ᠬᠤᠩ ᠮᠤᠤ ᠪᠠᠯᠭᠠᠰᠤ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2020-07-13
  7 ᠰᠠᠷ᠎ᠠ ᠶᠢᠨ 10 ᠤ ᠡᠳᠦᠷ᠂ ᠬᠤᠩ ᠮᠤᠤ ᠪᠠᠯᠭᠠᠰᠤᠨ ᠤ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠪᠢᠷ ᠤᠨ ᠰᠢᠯᠭᠠᠯᠲᠠ ᠶᠢ ᠢᠯᠡ ᠪᠠᠷ ᠡᠯᠰᠡᠵᠦ᠂ ᠰᠢᠯᠭᠠᠯᠲᠠ ᠳᠤ 111 ᠰᠢᠯᠭᠠᠭᠤᠯᠤᠭᠴᠢ ᠤᠷᠤᠯᠴᠠᠵᠠᠢ᠃ ᠰᠢᠯᠭᠠᠯᠲᠠ ᠶᠢᠨ ᠲᠠᠯᠠᠪᠤᠷ ᠲᠤ ᠰᠢᠯᠭᠠᠯᠲᠠ ᠬᠢᠨᠠᠭᠴᠢ ᠰᠢᠯᠭᠠᠯᠲᠠ ᠬᠢᠨᠠᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠰᠢᠯᠭᠠᠭᠤᠯᠤᠭᠰᠠᠳ ᠨᠠᠷᠢᠨ  ᠬᠢᠨᠠᠮᠠᠭᠠᠢ ᠰᠡᠳᠦᠪ ᠬᠠᠷᠢᠭᠤᠯᠵᠤ᠂ ᠰᠢᠯᠭᠠᠯᠲᠠ ᠶᠢᠨ ᠲᠠᠯᠠᠪᠠᠢ ᠡᠮᠬᠢ ᠵᠢᠷᠤᠮ ᠲᠠᠢ ᠪᠥᠭᠡᠳ ᠳᠦᠷᠢᠮᠵᠢᠯ ᠲᠠᠢ᠃
    ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠭᠠᠯᠲᠠ ᠳᠤ ᠨᠡᠶᠢᠭᠡᠮ ᠲᠣᠭᠤᠷᠢᠭ ᠤᠨ ᠰᠦᠯᠵᠢᠶᠡᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ 26 ᠬᠥᠮᠦᠨ ᠢᠯᠡ ᠪᠠᠷ ᠡᠯᠰᠡᠵᠦ᠂ ᠠᠵᠢᠯ ᠣᠯᠭᠤᠯᠲᠠ ᠶᠢᠨ ᠤᠶᠢᠯᠡᠴᠢᠯᠡᠭᠡᠨ ᠤ ᠠᠵᠢᠯ ᠤᠨ ᠪᠠᠶᠢᠷᠢ 17 ᠬᠥᠮᠦᠨ ᠡᠯᠰᠡᠪᠡ᠃ ᠭᠤᠤᠯᠳᠠᠭᠤ ᠬᠤᠩ ᠮᠤᠤ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠪᠤᠶᠤ ᠬᠠᠭᠠᠰ ᠵᠢᠯ ᠠᠴᠠ ᠳᠡᠭᠡᠭᠰᠢ ᠲᠣᠭᠲᠠᠭᠤᠨ ᠰᠠᠭᠤᠷᠢᠰᠢᠭᠰᠠᠨ᠂ ᠬᠤᠲᠠ ᠳᠤ ᠣᠷᠣᠵᠤ ᠬᠦᠴᠦ ᠶᠠᠪᠤᠭᠰᠠᠳ ᠬᠤᠲᠠ ᠪᠠᠯᠭᠠᠰᠤᠨ ᠤ ᠠᠵᠢᠯ ᠣᠯᠬᠤ ᠳᠤ  ᠬᠦᠴᠢᠷᠳᠡᠢ ᠬᠥᠮᠦᠰ ᠲᠤ ᠬᠠᠨᠳᠤᠭᠤᠯᠵᠠᠶ᠃ ᠲᠡᠷᠡ ᠮᠥᠷᠲᠡᠭᠡᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠵᠤ ᠥᠩᠭᠡᠷᠡᠭᠰᠡᠨ ᠦᠭᠡᠢ ᠬᠥᠮᠦᠰ  ᠂ ᠠᠵᠢᠯᠲᠠᠨ ᠡᠯᠰᠡᠬᠦ ᠳᠡᠭᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ᠂ ᠪᠢᠷ ᠤᠨ ᠰᠢᠯᠭᠠᠯᠲᠠ ᠬᠢᠬᠦ᠂ ᠨᠢᠭᠤᠷᠲᠠᠨ ᠰᠢᠯᠭᠠᠬᠤ ᠵᠢᠴᠢ ᠬᠢᠨᠠᠨ ᠰᠢᠯᠭᠠᠬᠤ ᠵᠡᠷᠭᠡ ᠠᠯᠬᠤᠮ ᠳᠠᠷᠠᠭ᠎ᠠ ᠪᠠᠷ ᠶᠠᠪᠤᠭᠳᠠᠨ᠎ᠠ᠃ ᠲᠤᠰ ᠤᠳᠠᠭᠠᠨ ᠤ ᠢᠯᠡ ᠪᠠᠷ ᠤᠷᠢᠵᠤ ᠬᠡᠷᠡᠭᠯᠡᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠬᠥᠮᠦᠰ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠭᠡᠷ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠡᠶ᠃ ᠪᠦᠬᠦᠯᠢ ᠡᠳᠦᠷ ᠢᠶᠠᠷ ᠠᠵᠢᠯᠯᠠᠬᠤ ᠳᠦᠷᠢᠮᠲᠦ ᠠᠵᠢᠯᠴᠢᠨ ᠬᠡᠷᠡᠭᠯᠡᠬᠦ ᠬᠡᠯᠪᠡᠷᠢ ᠶᠢ ᠠᠪᠴᠤ᠂ ᠠᠯᠪᠠᠨ ᠪᠠᠶᠢᠭᠤᠯᠭ᠎ᠠ ᠠᠵᠢᠯ  ᠤᠶᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃
      ᠲᠤᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠠᠵᠢᠯᠯᠠᠭ᠎ᠠ ᠨᠢ ᠬᠤᠲᠠ ᠶᠢᠨ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠬᠦᠴᠦᠨ ᠢ ᠴᠢᠩᠭᠠᠳᠬᠠᠬᠤ ᠳᠤ ᠠᠰᠢᠭᠲᠠᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ  ᠲᠡᠭᠡᠭᠰᠢᠯᠡᠭᠦᠯᠵᠦ᠂ ᠮᠠᠨ ᠤ ᠰᠢᠶᠠᠨ ᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢ ᠠᠬᠢᠭᠤᠯᠤᠨ᠎ᠠ᠃                                                                           ᠰᠤᠷᠪᠤᠯᠵᠢᠯᠠᠭᠴᠢ  ᠄ ᠴᠧᠨ ᠢᠦᠶ                       ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                       ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2