ᠪᠦᠬᠦ ᠰᠢᠶᠠᠨ  ᠤ ᠨᠠᠮ ᠤᠨ ᠪᠠᠶᠢᠭᠤᠯᠤᠯᠲᠠ ᠶᠢ ᠠᠳᠬᠤᠵᠤ ᠪᠠᠭ᠎ᠠ ᠲᠣᠭᠤᠷᠢᠭ ᠤᠨ ᠵᠠᠰᠠᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-17
    7 ᠰᠠᠷ᠎ᠠ ᠶᠢᠨ 15 ᠤ ᠡᠳᠦᠷ᠂ ᠪᠥᠬᠦ ᠰᠢᠶᠠᠨ ᠢᠶᠠᠷ ᠢᠶᠠᠨ ᠨᠠᠮ ᠤᠨ ᠪᠠᠶᠢᠭᠤᠯᠤᠯᠲᠠ ᠶᠢ ᠠᠳᠬᠤᠵᠤ ᠵᠢᠵᠢᠭ ᠲᠤᠭᠤᠷᠢᠭ ᠤᠨ ᠵᠠᠰᠠᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂  ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠦ᠋ ᠶᠦᠨ ᠰᠢᠶᠠ ᠬᠤᠷᠠᠯ ᠢ ᠡᠷᠬᠢᠯᠡᠪᠡ᠃ ᠮᠠᠨ ᠤ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠷᠧᠨ ᠳ᠋ᠦᠩ ᠮᠢᠩ᠂ ᠵᠠᠩ ᠯᠢ ᠸᠧᠨ᠂ ᠴᠤᠤ ᠰᠢᠶᠠ ᠬᠤᠷᠠᠯ ᠳᠤ ᠣᠷᠣᠯᠴᠠᠪᠠ᠃
       ᠸᠠᠩ ᠸᠧᠨ ᠱᠠᠭᠠᠷᠳᠠᠭᠰᠠᠨ ᠨᠢ᠂ ᠡᠯ᠎ᠡ ᠲᠣᠭᠤᠷᠢᠭ ᠤᠨ ᠬᠢᠨ ᠤᠯᠤᠰ ᠲᠥᠷᠥ ᠶᠢᠨ ᠵᠣᠭᠰᠣᠯᠲᠠ ᠪᠠᠨ ᠳᠡᠭᠡᠭᠰᠢᠯᠡᠭᠦᠯᠵᠦ᠂ ᠳᠥᠷᠪᠡᠨ ᠤᠬᠠᠮᠰᠠᠷ ᠢᠶᠠᠨ  ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠵᠢᠵᠢᠭ ᠲᠣᠭᠤᠷᠢᠭ ᠢ ᠵᠠᠰᠠᠬᠤ ᠠᠵᠢᠯ ᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠭᠠᠵᠠᠶ᠃ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ  ᠦᠨᠳᠦᠰᠤᠨ ᠱᠠᠲᠤᠨ ᠳᠤ ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠭᠠᠨ᠎ᠠ᠃ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠂ ᠠᠵᠢᠯ ᠤᠨ  ᠪᠠᠷᠢᠮᠵᠢᠶ᠎ᠠ ᠶᠢ ᠴᠢᠩᠭᠠᠳᠬᠠᠵᠤ  ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂  ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠱᠠᠭᠠᠷᠳᠠᠯᠭ᠎ᠠ ᠲᠠᠢ ᠬᠠᠷᠢᠴᠠᠭᠤᠯᠤᠨ᠂ ᠡᠭᠦᠷᠭᠡ ᠪᠠᠨ ᠲᠣᠳᠣᠷᠬᠠᠶᠢᠯᠠᠵᠤ᠂ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠵᠢᠷᠤᠮᠵᠢᠯᠲᠠ᠂ ᠳᠦᠷᠢᠮᠵᠢᠯᠲᠡ᠂  ᠪᠠᠶᠢᠩᠭᠤᠵᠢᠭᠤᠯᠤᠭᠰᠠᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃
        ᠸᠠᠩ  ᠸᠧᠨ ᠴᠢᠬᠤᠯᠠᠴᠢᠯᠠᠭᠰᠠᠨ ᠨᠢ᠂ ᠵᠠᠰᠠᠬᠤ ᠶᠠᠪᠤᠴᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ  ᠲᠤᠬᠢᠷᠠᠭᠤᠯᠵᠤ᠂ ᠪᠦᠲᠦᠮᠵᠢᠲᠡᠶ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠣᠯᠠᠨ ᠲᠦᠮᠡᠨ ᠳᠤ  ᠤᠶᠢᠯᠡᠴᠢᠯᠡᠬᠦ᠂ ᠣᠯᠠᠨ ᠲᠦᠮᠡᠨ ᠤ ᠬᠦᠴᠢᠷᠳᠡᠯ ᠢ  ᠰᠢᠢᠳᠪᠤᠷᠢᠯᠡᠬᠦ ᠪᠠᠷ ᠠᠵᠢᠯ ᠢᠶᠠᠨ  ᠦᠷᠨᠢᠭᠦᠯᠬᠦ ᠶᠢ ᠢᠮᠠᠭᠲᠠ ᠪᠠᠷᠢᠮᠲᠠᠯᠠᠵᠤ᠂ ᠠᠷᠠᠳ ᠲᠤ ᠳᠥᠭᠦᠮ ᠦᠵᠡᠭᠦᠯᠵᠦ᠂ ᠠᠷᠠᠳ ᠲᠤ ᠠᠰᠢᠭ ᠬᠦᠷᠲᠡᠭᠡᠨ᠎ᠡ᠃ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠨᠡᠩ ᠰᠠᠶᠢᠳᠤᠷ ᠬᠢᠬᠦ ᠬᠡᠷᠡᠭᠲᠡᠶ᠃ ᠵᠣᠬᠢᠶᠠᠨ ᠪᠠᠶᠢᠭᠤᠯᠬᠤ ᠬᠡᠯᠲᠡᠰ᠂ ᠬᠤᠩ ᠮᠤᠤ  ᠪᠠᠯᠭᠠᠰᠤ᠂ ᠰᠠᠭᠤᠭᠠᠯᠢ ᠲᠣᠭᠤᠷᠢᠭ  ᠢ  ᠲᠠᠭᠠᠭᠠᠴᠢᠯᠠᠭᠰᠠᠨ ᠨᠢᠭᠡᠴᠡ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠠᠭ ᠬᠤᠭᠤᠴᠠᠭᠠᠨ ᠤ ᠵᠠᠩᠭᠢᠶᠠᠰᠤ ᠶᠢ ᠡᠵᠡᠮᠰᠢᠵᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠢ ᠵᠠᠰᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠡᠯ᠎ᠡ ᠵᠦᠢᠯ ᠤᠨ  ᠭᠤᠤᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ  ᠬᠤᠷᠢᠶ᠎ᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠬᠢ  ᠪᠠᠶᠠᠯᠢᠭ ᠢ ᠨᠡᠶᠢᠳᠬᠡᠵᠦ᠂ ᠬᠠᠮᠲᠤᠪᠠᠷ ᠠᠭᠤᠰᠤᠯᠴᠠᠵᠤ ᠬᠠᠮᠲᠤᠪᠠᠷ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠪᠠᠭ᠎ᠠ ᠲᠣᠭᠤᠷᠢᠭ ᠤᠨ ᠵᠠᠰᠠᠯᠲᠠ ᠶᠢᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃
        ᠬᠤᠷᠠᠯ ᠳᠡᠭᠡᠷ᠎ᠡ᠂ ᡂᠢ ᠵᠢᠶᠠᠨ ᠹᠧᠩ ᠨᠠᠮ ᠤᠨ ᠪᠠᠶᠢᠭᠤᠯᠤᠯᠲᠠ ᠶᠢ ᠠᠳᠬᠤᠵᠤ ᠪᠠᠭ᠎ᠠ ᠲᠣᠭᠤᠷᠢᠭ ᠤᠨ ᠵᠠᠰᠠᠯᠲᠠ ᠶᠢ ᠠᠬᠢᠭᠤᠯᠬᠤ ᠠᠵᠢᠯ ᠤᠨ ᠨᠡᠷᠡᠰ ᠤᠨ ᠵᠢᠭᠰᠠᠭᠠᠯᠲᠠ ᠶᠢᠨ ᠠᠷᠤ ᠪᠠᠷ ᠵᠢᠭᠰᠠᠭᠠᠭᠳᠠᠭᠰᠠᠨ ᠨᠢᠭᠡᠴᠡ ᠶᠢ  ᠮᠡᠳᠡᠭᠳᠡᠪᠡ᠃
           ᠬᠤᠩ ᠮᠤᠤ ᠪᠠᠯᠭᠠᠰᠤ᠂ ᠪᠠᠭ᠎ᠠ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ  ᠨᠢᠭᠡᠴᠡ ᠵᠢᠴᠢ ᠨᠡᠶᠢᠭᠡᠮ ᠲᠣᠭᠤᠷᠢᠭ  ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                      ᠰᠤᠷᠪᠤᠯᠵᠢᠯᠠᠭᠴᠢ  ᠄ ᠴᠧᠨ ᠶᠦᠨ                                      ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                      ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2