ ᠶᠢᠨ ᠨᠤᠷᠮ᠎ᠠ ᠶᠢ ᠵᠦᠶ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ ᠳᠡᠭᠡᠨ | ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠪᠣᠳᠠᠲᠤ ᠴᠣᠭᠴᠠ ᠶᠢᠨ ᠠᠵᠤ ᠠᠬᠤᠶ ᠳᠤ ᠰᠢᠭᠤᠳ ᠬᠦᠷᠬᠦ | ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠳᠦᠭᠦᠮ | ᠳᠦᠳᠡ ᠪᠠᠷ ᠵᠢᠭᠡᠯᠡᠯᠭᠡ ᠤᠯᠵᠦ ᠴᠢᠳᠠᠬᠤ ᠶᠢ ᠠᠬᠢᠭᠤᠯᠵᠤ᠂ ᠬᠦᠦ ᠮᠥᠩᠭᠦ ᠶᠢᠨ ᠨᠤᠷᠮ᠎ᠠ ᠶᠢ ᠦᠷᠭᠦᠯᠵᠢᠯᠡᠨ | ᠪᠠᠭᠤᠷᠠᠭᠤᠯᠬᠤ ᠶᠢ ᠠᠬᠢᠭᠤᠯᠤᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠶ᠃ ᠡᠳ᠋ ᠤᠨ ᠵᠠᠰᠠᠭ᠂ ᠵᠣᠭᠤᠰ ᠪᠠ ᠪᠡᠯᠡ ᠣᠷᠣᠭᠤᠯᠤᠯᠲᠠ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠪᠠᠷ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠬᠦᠴᠦ ᠪᠠᠨ ᠲᠥᠪᠯᠡᠷᠡᠭᠦᠯᠦᠨ ᠳᠡᠮᠵᠢᠭᠦ ᠬᠡᠷᠡᠭᠲᠡᠶ᠃ ᠣᠳᠣ | ᠪᠠᠶᠢᠭ᠎ᠠ ᠠᠵᠢᠯ ᠣᠯᠭᠤᠯᠲᠠ ᠶᠢ ᠴᠢᠷᠮᠠᠶᠢᠨ ᠲᠣᠭᠲᠠᠪᠤᠷᠢᠵᠢᠭᠤᠯᠵᠤ᠂ ᠰᠢᠨ᠎ᠡ ᠪᠠᠷ ᠠᠵᠢᠯ ᠣᠯᠭᠤᠬᠤ ᠶᠢ | ᠢᠳᠡᠪᠬᠢᠲᠡᠶ ᠪᠠᠷ ᠨᠡᠮᠡᠭᠳᠡᠭᠦᠯᠵᠦ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ ᠶᠢ ᠠᠬᠢᠭᠤᠯᠤᠨ᠎ᠠ᠃ ᠡᠯ᠎ᠡ | ᠭᠠᠵᠠᠷ ᠤᠨ ᠬᠢᠨ ᠠᠵᠢᠯ ᠣᠯᠭᠤᠬᠤ ᠲᠠᠯ᠎ᠠ ᠪᠠᠷ ᠬᠢ ᠵᠦᠶ ᠵᠣᠬᠢᠰ ᠦᠭᠡᠢ ᠬᠢᠵᠠᠭᠠᠷᠯᠠᠯ ᠢ ᠢᠯᠭᠠᠷᠠᠭᠤᠯᠤᠨ ᠬᠦᠴᠦᠨ | ᠦᠭᠡᠢ ᠪᠣᠯᠭᠠᠵᠤ᠂ ᠠᠵᠢᠯ ᠣᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠨᠡᠶᠢᠳᠡᠯᠡᠭᠦ ᠶᠤᠰᠤᠳᠠᠢ ᠶᠢ ᠨᠢ ᠴᠦᠮ | ᠨᠡᠶᠢᠳᠡᠯᠡᠵᠦ᠂ ᠠᠵᠢᠯ ᠤᠨ ᠪᠠᠶᠢᠷᠢ ᠶᠢ ᠥᠷᠭᠡᠳᠬᠡᠬᠦ ᠳᠤ ᠬᠡᠷᠡᠭᠯᠡᠵᠦ ᠪᠤᠯᠬᠤ ᠠᠷᠭ᠎ᠠ ᠬᠡᠮᠵᠢᠶ᠎ᠠ ᠶᠢ ᠴᠦᠮ ᠬᠡᠷᠡᠭᠯᠡᠬᠦ | ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ | ᠡᠷᠬᠡᠪᠰᠢ ᠪᠡᠶᠡᠯᠡᠭᠦᠯᠬᠦ ᠬᠠᠲᠠᠭᠤ ᠡᠭᠦᠷᠭᠡ ᠮᠥᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ | ᠠᠩᠭᠢᠵᠢᠷᠠᠭᠤᠯᠬᠤ ᠪᠠᠷᠢᠮᠵᠢᠶ᠎ᠠ ᠶᠢ ᠪᠠᠷᠢᠮᠲᠠᠯᠠᠵᠤ᠂ ᠶᠠᠳᠠᠭᠤ ᠶᠢ ᠲᠡᠳᠬᠦᠬᠦ ᠤᠷᠤᠭᠤᠯᠤᠯᠲᠠ ᠪᠠᠨ ᠨᠡᠮᠡᠭᠳᠡᠭᠦᠯᠵᠤ᠂ | ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠯᠡᠳᠡᠵᠦ ᠪᠠᠶᠢᠭ᠎ᠠ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠭᠦ ᠪᠠᠲᠤᠯᠠᠵᠤ᠂ | ᠳᠠᠬᠢᠨ ᠶᠠᠳᠠᠭᠤᠷᠠᠭᠰᠠᠨ ᠬᠥᠮᠦᠨ ᠠᠮᠠ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ | ᠰᠠᠶᠢᠲᠤᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ | ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠰᠠᠶᠢᠲᠤᠷ ᠬᠢᠵᠦ᠂ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠭᠡ ᠰᠡᠳᠦᠪ ᠢ ᠰᠢᠢᠳᠪᠤᠷᠢᠯᠡᠭᠦ ᠠᠵᠢᠯ ᠤᠨ ᠱᠠᠳᠤ ᠦᠶᠡᠴᠢ ᠴᠢᠨᠠᠷᠲᠠᠢ | ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠮᠦᠡᠭᠭᠦᠨ ᠭᠦᠢᠯᠬᠡᠭᠡ ᠵᠡᠷᠭᠡ ᠬᠦᠷᠢᠶᠡᠨ ᠤ ᠬᠦᠨᠳᠦ ᠶᠡᠭᠡ ᠠᠶᠤᠯ | ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠪᠠᠨ ᠴᠢᠩᠭᠠᠳᠬᠠᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠶᠢ | ᠦᠯᠦ ᠡᠭᠦᠰᠭᠡᠬᠦ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠭᠡᠷᠡᠭᠲᠡᠢ᠃ | ᠡᠨᠡ ᠵᠢᠯ ᠨᠢᠭᠡᠨᠲᠡ 5 ᠰᠠᠷ᠎ᠠ ᠰᠢᠬᠠᠮ ᠤᠨ ᠬᠤᠭᠤᠴᠠᠭ᠎ᠠ ᠥᠩᠭᠡᠷᠡᠭᠡᠳ ᠪᠠᠶᠢᠨ᠎ᠠ᠂ ᠳᠠᠷᠠᠭᠠᠴᠢ ᠶᠢᠨ | ᠱᠠᠲᠤᠨ ᠳᠤ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠠᠵᠢᠯ ᠢ ᠣᠭᠲᠣᠬᠠᠨ ᠴᠤ | ᠰᠤᠯᠠᠷᠠᠭᠤᠯᠬᠤ ᠦᠭᠡᠶ ᠬᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠱᠠᠯᠠᠪᠳᠠᠨ | ᠰᠠᠶᠢᠲᠤᠷ ᠬᠢᠬᠦ ᠬᠡᠷᠡᠭᠲᠡᠶ᠃ ᠨᠡᠶᠢᠲᠡᠯᠡᠭᠰᠡᠨ ᠲᠥᠷᠥ ᠶᠢᠨ ᠪᠣᠳᠣᠯᠭ᠎ᠠ ᠪᠠᠨ ᠬᠦᠴᠦᠲᠠᠢ ᠪᠠᠶᠢᠯᠭᠠᠬᠤ ᠮᠥᠷᠲᠡᠭᠡᠨ | ᠦᠷᠭᠦᠯᠵᠢᠯᠡᠬᠦ ᠴᠢᠨᠠᠷ ᠢ ᠴᠤ ᠪᠣᠳᠣᠯᠬᠢᠯᠠᠵᠦ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠪᠠᠰᠠ | ᠲᠡᠭᠦᠯᠳᠡᠷᠵᠢᠭᠦᠯᠵᠦ ᠪᠣᠯᠬᠤ ᠲᠤᠯᠠ ᠪᠢᠳᠡᠨ ᠳᠤ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠢᠳᠠᠭᠡᠯ ᠵᠣᠷᠢᠭ | ᠪᠤᠯᠤᠨ ᠬᠦᠴᠦᠨ ᠴᠢᠳᠠᠪᠤᠷᠢ ᠪᠠᠶᠢᠨ᠎ᠠ᠃ | ᠭᠤᠷᠪᠠ᠂ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠵᠤ | ᠠᠬᠤᠶᠢᠯᠠᠯ ᠢ ᠲᠤᠭᠳᠠᠭᠤᠨ ᠪᠠᠶᠢᠯᠭᠠᠵᠦ ᠠᠵᠢᠯ ᠣᠯᠭᠤᠯᠲᠠ ᠶᠢ ᠪᠠᠲᠤᠯᠠᠬᠤ ᠳᠤ ᠬᠦᠴᠦ ᠳᠠᠯᠪᠢᠨ᠎ᠠ | ᠠᠵᠢᠯ ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠬᠤ ᠳᠤ ᠡᠷᠬᠡᠪᠰᠢ ᠳ᠋ᠦᠩᠰᠢᠭᠤᠷ ᠭᠠᠷᠤᠶ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠲᠣᠭᠳᠠᠭᠤᠨ ᠪᠠᠶᠢᠯᠭᠠᠵᠦ᠂ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷ ᠢ ᠲᠤᠭᠤᠯᠬᠤ ᠳᠤᠨᠢ | ᠴᠢᠳᠠᠯ ᠢᠶᠠᠷ ᠢᠶᠠᠨ ᠬᠠᠪᠰᠤᠷᠬᠤ ᠬᠡᠷᠡᠭᠲᠡᠶ᠃ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠱᠠᠲᠤ ᠦᠶᠡᠴᠢ | ᠴᠢᠨᠠᠷᠲᠠᠶ ᠲᠥᠷᠥ ᠶᠢᠨ ᠪᠣᠳᠣᠯᠭ᠎ᠠ ᠶᠢ ᠴᠢᠩᠭᠠᠳᠬᠠᠵᠦ᠂ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠯᠤᠭ᠎ᠠ | ᠤᠶᠠᠯᠳᠤᠭᠤᠯᠤᠨ᠂ ᠡᠳ᠋ ᠤᠨ ᠢᠷᠡᠯᠳᠡ ᠶᠢ ᠳᠡᠳᠭᠦᠨ ᠪᠤᠶᠢᠵᠢᠭᠤᠯᠵᠦ᠂ ᠵᠠᠬ᠎ᠠ ᠳᠡᠯᠭᠡᠭᠦᠷ ᠤᠨ ᠪᠠᠶᠠᠴᠢ ᠴᠣᠭᠴᠠ ᠶᠢᠨ | ᠬᠦᠴᠢᠷᠳᠡᠯ ᠢᠶᠠᠨ ᠰᠢᠢᠳᠪᠦᠷᠢᠯᠡᠵᠦ ᠭᠦᠭᠵᠢᠭᠦ ᠳᠤ ᠨᠢ ᠬᠦᠴᠦ ᠨᠡᠮᠡᠷᠢᠯᠡᠨ᠎ᠡ᠃ ᠡᠨᠡ ᠵᠢᠯ ᠦᠷᠳᠡᠭ ᠨᠡᠮᠡᠭᠳᠡᠯ ᠤᠨ | ᠭᠠᠶᠢᠯᠢ ᠶᠢᠨ ᠭᠠᠶᠢᠯᠢ ᠶᠢᠨ ᠨᠤᠷᠮ᠎ᠠ ᠶᠢ ᠪᠠᠭᠤᠷᠠᠭᠤᠯᠬᠤ ᠪᠠ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠵᠡᠷᠭᠡ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠡᠮᠵᠢᠶ᠎ᠠ ᠶᠢ ᠪᠠᠷᠤᠭ 5000 ᠳ᠋ᠦᠩᠰᠢᠭᠤᠷ ᠲᠥᠭᠦᠷᠢᠭ | ᠰᠢᠨ᠎ᠠ ᠪᠠᠷ ᠨᠡᠮᠡᠭᠳᠡᠭᠦᠯᠦᠨ᠎ᠡ᠃ ᠡᠮᠦᠨᠡᠭᠢ ᠬᠤᠭᠤᠴᠠᠭᠠᠨ ᠳᠤ ᠨᠠᠶᠢᠳᠠᠯᠡᠭᠰᠡᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠨᠠᠰᠤᠵᠢᠯ ᠤᠨ ᠠᠰᠠᠷᠠᠮᠵᠢ ᠪᠠ ᠠᠵᠢᠯ ᠠᠯᠳᠠᠯᠲᠠ ᠪᠤᠯᠤᠨ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠶᠢ ᠬᠡᠯᠲᠦᠷᠢᠭᠦᠯᠬᠦ᠂ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠭᠡᠭᠡᠪᠦᠷᠢ᠂ ᠬᠤᠭᠤᠯᠠ ᠤᠮᠳᠠ ᠬᠤᠨᠤᠭ ᠪᠠᠭᠤᠳᠠᠯ᠂ ᠵᠢᠭᠤᠯᠴᠢᠯᠡᠯ ᠵᠤᠭ᠎ᠠ ᠴᠡᠩᠭᠡᠯ᠂ ᠰᠣᠶᠣᠯ | ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠥᠷᠲᠡᠭ ᠨᠡᠮᠡᠭᠳᠡᠯ ᠤᠨ ᠭᠠᠶᠢᠯᠢ ᠶᠢ ᠬᠡᠯᠳᠦᠷᠢᠭᠦᠯᠭᠦ᠂ ᠠᠷᠠᠳ ᠤᠨ | ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦ᠂ ᠭᠠᠷᠠᠮ ᠤᠨ ᠪᠦᠲᠦᠭᠡᠨ ᠪᠠᠶᠢᠭᠤᠯᠤᠯᠲᠠ ᠶᠢᠨ | ᠵᠠᠷᠤᠳᠠᠯ ᠢ ᠬᠠᠰᠤᠵᠤ ᠬᠡᠯᠲᠦᠷᠢᠭᠦᠯᠭᠦ ᠶᠢ ᠪᠠᠭᠳᠠᠭᠠᠭᠰᠠᠨ 6 ᠳ᠋ᠤᠭᠠᠷ ᠰᠠᠷ᠎ᠠ ᠠᠴᠠ ᠡᠮᠦᠨ᠎ᠡ ᠬᠤᠭᠤᠴᠠᠭ᠎ᠠ ᠨᠢ ᠳᠤᠯᠬᠤ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠭᠦᠢᠴᠡᠳᠬᠡᠬᠦ ᠬᠤᠭᠤᠴᠠᠭ᠎ᠠ ᠶᠢ | ᠪᠦᠬᠦᠨ ᠢ ᠡᠨᠡ ᠵᠢᠯ ᠤᠨ ᠡᠴᠦᠰ ᠪᠣᠯᠲᠠᠯ᠎ᠠ ᠤᠷᠲᠤᠳᠬᠠᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠶᠢ ᠴᠥᠮ ᠢᠷᠡᠬᠦ ᠵᠢᠯ | ᠪᠣᠯᠲᠠᠯ᠎ᠠ ᠬᠤᠶᠢᠰᠢᠯᠠᠭᠤᠯᠤᠨ᠎ᠠ᠃ ᠵᠢᠱᠢᠯᠲᠡ ᠪᠠᠷ᠂ ᠪᠦᠬᠦ ᠵᠢᠯ ᠳᠤ ᠠᠵᠤ ᠠᠬᠤᠶᠢᠯᠠᠯ ᠤᠨ ᠳᠠᠷᠤᠭᠠᠰᠤ ᠶᠢ | ᠬᠦᠡᠭᠭᠡᠷᠡᠭᠦᠯᠭᠦ ᠲᠤᠭ᠎ᠠ 2.5 ᠲᠦᠮᠠᠨ ᠳ᠋ᠦᠩᠰᠢᠭᠤᠷ ᠭᠠᠷᠤᠢ ᠲᠥᠭᠦᠷᠢᠭ ᠰᠢᠨ᠎ᠡ ᠪᠠᠷ ᠨᠡᠮᠡᠭᠳᠡᠭᠦ ᠪᠤᠯᠤᠨ᠎ᠠ᠃ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠠᠵᠤ ᠠᠬᠤᠶᠢᠯᠠᠯ ᠳᠤ ᠡᠷᠡᠰ | ᠨᠠᠶᠢᠳᠠᠪᠤᠷᠢᠵᠢᠭᠤᠯᠵᠤ᠂ ᠭᠦᠭᠡᠮᠳᠦᠭ ᠠᠭᠤᠯᠠᠰ ᠢ ᠭᠡᠪ ᠢᠶᠠᠷ ᠨᠢ ᠦᠯᠡᠳᠡᠭᠡᠵᠦ᠂ ᠭᠦᠭᠵᠢᠭᠦ ᠢᠷᠡᠭᠡᠳᠦᠢ ᠪᠠᠨ ᠲᠡᠮᠡᠴᠡᠨ | ᠤᠯᠬᠤ ᠭᠡᠷᠡᠭᠲᠡᠢ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ | ᠠᠬᠢᠭᠤᠯᠤᠨ᠎ᠠ᠃ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ 5% ᠪᠠᠷ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠡᠨᠡ ᠵᠢᠯ ᠤᠨ ᠡᠴᠦᠰ ᠪᠣᠯᠲᠠᠯ᠎ᠠ ᠤᠷᠲᠤᠳᠬᠠᠨ᠎ᠠ᠃ ᠥᠷᠭᠡᠨ ᠪᠦᠰᠡᠳᠦ ᠰᠦᠯᠵᠢᠶ᠎ᠡ ᠪᠠ | ᠲᠤᠰᠬᠠᠶ ᠱᠤᠭᠤᠮ ᠤᠨ ᠳᠤᠮᠳᠠᠴᠢ ᠵᠠᠷᠤᠳᠠᠯ ᠢ 15% ᠪᠠᠷ ᠪᠠᠭᠤᠷᠠᠭᠤᠯᠤᠨ᠎ᠠ᠃ ᠤᠯᠤᠰ ᠤᠨ ᠥᠮᠴᠢᠯᠡᠯ ᠤᠨ ᠭᠡᠷ | ᠬᠥᠷᠥᠩᠭᠡ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠂ ᠡᠯ᠎ᠡ ᠲᠥᠷᠥᠯ ᠤᠨ ᠥᠮᠴᠢᠲᠡᠨ ᠤ ᠭᠡᠷ ᠤᠨ | ᠲᠦᠷᠢᠶᠡᠰᠦ ᠪᠠᠨ ᠬᠠᠰᠤᠵᠤ ᠬᠡᠯᠲᠦᠷᠢᠭᠦᠯᠬᠦ ᠪᠤᠶᠤ ᠬᠤᠶᠢᠰᠢᠯᠠᠭᠤᠯᠤᠨ ᠬᠤᠷᠢᠶᠠᠬᠤ ᠶᠢ ᠵᠣᠷᠢᠬᠵᠢᠭᠤᠯᠬᠤ ᠪᠦᠭᠡᠳ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠳᠠ ᠶᠢ ᠡᠷᠡᠰ ᠴᠡᠭᠴᠡᠯᠡᠨ ᠵᠠᠰᠠᠨ᠎ᠠ᠃ | ᠠᠵᠤ ᠠᠬᠤᠶᠢᠯᠠᠯ ᠢ ᠲᠤᠭᠳᠠᠭᠤᠨ ᠪᠠᠶᠢᠯᠭᠠᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ | ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ ᠬᠤᠭᠤᠴᠠᠭ᠎ᠠ ᠶᠢ ᠳᠡᠬᠢᠨ ᠢᠷᠡᠬᠦ ᠵᠢᠯ ᠤᠨ 3 ᠰᠠᠷ᠎ᠠ ᠶᠢᠨ | ᠰᠡᠭᠦᠯᠴᠢ ᠪᠣᠯᠲᠠᠯ᠎ᠠ ᠤᠷᠲᠤᠳᠬᠠᠵᠤ᠂ ᠵᠢᠵᠢᠭ ᠪᠢᠴᠢᠯ ᠠᠵᠤ ᠠᠬᠤᠢᠢᠯᠠᠯ ᠳᠤ ᠤᠯᠭᠤᠬᠤ ᠲᠦᠭᠡᠮᠡᠯ ᠬᠠᠷᠠᠭᠠᠯᠵᠠᠯᠳᠤ | ᠬᠡᠯᠪᠡᠷᠢ ᠶᠢᠨ ᠵᠢᠭᠡᠯᠡᠯᠭᠡ ᠶᠢ ᠤᠷᠳᠤᠳᠬᠠᠬᠤ ᠶᠤᠰᠤᠲᠠᠢ ᠶᠢ ᠨᠢ ᠴᠦᠮ ᠤᠷᠳᠤᠳᠬᠠᠭᠠᠳ᠂ ᠪᠤᠰᠤᠳ ᠬᠦᠴᠢᠷᠳᠡᠯᠲᠠᠢ | ᠠᠵᠤ ᠠᠬᠤᠶᠢᠯᠠᠯ ᠤᠨ ᠵᠢᠭᠡᠯᠡᠯᠭᠡ ᠶᠢ ᠵᠥᠪᠳᠡᠯᠴᠡᠵᠦ ᠪᠠᠶᠢᠭᠠᠳ ᠬᠤᠭᠤᠴᠠᠭ᠎ᠠ ᠶᠢ ᠨᠢ ᠤᠷᠳᠤᠳᠬᠠᠨ᠎ᠠ᠃ ᠬᠢᠨᠠᠨ | ᠰᠢᠯᠭᠠᠵᠣ ᠣᠷᠮᠠᠰᠢᠭᠤᠯᠣᠨ ᠵᠣᠷᠢᠭᠵᠢᠭᠤᠯᠬᠤ ᠳᠣᠭᠳᠠᠴᠠ ᠶᠢ ᠲᠡᠭᠦᠯᠳᠡᠷᠵᠢᠭᠦᠯᠵᠦ᠂ ᠪᠠᠩᠬᠢ ᠶᠢ ᠵᠣᠷᠢᠭᠵᠢᠭᠤᠯᠣᠨ | ᠵᠣᠷᠢᠭᠳᠠᠢ ᠵᠢᠭᠡᠯᠡᠭᠦᠯᠬᠦ᠂ ᠳᠣᠷᠠᠳᠠᠢ ᠵᠢᠭᠡᠯᠡᠭᠦᠯᠬᠦ᠂ ᠵᠢᠭᠡᠯᠡᠭᠦᠯᠵᠦ ᠳᠡᠶᠢᠯᠬᠦ ᠪᠣᠯᠭᠠᠵᠣ᠂ ᠵᠢᠵᠢᠭ ᠪᠢᠴᠢᠯ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ᠂ ᠠᠩᠬᠠᠨ ᠤ ᠵᠢᠭᠡᠯᠡᠯᠭᠡ᠂ ᠡᠬᠡ ᠮᠥᠩᠭᠦ ᠶᠢ ᠨᠢ ᠪᠤᠴᠠᠭᠠᠯᠭᠠᠬᠤ ᠦᠭᠡᠢ ᠪᠠᠷ | ᠦᠷᠭᠦᠯᠵᠢᠯᠡᠨ ᠵᠢᠭᠡᠯᠡᠯᠭᠡ ᠲᠠᠯᠪᠢᠬᠤ ᠶᠢ ᠶᠡᠭᠡ ᠪᠠᠷ ᠨᠡᠮᠡᠭᠳᠡᠭᠦᠯᠵᠦ᠂ ᠮᠦᠩᠭᠦᠨ ᠭᠦᠢᠯᠭᠡᠭᠡᠨ ᠤ ᠰᠢᠨᠵᠢᠯᠡᠬᠦ ᠣᠬᠠᠭᠠᠨ | ᠮᠡᠷᠭᠡᠵᠢᠯ ᠪᠣᠯᠣᠨ ᠳᠣᠮᠣ ᠳ᠋ᠠᠶᠢᠲ᠋ᠠ ᠶᠢ ᠠᠰᠢᠬᠯᠠᠨ ᠦᠢᠯᠡᠴᠢᠯᠡᠭᠡᠨ ᠤ ᠦᠪᠡᠷ ᠤᠨ ᠦᠷᠳᠡᠭ ᠢ ᠨᠢ ᠪᠠᠭᠤᠷᠠᠭᠤᠯᠵᠣ᠂ | ᠦᠢᠯᠡᠴᠢᠯᠡᠭᠡᠨ ᠤ ᠣᠨᠣᠴᠠᠳᠣ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠴᠢᠨᠠᠷᠲᠠᠶ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠶᠡᠭᠡ ᠪᠠᠷ ᠥᠷᠭᠡᠳᠬᠡᠬᠦ ᠶᠢᠨ ᠬᠠᠮᠲᠤ ᠵᠠᠷᠤᠳᠠᠯ ᠤᠨ | ᠨᠣᠷᠮ᠎ᠠ ᠶᠢ ᠢᠯᠡᠳᠲᠡ ᠪᠠᠭᠤᠷᠠᠭᠤᠯᠤᠨ᠎ᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠵᠢᠵᠢᠭ ᠪᠢᠴᠢᠯ | ᠠᠵᠤ ᠠᠬᠤᠶᠢᠯᠠᠯ ᠳᠤ ᠤᠯᠭᠤᠬᠤ ᠲᠦᠭᠡᠮᠡᠯ ᠬᠠᠷᠠᠭᠠᠯᠵᠠᠯᠳᠤ ᠬᠡᠯᠪᠡᠷᠢ ᠶᠢᠨ ᠵᠢᠭᠡᠯᠡᠯᠭᠡ ᠶᠢᠨ ᠨᠡᠮᠡᠭᠳᠡᠯ ᠤᠨ | ᠬᠤᠷᠳᠤᠴᠠ ᠶᠢ 40% ᠠᠴᠠ ᠦᠨᠳᠦᠷ ᠪᠠᠶᠢᠯᠭᠠᠨ᠎ᠠ᠃ ᠠᠵᠤ ᠠᠬᠤᠢᠢᠯᠡᠯ ᠲᠠᠢ ᠬᠤᠯᠪᠤᠭᠳᠠᠭᠰᠠᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠵᠢᠭᠡᠯᠡᠯᠭᠡ ᠶᠢᠨ ᠲᠡᠮᠳᠡᠭᠲᠦ ᠪᠠᠷ | ᠪᠡᠯᠡ ᠲᠣᠬᠢᠷᠠᠭᠤᠯᠭ᠎ᠠ ᠪᠠᠨ ᠥᠷᠭᠡᠳᠬᠡᠬᠦ ᠶᠢ ᠳᠡᠮᠵᠢᠨ᠎ᠡ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠯᠠ | ᠮᠥᠩᠭᠦ ᠶᠢ ︽ᠬᠤᠭᠤᠰᠤᠨ ᠡᠷᠬᠢᠯᠳᠦᠭᠦᠯᠦᠨ︾ ᠠᠰᠢᠭ ᠬᠤᠨᠵᠢᠬᠤ ᠠᠴᠠ ᠰᠡᠷᠭᠡᠶᠢᠯᠡᠵᠤ᠂ ᠮᠠᠭᠤ ᠰᠠᠨᠠᠭ᠎ᠠ ᠪᠠᠷ | ᠵᠢᠭᠡᠯᠡᠯᠭᠡ ᠠᠴᠠ ᠵᠠᠶᠢᠯᠠᠵᠤ᠂ ᠵᠢᠭᠡᠯᠡᠯᠭᠡ ᠶᠢ ᠬᠦᠴᠦᠨ ᠦᠭᠡᠢ ᠪᠤᠯᠭᠠᠬᠤ ᠳᠤ ᠴᠤᠬᠢᠯᠲᠠ ᠦᠭᠭᠦᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠤᠯᠤᠨ ᠵᠢᠭᠡᠯᠡᠯᠭᠡ ᠠᠪᠬᠤ ᠠᠵᠤ ᠠᠬᠤᠶᠢᠯᠠᠯ ᠪᠤᠯ ᠬᠠᠮᠲᠤ ᠣᠷᠣᠰᠢᠨ ᠬᠠᠮᠲᠤ ᠪᠠᠷ | ᠬᠥᠭᠵᠢᠳᠡᠭ ᠪᠤᠯᠬᠤᠷ ᠪᠠᠩᠬᠢ ᠶᠢᠨ ᠬᠢᠨ ᠤ ᠵᠦᠶ ᠵᠣᠬᠢᠰᠲᠠᠶ ᠠᠰᠢᠭ ᠣᠯᠭᠤᠬᠤ ᠶᠢ ᠵᠣᠷᠢᠬᠵᠢᠭᠤᠯᠤᠨ᠎ᠠ᠃ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢᠨ ᠲᠤᠯᠠᠳᠠ᠂ ᠵᠠᠪᠠᠯ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠤᠯᠬᠤ ᠪᠤᠯᠤᠮᠵᠢᠳᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠵᠠᠪᠠᠯ ᠶᠡᠷᠦᠩᠬᠡᠶᠢᠯᠡᠭᠰᠡᠨ | ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠢᠯᠡᠳᠲᠡ ᠪᠠᠭᠤᠷᠠᠭᠤᠯᠬᠤ ᠬᠡᠷᠡᠭᠲᠡᠶ᠃ | ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ | ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠬᠤ ᠳᠤ ᠦᠵᠡᠭᠦᠯᠭᠦ | ᠳᠡᠮᠵᠢᠯᠭᠡ ᠪᠠᠨ ᠴᠢᠩᠭᠠᠳᠬᠠᠨ᠎ᠠ᠃ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠭ᠎ᠠ 874 | ᠲᠦᠮᠡ ᠬᠦᠷᠭᠦ ᠪᠤᠯᠬᠤᠷ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠠᠬᠢᠭᠤᠯᠵᠤ᠂ ᠶᠡᠭᠡ | ᠳᠡᠭᠡᠳᠦ ᠰᠤᠷᠭᠠᠭᠤᠯᠢ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠴᠥᠮ ᠠᠵᠢᠯ ᠣᠯᠭᠤᠯᠲᠠ ᠶᠢᠨ | ᠲᠠᠰᠤᠯᠳᠠᠯ ᠦᠭᠡᠢ ᠠᠵᠢᠯ ᠤᠯᠭᠤᠯᠲᠠ ᠶᠢᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ | ᠳᠦᠷᠦᠯ ᠵᠦᠢᠯ ᠳᠤ ᠡᠯᠰᠠᠨ ᠬᠡᠷᠡᠭᠯᠡᠬᠦ ᠶᠢ ᠦᠷᠭᠡᠳᠬᠡᠬᠦ ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠳ ᠢ | ᠲᠦᠪᠬᠢᠨᠡᠭᠦᠯᠬᠦ ᠪᠤᠯᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠬᠦᠯᠦᠰᠦᠨ ᠠᠵᠢᠯᠴᠢᠳ ᠤᠨ | ᠠᠵᠢᠯ ᠣᠯᠤᠭᠰᠠᠨ ᠭᠠᠵᠠᠷ ᠲᠠᠭᠠᠨ ᠠᠵᠢᠯ ᠣᠯᠭᠤᠯᠳᠠ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠬᠦᠷᠲᠡᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠡᠮᠳᠡᠭᠴᠤᠳ᠂ ᠠᠵᠢᠯ ᠣᠯᠤᠭᠰᠠᠳ ᠦᠭᠡᠢ ᠭᠡᠷ ᠪᠦᠯᠢ ᠵᠡᠷᠭᠡ | ᠬᠦᠴᠢᠷᠳᠡᠯᠲᠠᠢ ᠬᠠᠮᠲᠤᠯᠢᠭ ᠢ ᠬᠠᠪᠰᠤᠷᠤᠨ ᠲᠡᠳᠬᠦᠵᠦ ᠪᠠᠶᠢᠭᠠᠳ ᠠᠵᠢᠯ ᠣᠯᠭᠤᠨ᠎ᠠ᠃ ᠮᠠᠨ ᠤ ᠤᠯᠤᠰ ᠲᠤ ᠰᠤᠯᠠ | ᠠᠵᠢᠯ ᠬᠢᠭᠰᠡᠳ ᠢ ᠪᠠᠭᠲᠠᠭᠠᠭᠰᠠᠨ ᠠᠮᠢᠳᠤᠯᠢᠭ ᠢᠶᠠᠷ ᠠᠵᠢᠯ ᠬᠢᠵᠦ ᠪᠠᠶᠢᠭ᠎ᠠ ᠬᠥᠮᠦᠰ ᠤᠨ ᠲᠤᠭ᠎ᠠ ᠶᠢ | ᠳ᠋ᠦᠩᠰᠢᠭᠤᠷ ᠢᠶᠠᠷ ᠬᠡᠯᠡᠯᠴᠡᠳᠡᠭ᠂ ᠡᠨᠡ ᠵᠢᠯ ᠣᠷᠣᠯᠭ᠎ᠠ ᠪᠠᠭᠠᠲᠠᠶ ᠬᠥᠮᠦᠰ ᠲᠤ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠦᠪᠡᠷ ᠤᠨ ᠳᠤᠷ᠎ᠠ ᠠᠴᠠ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠠᠵᠢᠯ ᠣᠯᠭᠤᠯᠲᠠ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠯᠳᠠ ᠶᠢ ᠪᠦᠬᠦᠨ ᠢ ᠬᠦᠴᠦᠨ ᠦᠭᠡᠢ ᠪᠣᠯᠭᠠᠵᠤ᠂ ᠬᠦᠳᠡᠯᠦᠩᠭᠦᠢ ᠡᠵᠡᠩᠨᠡᠯᠲᠡ ᠶᠢᠨ ᠲᠠᠯᠠᠪᠠᠢ ᠲᠠᠯᠠᠪᠤᠷ ᠢ | ᠵᠤᠬᠢᠰᠲᠠᠢ ᠲᠤᠬᠢᠷᠠᠭᠤᠯᠤᠨ᠎ᠠ᠃ ᠪᠤᠯᠪᠠᠰᠤᠷᠠᠭᠤᠯᠤᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠳᠡᠳᠬᠦᠨ | ᠳᠤᠰᠠᠯᠠᠵᠤ᠂ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ | ᠴᠢᠩᠭᠠᠳᠬᠠᠵᠤ᠂ ᠠᠵᠢᠯ ᠢᠶᠠᠷ ᠪᠤᠯᠪᠠᠰᠤᠷᠠᠭᠤᠯᠤᠯ ᠢ ᠤᠷᠤᠯᠠᠭᠤᠯᠬᠤ ᠶᠢ ᠵᠤᠷᠢᠭᠵᠢᠭᠤᠯᠵᠤ᠂ ᠦᠢᠯᠡᠳᠪᠦᠷᠢᠯᠡᠯ ᠤᠨ | ᠴᠢᠨᠠᠷᠲᠠᠢ ᠪᠤᠳᠠᠳᠤ ᠪᠤᠯᠪᠠᠰᠤᠷᠠᠭᠤᠯᠤᠯ ᠤᠨ ᠰᠠᠭᠤᠷᠢᠨ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠠᠵᠤ᠂ ᠡᠨᠡ ᠵᠢᠯ | ᠪᠤᠯᠤᠨ ᠢᠷᠡᠬᠦ ᠵᠢᠯ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3500 ᠲᠦᠮᠡᠨ | ᠬᠥᠮᠦᠨ ᠤᠳᠠᠭ᠎ᠠ ᠠᠴᠠ ᠳᠡᠭᠡᠭᠰᠢ ᠬᠢᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 200 ᠲᠦᠮᠡᠨ | ᠬᠥᠮᠦᠨ ᠢ ᠥᠷᠭᠡᠳᠬᠡᠨ ᠡᠯᠰᠡᠵᠦ᠂ ᠨᠠᠩ ᠣᠯᠠᠨ ᠬᠥᠳᠡᠯᠮᠦᠷᠢᠴᠢᠳ ᠢ ᠤᠷ᠎ᠠ ᠴᠢᠳᠠᠪᠤᠷᠢ ᠲᠠᠢ ᠪᠤᠯᠭᠠᠵᠦ᠂ ᠠᠵᠢᠯ | ᠤᠯᠬᠤ ᠳᠤ ᠳᠦᠭᠦᠮ ᠪᠤᠯᠭᠠᠬᠤ ᠬᠡᠷᠡᠭᠳᠠᠢ᠃ | ᠳᠥᠷᠪᠡ᠂ ᠥᠭᠡᠷᠡᠴᠢᠯᠡᠯᠲᠡ ᠳᠤ ᠲᠦᠰᠢᠭᠯᠡᠨ ᠵᠠᠬ᠎ᠠ ᠲᠡᠯᠭᠡᠬᠦᠷ ᠤᠨ ᠪᠡᠶᠡᠴᠢ ᠴᠤᠭᠴᠠ ᠶᠢᠨ ᠠᠮᠢᠳᠤᠯᠢᠭ | ᠬᠥᠴᠤᠨ ᠢ ᠬᠥᠭᠵᠢᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ᠎ᠡ | ᠬᠦᠴᠢᠷ ᠪᠡᠷᠬᠡᠰᠢᠶᠡᠯ ᠪᠠ ᠰᠢᠯᠭᠠᠯᠲᠠ ᠬᠡᠳᠦᠢ ᠶᠡᠭᠡ ᠪᠣᠯᠬᠤ ᠳᠤᠳᠤᠮ ᠥᠭᠡᠷᠡᠴᠢᠯᠡᠯᠲᠡ ᠶᠢ ᠲᠡᠳᠦᠢ | ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠬᠥᠭᠵᠢᠯᠲᠡ ᠶᠢᠨ ᠳᠣᠲᠤᠭᠠᠳᠤ | ᠬᠥᠳᠡᠯᠭᠡᠭᠴᠢ ᠬᠦᠴᠦᠨ ᠢ ᠬᠦᠭᠵᠢᠭᠡᠬᠦ ᠬᠡᠷᠡᠭᠲᠡᠢ ᠶᠤᠮ᠃ | ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠦᠭᠡᠷᠡᠴᠢᠯᠠᠯᠳᠠ ᠶᠢ ᠬᠥᠨᠵᠡᠭᠡᠶᠢᠷᠡᠬᠦᠯᠦᠨᠡ᠃ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠤᠤᠷ᠎ᠠ᠂ ᠠᠷᠭ᠎ᠠ ᠬᠡᠮᠵᠢᠶ᠎ᠡ ᠪᠠᠨ | ᠲᠣᠬᠢᠷᠠᠭᠤᠯᠤᠨ᠂ ᠭᠠᠷ ᠭᠦᠢᠴᠡᠳᠭᠡᠯ ᠢ ᠳᠥᠭᠦᠮᠴᠢᠯᠡᠵᠦ᠂ ᠪᠥᠬᠦ ᠲᠠᠯ᠎ᠠ ᠪᠠᠷ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ᠂ ᠵᠠᠬ᠎ᠠ ᠳᠡᠯᠭᠡᠭᠦᠷ ᠪᠠ ᠡᠵᠡᠩᠨᠡᠯᠲᠡ ᠶᠢ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠨᠠᠩ ᠣᠯᠠᠨ | ᠦᠢᠯᠡᠴᠢᠯᠡᠭᠡᠨ ᠤ ᠵᠦᠢᠯᠡᠰ ᠢ ᠨᠢᠭᠡ ᠰᠦᠯᠵᠢᠶ᠎ᠠ ᠪᠠᠷ ᠪᠦᠬᠦᠨ ᠢ ᠰᠢᠢᠳᠪᠤᠷᠢᠯᠡᠬᠦ ᠶᠢ ᠠᠬᠢᠭᠤᠯᠵᠤ᠂ ᠠᠵᠤ ᠠᠬᠤᠶᠢᠯᠠᠯ | ᠨᠡᠭᠡᠭᠡᠨ ᠡᠷᠭᠢᠯᠡᠬᠦ ᠪᠥᠬᠦ ᠶᠠᠪᠤᠴᠠ ᠶᠢ ᠰᠦᠯᠵᠢᠶ᠎ᠡ ᠪᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠲᠠᠯᠠᠪᠤᠷ ᠭᠠᠵᠠᠷ | ᠪᠦᠷᠢᠳᠭᠡᠭᠦᠯᠬᠦ ᠬᠢᠵᠠᠭᠠᠷᠯᠠᠯ ᠢ ᠠᠭᠤᠵᠢᠭᠤ ᠲᠠᠯᠪᠢᠵᠤ᠂ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠭᠴᠢ ᠶᠢᠨ | ᠳᠡᠩᠰᠡᠯᠡᠭᠤᠯᠤᠨ ᠡᠵᠡᠩᠨᠡᠬᠦ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠲᠡᠬᠦ ᠳᠤ | ᠲᠥᠬᠦᠮ ᠦᠵᠡᠭᠦᠯᠦᠨ᠎ᠡ᠃ ᠳᠤᠮᠤ ᠳᠤᠮᠳᠠ ᠵᠢᠵᠢᠭ ᠠᠵᠤ ᠠᠬᠤᠢᠢᠯᠠᠯ ᠤᠨ ᠨᠠᠶᠢᠯᠡᠨ ᠨᠡᠪᠳᠡᠷᠡᠯᠴᠡᠵᠦ ᠬᠦᠭᠵᠢᠬᠦ ᠶᠢ | ᠳᠡᠮᠵᠢᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲᠧᠮ ᠢ ᠪᠦᠷᠢᠨᠰᠢᠭᠦᠯᠦᠨ᠎ᠠ᠃ ᠲᠥᠪ ᠭᠤᠤᠯᠴᠢ ᠬᠢᠨᠠᠯᠲᠠ | ᠬᠠᠮᠢᠶᠠᠷᠤᠯᠲᠠ ᠪᠠᠷ ᠡᠷᠬᠡ ᠲᠡᠭᠰᠢ ᠥᠷᠢᠰᠥᠯᠳᠦᠭᠡᠨ ᠢ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ | ᠵᠠᠰᠠᠭᠰᠠᠨ᠂ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ | ᠪᠣᠯᠭᠠᠨ᠎ᠠ᠃ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠤᠨ᠎ᠠ᠃ ᠳᠤᠮᠳᠠ ᠵᠢᠵᠢᠭ | ᠪᠠᠩᠬᠢ ᠶᠢᠨ ᠬᠥᠷᠥᠩᠭᠡ ᠪᠠᠨ ᠨᠥᠬᠦᠪᠥᠷᠢᠯᠡᠬᠦ ᠪᠠ ᠵᠠᠰᠠᠯᠲᠠ ᠪᠠᠨ ᠲᠡᠭᠦᠯᠳᠡᠷᠵᠢᠭᠦᠯᠬᠦ ᠶᠢ ᠠᠬᠢᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠭᠦᠯᠦᠨ᠎ᠡ᠃ ᠦᠢᠯᠡᠰ ᠪᠤᠰᠬᠠᠬᠤ ᠰᠠᠮᠪᠠᠷ᠎ᠠ ᠳᠤ | ᠦᠭᠡᠷᠡᠴᠢᠯᠡᠯᠲᠡ ᠬᠢᠬᠦ ᠶᠢᠨ ᠬᠠᠮᠳᠦ ᠲᠠᠩᠰᠠᠯᠠᠭᠤᠯᠬᠤ ᠲᠦᠷᠢᠮ ᠤᠨ ᠲᠣᠷᠰᠢᠯᠲᠠ ᠬᠢᠵᠤ᠂ ᠤᠯᠠᠨ ᠳᠡᠰ | ᠲᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠢ ᠬᠦᠭᠵᠢᠭᠦᠯᠦᠨ᠎ᠠ᠃ ᠳᠠᠭᠠᠳᠬᠠᠯ ᠤᠨ ᠪᠠᠲᠤᠯᠠᠭ᠎ᠠ ᠶᠢᠨ | ᠴᠢᠳᠠᠮᠵᠢ ᠶᠢ ᠥᠷᠭᠡᠳᠬᠡᠨ᠎ᠡ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠳᠤ ᠪᠦᠳᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠨᠡᠩ ᠶᠡᠭᠡ ᠡᠵᠡᠨ ᠮᠡᠳᠡᠬᠦ ᠡᠷᠬᠡ ᠶᠢ ᠣᠯᠭᠤᠨ᠎ᠠ᠃ ᠴᠢᠳᠠᠪᠤᠷᠢᠲᠠᠨ ᠤ ᠰᠢᠯᠵᠢᠯᠲᠡ ᠶᠢ | ᠠᠬᠢᠭᠤᠯᠵᠤ᠂ ᠮᠡᠷᠭᠡᠵᠢᠯ ᠪᠠ ᠳ᠋ᠡᠶᠢᠲ᠋ᠠ ᠶᠢᠨ ᠵᠠᠬ᠎ᠠ ᠳᠡᠯᠭᠡᠭᠦᠷ ᠢ ᠪᠤᠶᠢᠵᠢᠭᠤᠯᠵᠤ᠂ ᠡᠯ᠎ᠡ ᠲᠦᠷᠦᠯ ᠤᠨ ᠡᠯᠧᠮᠧᠨ᠋ᠲ ᠤᠨ | ᠳᠠᠯᠳᠠ ᠴᠢᠳᠠᠪᠤᠷᠢ ᠶᠢ ᠬᠥᠭᠵᠢᠭᠡᠨ᠎ᠡ᠃ | ᠤᠯᠤᠰ ᠤᠨ ᠦᠮᠴᠢᠯᠡᠯ ᠤᠨ ᠬᠦᠷᠦᠩᠭᠡ ᠪᠠ ᠤᠯᠤᠰ ᠤᠨ ᠦᠮᠴᠢᠯᠡᠯ ᠤᠨ ᠠᠵᠦ ᠠᠬᠤᠢᠢᠯᠠᠯ ᠤᠨ | ᠦᠭᠡᠷᠡᠴᠢᠯᠡᠯᠳᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠳᠤ ᠦᠶ᠎ᠠ ᠶᠢᠨ | ᠠᠵᠤ ᠠᠬᠤᠢᠢᠯᠠᠯ ᠤᠨ ᠳᠦᠷᠢᠮ ᠢ ᠪᠦᠷᠢᠨᠰᠢᠭᠦᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠤᠯᠢᠮᠠᠭ ᠥᠮᠴᠢᠯᠡᠯ ᠤᠨ ᠲᠦᠷᠢᠮᠲᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠠᠵᠢᠯ ᠶᠠᠪᠤᠲᠠᠯ ᠡᠷᠬᠢᠯᠡᠬᠦ ᠡᠬᠦᠷᠭᠡ ᠴᠢᠲᠠᠪᠤᠷᠢ ᠶᠢ ᠰᠠᠯᠭᠠᠬᠤ ᠪᠠ ᠲᠡᠦᠭᠡᠨ | ᠦᠯᠡᠳᠡᠭᠳᠡᠯ ᠠᠰᠠᠭᠤᠳᠠᠯ ᠢ ᠰᠢᠢᠳᠪᠤᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠭᠤᠣᠯ ᠬᠠᠷᠢᠭᠤᠴᠠᠯᠭ᠎ᠠ ᠭᠤᠣᠯ ᠠᠵᠢᠯ ᠳᠡᠭᠡᠷ᠎ᠡ ᠪᠠᠨ ᠠᠩᠬᠠᠷᠤᠯ ᠲᠥᠪᠯᠡᠷᠡᠭᠦᠯᠵᠦ᠂ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠬᠦᠯᠵᠤ᠂ ᠭᠤᠣᠯᠯᠠᠬᠤ ᠦᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠬᠦ ᠬᠡᠷᠡᠭᠲᠡᠢ᠃ | ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠬᠥᠭᠵᠢᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠬᠦᠯᠥᠨᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠪᠠ ᠲᠦᠷᠦ ᠶᠢᠨ | ᠪᠤᠳᠤᠯᠭ᠎ᠠ ᠶᠢᠨ ᠳᠡᠮᠵᠢᠯᠭᠡ ᠶᠢ ᠠᠳᠠᠯᠢ ᠲᠡᠭᠰᠢ ᠪᠠᠷ ᠤᠯᠬᠤ ᠶᠢ ᠪᠠᠲᠤᠯᠠᠵᠤ᠂ ᠠᠵᠤ ᠠᠬᠤᠶᠢᠯᠠᠯ ᠤᠨ ᠰᠢᠨᠵᠢ | ᠴᠢᠨᠠᠷ ᠯᠤᠭ᠎ᠠ ᠬᠤᠯᠪᠣᠭᠳᠠᠭᠤᠯᠤᠭᠰᠠᠨ ᠵᠦᠶ ᠵᠤᠬᠢᠰ ᠦᠭᠡᠢ ᠲᠣᠭᠲᠠᠭᠠᠯ ᠢ ᠢᠯᠭᠠᠷᠠᠭᠤᠯᠤᠨ ᠬᠦᠴᠦᠨ ᠦᠭᠡᠢ | ᠪᠣᠯᠭᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠠᠷᠠᠳ ᠠᠴᠠ ᠡᠵᠡᠩᠨᠡᠭᠰᠡᠨ ᠪᠠ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠭᠰᠡᠨ ᠵᠣᠭᠤᠰ ᠢ ᠬᠤᠭᠤᠴᠠᠭ᠎ᠠ ᠲᠣᠭᠲᠠᠭᠠᠨ ᠢᠯᠭᠠᠷᠠᠭᠤᠯᠤᠨ ᠲᠦᠯᠦᠨ᠎ᠠ᠃ ᠵᠠᠰᠠᠭ ᠤᠨ | ᠤᠷᠳᠤᠨ ᠪᠤᠯᠤᠨ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠬᠦᠭᠵᠢᠯᠳᠠ ᠶᠢ ᠠᠬᠢᠭᠤᠯᠤᠨ᠎ᠠ᠃ | ᠦᠢᠯᠡᠳᠬᠦ ᠦᠢᠯᠡᠰ ᠤᠨ ᠲᠡᠰ ᠳᠡᠪᠰᠢᠯᠳᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠦᠢᠯᠡᠳᠬᠦ ᠦᠢᠯᠡᠰ ᠤᠨ ᠴᠢᠨᠠᠷ ᠰᠠᠶᠢᠲᠠᠢ ᠬᠦᠭᠵᠢᠯᠲᠠ ᠶᠢ ᠳᠡᠮᠵᠢᠨ᠎ᠠ᠂ ᠤᠷᠳᠤᠪᠲᠤᠷ | ᠬᠤᠭᠤᠴᠠᠭᠠᠨ ᠤ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ | ᠬᠥᠭᠵᠢᠭᠦᠯᠵᠦ᠂ ᠤᠶᠤᠨᠯᠢᠭ ᠦᠢᠯᠡᠳᠬᠦ ᠦᠢᠯᠡᠰ ᠢ ᠠᠬᠢᠭᠤᠯᠵᠤ᠂ ᠰᠢᠨ᠎ᠠ ᠪᠠᠷ ᠬᠦᠭᠵᠢᠭᠰᠡᠨ ᠠᠵᠤ ᠦᠢᠯᠡᠰ ᠤᠨ | ᠰᠦᠷᠦᠭᠵᠢᠯ ᠢ ᠪᠤᠶᠢᠵᠢᠭᠤᠯᠤᠨ᠎ᠠ᠃ ᠰᠤᠳᠤᠯᠤᠨ ᠨᠡᠭᠡᠭᠡᠭᠦ᠂ ᠵᠢᠷᠤᠵᠤ ᠲᠦᠯᠦᠪᠯᠡᠬᠦ᠂ ᠤᠳᠤ ᠦᠶ᠎ᠠ ᠶᠢᠨ ᠪᠤᠳᠠᠰ ᠤᠨ | ᠭᠦᠢᠯᠭᠡᠭᠡ᠂ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠭᠡᠷᠡᠴᠢᠯᠡᠨ ᠨᠤᠳᠠᠯᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠠ᠃ ᠡᠯᠧᠺᠲᠷᠤᠨ ᠬᠤᠳᠠᠯᠳᠤᠭ᠎ᠠ ᠰᠦᠯᠵᠢᠶ᠎ᠡ ᠪᠠᠷ ᠬᠤᠳᠠᠯᠳᠤᠨ | ᠠᠪᠬᠤ᠂ ᠰᠦᠯᠵᠢᠶᠡᠨ ᠳᠡᠭᠡᠷᠡᠬᠢ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠬᠢᠵᠢᠭ ᠢ | ᠡᠰᠡᠷᠭᠦᠴᠡᠬᠦ ᠳᠤᠮᠳᠠ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠂ ᠲᠡᠳᠡᠭᠡᠷ ᠢ ᠳᠡᠮᠵᠢᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠡᠶᠢᠲᠡᠯᠡᠵᠦ᠂ ︽ᠢᠨᠲ᠋ᠧᠷ ᠰᠦᠯᠵᠢᠶ᠎ᠡ +︾ ᠶᠢ ᠪᠥᠬᠦ ᠲᠠᠯ᠎ᠠ ᠪᠠᠷ ᠠᠬᠢᠭᠤᠯᠵᠤ᠂ | ᠳ᠋ᠢᠵᠢᠲᠠᠯ᠎ᠠ ᠠᠵᠤ ᠠᠬᠤᠶ ᠶᠢᠨ ᠰᠢᠨ᠎ᠡ ᠳᠠᠪᠠᠭᠤᠯᠢᠭ ᠢ ᠪᠣᠶ ᠪᠣᠯᠭᠠᠬᠤ ᠬᠡᠷᠡᠭᠲᠡᠶ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠲᠣᠭᠲᠠᠭᠤᠨ ᠢᠶᠠᠷ | ᠳᠡᠮᠵᠢᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠢ | ᠨᠡᠮᠡᠭᠳᠡᠭᠦᠯᠵᠤ᠂ ᠦᠢᠯᠡᠳᠪᠦᠷᠢᠯᠡᠯ᠂ ᠵᠢᠭᠠᠨ ᠰᠤᠷᠭᠠᠯᠲᠠ᠂ ᠰᠤᠳᠤᠯᠭᠠᠨ ᠠᠭᠤᠰᠤᠯᠴᠠᠨ ᠰᠢᠨ᠎ᠠ ᠶᠢ ᠡᠭᠦᠳᠬᠦ ᠶᠢ | ᠠᠬᠢᠭᠤᠯᠤᠨ᠎ᠠ᠃ ᠤᠯᠤᠰ ᠤᠨ ᠲᠤᠷᠰᠢᠯᠲᠠ ᠶᠢᠨ ᠲᠠᠰᠤᠭ ᠢ ᠲᠦᠷᠭᠡᠯᠡᠨ ᠪᠠᠶᠢᠭᠤᠯᠵᠤ᠂ ᠤᠯᠤᠰ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠲᠠᠬᠢᠨ ᠪᠠᠶᠢᠭᠤᠯᠵᠤ᠂ ᠨᠡᠶᠢᠬᠡᠮ ᠤᠨ ᠰᠤᠳᠤᠯᠤᠨ | ᠨᠡᠭᠡᠭᠡᠬᠦ ᠪᠠᠶᠢᠭᠤᠯᠤᠮᠵᠢ ᠶᠢ ᠬᠥᠭᠵᠢᠭᠦᠯᠵᠤ᠂ ᠵᠠᠩᠭᠢᠯᠠᠭ᠎ᠠ ᠶᠢᠨ ᠭᠤᠤᠯᠯᠠᠭᠴᠢ ᠮᠡᠷᠭᠡᠵᠢᠯ ᠤᠨ ᠪᠤᠭᠤᠮᠲᠠ | ᠰᠢᠪᠲᠤᠯᠬᠤ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠭᠦᠯᠦᠨ᠎ᠠ᠃ | ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠠ ᠪᠦᠲᠦᠭᠡᠯ ᠢ ᠬᠤᠪᠢᠷᠠᠭᠤᠯᠬᠤ ᠲᠤᠭᠲᠠᠴᠠ ᠳᠤ ᠦᠭᠡᠷᠡᠴᠢᠯᠡᠯᠲᠡ ᠬᠢᠵᠤ᠂ ᠰᠢᠨ᠎ᠠ ᠶᠢ ᠡᠭᠦᠳᠬᠦ | ᠬᠡᠯᠬᠢᠶ᠎ᠠ ᠶᠢ ᠰᠢᠯᠤᠭᠤᠳᠬᠠᠵᠤ᠂ ᠰᠢᠨ᠎ᠠ ᠶᠢ ᠡᠭᠦᠳᠬᠦ ᠶᠢ ᠵᠤᠷᠢᠭᠵᠢᠭᠤᠯᠵᠤ᠂ ᠢᠯᠠᠭᠳᠠᠯ ᠢ ᠠᠭᠤᠴᠢᠯᠠᠬᠤ ᠰᠢᠨᠵᠢᠯᠡᠬᠦ | ᠤᠬᠠᠭᠠᠨ ᠢ ᠰᠤᠳᠤᠯᠭᠠᠨ ᠤ ᠤᠷᠴᠢᠨ ᠨᠦᠬᠦᠴᠡᠯ ᠢ ᠡᠭᠦᠳᠦᠨ᠎ᠠ᠃ ᠭᠤᠣᠯᠳᠠᠯᠭ᠎ᠠ ᠲᠠᠢ ᠲᠦᠰᠦᠯ ᠤᠨ ᠪᠡᠷᠬᠡ | ᠰᠡᠳᠦᠪ ᠢ ᠰᠢᠢᠳᠪᠦᠷᠢᠯᠡᠬᠦ ᠳᠤ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠶᠢ ᠬᠡᠷᠡᠭᠵᠢᠭᠦᠯᠵᠦ᠂ ᠬᠡᠨ ᠬᠢᠵᠦ | ᠳᠡᠶᠢᠯᠪᠡᠯ ᠲᠡᠭᠦᠨ ᠢᠶᠠᠷ ᠬᠢᠯᠭᠡᠨ᠎ᠡ᠃ | ᠪᠦᠬᠦᠳᠡ ᠤᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ | ᠡᠬᠦᠳᠬᠦ ᠶᠢ ᠬᠦᠨᠵᠡᠭᠡᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠤᠯᠤᠨ | ᠬᠤᠪᠢᠴᠠᠭᠠᠨ ᠤ ᠡᠷᠭᠡ ᠶᠢᠨ ᠪᠡᠯᠡ ᠤᠷᠤᠭᠤᠯᠤᠯᠲᠠ ᠶᠢ ᠬᠥᠭᠵᠢᠭᠦᠯᠵᠦ᠂ ᠠᠳᠠᠯ ᠦᠢᠯᠡᠰ ᠴᠣᠭᠴᠠᠯᠠᠬᠤ | ᠲᠠᠭᠠᠭᠠᠯᠲᠠᠲᠤ ᠵᠢᠭᠡᠯᠡᠯᠭᠡ ᠶᠢ ᠨᠡᠮᠡᠭᠳᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠪᠦᠬᠦ ᠲᠠᠯ᠎ᠠ ᠪᠠᠷ ᠰᠢᠨ᠎ᠡ ᠶᠢ ᠡᠭᠦᠳᠬᠦ | ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠵᠦ᠂ ᠠᠳᠠᠯ ᠦᠢᠯᠡᠰ ᠴᠤᠭᠴᠠᠯᠠᠬᠤ ᠪᠠ ᠰᠢᠨ᠎ᠠ ᠶᠢ ᠡᠬᠦᠳᠬᠦ | ᠨᠢᠭᠡ ᠪᠦᠯᠦᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠪᠠᠭᠲᠠᠭᠠᠮᠵᠢᠲᠠᠢ ᠪᠦᠭᠡᠳ | ᠪᠤᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠪᠠᠷᠢᠮᠲᠠᠯᠠᠵᠤ᠂ ᠲᠡᠪᠴᠡᠩ ᠤᠨ ᠠᠵᠤ ᠠᠬᠤᠢ᠂ ᠬᠠᠮᠳᠤ ᠪᠠᠷ ᠡᠳ᠋ᠯᠡᠬᠦ | ᠠᠵᠤ ᠠᠬᠤᠢ ᠶᠢ ᠬᠥᠭᠵᠢᠬᠦᠯᠤᠨ᠂ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠨ᠎ᠡ᠃ | ᠲᠠᠪᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠯᠡᠨ ᠬᠤᠪᠢᠷᠠᠭᠤᠯᠬᠤ ᠶᠢ ᠠᠬᠢᠭᠤᠯᠤᠨ᠎ᠠ | ᠮᠠᠨ ᠤ ᠤᠯᠤᠰ ᠤᠨ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠶᠡᠭᠡ ᠪᠣᠯᠬᠤᠷ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢᠶᠠᠷ ᠤᠳᠤᠷᠢᠳᠤᠮᠵᠢ | ᠪᠣᠯᠭᠠᠬᠤ ᠶᠢ ᠳᠣᠪᠤᠶᠢᠯᠭᠠᠨ᠂ ᠬᠡᠷᠡᠭᠯᠡᠭᠡ ᠶᠢ ᠨᠡᠮᠡᠭᠳᠡᠭᠦᠯᠦᠨ ᠬᠥᠭᠵᠢᠭᠡᠬᠦ ᠪᠠ ᠪᠡᠯᠡ ᠣᠷᠣᠭᠤᠯᠤᠯᠲᠠ ᠶᠢ | ᠥᠷᠭᠡᠳᠬᠡᠬᠦ ᠶᠢ ᠪᠦᠲᠦᠮᠵᠢᠲᠡᠶ ᠤᠶᠠᠯᠳᠤᠭᠤᠯᠵᠤ᠂ ᠬᠠᠷᠢᠯᠴᠠᠨ ᠠᠬᠢᠭᠤᠯᠤᠨ᠎ᠠ᠃ | ᠬᠡᠷᠡᠭᠯᠡᠭᠡ ᠶᠢᠨ ᠳᠠᠬᠢᠨ ᠳᠡᠭᠡᠭᠰᠢᠯᠡᠬᠦ ᠶᠢ ᠠᠬᠢᠭᠤᠯᠤᠨ᠎ᠠ᠃ ᠠᠵᠢᠯ ᠣᠯᠭᠤᠯᠲᠠ ᠶᠢ ᠳᠤᠭᠳᠠᠪᠤᠷᠢᠵᠢᠭᠤᠯᠬᠤ᠂ | ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠪᠠᠷ ᠳᠠᠮᠵᠢᠭᠤᠯᠤᠨ᠂ ᠰᠠᠭᠤᠭᠠᠯᠢ | ᠠᠷᠠᠳ ᠤᠨ ᠬᠡᠷᠡᠭᠯᠡᠭᠡ ᠶᠢᠨ ᠬᠦᠰᠡᠯ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤᠮᠳᠠᠭᠠᠨ᠂ ᠳᠡᠯᠭᠡᠭᠦᠷ | ᠬᠤᠳᠠᠯᠳᠤᠭ᠎ᠠ᠂ ᠰᠣᠶᠣᠯ᠂ ᠵᠢᠭᠤᠯᠴᠢᠯᠠᠯ᠂ ᠬᠡᠷ ᠠᠬᠤᠢ ᠶᠢᠨ ᠦᠢᠯᠡᠴᠢᠯᠡᠭᠡ ᠵᠡᠷᠭᠡ ᠠᠮᠢᠳᠤᠷᠠᠯ ᠤᠨ ᠦᠢᠯᠡᠴᠢᠯᠡᠭᠡᠨ ᠤ | ᠦᠢᠯᠡᠰ ᠤᠨ ᠰᠡᠷᠭᠦᠨ ᠬᠥᠭᠵᠢᠬᠦ ᠶᠢ ᠳᠡᠮᠵᠢᠵᠦ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠶᠢᠨ | ᠠᠭᠤᠰᠤᠯᠴᠠᠯ ᠢ ᠠᠬᠢᠭᠤᠯᠤᠨ᠎ᠠ᠃ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠵᠤ᠂ ᠲᠡᠷᠭᠡ ᠵᠤᠭᠰᠤᠭᠠᠬᠤ ᠳᠤ | ᠬᠦᠴᠢᠷ ᠠᠰᠠᠭᠤᠳᠠᠯ ᠢ ᠶᠡᠭᠡ ᠬᠦᠴᠦᠨ ᠢᠶᠠᠷ ᠰᠢᠢᠳᠪᠦᠷᠢᠯᠡᠨ᠎ᠠ᠃ ᠨᠠᠰᠤᠵᠢᠯ ᠤᠨ ᠠᠰᠠᠷᠠᠮᠵᠢ᠂ ᠬᠡᠦᠬᠡᠳ | ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠦᠨ᠎ᠡ᠃ ᠲᠤᠮᠤ ᠡᠷᠡᠭᠦᠯ ᠮᠡᠨᠳᠤ ᠶᠢᠨ ᠠᠵᠤ ᠦᠢᠯᠡᠰ ᠢ ᠬᠦᠭᠵᠢᠬᠦᠯᠦᠨ᠎ᠠ | ᠃ ᠶᠠᠪᠠᠭᠠᠨ ᠵᠡᠭᠡᠯᠢ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠡᠯᠧᠺᠲᠷᠤᠨ ᠬᠤᠳᠠᠯᠳᠤᠭ᠎ᠠ᠂ ᠲᠦᠷᠭᠡᠨ | ᠬᠦᠷᠭᠡᠯᠲᠡ ᠶᠢ ᠬᠥᠳᠡᠭᠡ ᠲᠣᠰᠬᠤᠨ ᠳᠤ ᠣᠷᠣᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠬᠡᠷᠡᠭᠯᠡᠭᠡ ᠶᠢ | ᠥᠷᠭᠡᠳᠬᠡᠨ᠎ᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠥᠷᠭᠡᠳᠬᠡᠵᠦ᠂ ᠤᠯᠠᠨ | ᠲᠦᠮᠡᠨ ᠤ ᠤᠯᠠᠨ ᠡᠰᠢᠴᠢᠯᠡᠭᠰᠡᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠶ᠃ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠡᠨᠡ ᠵᠢᠯ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.75 ᠲᠦᠮᠡᠨ ᠳ᠋ᠦᠩᠰᠢᠭᠤᠷ ᠲᠥᠭᠦᠷᠢᠭ | ᠲᠣᠬᠢᠷᠠᠭᠤᠯᠬᠤ ᠪᠠᠷ ᠲᠦᠯᠦᠪᠯᠡᠵᠦ᠂ ᠨᠢᠳᠤᠨᠤᠨ ᠤ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ | ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠰᠦᠯ ᠤᠨ ᠬᠥᠷᠥᠩᠭᠡ ᠮᠥᠩᠭᠦ ᠪᠠᠷ ᠭᠡᠷᠡᠭᠯᠡᠵᠦ ᠪᠤᠯᠬᠤ | ᠬᠠᠷᠢᠴᠠᠯ ᠢ ᠳᠡᠭᠡᠭᠰᠢᠯᠡᠭᠦᠯᠵᠦ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 6000 | ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠬᠡᠷᠡᠭᠯᠡᠭᠡ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠮᠥᠷᠲᠡᠭᠡᠨ ᠪᠦᠲᠦᠴᠡ ᠳᠤ ᠲᠣᠬᠢᠷᠠᠭᠤᠯᠤᠯᠲᠠ ᠬᠢᠵᠦ ᠰᠡᠯᠭᠦᠬᠦ ᠬᠦᠴᠦᠨ ᠢ ᠨᠡᠮᠡᠭᠳᠡᠭᠦᠯᠬᠦ ︽ᠬᠤᠶᠠᠷ | ᠰᠢᠨ᠎ᠡ ᠨᠢᠭᠡ ᠴᠢᠬᠤᠯᠠ︾ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠠᠮᠵᠢᠨ᠎ᠠ᠂ ᠡᠭᠦᠨ ᠳᠤ ᠭᠤᠤᠯᠳᠠᠭᠤ᠄ | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠬᠥᠭᠵᠢᠭᠦᠯᠵᠦ᠂ 5G ᠶᠢᠨ ᠬᠡᠷᠡᠭᠯᠡᠯᠲᠡ ᠶᠢ ᠥᠷᠭᠡᠳᠬᠡᠨ᠎ᠠ᠃ | ᠳ᠋ᠡᠶᠢᠲ᠋ᠠ ᠶᠢᠨ ᠲᠦᠪ ᠢ ᠪᠦᠲᠦᠭᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠱᠤᠩ ᠵᠡᠷᠭᠡ ᠲᠦᠬᠦᠭᠡᠷᠦᠮᠵᠢ ᠶᠢ | ᠨᠡᠮᠡᠭᠳᠡᠭᠦᠯᠵᠤ᠂ ᠰᠢᠨ᠎ᠡ ᠡᠨᠧᠷᠭᠢ ᠶᠢᠨ ᠰᠣᠷᠪᠣᠯᠵᠢ ᠭᠡᠷᠡᠭᠯᠡᠭᠦ ᠮᠠᠰᠢᠨ ᠲᠡᠷᠭᠡ ᠶᠢ ᠳᠡᠯᠭᠡᠷᠡᠭᠦᠯᠦᠨ᠂ ᠰᠢᠨ᠎ᠡ | ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠵᠦ᠂ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠨ᠎ᠡ᠃ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ | ᠬᠤᠲᠠ ᠶᠢᠨ ᠤᠯᠠᠨ ᠨᠡᠶᠢᠲᠡ ᠶᠢᠨ ᠲᠥᠬᠦᠭᠡᠷᠦᠮᠵᠢ ᠪᠠ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ | ᠪᠠᠶᠢᠭᠠᠳ᠂ ᠲᠠᠷᠢᠶᠠᠴᠢᠳ ᠤᠨ ᠰᠢᠶᠠᠨ ᠤ ᠬᠤᠲᠠ ᠳᠤ ᠣᠴᠢᠵᠤ ᠠᠵᠢᠯ ᠣᠯᠵᠤ ᠠᠶᠢᠯ ᠡᠷᠦᠬᠡ ᠪᠤᠰᠬᠠᠬᠤ | ᠲᠠᠯ᠎ᠠ ᠪᠠᠷ ᠬᠢ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠳᠤ ᠵᠣᠬᠢᠴᠠᠭᠤᠯᠤᠨ᠎ᠠ᠃ 3.9 ᠲᠦᠮᠡᠨ | ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠵᠦ᠂ ᠬᠤᠭᠤᠯᠠᠢ | ᠭᠤᠤᠷᠰᠤ ᠶᠢᠨ ᠲᠤᠤᠷ ᠢ ᠦᠭᠡᠷᠡᠴᠢᠯᠡᠨ ᠪᠠᠶᠢᠭᠤᠯᠬᠤ᠂ ᠴᠠᠬᠢᠯᠭᠠᠨ ᠱᠠᠳᠤ ᠨᠡᠮᠡᠵᠦ ᠤᠭᠰᠠᠷᠠᠬᠤ ᠵᠡᠷᠭᠡ ᠶᠢ ᠳᠡᠮᠵᠢᠵᠤ᠂ | ᠭᠡᠷ ᠲᠡᠭᠡᠨ ᠨᠠᠰᠤᠲᠠᠨ ᠢ ᠠᠰᠠᠷᠠᠬᠤ᠂ ᠬᠤᠭᠤᠯᠠᠯᠠᠬᠤ᠂ ᠴᠠᠪᠡᠷᠯᠡᠵᠦ ᠠᠷᠢᠯᠭᠠᠬᠤ ᠵᠡᠷᠬᠡ ᠤᠯᠠᠨ ᠶᠠᠩᠵᠤ ᠶᠢᠨ ᠨᠡᠶᠢᠬᠡᠮ | ᠳᠤᠭᠤᠷᠢᠭ ᠤᠨ ᠦᠢᠯᠡᠴᠢᠯᠡᠭᠡ ᠶᠢ ᠬᠦᠭᠵᠢᠬᠦᠯᠦᠨ᠎ᠡ᠃ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠴᠢᠬᠤᠯᠠ | ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠥᠷᠥᠩᠭᠡ ᠮᠥᠩᠭᠦ ᠶᠢ 1000 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠵᠠᠬ᠎ᠠ | ᠳᠡᠯᠭᠡᠭᠦᠷᠴᠢᠯᠡᠭᠰᠡᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠬᠡ ᠲᠡᠭᠰᠢ ᠪᠠᠷ ᠣᠷᠣᠯᠴᠠᠬᠤ ᠶᠢ ᠲᠡᠮᠵᠢᠨ᠎ᠠ᠃ ᠲᠦᠰᠦᠯ ᠤᠨ | ᠰᠢᠯᠢᠳᠡᠭ ᠢ ᠨᠢ ᠰᠣᠩᠭᠤᠨ᠂ ᠠᠷᠬᠠᠭ ᠭᠡᠮ ᠦᠯᠡᠳᠡᠭᠡᠬᠦ ᠥᠬᠡᠶ ᠪᠠᠶᠢᠵᠤ᠂ ᠪᠠᠯᠠ ᠣᠷᠣᠭᠤᠯᠤᠯᠲᠠ ᠶᠢᠨ ᠦᠷ᠎ᠡ | ᠠᠰᠢᠭ ᠢ ᠲᠠᠰᠤᠷᠠᠯᠲᠠ ᠦᠭᠡᠢ ᠪᠠᠳᠠᠷᠠᠭᠤᠯᠤᠨ᠎ᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠤᠨ᠎ᠠ᠃ ᠲᠥᠪ ᠬᠤᠲᠠ ᠪᠠ | ᠬᠤᠳᠠ ᠶᠢᠨ ᠪᠥᠬᠡᠬᠡᠨᠡᠷᠡᠯ ᠤᠨ ᠶᠡᠷᠦᠩᠬᠡᠶᠢᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠢ | ᠪᠤᠶᠢᠵᠢᠭᠤᠯᠤᠨ᠂ ᠠᠵᠢᠯ ᠣᠯᠭᠤᠯᠲᠠ ᠶᠢ ᠨᠡᠮᠡᠭᠳᠡᠭᠦᠯᠦᠨ᠎ᠡ᠃ ᠭᠡᠷ ᠪᠠᠶᠢᠰᠢᠩ ᠢ ᠪᠤᠯ ᠰᠠᠭᠤᠬᠤ ᠶᠢᠨ ᠲᠦᠯᠦᠭᠡ | ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠦᠯᠦᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ | ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠳᠡ ᠶᠢ ᠠᠬᠢᠭᠤᠯᠤᠨ᠎ᠠ᠃ ᠠᠷᠠᠳ ᠲᠤ | ᠳᠦᠬᠦᠮ ᠦᠵᠡᠭᠦᠯᠬᠦ᠂ ᠰᠠᠭᠠᠳ ᠦᠭᠡᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠳᠠ ᠶᠢ ᠠᠵᠢᠯᠯᠠᠬᠤ ᠪᠠ | ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ | ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠷᠭᠡᠯᠡᠨ ᠨᠠᠶᠢᠳᠠᠪᠤᠷᠢᠵᠢᠭᠤᠯᠤᠨ᠎ᠠ᠃ | ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠬᠦᠨ ᠬᠤᠶᠢᠳᠥ ᠣᠷᠣᠨ ᠢ ᠪᠥᠬᠦ | ᠲᠠᠯ᠎ᠠ ᠪᠠᠷ ᠬᠥᠭᠵᠢᠬᠦᠯᠦᠨ ᠮᠠᠨᠳᠣᠭᠤᠯᠬᠤ᠂ ᠲᠣᠮᠳᠠ ᠬᠡᠰᠡᠭ ᠤᠨ ᠭᠠᠵᠠᠷ ᠣᠷᠣᠨ ᠢ ᠮᠠᠨᠳᠣᠭᠤᠯᠤᠨ ᠬᠥᠭᠵᠢᠬᠦᠯᠬᠦ᠂ | ᠵᠡᠬᠦᠨ ᠬᠡᠰᠡᠭ ᠤᠨ ᠭᠠᠵᠠᠷ ᠣᠷᠣᠨ ᠢ ᠣᠷᠢᠳ ᠢᠶᠠᠷ ᠬᠥᠭᠵᠢᠬᠦᠯᠬᠦ ᠶᠢ ᠦᠷᠭᠦᠯᠵᠢᠯᠡᠨ ᠠᠬᠢᠭᠤᠯᠤᠨ᠎ᠠ᠃ ᠪᠡᠭᠡᠵᠢᠩ | ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠳᠤᠮᠤ | ᠪᠤᠯᠤᠩ ᠤᠨ ᠣᠷᠣᠨ ᠤ ᠪᠦᠳᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠤᠭᠴᠠᠵᠢᠭᠰᠠᠨ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠠᠬᠢᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ ᠶᠢ | ᠨᠠᠶᠢᠷᠠᠭᠤᠯᠤᠨ ᠵᠣᠬᠢᠶᠠᠨ᠎ᠠ᠃ ᠴᠧᠩᠳᠦ᠋ ᠴᠦᠩᠴᠢᠩ ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ | ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠢ | ᠲᠦᠷᠭᠡᠯᠡᠨ ᠬᠥᠭᠵᠢᠭᠦᠯᠬᠦ ᠶᠢ ᠠᠬᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠶ ᠶᠢ ᠬᠥᠭᠵᠢᠭᠦᠯᠦᠨ᠎ᠡ᠃ | ᠬᠤᠪᠧᠢ ᠶᠢᠨ ᠬᠥᠭᠵᠢᠯᠲᠡ ᠶᠢ ᠳᠡᠮᠵᠢᠬᠦ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠢᠯ | ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ ᠶᠢ ᠳᠡᠮᠵᠢᠵᠦ᠂ | ᠠᠵᠤ ᠠᠬᠤᠶ ᠨᠡᠶᠢᠭᠡᠮ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠬᠦ ᠶᠢ ᠠᠬᠢᠭᠤᠯᠤᠨ᠎ᠠ᠃ | ᠠᠮᠢ ᠠᠬᠤᠢ ᠶᠢᠨ ᠣᠷᠴᠢᠨ ᠨᠦᠬᠦᠴᠡᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ ᠶᠢ ᠲᠤᠪᠤᠶᠢᠯᠭᠠᠨ᠎ᠠ᠃ | ᠭᠤᠤᠯᠳᠠᠯᠭ᠎ᠠ ᠲᠠᠢ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠭᠦᠨᠵᠡᠭᠡᠶᠢᠷᠡᠭᠦᠯᠦᠨ᠎ᠡ᠃ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠤᠪᠰᠢ ᠶᠢᠨ ᠲᠦᠷᠦᠯ ᠬᠤᠪᠢᠶᠠᠬᠤ ᠶᠢ | ᠠᠬᠢᠭᠤᠯᠤᠨ᠎ᠠ᠃ ᠬᠦᠮᠦᠨ ᠠᠮᠠ ᠲᠦᠪᠯᠡᠷᠡᠭᠰᠡᠨ ᠤᠷᠤᠨ ᠳᠠᠬᠢ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠠᠵᠤ | ᠠᠬᠤᠶᠢᠯᠠᠯ ᠢ ᠨᠡᠭᠦᠯᠭᠡᠨ ᠥᠭᠡᠷᠡᠴᠢᠯᠡᠬᠦ ᠠᠵᠢᠯ ᠢ ᠲᠦᠷᠭᠡᠳᠬᠡᠨ᠎ᠡ᠃ ᠡᠨᠧᠷᠭᠢ ᠠᠷᠪᠢᠯᠠᠵᠤ ᠣᠷᠴᠢᠨ ᠠᠬᠤᠶ ᠶᠢ | ᠬᠠᠮᠠᠭᠠᠯᠠᠬᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ | ᠬᠤᠷᠤᠭᠠᠬᠤ ᠪᠠ ᠠᠷᠠᠯᠵᠢᠶᠠᠯᠠᠬᠤ᠂ ᠢᠳᠡᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠨ᠎ᠡ᠃ ᠴᠢᠬᠤᠯᠠ ᠠᠮᠢ | ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ | ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠨᠡᠬᠦᠷᠡᠰᠦ ᠶᠢ ᠴᠡᠪᠡᠷ ᠪᠦᠭᠡᠳ ᠦᠨᠳᠤᠷ | ᠪᠦᠳᠦᠮᠵᠢᠳᠡᠢ ᠠᠰᠢᠭᠯᠠᠬᠤ ᠶᠢ ᠠᠬᠢᠭᠤᠯᠵᠤ᠂ ᠳᠠᠬᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢ ᠬᠥᠭᠵᠢᠭᠦᠯᠵᠦ | ᠂ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ᠂ ᠴᠠᠬᠢᠯᠭᠠᠨ ᠬᠦᠴᠦᠨ ᠤ ᠦᠢᠯᠡᠳᠪᠦᠷᠢᠯᠡᠬᠦ ᠬᠠᠩᠭᠠᠬᠤ | ᠪᠣᠷᠣᠯᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠡᠨᠧᠷᠭᠢ ᠶᠢᠨ ᠰᠤᠷᠪᠤᠯᠵᠢ ᠶᠢ ᠨᠥᠭᠡᠴᠡᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠵᠢᠷᠭᠤᠭ᠎ᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠬᠠᠷᠠᠯᠲᠠ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠶᠢ ᠣᠯᠵᠤ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ | ᠵᠢᠷᠭᠤᠭ᠎ᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠲᠠᠷᠢᠶᠠᠴᠢᠳ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | ᠃ | ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠤᠪ ᠢ ᠰᠢᠢᠳᠪᠤᠷᠢᠯᠡᠬᠦ ᠳᠠᠶᠢᠨ ᠳᠤ ᠵᠠᠪᠠᠯ ᠢᠯᠠᠯᠳᠠ ᠤᠯᠤᠨ᠎ᠠ᠃ | ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠰᠢᠶᠠᠨ ᠪᠣᠯᠤᠨ ᠶᠠᠳᠠᠭᠤ ᠬᠦᠴᠢᠷᠳᠡᠯᠲᠡᠶ ᠲᠣᠰᠬᠤᠨ ᠢ ᠶᠠᠳᠠᠭᠤ ᠠᠴᠠ | ᠠᠩᠬᠢᠵᠢᠷᠠᠭᠤᠯᠵᠤ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠭᠠᠳᠠᠭᠰᠢ ᠭᠠᠷᠴᠤ ᠬᠦᠴᠦ | ᠶᠠᠪᠤᠬᠤ ᠬᠥᠳᠡᠯᠮᠦᠷᠢ ᠬᠦᠴᠦ ᠶᠢ ᠠᠵᠢᠯ ᠤᠯᠤᠭᠰᠠᠨ ᠭᠠᠵᠠᠷ ᠲᠤᠨᠢ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠵᠤ | ᠠᠵᠢᠯᠯᠠᠭᠤᠯᠬᠤ ᠬᠡᠷᠡᠭᠲᠡᠶ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠶᠠᠳᠠᠭᠤ ᠶᠢ | ᠲᠡᠳᠬᠦᠬᠦ ᠠᠵᠤ ᠦᠢᠯᠡᠰ ᠢ ᠰᠡᠷᠭᠦᠭᠡᠨ ᠬᠥᠭᠵᠢᠬᠦᠯᠬᠦ ᠶᠢ ᠳᠡᠮᠵᠢᠨ᠎ᠡ᠃ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠶᠢᠨ ᠵᠠᠯᠭᠠᠮᠵᠢ ᠲᠡᠳᠭᠦᠨ ᠳᠡᠮᠵᠢᠭᠦ ᠠᠵᠢᠯ ᠢ ᠴᠢᠩᠭᠠᠳᠬᠠᠨ᠎ᠠ᠃ ᠵᠡᠭᠦᠨ ᠬᠡᠰᠡᠭ ᠪᠠ ᠪᠠᠷᠠᠭᠤᠨ ᠬᠡᠰᠡᠭ ᠤᠨ | ᠭᠠᠵᠠᠷ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠦᠪ ᠤᠨ ᠨᠢᠭᠡᠴᠢ ᠶᠢᠨ ᠴᠡᠭ ᠲᠤᠭᠳᠠᠭᠠᠨ ᠶᠠᠳᠠᠭᠤ ᠶᠢ | ᠲᠡᠳᠬᠦᠬᠦ ᠠᠵᠢᠯ ᠢ ᠭᠦᠨᠵᠡᠭᠡᠶᠢᠷᠡᠭᠦᠯᠦᠨ᠎ᠡ᠃ ᠤᠨᠴᠠᠭᠠᠢ ᠶᠡᠳᠠᠭᠤ ᠬᠦᠴᠢᠷᠳᠡᠯᠲᠡᠢ ᠬᠦᠮᠦᠨ ᠠᠮᠠ ᠶᠢᠨ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃ ᠶᠠᠳᠠᠭᠤ ᠠᠴᠠ ᠪᠠᠨ ᠠᠩᠬᠢᠵᠢᠷᠠᠭᠰᠠᠨ ᠰᠢᠶᠠᠨ ᠤ | ᠲᠡᠳᠬᠦᠬᠦ ᠭᠤᠤᠯ ᠪᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠠ᠃ ᠶᠠᠳᠠᠭᠤ ᠠᠴᠠ | ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠯᠳᠤᠭᠤᠯᠬᠤ ᠶᠢ | ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠪᠦᠬᠦ ᠬᠦᠴᠦᠨ ᠢᠶᠠᠷ | ᠪᠠᠶᠠᠵᠢᠭᠤᠯᠤᠨ ᠴᠢᠨᠡᠭᠡᠯᠢᠭᠵᠢᠭᠦᠯᠦᠨ᠎ᠡ᠃ | ᠲᠠᠷᠢᠶᠠᠯᠠᠩ ᠤᠨ ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠨ᠎ᠠ᠃ ᠠᠮᠤ ᠪᠤᠳᠠᠭ᠎ᠠ ᠶᠢᠨ ᠲᠠᠷᠢᠬᠤ | ᠲᠠᠯᠠᠪᠠᠢ ᠪᠠ ᠤᠨᠠᠯᠲᠠ ᠶᠢ ᠲᠣᠭᠲᠠᠪᠤᠷᠢᠵᠢᠭᠤᠯᠵᠤ᠂ ᠳᠠᠬᠢᠨ ᠲᠠᠷᠢᠬᠤ ᠢᠯᠡᠳᠬᠡᠭᠴᠢ ᠲᠤᠭ᠎ᠠ ᠶᠢ ᠳᠡᠭᠡᠭᠰᠢᠯᠡᠭᠦᠯᠵᠦ᠂ | ᠲᠤᠲᠤᠷᠭ᠎ᠠ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠭᠠᠷᠤᠯᠲᠠ | ᠶᠡᠬᠡᠲᠡᠶ ᠰᠢᠶᠠᠨ ᠤ ᠱᠠᠩᠨᠠᠯ ᠬᠥᠬᠢᠭᠦᠯᠦᠯ ᠢ ᠨᠡᠮᠡᠭᠳᠡᠭᠦᠯᠵᠦ᠂ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ | ᠶᠡᠭᠡ ᠪᠠᠷ ᠰᠡᠷᠭᠡᠶᠢᠯᠡᠨ ᠵᠠᠰᠠᠨ᠎ᠠ᠃ ᠰᠢᠷ᠎ᠠ ᠪᠤᠷᠴᠠᠭ ᠵᠡᠷᠭᠡ ᠲᠤᠰᠤᠯᠢᠬ ᠲᠠᠷᠢᠮᠠᠯ ᠤᠨ ᠦᠢᠯᠡᠳᠪᠦᠷᠢᠯᠡᠯ ᠢ ᠳᠡᠮᠵᠢᠨ᠎ᠠ᠃ | ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠵᠦ | ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 8000 ᠲᠦᠮᠡᠨ ᠮᠦ ᠰᠢᠨ᠎ᠡ ᠪᠠᠷ ᠪᠠᠶᠢᠭᠤᠯᠤᠨ᠎ᠠ᠃ ᠰᠢᠯᠢᠳᠡᠭ ᠴᠢᠨᠠᠷ | ᠰᠠᠶᠢᠲᠠᠢ ᠡᠭᠦᠯᠳᠡᠷ ᠢ ᠪᠤᠶᠢᠵᠢᠭᠤᠯᠤᠨ ᠳᠡᠯᠭᠡᠷᠡᠭᠦᠯᠦᠨ᠎ᠠ᠃ ᠲᠡᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠃ ᠬᠦᠳᠡᠭᠡ ᠳᠤᠰᠬᠤᠨ ᠤ ᠦᠬᠡᠷᠡᠴᠢᠯᠡᠯᠳᠠ ᠶᠢ | ᠬᠦᠨᠵᠡᠬᠡᠶᠢᠷᠡᠬᠦᠯᠦᠨ᠎ᠡ᠃ ᠠᠹᠷᠢᠺᠡ ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠶᠢ ᠴᠢᠩᠭᠠᠳᠬᠠᠵᠤ᠂ ᠭᠠᠭ᠋ᠠᠶ ᠲᠡᠵᠢᠭᠡᠬᠦ ᠦᠢᠯᠡᠳᠪᠦᠷᠢᠯᠡᠯ ᠢ ᠰᠡᠷᠭᠦᠭᠡᠵᠤ᠂ ᠮᠠᠯ ᠵᠢᠭᠦᠷᠳᠡᠨ᠂ ᠤᠰᠤᠨ | ᠭᠠᠷᠤᠯᠲᠠ ᠶᠢᠨ ᠲᠡᠵᠢᠭᠡᠪᠤᠷᠢ ᠶᠢ ᠬᠦᠭᠵᠢᠬᠦᠯᠦᠨ᠎ᠠ᠃ ᠲᠡᠷᠢᠶᠠᠯᠠᠩ ᠤᠨ ᠪᠦᠲᠦᠭᠡᠭᠳᠡᠭᠦᠨ ᠤ ᠭᠦᠢᠯᠭᠡᠭᠡᠨ ᠤ ᠰᠢᠰᠲᠧᠮ ᠢ | ᠪᠦᠷᠢᠨᠰᠢᠭᠦᠯᠦᠨ᠎ᠠ᠃ ︽ᠬᠦᠨᠡᠰᠦᠨ ᠤ ᠤᠭᠤᠲᠠ︾ ᠶᠢ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠪᠠ ︽ | ᠨᠤᠭᠤᠭᠠᠨ ᠤ ᠰᠠᠭᠰᠤ︾ ᠶᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠪᠣᠳᠠᠲᠠᠶ ᠨᠠᠶᠢᠳᠠᠪᠤᠷᠢᠵᠢᠭᠤᠯᠤᠨ᠎ᠠ᠃ | ᠳᠤᠮᠳᠠᠳᠤ ᠤᠯᠤᠰ ᠤᠨ 14 ᠳ᠋ᠦᠩᠰᠢᠭᠤᠷ ᠬᠥᠮᠦᠨ ᠠᠮᠠ ᠶᠢᠨ ᠬᠤᠭᠤᠯᠠ ᠬᠦᠨᠡᠰᠦᠨ ᠤ ᠠᠰᠠᠭᠤᠳᠠᠯ ᠢ ᠪᠢᠳᠡ | ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠴᠢᠳᠠᠪᠤᠷᠢ ᠲᠠᠢ ᠪᠦᠭᠡᠳ ᠵᠠᠪᠠᠯ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ | ᠬᠡᠷᠡᠭᠲᠡᠢ᠃ | ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ | ᠲᠠᠷᠢᠶᠠᠴᠢᠳ ᠤᠨ ᠦᠢᠷ᠎ᠡ ᠬᠠᠪᠢ ᠳᠠᠭᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠮᠵᠢᠵᠤ᠂ ᠨᠢᠭᠡᠳᠤᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠦᠭᠵᠢᠬᠦ ᠶᠢ ᠠᠬᠢᠭᠤᠯᠵᠤ᠂ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠂ ᠨᠤᠲᠤᠭ ᠲᠠᠭᠠᠨ ᠪᠤᠴᠠᠭᠰᠠᠨ ᠬᠦᠯᠦᠰᠦᠨ ᠠᠵᠢᠯᠴᠢᠨ ᠢ | ᠬᠢᠬᠦ ᠠᠵᠢᠯ ᠲᠠᠢ᠂ ᠤᠯᠬᠤ ᠣᠷᠣᠯᠭ᠎ᠠ ᠲᠠᠢ ᠪᠣᠯᠭᠠᠨ᠎ᠠ᠃ ᠵᠤᠬᠢᠬᠤ ᠬᠡᠪᠴᠢᠶᠡᠳᠦ ᠡᠵᠡᠩᠨᠡᠯᠲᠡ ᠶᠢᠨ ᠪᠡᠶᠡᠴᠢ | ᠴᠣᠭᠴᠠ ᠶᠢ ᠲᠡᠳᠬᠦᠵᠦ᠂ ᠲᠠᠷᠢᠶᠠᠴᠢᠳ ᠤᠨ ᠲᠤᠬᠠᠢᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ | ᠴᠢᠩᠭᠠᠳᠬᠠᠨ᠎ᠠ᠃ ᠬᠦᠯᠦᠰᠦᠨ ᠠᠵᠢᠯᠴᠢᠨ ᠤ ᠴᠠᠯᠢᠩ ᠬᠦᠯᠦᠰᠤ ᠶᠢ ᠦᠷᠢᠳᠦᠬᠦ ᠠᠰᠠᠭᠤᠳᠠᠯ ᠢ ᠬᠠᠤᠯᠢ ᠶᠤᠰᠤᠭᠠᠷ | ᠦᠨᠳᠦᠰᠦᠨ ᠠᠴᠠ ᠨᠢ ᠵᠠᠰᠠᠨ᠎ᠠ᠃ ᠵᠤᠬᠢᠬᠤ ᠬᠡᠪᠴᠢᠶ᠎ᠠ ᠲᠠᠢ ᠬᠡᠪᠴᠢᠶᠠᠵᠢᠭᠰᠡᠨ ᠡᠵᠡᠩᠨᠡᠯᠲᠡ ᠶᠢᠨ ᠪᠡᠶᠡᠴᠢ | ᠴᠤᠭᠴᠠ ᠶᠢ ᠲᠡᠳᠭᠦᠨ ᠳᠡᠮᠵᠢᠵᠤ᠂ ᠲᠠᠷᠢᠶᠠᠴᠢᠨ ᠡᠷᠦᠬᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠨ᠎ᠠ᠃ | ᠲᠠᠷᠢᠶᠠᠯᠠᠩ ᠤᠨ ᠪᠦᠲᠦᠭᠡᠭᠳᠡᠭᠦᠨ ᠤ ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠨ᠎ᠠ᠃ ᠬᠦᠳᠡᠭᠡ | ᠨᠤᠲᠤᠭ ᠤᠨ ᠠᠵᠤ ᠦᠢᠯᠡᠰ ᠢ ᠬᠦᠭᠵᠢᠬᠦᠯᠬᠦ ᠳᠤ ᠬᠡᠷᠡᠭᠯᠡᠬᠦ ᠭᠠᠵᠠᠷ ᠢ ᠪᠠᠲᠤᠯᠠᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠎ᠠ᠃ ᠬᠠᠮᠲᠤ ᠶᠢᠨ ᠠᠵᠤ ᠠᠬᠤᠢ ᠶᠢᠨ ᠪᠤᠳᠠᠳᠤ ᠬᠦᠴᠦᠨ ᠢ ᠴᠢᠩᠭᠠᠳᠬᠠᠨ᠎ᠠ᠃ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ | ᠲᠥᠬᠦᠭᠡᠷᠦᠮᠵᠢ᠂ ᠢᠳᠡᠬᠦ ᠤᠰᠤᠨ ᠤ ᠠᠶᠤᠯᠭᠦᠶ ᠶᠢᠨ ᠢᠨᠵᠧᠨᠧᠷᠢᠩ ᠪᠠ ᠣᠷᠣᠰᠢᠨ ᠠᠮᠢᠳᠤᠷᠠᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠶᠢ ᠳᠡᠮᠵᠢᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠤᠨ᠎ᠠ᠃ | ᠲᠤᠯᠤᠭ᠎ᠠ᠂ ᠨᠡᠩ ᠥᠨᠳᠥᠷ ᠲᠦᠪᠰᠢᠨ ᠪᠦᠬᠦᠢ ᠭᠠᠳᠠᠭᠰᠢ ᠨᠡᠬᠡᠬᠡᠯᠳᠡ ᠶᠢ ᠠᠬᠢᠭᠤᠯᠵᠤ᠂ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ | ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠭᠠᠳᠠᠭᠰᠢ ᠨᠡᠭᠡᠭᠡᠯᠲᠡ ᠬᠢᠬᠦ ᠪᠠᠨ ᠡᠷᠡᠰ | ᠭᠤᠶᠢᠪᠢᠰᠢ ᠦᠭᠡᠢ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠵᠤ᠂ ᠨᠡᠭᠡᠭᠡᠯᠳᠡ ᠪᠠᠷ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠤᠨ᠎ᠠ᠃ | ᠭᠠᠳᠠᠭᠠᠳᠤ ᠠᠷᠠᠯᠵᠢᠶᠠᠨ ᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠵᠠᠬᠢᠶᠠᠯᠠᠭ᠎ᠠ ᠶᠢ ᠨᠡᠮᠡᠭᠳᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ | ᠪᠠᠲᠤᠯᠠᠬᠤ ᠶᠢ ᠳᠡᠮᠵᠢᠬᠦ ᠲᠠᠢ ᠤᠶᠠᠯᠳᠤᠭᠤᠯᠤᠨ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ | ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠠᠯ ᠳᠤ ᠨᠡᠶᠢᠴᠡᠭᠰᠡᠨ ᠥᠪᠡᠷ ᠤᠨ ᠦᠷᠲᠡᠭ ᠢ | ᠪᠠᠭᠤᠷᠠᠭᠤᠯᠵᠤ᠂ ᠭᠠᠳᠠᠭᠠᠳᠤ ᠭᠠᠷᠭᠠᠯᠲᠠ ᠶᠢᠨ ᠦᠢᠯᠡᠳᠬᠦᠨ ᠢ ᠳᠣᠲᠣᠭᠠᠳᠤ ᠳᠠᠭᠠᠨ ᠪᠣᠷᠣᠯᠠᠭᠤᠯᠬᠤ ᠶᠢ ᠳᠡᠮᠵᠢᠨ᠎ᠡ᠃ | ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠬᠥᠭᠵᠢᠯᠲᠡ ᠶᠢ ᠲᠦᠷᠭᠡᠳᠬᠡᠵᠦ᠂ ᠤᠯᠤᠰ ᠤᠨ ᠬᠤᠭᠤᠷᠤᠨᠳᠤᠬᠢ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠬᠦ | ᠬᠥᠭᠵᠢᠯᠲᠡ ᠶᠢᠨ ᠲᠤᠷᠰᠢᠯᠲᠠ ᠶᠢ ᠠᠬᠢᠭᠤᠯᠤᠨ᠎ᠠ᠃ ᠭᠤᠷᠪᠠᠳᠤᠭᠠᠷ ᠬᠤᠭᠤᠴᠠᠭᠠᠨ ᠤ ᠭᠠᠳᠠᠭᠠᠳᠤ | ᠣᠷᠣᠭᠤᠯᠤᠯᠲᠠ ᠶᠢᠨ ᠦᠵᠡᠰᠬᠦᠯᠡᠩ ᠢ ᠰᠠᠶᠢᠲᠤᠷ ᠪᠡᠯᠡᠳᠬᠡᠨ ᠡᠷᠬᠢᠯᠡᠵᠦ᠂ ᠭᠠᠳᠠᠭᠠᠳᠤ ᠣᠷᠣᠭᠤᠯᠤᠯᠲᠠ ᠶᠢ | ᠢᠳᠡᠪᠬᠢᠲᠡᠶ ᠪᠠᠷ ᠥᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠳᠡᠯᠡᠬᠡᠶ ᠳᠤ ᠬᠠᠨᠳᠤᠭᠰᠠᠨ ᠲᠤᠮᠤ ᠵᠠᠬ᠎ᠠ | ᠳᠡᠯᠭᠡᠭᠦᠷ ᠢ ᠬᠥᠭᠵᠢᠭᠦᠯᠦᠨ᠎ᠡ᠃ | ᠭᠠᠳᠠᠭᠠᠳᠤ ᠪᠡᠯᠡ ᠶᠢ ᠢᠳᠡᠪᠬᠢᠲᠡᠶ ᠠᠰᠢᠬᠯᠠᠨ᠎ᠠ᠃ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ | ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠶᠡᠭᠡ ᠪᠠᠷ ᠴᠦᠭᠡᠳᠬᠡᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ | ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠨᠡᠶᠢᠲᠡᠯᠡᠨ᠎ᠡ᠃ ᠠᠵᠤ ᠠᠬᠤᠢ ᠶᠢᠨ ᠤᠨᠴᠠᠭᠠᠢ | ᠤᠷᠤᠨ ᠤ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠎ᠠ᠃ ᠴᠢᠯᠦᠭᠡᠳᠤ ᠠᠷᠠᠯᠵᠢᠶᠠᠨ ᠤ ᠲᠤᠷᠰᠢᠯᠲᠠ ᠶᠢᠨ | ᠤᠷᠤᠨ ᠳᠤ ᠨᠡᠩ ᠶᠡᠭᠡ ᠦᠭᠡᠷᠠᠴᠢᠯᠡᠯᠲᠠ ᠨᠡᠭᠡᠭᠡᠯᠳᠡ ᠶᠢᠨ ᠡᠵᠡᠨ ᠮᠡᠳᠡᠬᠦ ᠡᠷᠬᠡ ᠣᠯᠭᠤᠵᠤ᠂ ᠳᠤᠮᠳᠠ ᠪᠠᠷᠠᠭᠤᠨ | ᠬᠡᠰᠡᠭ ᠤᠨ ᠭᠠᠵᠠᠷ ᠤᠷᠤᠨ ᠳᠤ ᠴᠢᠯᠦᠭᠡᠲᠤ ᠠᠷᠠᠯᠵᠢᠶᠠᠨ ᠤ ᠲᠤᠷᠰᠢᠯᠲᠠ ᠶᠢᠨ ᠤᠷᠤᠨ᠂ ᠶᠡᠷᠦᠩᠭᠡᠶᠢᠯᠡᠭᠰᠡᠨ | ᠭᠠᠶᠢᠯᠢ ᠶᠢᠨ ᠪᠠᠲᠤᠯᠠᠭᠠᠲᠤ ᠤᠷᠤᠨ ᠢ ᠨᠡᠮᠡᠨ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ | ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢ ᠨᠡᠮᠡᠭᠳᠡᠭᠦᠯᠦᠨ᠎ᠠ᠃ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠳᠣᠲᠣᠭᠠᠳᠤ ᠭᠠᠳᠠᠭᠠᠳᠤ ᠪᠡᠯᠡ ᠶᠢᠨ ᠠᠵᠤ | ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠬᠤ᠂ ᠭᠤᠤᠯᠴᠢ ᠪᠠᠷ ᠥᠷᠢᠰᠥᠯᠳᠦᠭᠦᠯᠬᠦ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠬᠠᠮᠲᠤ ᠪᠠᠷ | ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠠᠷᠴᠢᠮ | ᠪᠣᠯᠤᠨ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠨ᠂ ᠠᠵᠤ ᠠᠬᠤᠶᠢᠯᠠᠯ ᠤᠨ ᠪᠡᠶᠡᠴᠢ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠠᠷᠢᠯᠴᠠᠨ ᠬᠠᠷᠠᠭᠠᠯᠵᠠᠯ ᠦᠵᠡᠭᠦᠯᠬᠦ ᠬᠠᠷᠢᠯᠴᠠᠨ ᠠᠰᠢᠭᠲᠠᠶ | ᠬᠠᠮᠲᠤᠷᠠᠯᠴᠠᠭ᠎ᠠ ᠶᠢ ᠥᠷᠨᠢᠭᠦᠯᠦᠨ᠎ᠡ᠃ ᠭᠠᠳᠠᠭᠠᠳᠤ ᠪᠡᠯᠡ ᠣᠷᠣᠭᠤᠯᠤᠯᠲᠠ ᠶᠢ ᠬᠦᠲᠦᠯᠦᠨ ᠵᠢᠯᠤᠭᠤᠳᠴᠤ | ᠡᠷᠡᠭᠦᠯ ᠢᠶᠠᠷ ᠬᠥᠭᠵᠢᠬᠦᠯᠤᠨᠠ᠃ | ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠴᠢᠯᠥᠭᠡᠲᠡᠢ ᠪᠤᠯᠭᠠᠬᠤ ᠳᠦᠭᠦᠮ ᠳᠦᠳᠡ ᠪᠤᠯᠭᠠᠬᠤ ᠶᠢ | ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠳᠡᠯᠡᠬᠡᠶ ᠶᠢᠨ ᠠᠷᠠᠯᠵᠢᠶᠠᠨ ᠤ | ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠨ᠎ᠠ᠃ ᠣᠷᠣᠨ ᠪᠦᠰᠡ ᠶᠢᠨ ᠪᠦᠬᠦ | ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ | ᠠᠬᠢᠭᠤᠯᠵᠤ᠂ ᠳᠤᠮᠳᠠᠳᠤ ᠶᠠᠫᠣᠨ ᠺᠣᠷᠢᠶᠠ ᠵᠡᠷᠭᠡ ᠶᠢᠨ ᠴᠢᠯᠥᠭᠡᠲᠦ ᠠᠷᠠᠯᠵᠢᠶᠠᠨ ᠤ ᠬᠡᠯᠡᠯᠴᠡᠭᠡ ᠶᠢ ᠠᠬᠢᠭᠤᠯᠤᠨ᠎ᠠ᠃ | ᠳᠤᠮᠳᠠᠳᠤ ᠠᠮᠧᠷᠢᠺᠠ ᠶᠢᠨ ᠠᠩᠬᠠᠳᠤᠭᠠᠷ ᠱᠠᠲᠤᠨ ᠤ ᠠᠵᠤ ᠠᠬᠤᠶ ᠠᠷᠠᠯᠵᠢᠶᠠᠨ ᠤ ᠬᠡᠯᠡᠯᠴᠡᠭᠡᠷ ᠢ ᠬᠠᠮᠲᠤ ᠪᠠᠷ | ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠡᠯ᠎ᠡ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ | ᠴᠢᠷᠮᠠᠶᠢᠨ᠎ᠠ᠃ | ᠨᠠᠢᠮᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠨᠡᠶᠢᠭᠡᠮ ᠤᠨ ᠠᠵᠢᠯ | ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ | ᠬᠦᠴᠢᠷ ᠪᠡᠷᠬᠡᠰᠢᠶᠡᠯ ᠤᠨ ᠡᠮᠦᠨ᠎ᠡ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠡᠷᠡᠰ | ᠪᠠᠲᠤ ᠰᠠᠬᠢᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ | ᠨᠠᠰᠤ ᠶᠠᠭᠤᠨ ᠠᠴᠠ ᠴᠤ ᠡᠷᠬᠢᠮ ᠨᠠᠨᠳᠢᠨ ᠬᠡᠳᠡᠭ ᠢ ᠪᠡᠷᠢᠮᠳᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠯ ᠢ ᠥᠭᠡᠷᠡᠴᠢᠯᠡᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠰᠢᠭᠤᠳ ᠮᠡᠳᠡᠭᠦᠯᠬᠦ ᠪᠠ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ | ᠢᠯᠡ ᠲᠣᠳᠣ ᠨᠡᠶᠢᠲᠡᠯᠡᠬᠦ ᠶᠢ ᠪᠠᠷᠢᠮᠲᠠᠯᠠᠨ᠎ᠠ᠃ ᠬᠢᠵᠢᠭ ᠢ ᠡᠰᠡᠷᠭᠦᠴᠡᠬᠦ ᠤᠯᠤᠰ ᠤᠨ ᠣᠨᠴᠠᠭᠠᠢ ᠵᠢᠭᠡᠯᠡᠯᠭᠡ ᠶᠢ | ᠰᠠᠶᠢᠲᠤᠷ ᠬᠡᠷᠡᠭᠯᠡᠵᠦ᠂ ᠸᠠᠺᠼᠢᠨ᠂ ᠡᠮ ᠤᠨ ᠵᠦᠢᠯ ᠪᠣᠯᠤᠨ ᠲᠦᠷᠭᠡᠨ ᠪᠠᠶᠢᠴᠠᠭᠠᠨ ᠰᠢᠯᠭᠠᠬᠤ ᠮᠡᠷᠭᠡᠵᠢᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠬᠢᠵᠢᠭ ᠢ ᠰᠡᠷᠭᠡᠶᠢᠯᠡᠬᠦ ᠡᠮᠨᠡᠨ ᠠᠪᠤᠷᠠᠬᠤ ᠡᠮᠨᠡᠯᠭᠡ | ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠨᠡᠮᠡᠭᠳᠡᠭᠦᠯᠵᠦ᠂ ᠰᠢᠯᠵᠢᠮᠡᠯ ᠲᠤᠷᠰᠢᠯᠲᠠ ᠶᠢᠨ ᠲᠠᠰᠤᠭ ᠢ ᠨᠡᠮᠡᠭᠳᠡᠬᠦᠯᠵᠦ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠪᠠᠲᠤᠯᠠᠭ᠎ᠠ ᠶᠢ ᠴᠢᠩᠭᠠᠷᠠᠭᠤᠯᠵᠤ᠂ ᠦᠨᠳᠦᠰᠦᠨ ᠱᠠᠳᠤᠨ ᠤ | ᠡᠷᠡᠬᠦᠯ ᠬᠠᠮᠠᠭᠠᠯᠠᠯ ᠬᠢᠵᠢᠭ ᠰᠡᠷᠬᠡᠶᠢᠯᠡᠯᠳᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡ ᠶᠢ ᠴᠢᠩᠭᠠᠳᠬᠠᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠦᠨ᠎ᠡ᠃ ᠡᠷᠡᠭᠦᠯ ᠬᠠᠮᠠᠭᠠᠯᠠᠯ ᠡᠷᠡᠬᠦᠯ ᠮᠠᠨᠳᠤ ᠶᠢᠨ ᠮᠡᠳᠡᠯᠭᠡ ᠶᠢ ᠲᠦᠭᠡᠮᠡᠯᠵᠢᠬᠦᠯᠵᠤ᠂ ᠡᠷᠡᠭᠦᠯ ᠰᠠᠷᠠᠭᠤᠯ | ᠪᠤᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠠᠨ | ᠶᠡᠭᠡ ᠪᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠠᠴᠠ ᠡᠷᠡᠰ ᠰᠡᠷᠭᠡᠶᠢᠯᠡᠵᠦ᠂ ᠠᠷᠠᠳ | ᠲᠦᠮᠡᠨ ᠤ ᠡᠷᠡᠭᠦᠯ ᠮᠡᠨᠳᠦ ᠶᠢ ᠡᠷᠡᠰ ᠬᠠᠮᠠᠭᠠᠯᠠᠨ᠎ᠠ᠃ | ᠦᠨᠳᠦᠰᠦᠨ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ | ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 | ᠲᠥᠭᠦᠷᠢᠭ ᠨᠡᠮᠡᠭᠳᠡᠭᠦᠯᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ | ᠲᠤᠷᠰᠢᠯᠲᠠ ᠶᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠶᠢ | ᠳᠡᠳᠬᠦᠨ ᠳᠡᠮᠵᠢᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠠ᠃ ︽ᠢᠨᠲᠧᠷ ᠰᠦᠯᠵᠢᠶ᠎ᠠ + ᠡᠮ ᠡᠮᠨᠡᠯᠭᠡ ᠡᠷᠡᠭᠦᠯ ᠮᠡᠨᠳᠤ︾ ᠶᠢ | ᠭᠦᠭᠵᠢᠭᠦᠯᠦᠨ᠎ᠠ᠃ ᠤᠷᠤᠨ ᠪᠦᠰᠠ ᠶᠢᠨ ᠡᠮ ᠡᠮᠨᠡᠯᠭᠡ ᠶᠢᠨ ᠲᠦᠪ ᠢ ᠪᠦᠲᠦᠭᠡᠨ ᠪᠠᠶᠢᠭᠤᠯᠤᠨ᠎ᠠ᠃ ᠬᠤᠲᠠ | ᠬᠦᠳᠡᠭᠡ ᠶᠢᠨ ᠨᠡᠶᠢᠭᠡᠮ ᠲᠤᠭᠤᠷᠢᠭ ᠤᠨ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠠ᠃ | ᠱᠠᠲᠤ ᠬᠤᠪᠢᠶᠠᠨ ᠤᠨᠤᠰᠢᠯᠠᠨ ᠵᠠᠰᠠᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢ ᠮᠠᠨᠳᠤᠭᠤᠯᠤᠨ | ᠬᠥᠭᠵᠢᠭᠦᠯᠬᠦ ᠶᠢ ᠠᠬᠢᠭᠤᠯᠵᠤ᠂ ᠬᠢᠳᠡᠳ ᠡᠮᠨᠡᠯᠭᠡ ᠡᠸᠦ᠋ᠷᠦᠫᠠ ᠡᠮᠨᠡᠯᠭᠡ ᠶᠢ ᠤᠶᠠᠯᠳᠤᠭᠤᠯᠬᠤ ᠶᠢ ᠴᠢᠩᠭᠠᠳᠬᠠᠨ᠎ᠠ᠃ | ᠡᠶ᠎ᠡ ᠵᠤᠬᠢᠴᠠᠯ ᠲᠠᠢ ᠡᠮᠴᠢ ᠪᠠ ᠡᠪᠡᠳᠴᠢᠲᠠᠨ ᠤ ᠬᠠᠷᠢᠴᠠᠭ᠎ᠠ ᠶᠢ ᠴᠤᠭᠴᠠᠯᠠᠨ᠎ᠠ᠃ ᠢᠳᠡᠭᠡᠨ ᠤ ᠵᠦᠢᠯ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠰᠤᠷᠭᠠᠨ ᠬᠥᠮᠦᠵᠢᠯ ᠤᠨ ᠭᠤᠤᠯᠴᠢ ᠲᠡᠭᠰᠢ ᠬᠥᠭᠵᠢᠯᠲᠡ ᠪᠠ ᠶᠠᠰᠤ ᠴᠢᠨᠠᠷ ᠤᠨ ᠳᠡᠭᠡᠭᠰᠢᠯᠡᠯᠲᠡ ᠶᠢ | ᠠᠬᠢᠭᠤᠯᠤᠨ᠎ᠠ᠃ ᠶᠤᠰᠤ ᠰᠤᠷᠲᠠᠬᠤᠨ ᠢᠶᠠᠷ ᠬᠦᠮᠦᠨ ᠬᠦᠮᠦᠵᠢᠬᠦᠯᠬᠦ ᠶᠢ ᠪᠠᠷᠢᠮᠲᠠᠯᠠᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠤᠯᠤᠨ ᠳᠤᠮᠳᠠ ᠵᠡᠷᠭᠡ ᠶᠢᠨ ᠪᠠ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠡᠮᠬᠢ ᠵᠢᠷᠤᠮ ᠲᠠᠢ ᠵᠣᠬᠢᠶᠠᠨ | ᠪᠠᠶᠢᠭᠤᠯᠤᠨ᠎ᠠ᠃ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠰᠢᠶᠠᠨ ᠲᠤᠰᠬᠤᠨ ᠤ | ᠪᠠᠭ᠎ᠠ ᠬᠡᠪᠴᠢᠶᠠᠨ ᠤ ᠰᠤᠷᠭᠠᠭᠤᠯᠢ ᠪᠤᠯᠤᠨ ᠰᠢᠶᠠᠨ ᠤ ᠬᠤᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠡᠴᠢᠭᠡ ᠡᠬᠡ ᠪᠠᠨ ᠳᠠᠭᠠᠵᠤ ᠨᠡᠭᠦᠨ ᠢᠷᠡᠭᠰᠡᠨ ᠦᠷ᠎ᠠ ᠬᠡᠤᠬᠡᠳ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠃ ᠣᠨᠴᠠᠭᠠᠶ | ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠷᠠᠳ ᠠᠴᠠ ᠡᠷᠬᠢᠯᠡᠭᠰᠡᠨ | ᠰᠤᠷᠭᠠᠨ ᠬᠥᠮᠦᠵᠢᠯ ᠢ ᠳᠠᠮᠵᠢᠵᠦ ᠵᠢᠷᠤᠮᠵᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠭᠦᠯᠵᠤ᠂ ᠠᠷᠠᠳ ᠠᠴᠠ ᠡᠷᠬᠢᠯᠡᠭᠰᠡᠨ ᠬᠡᠤᠬᠡᠳ ᠤᠨ | ᠴᠡᠴᠡᠷᠯᠢᠭ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠦᠭᠬᠦᠨ᠎ᠡ᠃ ᠳᠡᠭᠡᠳᠤ ᠵᠡᠷᠭᠡ ᠶᠢᠨ ᠰᠤᠷᠭᠠᠨ | ᠬᠦᠮᠦᠵᠢᠯ ᠤᠨ ᠠᠭᠤᠯᠤᠭᠳᠠᠬᠤᠨ ᠤ ᠬᠡᠯᠪᠡᠷᠢ ᠶᠢᠨ ᠬᠦᠭᠵᠢᠯᠲᠡ ᠶᠢ ᠠᠬᠢᠭᠤᠯᠵᠤ᠂ ᠲᠡᠷᠢᠭᠦᠨ ᠵᠡᠷᠬᠡ ᠶᠢᠨ ᠶᠡᠭᠡ | ᠰᠤᠷᠭᠠᠭᠤᠯᠢ ᠪᠠ ᠲᠡᠷᠢᠭᠦᠨ ᠵᠡᠷᠬᠡ ᠶᠢᠨ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠳᠤᠮᠳᠠ ᠪᠠᠷᠠᠭᠤᠨ ᠬᠡᠰᠡᠭ ᠤᠷᠤᠨ ᠤ ᠶᠡᠭᠡ ᠳᠡᠭᠡᠳᠤ ᠰᠤᠷᠭᠠᠭᠤᠯᠢ ᠶᠢᠨ ᠬᠦᠭᠵᠢᠯᠲᠠ ᠶᠢ ᠳᠡᠮᠵᠢᠨ᠎ᠠ᠃ ᠶᠡᠭᠡ ᠳᠡᠬᠡᠳᠦ | ᠰᠤᠷᠭᠠᠭᠤᠯᠢ ᠶᠢᠨ ᠬᠦᠳᠡᠭᠡ ᠳᠤᠰᠬᠤᠨ ᠪᠠ ᠶᠠᠳᠠᠭᠤ ᠬᠦᠴᠢᠷᠳᠡᠯᠳᠠᠢ ᠭᠠᠵᠠᠷ ᠤᠷᠤᠨ ᠳᠤ ᠬᠠᠨᠳᠤᠭᠤᠯᠤᠨ ᠰᠤᠷᠤᠭᠴᠢ | ᠡᠯᠰᠡᠬᠦ ᠬᠡᠪᠴᠢᠶ᠎ᠡ ᠶᠢ ᠦᠷᠬᠡᠳᠬᠡᠨ᠎ᠡ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠬᠦᠯᠦᠨ᠎ᠠ᠃ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠮᠡᠳᠡᠭᠡ ᠵᠠᠩᠭᠢᠵᠢᠯᠲᠠ ᠶᠢ | ᠠᠬᠢᠭᠤᠯᠤᠨ᠎ᠠ᠃ ᠰᠤᠷᠭᠠᠨ ᠬᠦᠮᠦᠵᠢᠯ ᠳᠠᠬᠢ ᠤᠷᠤᠭᠤᠯᠤᠯᠲᠠ ᠶᠢ ᠲᠤᠭᠲᠠᠪᠤᠷᠢᠵᠢᠭᠤᠯᠵᠤ᠂ ᠣᠷᠣᠭᠤᠯᠤᠯᠲᠠ ᠶᠢᠨ | ᠪᠦᠲᠦᠴᠡ ᠶᠢ ᠰᠢᠯᠢᠳᠡᠭᠵᠢᠭᠦᠯᠵᠦ᠂ ᠬᠤᠲᠠ ᠬᠦᠳᠡᠭᠡ᠂ ᠤᠷᠤᠨ ᠪᠦᠰᠠ᠂ ᠰᠤᠷᠭᠠᠭᠤᠯᠢ ᠶᠢᠨ ᠬᠤᠭᠤᠷᠤᠨᠳᠤᠬᠢ | ᠵᠦᠷᠢᠶ᠎ᠠ ᠶᠢ ᠪᠠᠭᠠᠰᠬᠠᠵᠤ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠪᠤᠢ ᠪᠦᠬᠦᠢ ᠬᠡᠷ ᠪᠦᠯᠢ ᠪᠡ ᠬᠡᠤᠬᠡᠳ | ᠨᠢᠬᠡᠪᠦᠷᠢ ᠳᠤ ᠬᠦᠷᠳᠡᠬᠡᠵᠦ᠂ ᠳᠡᠳᠡᠨ ᠢ ᠬᠡᠷᠡᠯᠳᠦ ᠢᠷᠡᠬᠡᠳᠦᠢ ᠲᠠᠢ ᠪᠤᠯᠭᠠᠨ᠎ᠠ᠃ | ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ | ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ | ᠮᠥᠩᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠠᠵᠤ ᠠᠬᠤᠢᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠦᠡᠭᠭᠦ ᠶᠢ ᠮᠤᠵᠢ ᠶᠢᠨ ᠱᠠᠲᠤᠨ ᠳᠤ | ᠨᠢᠭᠡᠳᠦᠯᠲᠡᠢ ᠬᠤᠷᠢᠶᠠᠵᠤ ᠨᠢᠭᠡᠳᠤᠯᠲᠠᠢ ᠵᠠᠷᠤᠬᠤ ᠶᠢ ᠪᠡᠶᠡᠯᠡᠭᠦᠯᠵᠤ᠂ ᠲᠦᠪ ᠠᠴᠠ ᠲᠤᠬᠢᠷᠠᠭᠤᠯᠬᠤ ᠬᠠᠷᠢᠴᠠᠯ ᠢ | ᠳᠡᠭᠡᠭᠰᠢᠯᠡᠭᠦᠯᠦᠨ᠎ᠠ᠃ ᠪᠦᠬᠦ ᠤᠯᠤᠰ ᠲᠤ 3 ᠳ᠋ᠦᠩᠰᠢᠭᠤᠷ ᠰᠢᠬᠠᠮ ᠬᠥᠮᠦᠨ ᠨᠠᠰᠤᠵᠢᠯ ᠤᠨ ᠠᠰᠠᠷᠠᠮᠵᠢ ᠶᠢᠨ ᠮᠥᠩᠭᠦ | ᠠᠪᠴᠤ ᠪᠠᠶᠢᠭ᠎ᠠ ᠪᠣᠯᠬᠤᠷ ᠡᠷᠬᠡᠪᠰᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠦᠨᠡᠨ ᠬᠦ ᠪᠠᠲᠤᠯᠠᠬᠤ | ᠬᠡᠷᠡᠭᠲᠡᠶ᠃ ᠴᠡᠷᠢᠭ ᠤᠨ ᠠᠯᠪᠠᠨ ᠠᠴᠠ ᠪᠠᠭᠤᠭᠰᠠᠳ ᠢ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠎ᠠ᠃ ᠠᠯᠪᠠᠨ ᠤ ᠲᠦᠯᠦᠭᠡ ᠪᠡᠶ᠎ᠡ ᠦᠷᠡᠭᠳᠡᠭᠰᠡᠳ ᠤᠨ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ | ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ | ᠣᠷᠣᠯᠴᠠᠭᠠᠳ 1 ᠵᠢᠯ ᠪᠣᠯᠤᠭᠠᠳᠤᠶ ᠬᠦᠯᠦᠰᠦᠨ ᠠᠵᠢᠯᠴᠢᠨ ᠵᠡᠷᠭᠡ ᠠᠵᠢᠯ ᠠᠯᠳᠠᠭᠰᠠᠳ ᠢ ᠴᠦᠮ ᠪᠠᠶᠢᠩᠭᠤ | ᠰᠠᠭᠤᠭ᠎ᠠ ᠭᠠᠵᠠᠷ ᠤᠨ ᠬᠢᠨᠢ ᠪᠠᠲᠤᠯᠠᠭ᠎ᠠ ᠳᠤ ᠣᠷᠣᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠦᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ | ᠬᠤᠲᠠ ᠬᠥᠳᠡᠭᠡ ᠶᠢᠨ ᠬᠦᠴᠢᠷᠳᠡᠯᠲᠡᠶ ᠭᠡᠷ ᠪᠦᠯᠢ ᠶᠢᠨ ᠪᠠᠲᠤᠯᠠᠬᠤ ᠶᠤᠰᠤᠲᠠᠢ ᠶᠢ ᠨᠢ ᠴᠦᠮ ᠪᠠᠲᠤᠯᠠᠵᠤ᠂ | ᠨᠥᠬᠦᠴᠡᠯ ᠳᠤ ᠨᠡᠶᠢᠴᠡᠬᠦ ᠬᠤᠲᠠ ᠪᠠᠯᠭᠠᠰᠤᠨ ᠤ ᠠᠵᠢᠯ ᠠᠯᠳᠠᠭᠰᠠᠳ ᠪᠠ ᠨᠤᠲᠤᠭ ᠲᠠᠭᠠᠨ ᠪᠤᠴᠠᠭᠰᠠᠳ ᠢ ᠴᠠᠭ | ᠲᠤᠬᠠᠶ ᠳᠤᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠨ᠎ᠠ᠃ ᠭᠠᠮᠰᠢᠭ ᠪᠤᠶᠤ | ᠡᠪᠡᠳᠴᠢᠨ ᠠᠴᠠ ᠪᠣᠯᠵᠤ ᠲᠦᠷ ᠴᠠᠭ ᠤᠨ ᠬᠦᠴᠢᠷᠳᠡᠯ ᠳᠤ ᠤᠴᠠᠷᠠᠭᠰᠠᠨ ᠬᠥᠮᠦᠰ ᠲᠤ ᠴᠥᠮ ᠠᠪᠤᠷᠠᠨ ᠲᠤᠰᠠᠯᠠᠯᠲᠠ | ᠦᠵᠡᠭᠦᠯᠦᠨ᠎ᠡ᠃ ᠪᠤᠢ ᠪᠦᠬᠦᠢ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ | ᠬᠡᠷᠡᠭᠳᠠᠢ᠂ ᠠᠷᠠᠳ ᠤᠨ ᠠᠮᠢᠳᠤᠷᠠᠯ ᠢ ᠪᠠᠲᠤᠯᠠᠬᠤ ᠨᠢ ᠴᠤ ᠨᠡᠩ ᠤᠯᠠᠨ ᠠᠵᠢᠯ ᠠᠯᠳᠠᠭᠰᠠᠳ ᠤᠨ ᠳᠠᠬᠢᠨ ᠠᠵᠢᠯ | ᠤᠯᠬᠤ ᠪᠠ ᠵᠤᠷᠢᠭᠲᠠᠢ ᠪᠠᠷ ᠠᠳᠠᠯ ᠦᠢᠯᠡᠰ ᠴᠤᠭᠴᠠᠯᠠᠬᠤ ᠳᠤ ᠬᠦᠴᠦᠨ ᠨᠡᠮᠡᠷᠢᠯᠡᠬᠦ ᠨᠢ ᠯᠠᠪᠳᠠᠢ ᠶᠤᠮ᠃ | ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ | ᠭᠤᠤᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠦᠢᠯᠡᠰ ᠢ | ᠬᠦᠭᠵᠢᠬᠦᠯᠦᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠢ ᠠᠰᠢᠬᠯᠠᠬᠤ ᠪᠤᠯᠤᠨ ᠪᠤᠳᠠᠰ ᠤᠨ ᠪᠤᠰᠤ ᠰᠤᠶᠤᠯ ᠤᠨ | ᠦᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ | ᠴᠢᠩᠭᠠᠳᠬᠠᠵᠤ᠂ ᠪᠡᠬᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠳᠡᠮᠢᠷ ᠤᠨ ᠴᠤᠭᠯᠠᠭᠠᠨ᠂ | ᠵᠡᠮᠳᠡᠭᠴᠤᠳ ᠤᠨ ᠪᠡᠶ᠎ᠡ ᠶᠢᠨ ᠳᠡᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠵᠦ᠂ ᠠᠷᠠᠳ ᠨᠡᠶᠢᠲᠡ ᠶᠢᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠪᠤᠯᠤᠨ ᠠᠷᠠᠳ ᠨᠡᠶᠢᠲᠡ ᠶᠢᠨ ᠨᠤᠮ ᠤᠡᠭᠰᠢᠬᠤ ᠶᠢ ᠰᠠᠨᠠᠭᠠᠴᠢᠯᠠᠵᠤ᠂ ᠨᠡᠶᠢᠭᠡᠮ | ᠳᠠᠶᠠᠭᠠᠷ ᠢᠶᠠᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠭᠡᠳᠡᠷᠬᠡᠭ ᠴᠠᠶᠢᠯᠭᠠᠨ ᠪᠠᠶᠢᠬᠤ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ | ᠨᠡᠶᠢᠭᠡᠮ ᠲᠣᠭᠤᠷᠢᠭ ᠤᠨ ᠬᠠᠮᠢᠶᠠᠷᠤᠯᠲᠠ ᠪᠤᠯᠤᠨ ᠦᠢᠯᠡᠴᠢᠯᠡᠭᠡᠨ ᠤ ᠲᠤᠭᠲᠠᠴᠠ ᠶᠢ ᠪᠦᠷᠢᠨᠰᠢᠭᠦᠯᠦᠨ᠎ᠠ᠃ ᠬᠦᠳᠡᠭᠡ | ᠨᠤᠲᠤᠭ ᠤᠨ ᠵᠠᠰᠠᠯᠲᠠ ᠶᠢ ᠴᠢᠩᠭᠠᠳᠬᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ | ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠦᠢᠯᠡᠰ ᠵᠡᠷᠭᠡ ᠶᠢᠨ ᠡᠷᠡᠭᠦᠯ ᠢᠶᠠᠷ | ᠬᠥᠭᠵᠢᠬᠦ ᠶᠢ ᠲᠡᠮᠵᠢᠨ᠎ᠠ᠃ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠤᠯᠢ | ᠴᠠᠭᠠᠵᠠ ᠶᠢᠨ ᠲᠤᠰᠠᠯᠠᠮᠵᠢ ᠶᠢ ᠴᠢᠩᠭᠠᠳᠬᠠᠵᠤ᠂ ᠤᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ | ᠲᠤᠬᠠᠶ ᠳᠤᠨᠢ ᠰᠢᠢᠳᠪᠦᠷᠢᠯᠡᠵᠤ᠂ ᠵᠦᠷᠢᠴᠡᠯ ᠵᠠᠭᠤᠷᠠᠭᠠᠨ ᠢ ᠲᠤᠬᠢᠲᠠᠢ ᠨᠠᠮᠳᠠᠭᠤᠯᠤᠨ᠎ᠠ᠃ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ ᠤᠯᠤᠰ ᠤᠨ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ | ᠡᠵᠡᠮᠳᠡᠬᠦ ᠰᠢᠰᠲᠧᠮ ᠢ ᠲᠡᠭᠦᠯᠳᠡᠷᠵᠢᠭᠦᠯᠵᠤ᠂ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠴᠦ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ | ᠪᠠᠶᠢᠭᠤᠯᠤᠨ᠎ᠠ᠃ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠦᠶᠡᠷ ᠤᠰᠤᠳᠤᠯ᠂ ᠭᠠᠯ ᠤᠨ | ᠭᠠᠮᠰᠢᠭ᠂ ᠭᠠᠵᠠᠷ ᠬᠥᠳᠡᠯᠦᠯᠲᠡ ᠵᠡᠷᠭᠡ ᠭᠠᠮᠰᠢᠭ ᠢ ᠰᠡᠷᠭᠡᠶᠢᠯᠡᠬᠦ ᠶᠢ ᠴᠢᠩᠭᠠᠳᠬᠠᠵᠤ᠂ ᠴᠠᠭ ᠠᠭᠤᠷ ᠤᠨ | ᠦᠢᠯᠡᠴᠢᠯᠡᠭᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠪᠤᠷᠠᠨ ᠲᠤᠰᠠᠯᠠᠬᠤ ᠪᠠ | ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠨᠳᠦ ᠶᠡᠭᠡ ᠣᠨᠴᠠ ᠶᠡᠭᠡ | ᠠᠳᠡᠯ ᠭᠠᠷᠬᠤ ᠶᠢ ᠡᠷᠡᠰ ᠬᠤᠷᠢᠬᠯᠠᠨ᠎ᠠ᠃ | ᠲᠥᠯᠥᠭᠡᠯᠡᠭᠴᠢᠳ ᠡ︕ | ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠦᠵᠡᠯ | ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠨ᠂ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ ᠢ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠪᠠᠷᠢᠮᠳᠠᠯᠠᠵᠤ᠂ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠬᠦ ᠬᠡᠷᠡᠭᠲᠡᠢ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠡᠪᠯᠡᠯ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠠᠰᠠᠭ ᠤᠨ ᠣᠷᠳᠣᠨ ᠤ | ᠠᠵᠢᠯᠲᠠᠳ ᠬᠠᠤᠯᠢ ᠴᠠᠭᠠᠵᠠ᠂ ᠬᠢᠨᠠᠨ ᠪᠠᠶᠢᠴᠠᠭᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠬᠦ ᠬᠡᠷᠡᠭᠲᠡᠶ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ | ᠡᠷᠡᠰ ᠵᠠᠯᠬᠠᠭᠠᠨ ᠰᠢᠢᠳᠬᠡᠨ᠎ᠡ᠃ | ᠡᠯ᠎ᠡ ᠱᠠᠲᠤᠨ ᠤ ᠵᠠᠰᠠᠭ ᠤᠨ ᠣᠷᠳᠣᠨ ᠦᠨᠡᠨ ᠠᠴᠠ ᠵᠥᠪ ᠢ ᠡᠷᠢᠬᠦ ᠶᠢ ᠢᠮᠠᠭᠲᠠ ᠪᠠᠷᠢᠮᠲᠠᠯᠠᠵᠤ᠂ ᠨᠡᠶᠢᠭᠡᠮ | ᠵᠢᠷᠤᠮ ᠤᠨ ᠠᠩᠬᠠᠨ ᠤ ᠱᠠᠲᠤ ᠭᠡᠬᠦ ᠡᠨᠡ ᠬᠦ ᠤᠯᠤᠰ ᠤᠨ ᠦᠨᠳᠦᠰᠦᠨ ᠪᠠᠶᠢᠳᠠᠯ ᠢ ᠪᠠᠲᠤ ᠡᠵᠡᠮᠰᠢᠵᠦ᠂ ᠪᠤᠰᠤᠳᠴᠢ | ᠵᠢᠮ᠎ᠡ ᠶᠣᠰᠣ ᠶᠢ ᠵᠢᠷᠤᠮᠯᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠴᠦ᠂ ᠥᠪᠡᠷ ᠤᠨ ᠤᠴᠢᠷ ᠶᠠᠪᠤᠳᠠᠯ ᠢᠶᠠᠨ | ᠰᠠᠶᠢᠲᠤᠷ ᠬᠢᠬᠦ ᠳᠤ ᠰᠠᠭᠤᠷᠢᠯᠠᠬᠤ ᠬᠡᠷᠡᠭᠲᠡᠶ᠃ ︽ᠳᠥᠷᠪᠡᠨ ᠰᠤᠷᠲᠠᠯ︾ ᠢ ᠶᠡᠭᠡ ᠪᠠᠷ ᠵᠠᠯᠠᠷᠠᠭᠤᠯᠤᠨ ᠵᠠᠰᠠᠵᠤ᠂ | ᠬᠡᠯᠪᠡᠷᠢ ᠶᠢᠨ ᠦᠵᠡᠯ᠂ ᠨᠤᠶᠠᠨᠴᠢ ᠰᠤᠷᠲᠠᠯ ᠢ ᠡᠷᠡᠰ ᠲᠡᠪᠴᠢᠵᠤ᠂ ᠦᠨᠳᠦᠰᠦᠨ ᠱᠠᠲᠤᠨ ᠤ ᠥᠷᠭᠡᠨ ᠣᠯᠠᠨ | ᠺᠠᠳ᠋ᠷ ᠤᠨ ᠠᠵᠢᠯ ᠬᠢᠵᠦ ᠦᠢᠯᠡᠰ ᠴᠤᠭᠴᠠᠯᠠᠬᠤ ᠠᠵᠢᠯᠯᠠᠭ᠎ᠠ ᠶᠢ ᠬᠡᠯᠪᠡᠷᠢ ᠶᠢᠨ ᠦᠵᠡᠯ ᠤᠨ ᠬᠦᠯᠢᠶᠡᠰᠦᠯᠡᠯ ᠠᠴᠠ | ᠴᠢᠯᠦᠭᠡᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠭᠰᠡᠳ ᠤᠨ ᠡᠮᠦᠨ᠎ᠡ ᠠᠴᠠ ᠬᠠᠷᠢᠭᠤᠴᠠᠯᠭ᠎ᠠ ᠡᠭᠦᠷᠭᠡᠯᠡᠵᠦ᠂ | ᠲᠤᠰᠢᠶᠠᠯ ᠭᠦᠢᠴᠡᠳᠬᠡᠭᠰᠡᠳ ᠢᠶᠠᠷ ᠬᠠᠷᠢᠭᠤᠴᠠᠯᠭ᠎ᠠ ᠶᠢ ᠨᠢ ᠲᠤᠭᠤᠰᠢᠲᠠᠢ ᠭᠦᠢᠴᠡᠳᠬᠡᠭᠦᠯᠬᠦ ᠬᠡᠷᠡᠭᠲᠡᠢ᠃ ᠠᠷᠠᠳ | ᠣᠯᠠᠨ ᠳᠤ ᠴᠢᠩᠭ᠎ᠠ ᠲᠦᠰᠢᠭᠯᠡᠨ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠬᠡᠵᠦ᠂ ᠨᠠᠩ ᠶᠡᠭᠡ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠨᠡᠶᠢᠭᠡᠮ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠲᠦᠭ ᠲᠦᠮᠡᠨ ᠠᠷᠠᠳ ᠤᠯᠠᠨ ᠤ ᠤᠶᠤᠨ ᠤᠬᠠᠭᠠᠨ ᠪᠠ ᠬᠦᠴᠦᠨ | ᠴᠢᠳᠠᠯ ᠢ ᠨᠢᠭᠲᠠᠷᠠᠭᠤᠯᠬᠤ ᠬᠡᠷᠡᠭᠲᠡᠢ᠂ ᠡᠨᠡ ᠪᠣᠯ ᠪᠢᠳᠡᠨ ᠤ ᠠᠯᠢᠪᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ | ᠳᠠᠪᠠᠭ᠋ᠤ ᠢᠲᠡᠭᠡᠯ ᠵᠤᠷᠢᠭ ᠮᠥᠨ᠃ ᠥᠷᠭᠡᠨ ᠤᠯᠠᠨ ᠺᠠᠳ᠋ᠷ ᠬᠦᠴᠢᠷ ᠪᠡᠷᠬᠡᠰᠢᠶᠡᠯ ᠠᠴᠠ ᠵᠠᠶᠢᠯᠠᠬᠤ ᠦᠭᠡᠢ᠂ ᠦᠨᠡᠨ | ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ | ᠬᠥᠭᠵᠢᠯᠲᠡ ᠶᠢ ᠠᠳᠬᠤᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠢ᠃ ᠪᠢᠳᠡ ᠢᠮᠠᠭᠲᠠ ᠠᠷᠠᠳ | ᠤᠯᠠᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠬᠦᠰᠡᠯ ᠡᠷᠡᠮᠡᠯᠵᠡᠯ ᠢ ᠯᠠᠪᠲᠠᠶ | ᠪᠡᠶᠡᠯᠡᠭᠦᠯᠵᠦ ᠴᠢᠳᠠᠬᠤ ᠶᠤᠮ᠃ | ᠡᠨᠡ ᠵᠢᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ | ᠵᠣᠬᠢᠶᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠰᠢᠨ᠎ᠡ ᠠᠶᠠᠯᠠᠯ ᠢ ᠡᠬᠢᠯᠡᠭᠦᠯᠬᠦ ᠳᠤ ᠵᠢᠷᠤᠭ | ᠲᠥᠯᠥᠪᠯᠡᠭᠡ ᠶᠢ ᠵᠢᠷᠤᠭᠯᠠᠬᠤ ᠬᠡᠷᠡᠭᠲᠡᠢ᠃ | ᠲᠥᠯᠥᠭᠡᠯᠡᠭᠴᠢᠳ ᠡ︕ | ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ | ᠳᠡᠮᠵᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ ᠲᠦᠮᠡᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠢᠳᠡᠪᠬᠢ ᠦᠢᠯᠡᠳᠦᠯ ᠢ ᠨᠢ | ᠪᠠᠳᠠᠷᠠᠭᠤᠯᠤᠨ᠎ᠠ᠃ ᠡᠬᠡ ᠤᠯᠤᠰ ᠮᠠᠨᠢ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠲᠦᠯᠦᠭᠡ | ᠦᠷᠭᠦᠯᠵᠢ ᠰᠠᠨᠠᠭᠠᠰᠢᠷᠠᠳᠠᠭ᠂ ᠲᠡᠳᠡ ᠪᠤᠯ ᠡᠬᠡ ᠤᠯᠤᠰ ᠪᠤᠯᠤᠨ ᠳᠡᠯᠡᠬᠡᠶ ᠳ᠋ᠠᠬᠢᠨ ᠢ ᠬᠤᠯᠪᠣᠭᠰᠠᠨ ᠴᠢᠬᠤᠯᠠ | ᠬᠥᠭᠦᠷᠭᠡ ᠮᠦᠨ᠂ ᠬᠠᠷᠢᠶᠠᠲᠤ ᠠᠬ᠎ᠠ ᠳᠡᠭᠦᠦ ᠨᠡᠷ ᠪᠣᠯᠤᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠥᠪᠡᠷᠮᠢᠴᠡ | ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠬᠥᠪᠡᠭᠦᠳ ᠥᠬᠢᠳ ᠤᠨ ᠨᠢᠭᠲᠠᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠵᠤ᠂ ᠭᠡᠷᠡᠯ ᠰᠠᠴᠤᠷᠠᠩᠭᠤᠶ ᠦᠢᠯᠡᠰ ᠢ ᠬᠠᠮᠲᠤ ᠪᠠᠷ ᠰᠡᠳᠬᠢᠯ ᠨᠢᠬᠡᠳᠦᠨ ᠡᠭᠦᠳᠬᠦ | ᠬᠡᠷᠡᠭᠲᠡᠶ᠃ | ᠨᠢᠳᠤᠨᠤᠨ ᠠᠴᠠ ᠨᠠᠭᠠᠰᠢ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠦᠲᠦᠭᠡᠨ | ᠪᠠᠶᠢᠭᠤᠯᠤᠯᠲᠠ ᠴᠢᠬᠤᠯᠠ ᠠᠬᠢᠯᠲᠠ ᠲᠠᠢ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ | ᠠᠷᠠᠳ ᠤᠨ ᠴᠡᠷᠢᠭ ᠠᠩᠬᠢ ᠨᠠᠮ ᠤᠨ ᠵᠢᠯᠤᠭᠤᠳᠤᠯᠭ᠎ᠠ ᠶᠢ ᠲᠠᠭᠠᠬᠤ᠂ ᠵᠠᠷᠯᠢᠭ ᠢ ᠳᠠᠭᠠᠬᠤ᠂ ᠬᠦᠨᠳᠦ ᠡᠭᠦᠷᠭᠡ ᠶᠢ | ᠵᠣᠷᠢᠭᠲᠠᠢ ᠡᠭᠦᠷᠭᠡᠯᠡᠬᠦ ᠰᠢᠯᠢᠳᠡᠭ ᠰᠤᠷᠲᠠᠯ ᠢ ᠢᠯᠡᠷᠡᠭᠦᠯᠪᠡ᠃ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠪᠠᠷ ᠴᠡᠷᠢᠭ ᠢᠶᠠᠨ | ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠴᠡᠷᠢᠭ ᠢᠶᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ᠂ ᠬᠠᠤᠯᠢ ᠶᠤᠰᠤᠭᠠᠷ | ᠴᠡᠷᠢᠭ ᠢᠶᠠᠨ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠠᠴᠠ ᠠᠷᠠᠳ ᠤᠨ ᠴᠡᠷᠢᠭ ᠠᠩᠭᠢ ᠳᠤ ᠶᠠᠪᠤᠭᠤᠯᠬᠤ | ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠴᠡᠷᠢᠭ ᠪᠤᠯᠪᠠᠰᠤᠷᠠᠭᠤᠯᠤᠨ ᠳᠠᠶᠢᠨ ᠳᠤ ᠪᠡᠯᠡᠳᠬᠡᠬᠦ ᠶᠢ | ᠪᠦᠬᠦ ᠬᠦᠴᠦᠨ ᠢᠶᠠᠷ ᠢᠶᠠᠨ ᠴᠢᠩᠭᠠᠳᠬᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠶᠢ ᠡᠷᠡᠰ ᠬᠠᠮᠠᠭᠠᠯᠠᠨ᠎ᠠ᠃ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠰᠠᠶᠢᠲᠤᠷ ᠬᠢᠵᠦ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠬᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠤ ᠲᠠᠯ᠎ᠠ ᠶᠢᠨ ᠠᠵᠢᠯ ᠪᠠ ᠵᠡᠪᠰᠡᠭ ᠲᠣᠨᠣᠭᠯᠠᠯ ᠤᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠢᠮᠠᠭᠲᠠ | ᠬᠠᠳᠠ ᠴᠢᠯᠠᠭᠤ ᠮᠡᠲᠦ ᠪᠠᠲᠤ ᠪᠠᠬᠢ ᠪᠠᠶᠢᠯᠭᠠᠨ᠎ᠠ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠵᠠᠰᠠᠭ ᠵᠠᠬᠢᠷᠭᠠᠨ ᠤ | ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ | ᠭᠦᠢᠴᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠨᠴᠠᠭᠠᠢ ᠤᠷᠤᠨ ᠤ ᠵᠠᠰᠠᠭ ᠤᠨ ᠤᠷᠳᠤᠨ ᠤ | ᠦᠨᠳᠦᠰᠦᠨ ᠬᠠᠤᠯᠢᠳᠤ ᠬᠠᠷᠢᠭᠤᠴᠠᠯᠭ᠎ᠠ ᠶᠢ ᠨᠡᠶᠢᠳᠡᠪᠤᠷᠢᠵᠢᠭᠤᠯᠤᠨ᠎ᠠ᠃ ᠰᠢᠶᠠᠩᠭᠠᠩ ᠣᠣᠮᠧᠨ ᠤ ᠠᠵᠤ ᠠᠬᠤᠶ ᠪᠠᠨ | ᠬᠥᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠤᠯᠤᠰ ᠤᠷᠤᠨ ᠤ ᠬᠥᠭᠵᠢᠯᠲᠡ ᠶᠢᠨ ᠶᠡᠭᠡ | ᠲᠠᠯ᠎ᠠ ᠳᠤ ᠨᠡᠩ ᠰᠠᠶᠢᠨ ᠠᠭᠤᠰᠤᠯᠳᠤᠨ ᠤᠷᠤᠬᠤ ᠶᠢ ᠳᠡᠮᠵᠢᠵᠦ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ | ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠲᠠᠶᠢᠸᠠᠨ ᠤ ᠲᠤᠬᠠᠶ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠪᠠᠷᠢᠮᠲᠠᠯᠠᠵᠤ᠂ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢᠨ | ᠰᠠᠭᠤᠷᠢ ᠳᠡᠭᠡᠷ᠎ᠠ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠡᠩᠭᠡ ᠲᠠᠶᠢᠪᠤᠩ ᠬᠥᠭᠵᠢᠯᠲᠡ ᠶᠢ | ᠠᠬᠢᠭᠤᠯᠤᠨ᠎ᠠ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠬᠦ | ᠪᠠ ᠬᠤᠷᠢᠬᠯᠠᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ᠂ | ᠲᠠᠶᠢᠸᠠᠨ ᠤ ᠠᠬ᠎ᠠ ᠳᠡᠭᠦᠦ ᠨᠡᠷ ᠤᠨ ᠠᠵᠠ ᠵᠢᠷᠭᠠᠯ ᠢ ᠪᠠᠲᠤᠯᠠᠬᠤ ᠪᠠᠶᠢᠭᠤᠯᠤᠯ ᠤᠨ ᠲᠣᠬᠢᠷᠠᠭᠤᠯᠤᠯᠲᠠ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠲᠤᠯᠠᠵᠤ᠂ ᠥᠷᠭᠡᠨ ᠤᠯᠠᠨ ᠲᠠᠶᠢᠸᠠᠨ ᠤ ᠠᠬ᠎ᠠ ᠳᠡᠭᠦᠦ | ᠨᠡᠷ ᠲᠠᠢ ᠪᠦᠯᠬᠦᠮᠳᠡᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠬᠠᠮᠲᠤ ᠪᠠᠷ ᠡᠰᠡᠷᠭᠦᠴᠡᠵᠦ᠂ ᠨᠢᠭᠡᠳᠦᠯ ᠢ | ᠠᠬᠢᠭᠤᠯᠪᠠᠯ᠂ ᠪᠢᠳᠡ ᠯᠠᠪᠲᠠᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠨᠡᠬᠡᠬᠡᠨ | ᠡᠭᠦᠳᠴᠦ ᠴᠢᠳᠠᠬᠤ ᠶᠤᠮ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠮᠤᠷᠠᠯ᠂ ᠠᠵᠤ ᠠᠬᠤᠶ ᠶᠢᠨ ᠬᠦᠨᠳᠦ ᠨᠣᠴᠢᠲᠠᠶ ᠪᠠᠭᠤᠷᠠᠯᠲᠠ | ᠵᠡᠷᠭᠡ ᠪᠦᠬᠦ ᠪᠥᠮᠪᠥᠷᠴᠡᠭ ᠤᠨ ᠴᠢᠨᠠᠷᠲᠠᠶ ᠰᠢᠯᠭᠠᠯᠲᠠ ᠶᠢ ᠠᠷᠭᠠᠴᠠᠭᠠᠬᠤ ᠳᠤ ᠡᠯ᠎ᠡ ᠤᠯᠤᠰ ᠭᠠᠷ ᠬᠤᠯᠪᠣᠯᠴᠠᠨ | ᠬᠠᠮᠲᠤ ᠪᠠᠷ ᠤᠷᠤᠭᠰᠢᠯᠠᠬᠤ ᠬᠡᠷᠡᠭᠲᠡᠶ᠃ ᠳᠤᠮᠳᠠᠳᠤ ᠤᠯᠤᠰ ᠡᠯ᠎ᠡ ᠤᠯᠤᠰ ᠯᠤᠭ᠎ᠠ ᠬᠢᠵᠢᠭ ᠢ ᠰᠡᠷᠭᠡᠶᠢᠯᠡᠬᠦ | ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠶ ᠶᠢᠨ ᠠᠵᠤ ᠠᠬᠤᠶ ᠶᠢᠨ ᠲᠣᠭᠲᠠᠭᠤᠨ ᠪᠠᠶᠢᠳᠠᠯ ᠢ ᠠᠬᠢᠭᠤᠯᠵᠤ᠂ ᠪᠦᠬᠦ | ᠪᠥᠮᠪᠥᠷᠴᠡᠭ ᠤᠨ ᠵᠠᠰᠠᠯᠲᠠ ᠶᠢ ᠠᠬᠢᠭᠤᠯᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠤᠯᠯᠠᠭᠤᠯᠤᠭᠰᠠᠨ ᠣᠯᠠᠨ ᠤᠯᠤᠰ ᠤᠨ ᠰᠢᠰᠲ᠋ᠧᠮ ᠪᠣᠯᠤᠨ ᠣᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ | ᠣᠯᠠᠨ ᠤᠯᠤᠰ ᠤᠨ ᠡᠮᠬᠢ ᠵᠢᠷᠤᠮ ᠢ ᠬᠠᠮᠠᠭᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠡᠩᠭᠡ ᠲᠠᠶᠢᠪᠤᠩ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠦᠭᠡᠢ ᠵᠠᠮᠨᠠᠵᠤ᠂ ᠨᠡᠬᠡᠬᠡᠯᠳᠠ ᠶᠢ ᠦᠷᠬᠡᠳᠬᠡᠬᠦ ᠶᠠᠪᠤᠴᠠ ᠳᠤ ᠡᠯ᠎ᠡ ᠤᠯᠤᠰ ᠯᠤᠭ᠎ᠠ ᠶᠢᠨ | ᠨᠥᠬᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠂ ᠳᠤᠮᠳᠠᠳᠤ ᠤᠯᠤᠰ ᠪᠣᠯ ᠢᠮᠠᠭᠲᠠ ᠳᠡᠯᠡᠬᠡᠶ ᠶᠢᠨ ᠡᠩᠭᠡ | ᠲᠠᠶᠢᠪᠤᠩ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠠᠬᠢᠭᠤᠯᠬᠤ ᠴᠢᠬᠤᠯᠠ ᠬᠦᠴᠦᠨ ᠪᠤᠯᠬᠤ ᠶᠤᠮ᠃ | ᠲᠥᠯᠥᠭᠡᠯᠡᠭᠴᠢᠳ ᠡ︕ | ᠳᠤᠮᠳᠠᠳᠤ ᠶᠢᠨ ᠦᠨᠳᠦᠰᠦᠲᠡᠨ ᠶᠡᠷᠦ ᠠᠴᠠ ᠬᠦᠴᠢᠷ ᠪᠡᠷᠬᠡᠰᠢᠶᠡᠯ ᠬᠠᠷᠰᠢ ᠰᠠᠭᠠᠳ ᠠᠴᠠ ᠠᠶᠤᠳᠠᠭ ᠦᠭᠡᠢ᠂ | ᠤᠳᠤ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠰᠢᠯᠭᠠᠯᠲᠠ ᠶᠢ ᠢᠯᠠᠨ ᠳᠠᠪᠠᠭ᠋ᠤ ᠡᠷᠡᠰ ᠪᠠᠲᠤ | ᠵᠣᠷᠢᠭ ᠪᠠ ᠴᠢᠳᠠᠪᠤᠷᠢ ᠲᠠᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠬᠦᠴᠢᠷ ᠢ ᠰᠦᠷᠦᠨ ᠤᠷᠤᠭᠰᠢᠯᠠᠵᠤ᠂ ᠢᠷᠮᠡᠭᠦᠨ ᠵᠤᠷᠢᠭᠲᠠᠢ ᠪᠠᠷ ᠤᠷᠤᠭᠰᠢᠯᠠᠨ ᠳᠠᠪᠰᠢᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠦᠯᠳᠠᠢ ᠲᠦᠯᠦᠪᠯᠡᠨ ᠠᠬᠢᠭᠤᠯᠵᠤ᠂ | ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠮᠠᠨ ᠤ ᠤᠯᠤᠰ ᠢᠶᠠᠨ ᠪᠠᠶᠠᠨ ᠬᠦᠴᠦᠷᠬᠡᠭ | ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | ︵ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 29 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ | ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶ | ᠨᠠᠶᠢᠷᠠᠭᠤᠯᠤᠭᠴᠢ᠄ ᠠᠷᠢᠭᠤᠨ᠎ᠠ |