ᠢᠦᠢ  ᠳ᠋ᠠᠶ ᠴᠢᠩ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠭᠦᠨᠵᠡᠭᠡᠶᠢᠷᠡᠨ ᠵᠢᠭᠠᠰᠤᠨ ᠴᠥᠭᠦᠷᠥᠮ ᠢ  ᠨᠤᠷᠠᠭᠠᠬᠤ ᠠᠵᠢᠯ ᠢ  ᠪᠠᠶᠢᠴᠠᠭᠠᠨ  ᠵᠢᠯᠣᠭᠤᠳᠪᠠ
ᠨᠡᠶᠢᠲᠡᠯᠡᠭᠰᠡᠨ ᠴᠠᠭ᠄
2020-07-02
    6 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠲᠠᠷᠤᠭ᠎ᠠ  ᠢᠦᠢ ᠳ᠋ᠠᠶ ᠴᠢᠩ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠭᠦᠨᠵᠡᠭᠡᠶᠢᠷᠡᠨ ᠵᠢᠭᠠᠰᠤᠨ ᠴᠥᠭᠦᠷᠥᠮ ᠢ ᠨᠤᠷᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠢᠦᠢ ᠳ᠋ᠠᠶ ᠴᠢᠩ ᠨᠡᠷ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠨᠤᠷᠠᠭᠠᠬᠤ ᠴᠢᠬᠤᠯᠠᠲᠠᠶ ᠬᠤᠶᠠᠷ ᠵᠢᠭᠠᠰᠤᠨ ᠴᠥᠭᠦᠷᠥᠮ ᠳᠤ ᠤᠷᠢᠳ ᠬᠤᠵᠢᠳ ᠬᠦᠷᠴᠦ᠂ ᠨᠤᠷᠠᠭᠠᠨ ᠠᠷᠢᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ ᠬᠠᠨᠳᠤᠯᠭᠠᠲᠤ ᠴᠢᠨᠠᠷᠲᠠᠶ ᠵᠢᠯᠣᠭᠤᠳᠬᠤ ᠰᠠᠨᠠᠯ ᠳᠤᠷᠠᠳᠪᠠ᠃
          ᠢᠦᠢ ᠳ᠋ᠠᠶ ᠴᠢᠩ ᠵᠢᠭᠠᠵᠤ ᠭᠠᠷᠭᠠᠭᠰᠠᠨ ᠨᠢ᠂ ᠭᠤᠤᠯ ᠤᠨ ᠵᠠᠮ ᠳᠠᠬᠢ ᠵᠢᠭᠠᠰᠤᠨ ᠴᠥᠭᠦᠷᠥᠮ ᠢ ᠨᠤᠷᠠᠭᠠᠬᠤ ᠠᠵᠢᠯ ᠪᠣᠯ ᠲᠠᠭ᠎ᠠ ᠶᠢᠨ ᠤᠰᠤᠨ ᠤ ᠠᠮᠢ ᠠᠬᠤᠶ ᠶᠢ ᠵᠠᠰᠠᠬᠤ ᠴᠢᠬᠤᠯᠠ ᠠᠷᠭ᠎ᠠ ᠪᠠᠷᠢᠯ ᠪᠣᠯᠤᠨ᠎ᠠ᠃ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠬᠤ ᠬᠡᠷᠡᠭᠲᠡᠶ᠃ ᠵᠢᠭᠠᠰᠤᠨ ᠴᠥᠭᠦᠷᠥᠮ ᠢ ᠨᠤᠷᠠᠭᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠴᠢᠩᠭᠠᠳᠬᠠᠵᠤ᠂ ᠬᠠᠷᠠᠯᠲᠠ ᠡᠭᠦᠷᠭᠡ ᠪᠠᠨ ᠪᠠᠲᠤ ᠲᠣᠭᠲᠠᠭᠠᠵᠤ᠂  ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠴᠡᠪᠡᠷᠯᠡᠨ ᠠᠷᠢᠯᠭᠠᠬᠤ ᠠᠵᠢᠯ ᠢ  ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢᠶᠠᠷ  ᠤᠳᠤᠷᠢᠳᠤᠮᠵᠢ ᠪᠣᠯᠭᠠᠨ᠂ ᠳᠠᠭ᠎ᠠ ᠶᠢᠨ  ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ  ᠨᠠᠷᠢᠨ ᠬᠢᠨᠠᠮᠠᠭᠠᠶ  ᠦᠷᠨᠢᠭᠦᠯᠵᠦ᠂ ᠵᠢᠭᠠᠰᠤᠨ ᠴᠥᠭᠦᠷᠥᠮ ᠢ ᠨᠤᠷᠠᠭᠠᠬᠤ ᠠᠵᠢᠯ ᠢ ᠪᠣᠳᠠᠲᠠᠶᠢᠵᠢᠭᠤᠯᠤᠨ᠎ᠠ᠃      ᠢᠦᠢ ᠳ᠋ᠠᠶ ᠴᠢᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠨᠡᠪᠲᠡᠷᠡᠯᠴᠡᠭᠡ ᠪᠠᠨ ᠴᠢᠩᠭᠠᠳᠬᠠᠨ᠂  ᠲᠠᠨᠢᠯᠳᠡ ᠪᠠᠨ ᠨᠢᠭᠡᠳᠬᠡᠵᠦ᠂ ᠬᠠᠤᠯᠢ ᠲᠣᠭᠲᠠᠭᠠᠯ ᠶᠣᠰᠣᠭᠠᠷ᠂ ᠬᠡᠷᠡᠭᠵᠢᠭᠦᠯᠬᠦ ᠴᠢᠨᠠᠷᠲᠠᠶ ᠠᠷᠭ᠎ᠠ ᠬᠡᠮᠵᠢᠶ᠎ᠡ  ᠠᠪᠴᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠢᠭᠡ ᠯᠡ ᠠᠮᠢᠰᠬᠤᠭ᠎ᠠ ᠪᠠᠷ᠄ ᠬᠠᠤᠯᠢ ᠲᠣᠭᠲᠠᠭᠠᠯ ᠶᠣᠰᠣᠭᠠᠷ ᠲᠥᠷᠥᠯ  ᠵᠤᠶᠢᠯ ᠢ ᠬᠡᠷᠡᠭᠵᠢᠭᠦᠯᠬᠦ ᠶᠢ ᠪᠠᠷᠢᠮᠲᠠᠯᠠᠵᠤ᠂ ᠠᠮᠢ ᠠᠬᠤᠶ ᠶᠢ  ᠬᠠᠮᠠᠭᠠᠯᠠᠬᠤ ᠪᠠ ᠬᠥᠭᠵᠢᠭᠦᠯᠬᠦ ᠶᠢ ᠬᠠᠷᠢᠯᠴᠠᠨ ᠤᠶᠠᠯᠳᠤᠭᠤᠯᠵᠤ᠂ ᠲᠡᠤᠬᠡ ᠶᠢ ᠬᠦᠨᠳᠦᠳᠬᠡᠵᠦ᠂ ᠦᠨᠡᠨ ᠠᠴᠠ ᠵᠥᠪ ᠢ ᠡᠷᠢᠵᠦ᠂ ᠴᠠᠭ ᠬᠤᠭᠤᠴᠠᠭᠠᠨ ᠤ ᠵᠠᠩᠭᠢᠶᠠᠰᠤ ᠶᠣᠰᠣᠭᠠᠷ ᠨᠤᠷᠠᠭᠠᠨ ᠴᠡᠪᠡᠷᠯᠡᠬᠦ ᠠᠵᠢᠯ  ᠤᠨ ᠶᠠᠰᠤ ᠴᠢᠨᠠᠷ  ᠢ ᠪᠠᠲᠤᠯᠠᠨ ᠪᠡᠶᠡᠯᠡᠭᠦᠯᠵᠦ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠰᠡᠷᠭᠦᠭᠡᠵᠦ᠂  ᠲᠠᠭ᠎ᠠ ᠶᠢᠨ ᠨᠠᠭᠤᠷ ᠤᠨ ᠨᠤᠭᠤ ᠭᠠᠵᠠᠷ ᠢ ᠴᠡᠪᠡᠷᠰᠢᠭᠦᠯᠬᠦ ᠴᠢᠳᠠᠮᠵᠢ ᠶᠢ ᠳᠡᠭᠡᠭᠰᠢᠯᠡᠭᠦᠯᠵᠦ᠂ ᠳᠠᠭ᠎ᠠ ᠶᠢᠨ  ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠨᠠᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃     ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠭᠤᠣᠯ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃                        ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                        ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2