ᠮᠠᠨ ᠤ ᠰᠢᠶᠠᠨ ᠳᠥᠷᠪᠡᠨ ᠶᠡᠭᠡ ᠤᠳᠤᠷᠢᠳᠬᠤ ᠪᠠᠭ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-16
   7 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠰᠢᠶᠠᠨ ᠤ ᠳᠦᠷᠪᠡᠨ ᠶᠡᠭᠡ ᠤᠳᠤᠷᠢᠳᠬᠤ ᠪᠠᠭ ‍ᠤᠨ‌ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂  ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠨ ᠺᠤᠸᠠᠨ ᠵᠡᠷᠭᠡ ᠲᠦᠷᠪᠡᠨ ᠶᠡᠭᠡ ᠤᠳᠤᠷᠢᠳᠬᠤ ᠪᠠᠭ  ᠤᠨ  ᠰᠢᠶᠠᠨ ᠳᠠᠭᠠᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃
       ᠬᠤᠷᠠᠯ ᠠᠴᠠ ᠬᠠᠯᠠᠭᠤᠨ ᠷᠠᠰᠢᠶᠠᠨ  ᠮᠦᠰᠦ ᠴᠠᠰᠤᠨ  ᠪᠠᠭ᠎ᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠪᠤᠯᠤᠨ ᠳᠠᠭ᠎ᠠ ᠶᠢᠨ ᠨᠠᠭᠤᠷ ᠵᠢᠴᠢ ᠡᠷᠬᠢᠨ ᠲᠣᠭᠤᠷᠢᠨ ᠤ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ  ᠲᠦᠯᠦᠪᠵᠢᠭᠦᠯᠭᠡ᠂ ᠳᠠᠭ᠎ᠠ ᠶᠢᠨ ᠨᠠᠭᠤᠷ ᠤᠨ ᠤᠷᠭᠤᠮᠠᠯ ᠹᠢᠽᠢᠺ ᠵᠠᠰᠠᠯ ᠬᠠᠯᠠᠭᠤᠨ ᠷᠠᠰᠢᠶᠠᠨ ᠤ ᠬᠤᠳᠠ ᠶᠢᠨ ᠲᠦᠷᠦᠯ ᠵᠦᠢᠯ ᠤᠨ ᠵᠦᠪᠯᠡᠯᠴᠡᠭᠡᠷ᠂ ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠪᠠᠭ᠎ᠠ ᠪᠠᠯᠭᠠᠰᠤ ᠶᠢᠨ ᠡᠷᠡᠭᠦᠯ ᠮᠡᠨᠳᠦ ᠰᠤᠪᠢᠯᠠᠯᠲᠠ ᠶᠢᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠵᠦᠪᠯᠡᠯᠴᠡᠭᠡᠷ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠷᠢᠭᠤᠴᠠᠯᠭᠠᠲᠤ ᠨᠢᠭᠡᠴᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠬᠢᠨᠠᠮᠠᠭᠠᠶ ᠰᠢᠩᠭᠡᠭᠡᠨ ᠠᠪᠴᠤ᠂ ᠣᠯᠠᠨ ᠤ ᠳᠠᠪᠠᠭᠤᠯᠢᠭ ᠢ ᠥᠷᠭᠡᠨ ᠢᠶᠠᠷ ᠰᠢᠩᠭᠡᠭᠡᠨ ᠠᠪᠴᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠤᠰ ᠲᠤᠰ ᠤᠨ ᠢᠵᠢ ᠪᠦᠷᠢᠳᠦᠭᠦᠯᠬᠦ ᠲᠤᠰᠬᠠᠶ  ᠵᠤᠶᠢᠯ ᠤᠨ ᠲᠥᠯᠥᠪᠵᠢᠭᠦᠯᠭᠡ ᠶᠢ ᠲᠣᠭᠲᠠᠭᠠᠵᠤ᠂  ᠲᠥᠯᠥᠪᠵᠢᠭᠦᠯᠭᠡ ᠪᠣᠯᠤᠨ ᠵᠥᠪᠯᠡᠯᠴᠡᠭᠡᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠲᠥᠯᠥᠪᠵᠢᠭᠦᠯᠭᠡ ᠪᠠᠨ ᠲᠥᠷᠥᠯ ᠵᠦᠢᠯ ᠳᠡᠭᠡᠷ᠎ᠡ ᠦᠨᠡᠨᠬᠦ  ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ ᠤ  ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠵᠦ᠂ ᠵᠢᠭᠤᠯᠴᠢᠯᠠᠯ ᠤᠨ  ᠠᠵᠦ ᠤᠶᠢᠯᠡᠰ ᠤᠨ ᠠᠭᠤᠰᠤᠯᠴᠠᠨ ᠬᠥᠭᠵᠢᠬᠦ ᠶᠢ  ᠴᠢᠩᠭᠠᠳᠬᠠᠵᠤ᠂ ᠵᠢᠭᠤᠯᠴᠢᠯᠠᠯ ᠤᠨ ᠰᠣᠶᠣᠯ ᠤᠨ ᠫᠠᠶᠢᠰᠠ ᠶᠢ ᠰᠠᠶᠢᠳᠤᠷ ᠪᠠᠶᠢᠭᠤᠯᠵᠤ᠂ ᠲᠥᠯᠥᠪᠵᠢᠭᠦᠯᠭᠡ ᠶᠢᠨ ᠣᠶᠢᠯᠠᠭᠠᠭᠳᠠᠬᠤᠨ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠪᠣᠳᠠᠲᠤ  ᠤᠶᠢᠯᠡᠳᠪᠤᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠮᠠᠨ ᠤ ᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃
       ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ‍ᠤᠨ‌‍ᠴᠤᠭᠯᠠᠭᠠᠨ ᠤ ᠪᠡᠯᠡᠳᠬᠡᠯ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠯᠢᠶᠠᠩᠴᠧᠩ ᠰᠢᠶᠠᠨ ᠤ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠮᠥᠨ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠢᠷᠠᠭᠤ ᠠᠯᠳᠠᠷᠲᠠᠶ᠂ ᠡᠭᠦᠷᠭᠡ ᠬᠠᠲᠠᠭᠤ ᠪᠡᠷᠬᠡ ᠶᠤᠮ᠃ ᠡᠯ᠎ᠡ ᠬᠠᠷᠢᠭᠤᠴᠠᠯᠭᠠᠲᠤ ᠨᠢᠭᠡᠴᠡ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠳᠤᠮᠳᠠ ᠪᠠᠶᠢᠷᠢ ᠶᠢᠨ ᠠᠰᠠᠷ ᠤᠨ ᠥᠭᠡᠷᠡᠴᠢᠯᠡᠯᠲᠡ᠂  ᠤᠷᠤᠯᠳᠤᠭᠠᠨ ᠤ ᠵᠠᠮ ᠢ ᠬᠠᠲᠠᠭᠤᠷᠠᠭᠤᠯᠬᠤ᠂ ᠳᠠᠭ᠎ᠠ ᠶᠢᠨ ᠨᠠᠭᠤᠷ ᠤᠨ ᠣᠯᠠᠨ ᠤᠯᠤᠰ ᠤᠨ  ᠴᠠᠰᠤᠨ ᠳᠤ ᠭᠤᠯᠭᠤᠬᠤ ᠲᠠᠯᠠᠪᠠᠢ ᠶᠢᠨ ᠪᠣᠷᠣᠭᠠᠨ ᠦᠶᠡᠷ ᠤᠰᠤ ᠲᠠᠲᠠᠬᠤ ᠵᠡᠷᠭᠡ ᠴᠠᠰᠤ ᠭᠤᠯᠭᠤᠬᠤ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ  ᠪᠠᠶᠢᠭᠤᠯᠤᠯᠳᠡ ᠶᠢ ᠲᠦᠷᠭᠡᠳᠬᠡᠨ ᠠᠬᠢᠭᠤᠯᠵᠤ᠂ ᠡᠯ᠎ᠡ  ᠵᠤᠶᠢᠯ ᠤᠨ ᠪᠡᠯᠡᠳᠬᠡᠯ ᠠᠵᠢᠯ ᠢ ᠨᠢᠭᠡᠳᠦᠯᠲᠡᠶ ᠲᠥᠯᠥᠪᠯᠡᠨ  ᠲᠦᠯᠬᠢᠨ ᠠᠬᠢᠭᠤᠯᠤᠨ᠎ᠠ᠃
         ᠬᠤᠷᠠᠯ ᠠᠴᠠ ᠶᠦᠨ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠬᠤᠷᠠᠯ ᠠᠴᠠ᠂ ᠠᠬᠠᠮᠠᠳ ᠺᠠᠳ᠋ᠷ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠪᠣᠯ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠣᠯᠤᠨ᠎ᠠ᠂ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ  ᠵᠤᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠦᠷᠭᠡᠳᠬᠡᠨ ᠠᠬᠢᠭᠤᠯᠬᠤ ᠬᠡᠷᠡᠭᠲᠡᠶ᠃ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠬᠠᠮᠠᠳ ᠺᠠᠳ᠋ᠷ ᠤᠨ  ᠤᠶᠢᠯᠡᠴᠢᠯᠡᠭᠡᠨ ᠤ ᠠᠵᠢᠯ ᠢ ᠰᠠᠶᠢᠲᠤᠷ ᠬᠢᠬᠦ ᠪᠠ ᠠᠬᠠᠮᠠᠳ ᠺᠠᠳ᠋ᠷ ᠤᠨ ᠰᠣᠶᠣᠯ ᠤᠨ  ᠠᠵᠢᠯᠯᠠᠭ᠎ᠠ ᠶᠢ ᠥᠷᠨᠢᠭᠦᠯᠬᠦ ᠳᠡᠭᠡᠷ᠎ᠡ ᠬᠦᠴᠦ ᠲᠠᠯᠪᠢᠵᠤ᠂ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠪᠠᠷᠢᠮᠵᠢᠶᠠᠵᠢᠭᠤᠯᠬᠤ᠂ ᠬᠠᠮᠢᠶᠠᠷᠤᠯᠲᠠ ᠶᠢ ᠵᠢᠷᠤᠮᠵᠢᠭᠤᠯᠬᠤ᠂ ᠤᠶᠢᠯᠡᠴᠢᠯᠡᠭᠡᠨ ᠤ ᠲᠥᠷᠥᠯ ᠰᠠᠳᠤᠨᠴᠢᠯᠠᠬᠤ᠂  ᠠᠵᠢᠯᠯᠠᠭᠠᠨ ᠤ ᠬᠡᠯᠪᠡᠷᠢ ᠶᠢ ᠣᠯᠠᠨ ᠶᠠᠩᠵᠤᠴᠢᠯᠠᠬᠤ ᠱᠠᠭᠠᠷᠳᠠᠯᠭ᠎ᠠ ᠶᠣᠰᠣᠭᠠᠷ᠂ ᠬᠥᠳᠡᠯᠭᠡᠭᠡᠨ ᠤ ᠲᠥᠪ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ  ᠲᠡᠭᠡᠭᠰᠢᠯᠡᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂  ᠤᠶᠢᠯᠡᠴᠢᠯᠡᠭᠡᠨ ᠤ ᠲᠥᠪ ᠢᠶᠠᠨ ᠠᠬᠠᠮᠠᠳ ᠺᠠᠳ᠋ᠷᠴᠤᠳ ᠤᠨ ᠰᠡᠳᠬᠢᠯ ᠬᠠᠨᠤᠮᠵᠢᠲᠠᠶ ᠣᠶᠤᠨ ᠰᠠᠨᠠᠭᠠᠨ ᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠪᠡ᠃                                ᠰᠤᠷᠪᠤᠯᠵᠢᠯᠠᠭᠴᠢ᠄ ᠴᠧᠨ ᠶᠦᠨ                                ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2