ᠢᠦᠢ ᠳ᠋ᠠᠶ ᠴᠢᠩ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠥᠭᠵᠢᠯᠲᠡ ᠶᠢᠨ ᠣᠷᠭᠠᠨᠢᠭ ᠬᠠᠭᠤᠷᠠᠶ ᠲᠠᠷᠢᠶᠠᠯᠠᠩ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-13
    7 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠲᠠᠷᠤᠭ᠎ᠠ ᠢᠦᠢ ᠳ᠋ᠠᠶ ᠴᠢᠩ ᠮᠠᠶᠢᠬᠠᠨᠳᠤ ᠪᠠᠯᠭᠠᠰᠤ᠂ ᠳᠠᠭ᠎ᠠ ᠶᠢᠨ ᠨᠠᠭᠤᠷ ᠪᠠᠯᠭᠠᠰᠤ᠂ ᠬᠤᠩ ᠮᠤᠤ  ᠪᠠᠯᠭᠠᠰᠤᠨ  ᠳᠤ ᠭᠦᠨᠵᠡᠭᠡᠶᠢᠷᠡᠨ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠥᠭᠵᠢᠯᠲᠡ ᠶᠢᠨ ᠣᠷᠭᠠᠨᠢᠭ ᠬᠠᠭᠤᠷᠠᠶ ᠲᠠᠷᠢᠶᠠᠯᠠᠩ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠠᠩ ᠯᠢ ᠸᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠢ ᠳ᠋ᠠᠶ ᠴᠢᠩ ᠨᠡᠷ ᠤᠷᠢᠳ ᠬᠤᠵᠢᠳ  ᠮᠠᠶᠢᠬᠠᠨᠳᠤ ᠪᠠᠯᠭᠠᠰᠤᠨ ᠤ ᠶᠢᠨ ᠰᠢᠩ ᠳᠣᠯᠣᠳᠤᠭᠠᠷ ᠠᠩᠭᠢ᠂ ᠳᠠᠭ᠎ᠠ ᠶᠢᠨ ᠨᠠᠭᠤᠷ ᠪᠠᠯᠭᠠᠰᠤᠨ ᠤ ᠰᠦ ᠢ ᠲᠣᠰᠬᠤᠨ᠂ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠲᠣᠰᠬᠤᠨ ᠂ ᠬᠤᠩ ᠮᠤᠤ ᠪᠠᠯᠭᠠᠰᠤᠨ ᠤ ᠠᠨ ᠽᠢ ᠱᠠᠨ ᠲᠠᠷᠢᠮᠠᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠭᠠᠵᠠᠷ   ᠲᠤᠨᠢ ᠪᠠᠶᠢᠴᠠᠭᠠᠨ ᠦᠵᠡᠵᠦ᠂ ᠬᠡᠰᠡᠭ ᠣᠷᠭᠠᠨᠢᠭ ᠬᠠᠭᠤᠷᠠᠶ ᠲᠠᠷᠢᠶᠠᠯᠠᠩ ᠤᠨ ᠲᠠᠷᠢᠮᠠᠯ ᠤᠨ ᠡᠷᠦᠬᠡ ᠶᠢᠨ ᠲᠠᠷᠢᠮᠠᠯ ᠤᠨ  ᠲᠠᠯᠠᠪᠠᠢ᠂ ᠲᠠᠷᠢᠮᠠᠯ ᠤᠨ ᠭᠠᠷᠤᠯᠲᠠ᠂ ᠪᠣᠷᠣᠯᠠᠭᠤᠯᠭ᠎ᠠ ᠶᠢᠨ ᠠᠷᠭ᠎ᠠ ᠵᠠᠮ ᠵᠢᠴᠢ ᠲᠠᠷᠢᠮᠠᠯ ᠤᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠵᠠᠶ᠃ ᠲᠡᠷᠡᠴᠢᠯᠡᠨ ᠬᠤᠯᠪᠣᠭᠳᠠᠯ ᠪᠦᠬᠦᠢ ᠠᠵᠢᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠪᠠ᠃     ᠳᠠᠷᠠᠭ᠎ᠠ ᠨᠢ ᠠᠨᠽᠢ ᠱᠠᠨ ᠭᠠᠴᠠᠭᠠᠨ ᠤ ᠠᠷᠠᠳ ᠤᠨ ᠵᠥᠪᠯᠡᠯ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠢᠦᠢ ᠳ᠋ᠠᠶ ᠴᠢᠩ ᠵᠢᠭᠠᠵᠤ ᠭᠠᠷᠭᠠᠭᠰᠠᠨ ᠨᠢ᠂ ᠣᠷᠭᠠᠨᠢᠭ ᠬᠠᠭᠤᠷᠠᠶ ᠲᠠᠷᠢᠶᠠᠯᠠᠩ ᠢ ᠬᠥᠭᠵᠢᠭᠦᠯᠬᠦ ᠨᠢ ᠨᠢᠭᠡ ᠡᠳᠦᠷ ᠤᠨ ᠠᠮᠵᠢᠯᠲᠠ ᠪᠢᠰᠢ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠵᠣᠷᠢᠭᠲᠠᠶ ᠪᠠᠷ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠮᠡᠷᠭᠡᠵᠢᠯ ᠤᠨ ᠣᠷᠣᠭᠤᠯᠤᠯᠲᠠ ᠶᠢ ᠤᠯᠠᠮ ᠨᠢᠭᠡ  ᠠᠯᠬᠤᠮ ᠨᠡᠮᠡᠭᠳᠡᠭᠦᠯᠵᠦ᠂ ᠮᠠᠨ ᠤ ᠰᠢᠶᠠᠨ ᠤ ᠪᠣᠳᠠᠲᠤ ᠪᠠᠶᠢᠳᠠᠯ ᠢ ᠦᠨᠳᠦᠰᠦᠯᠡᠨ᠂ ᠣᠷᠭᠠᠨᠢᠭ ᠬᠠᠭᠤᠷᠠᠶ ᠲᠠᠷᠢᠶᠠᠯᠠᠭ᠎ᠠ ᠶᠢᠨ ᠰᠢᠨ᠎ᠡ  ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠠᠮᠢ ᠠᠬᠤᠢ ᠶᠢᠨ ᠣᠷᠭᠠᠨᠢᠭ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠶᠠᠰᠤ ᠴᠢᠨᠠᠷ  ᠢ ᠳᠡᠭᠡᠭᠰᠢᠯᠡᠭᠦᠯᠬᠦ᠂  ᠨᠡᠷᠡᠳᠦ ᠲᠡᠮᠳᠡᠭ ᠡᠭᠦᠳᠬᠦ ᠰᠡᠳᠬᠢᠴᠡ ᠲᠠᠢ ᠤᠶᠠᠯᠳᠤᠭᠤᠯᠤᠨ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃     ᠢᠦᠢ ᠳ᠋ᠠᠶ ᠴᠢᠩ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠷᠬᠡᠪᠰᠢ ᠲᠠᠷᠢᠶᠠᠨ ᠭᠠᠵᠠᠷ ᠲᠤ ᠬᠦᠷᠴᠦ ᠮᠡᠷᠭᠡᠵᠢᠯ ᠤᠨ  ᠤᠶᠢᠯᠡᠴᠢᠯᠡᠭᠡᠨ ᠤ  ᠵᠢᠯᠤᠭᠤᠳᠤᠯᠭ᠎ᠠ ᠬᠢᠵᠦ᠂ ᠪᠣᠳᠠᠲᠠᠶ ᠠᠰᠠᠭᠤᠳᠠᠯ ᠢ ᠦᠨᠡᠨᠬᠦ  ᠰᠢᠢᠳᠪᠤᠷᠢᠯᠡᠬᠦ ᠬᠡᠷᠡᠭᠲᠡᠶ᠃ ᠡᠯ᠎ᠡ ᠠᠵᠤ ᠠᠬᠤᠶᠢᠯᠠᠯ ᠪᠣᠯᠤᠨ ᠲᠠᠷᠢᠮᠠᠯ ᠤᠨ ᠲᠣᠮᠣ ᠡᠷᠦᠬᠡ ᠣᠨᠴᠠᠯᠢᠭ ᠲᠠᠢ ᠪᠠᠶᠢᠷᠢᠰᠢᠭᠤᠯᠤᠯ᠂  ᠬᠡᠪᠴᠢᠶᠡᠵᠢᠭᠰᠡᠨ ᠡᠵᠡᠩᠨᠡᠯᠲᠡ᠂ ᠪᠠᠷᠢᠮᠵᠢᠶᠠᠵᠢᠭᠰᠠᠨ  ᠤᠶᠢᠯᠡᠳᠪᠤᠷᠢᠯᠡᠯ᠂ ᠠᠵᠤ ᠦᠢᠯᠡᠰᠵᠢᠭᠰᠡᠨ ᠬᠥᠭᠵᠢᠯᠲᠡ ᠶᠢ  ᠪᠠᠷᠢᠮᠳᠠᠯᠠᠵᠤ᠂ ᠲᠠᠷᠢᠶᠠᠯᠠᠩ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠣᠷᠭᠠᠨᠢᠭ ᠬᠠᠭᠤᠷᠠᠶ ᠲᠠᠷᠢᠶᠠᠯᠠᠩ ᠤᠨ ᠮᠡᠷᠭᠡᠵᠢᠯ ᠤᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠯᠠᠩ ᠤᠨ ᠪᠠᠷᠢᠮᠵᠢᠶᠠᠵᠢᠭᠰᠠᠨ  ᠤᠶᠢᠯᠡᠳᠪᠤᠷᠢᠯᠡᠯ  ᠢ ᠪᠠᠷᠢᠮᠲᠠᠯᠠᠨ ᠲᠠᠷᠢᠶᠠᠯᠠᠩ ᠤᠨ ᠠᠮᠢ ᠠᠬᠤᠶ ᠶᠢᠨ ᠣᠷᠴᠢᠯ ᠤᠨ ᠵᠠᠭᠪᠤᠷ ᠢ ᠰᠢᠨᠡᠴᠢᠯᠡᠨ ᠬᠥᠭᠵᠢᠭᠦᠯᠬᠦ ᠬᠡᠷᠡᠭᠲᠡᠶ᠃ ᠣᠷᠭᠠᠨᠢᠭ ᠬᠠᠭᠤᠷᠠᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠬᠥᠭᠵᠢᠯᠲᠡ ᠶᠢᠨ ᠪᠦᠲᠦᠭᠡᠨ  ᠪᠠᠶᠢᠭᠤᠯᠤᠯᠳᠡ ᠶᠢ ᠦᠷᠭᠦᠯᠵᠢᠯᠡᠨ ᠰᠠᠶᠢᠲᠤᠷ ᠬᠢᠵᠦ᠂ ᠪᠦᠬᠦ ᠰᠢᠶᠠᠨ ᠤ ᠣᠷᠭᠠᠨᠢᠭ ᠬᠠᠭᠤᠷᠠᠶ ᠲᠠᠷᠢᠶᠠᠯᠠᠩ ᠤᠨ ᠬᠥᠭᠵᠢᠯᠲᠡ ᠳᠤ ᠪᠣᠬᠢᠷᠲᠤᠯ ᠦᠭᠡᠶ᠂ ᠥᠨᠳᠥᠷ ᠤᠨᠠᠯᠲᠠ ᠲᠠᠢ᠂ ᠥᠨᠳᠥᠷ ᠦᠷ᠎ᠡ ᠪᠦᠲᠦᠮᠵᠢᠲᠡᠶ ᠰᠢᠨ᠎ᠡ ᠵᠠᠮ ᠢ ᠨᠡᠭᠡᠭᠡᠬᠦ  ᠬᠡᠷᠡᠭᠳᠡᠢ ᠭᠡᠪᠡ᠃     ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠬᠠᠮᠢᠶ᠎ᠠ ᠪᠦᠬᠦᠢ ᠰᠢᠶᠠᠩ ᠪᠠᠯᠭᠠᠰᠤᠨ ᠤ ᠬᠠᠷᠢᠭᠤᠴᠠᠯᠭᠠᠲᠠᠨ᠂ ᠡᠯ᠎ᠡ ᠠᠵᠤ ᠠᠬᠤᠶᠢᠯᠠᠯ ᠪᠠ ᠲᠠᠷᠢᠮᠠᠯ ᠤᠨ ᠲᠤᠮᠤ ᠡᠷᠦᠬᠡ ᠶᠠᠷᠢᠯᠴᠠᠬᠤ ᠬᠤᠷᠠᠯ ᠳᠤ ᠣᠷᠣᠯᠴᠠᠪᠠ᠃                                                    ᠰᠤᠷᠪᠤᠯᠵᠢᠯᠠᠭᠴᠢ᠄  ᠴᠧᠨ ᠶᠦᠨ                                                      ᠴᠢᠮᠡᠭᠡᠯᠡᠭᠴᠢ  ᠄ ᠵᠤᠤ ᠶᠣᠣ ᠳ᠋ᠦᠩ                                                    ᠤᠷᠴᠢᠭᠤᠯᠤᠭᠴᠢ᠄  ᠼᠦᠢ ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2