ᠬᠤᠲᠠ ᠶᠢᠨ ᠵᠠᠰᠠᠭ ᠤᠨ ᠣᠷᠳᠣᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-08
   6 ᠰᠠᠷ᠎ᠠ ᠶᠢᠨ 4 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠭᠦᠸᠧ ᠶᠸᠦ ᠬᠦᠶ ᠬᠤᠲᠠ ᠶᠢᠨ ᠵᠠᠰᠠᠭ ᠤᠨ ᠣᠷᠳᠣᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠵᠦ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠠᠶ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠠᠩ ᠯᠢ  ᠸᠧᠨ  ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠮᠠᠶᠢᠬᠠᠨᠳᠤ ᠪᠠᠯᠭᠠᠰᠤᠨ ᠤ ᠰᠢᠩ  ᠽᠧ ᠶᠤᠸᠠᠨ ᠲᠡᠵᠢᠭᠡᠨ  ᠦᠷᠡᠵᠢᠭᠦᠯᠬᠦ  ᠬᠦᠷᠢᠶᠡᠯᠡᠩ ᠲᠣᠭᠤᠷᠢᠭ᠂ ᠬᠠᠶ ᠭᠤᠤ ᠮᠠᠯᠵᠢᠯ ᠤᠨ ᠲᠠᠯᠠᠪᠠᠢ᠂  ᠮᠠᠶᠢᠬᠠᠨᠳᠤ ᠪᠠᠯᠭᠠᠰᠤᠨ ᠤ ᠶᠠᠩ ᠯᠢ ᠵᠢᠶᠠ  ᠲᠤᠰᠬᠤᠨ ᠤ ᠲᠥᠮᠥᠰᠥ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ᠂ ᠬᠤᠩ ᠮᠤᠤ ᠪᠠᠯᠭᠠᠰᠤᠨ ᠤ ᠯᠣᠤ ᠸᠠ ᠶᠢᠩ  ᠤᠷᠭᠠᠨᠢᠭ ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠭᠠᠵᠠᠷ᠂ ᠵᠢᠷᠭᠤᠳᠤᠭᠠᠷ ᠰᠤᠮᠤ ᠪᠠᠯᠭᠠᠰᠤᠨ ᠤ  ᠯᠠᠨ ᠴᠢ ᠶᠤᠤ  ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ  ᠵᠤᠶᠢᠯ ᠤᠨ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠲᠠᠩᠰᠠ ᠡᠪᠬᠡᠮᠡᠯ ᠤᠨ  ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠥᠨᠳᠥᠷ  ᠪᠠᠷᠢᠮᠵᠢᠶᠠᠳᠤ ᠲᠠᠷᠢᠶᠠᠨ ᠭᠠᠵᠠᠷ᠂ ᠣᠷᠭᠠᠨᠢᠭ ᠬᠠᠭᠤᠷᠠᠶ ᠲᠠᠷᠢᠶᠠᠯᠠᠩ᠂ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ᠂ ︽ᠵᠣᠷᠯᠣᠩ ᠤᠨ ᠬᠤᠪᠢᠰᠬᠠᠯ︾᠂ ᠲᠥᠮᠥᠰᠥ ᠶᠢᠨ ᠬᠤᠤᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠨᠥᠬᠦᠪᠥᠷᠢ ᠵᠡᠷᠭᠡ ᠭᠤᠤᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ
   ᠶᠠᠷᠢᠯᠴᠠᠬᠤ ᠬᠤᠷᠠᠯ ᠳᠡᠭᠡᠷ᠎ᠡ᠂ ᠳ᠋ᠦᠩ ᠶᠦᠩ ᠰᠢᠶᠠᠩ 2020 ᠣᠨ ᠤ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠪᠡ᠃
      ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠤᠲᠠᠯᠠᠵᠠᠶ᠃ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ  ᠲᠤᠪᠤᠶᠢᠮ᠎ᠠ᠂ ᠳᠠᠶᠢᠴᠢᠯᠠᠬᠤ ᠦᠢᠯᠡᠳᠦᠯ  ᠶᠡᠭᠡ᠂ ᠢᠯᠠᠩᠭᠤᠶ᠎ᠠ ᠣᠷᠭᠠᠨᠢᠭ ᠬᠠᠭᠤᠷᠠᠶ ᠲᠠᠷᠢᠶᠠᠯᠠᠩ ᠨᠢ ᠣᠨᠴᠠᠯᠢᠭ ᠲᠠᠢ᠂ ᠬᠢᠯᠠᠰ ᠴᠡᠭ ᠲᠠᠢ ᠪᠠᠶᠢᠵᠤ᠂ ᠵᠠᠯᠭᠠᠮᠵᠢ ᠠᠵᠤ  ᠤᠶᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠨ᠎ᠡ᠃ ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠠᠵᠢᠯ ᠲᠠᠢ ᠨᠢᠭᠲᠠ ᠤᠶᠠᠯᠳᠤᠭᠤᠯᠵᠤ᠂ ᠣᠨᠴᠠᠯᠢᠭ ᠨᠢ ᠢᠯᠡ ᠲᠣᠳᠣ᠂ ᠬᠡᠯᠬᠢᠶ᠎ᠡ ᠨᠢ ᠪᠦᠷᠢᠨ ᠪᠦᠲᠦᠨ᠂ ᠦᠷ᠎ᠡ ᠠᠰᠢᠭ ᠨᠢ  ᠲᠤᠪᠤᠶᠢᠮ᠎ᠠ ᠣᠨᠴᠠᠯᠢᠭᠲᠤ ᠠᠵᠤ  ᠤᠶᠢᠯᠡᠰ ᠢ ᠶᠡᠬᠡᠪᠡᠷ ᠬᠥᠭᠵᠢᠭᠦᠯᠵᠦ᠂ ᠨᠡᠷᠡᠲᠦ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠣᠨᠴᠠᠯᠢᠭᠲᠤ ᠲᠥᠷᠥᠯ ᠲᠡᠮᠳᠡᠭ ᠢ ᠬᠦᠴᠦᠯᠡᠨ ᠪᠤᠢ ᠪᠣᠯᠭᠠᠨ᠎ᠠ᠃ ᠣᠷᠣᠨ ᠪᠦᠰᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠰᠠᠭᠤᠷᠢ ᠲᠤᠭ᠎ᠠ ᠪᠠᠷᠢᠮᠲᠠ ᠶᠢ ᠣᠨᠣᠪᠴᠢᠲᠠᠢ  ᠡᠵᠡᠮᠰᠢᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠰᠢᠨ᠎ᠡ ᠵᠠᠮ  ᠢ ᠢᠳᠡᠪᠬᠢᠲᠡᠢ ᠰᠦᠪᠡᠭᠴᠢᠯᠡᠵᠦ᠂ ᠰᠢᠨ᠎ᠡ ᠴᠢᠭᠯᠡᠯ ᠢ ᠨᠡᠭᠡᠭᠡᠵᠦ᠂ ᠰᠢᠨ᠎ᠡ ᠲᠤᠷᠰᠢᠯᠭ᠎ᠠ ᠪᠠᠨ  ᠳ᠋ᠦᠩᠨᠡᠵᠦ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ  ᠠᠬᠢᠭᠤᠯᠬᠤ ᠬᠡᠷᠡᠭᠲᠡᠢ᠃     ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ  ᠪᠦᠭᠡᠳ ᠶᠠᠷᠢᠯᠴᠠᠬᠤ ᠬᠤᠷᠠᠯ ᠳᠤ ᠣᠷᠣᠯᠴᠠᠪᠠ᠃                               ᠰᠤᠷᠪᠤᠯᠵᠢᠯᠠᠭᠴᠢ  ᠄  ᠸᠠᠩ ᠪᠢᠨ᠂ ᠯᠢ ᠰᠢᠶᠣᠤ ᠾᠦᠢ                               ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                               ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2