ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-08
    6 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠶᠦᠩ ᠽᠠᠢ᠂  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠨ ᠺᠤᠸᠠᠨ ᠵᠡᠷᠭᠡ ᠰᠢᠶᠠᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠬᠡᠷ ᠤᠨ ᠪᠦᠷᠢᠯᠳᠦᠬᠦᠨ ᠨᠡᠷ ᠰᠤᠷᠤᠯᠴᠠᠯᠭ᠎ᠠ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ ᠬᠤᠷᠠᠯ ᠡᠷᠭᠢᠯᠡᠪᠡ
        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ  ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ᠂ ᠱᠠᠨᠰᠢ᠂ ᠱᠠᠨ ᠰᠢ  ᠵᠡᠷᠭᠡ ᠭᠠᠵᠠᠷ  ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ  ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠬᠠᠢ ᠴᠢᠬᠤᠯᠠ ᠥᠭᠦᠯᠡᠯᠲᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ  ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠪᠠ︔ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠪᠦᠬᠦ ᠨᠠᠮ ᠳᠤ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠰᠤᠷᠤᠯᠴᠠᠨ ᠤᠯᠠᠮᠵᠢᠯᠠᠵᠠᠶ᠃
    ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ  ᠲᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠵᠤ᠂  ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ  ᠪᠤᠯᠭᠠᠵᠠᠢ᠃ ᠪᠣᠳᠠᠲᠠᠶ ᠰᠤᠷᠤᠯᠴᠠᠬᠤ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠵᠣᠷᠢᠭ ᠰᠠᠨᠠᠭᠠᠨ ᠤ ᠮᠥᠨ ᠴᠢᠨᠠᠷ  ᠢ ᠪᠦᠬᠦ  ᠲᠠᠯ᠎ᠠ ᠪᠠᠷ ᠣᠶᠢᠯᠠᠭᠠᠵᠤ᠂ ᠤᠯᠠᠮᠵᠢᠯᠠᠨ ᠰᠤᠷᠤᠯᠴᠠᠬᠤ ᠶᠢ ᠨᠠᠷᠢᠨ ᠨᠢᠮᠪᠠᠶ ᠰᠠᠶᠢᠲᠤᠷ ᠠᠳᠬᠤᠵᠤ᠂ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠶ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢ ᠨᠠᠷᠢᠨ ᠨᠢᠮᠪᠠᠶ ᠰᠠᠶᠢᠲᠤᠷ ᠬᠢᠵᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠶ  ᠭᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠬᠤ  ᠂ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠢᠯᠠᠨ ᠳᠠᠪᠠᠭ᠋ᠤ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠶ ᠪᠥᠭᠡᠳ ᠨᠠᠷᠢᠯᠢᠭ ᠠᠳᠬᠤᠵᠤ᠂ ᠬᠦᠴᠢᠷᠳᠡᠯ ᠲᠠᠢ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠠᠵᠤ  ᠤᠶᠢᠯᠡᠰ ᠤᠨ  ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠦᠬᠦ ᠬᠦᠴᠦᠨ ᠢᠶᠠᠷ ᠠᠬᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ ᠭᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ  ᠲᠡᠭᠡᠳᠦ ᠬᠡᠮᠵᠢᠶᠡᠨ ᠠᠴᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ  ᠢ ᠭᠦᠢᠴᠡᠳ ᠲᠠᠨᠢᠵᠤ᠂ ᠲᠡᠤᠬᠡ ᠶᠢᠨ ᠳᠤᠷᠠᠰᠬᠠᠯᠲᠤ  ᠵᠤᠶᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠪᠠᠲᠤ ᠡᠵᠡᠮᠳᠡᠵᠦ᠂ ᠲᠡᠤᠬᠡ ᠶᠢᠨ ᠳᠤᠷᠠᠰᠬᠠᠯᠲᠤ  ᠵᠤᠶᠢᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠶᠢᠨ ᠭᠤᠤᠯ ᠰᠢᠵᠢᠮ ᠢ ᠴᠢᠩᠭ᠎ᠠ ᠠᠳᠬᠤᠵᠠᠶ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠦᠨᠡᠨᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ  ᠭᠡᠪᠡ᠃                                                                                 ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2