ᠪᠠᠶᠠᠷ ᠤᠨ ᠮᠡᠳᠡᠭᠡ︕ ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠲᠣᠰᠬᠤᠨ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ  ᠰᠣᠩᠭᠤᠭᠳᠠᠪᠠ
ᠨᠡᠶᠢᠲᠡᠯᠡᠭᠰᠡᠨ ᠴᠠᠭ᠄
2020-07-20
   7 ᠰᠠᠷ᠎ᠠ ᠶᠢᠨ 9 ᠤ ᠡᠳᠦᠷ᠂ ᠤᠯᠤᠰ ᠤᠨ ᠰᠣᠶᠣᠯ ᠪᠣᠯᠤᠨ ᠵᠢᠭᠤᠯᠴᠢᠯᠠᠯ ᠤᠨ ᠶᠠᠮᠤᠨ ᠠᠴᠠ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠤᠶᠠᠳᠤᠭᠠᠷ ᠪᠦᠯᠦᠭ ᠭᠤᠤᠯᠳᠠᠯᠭ᠎ᠠ ᠲᠠᠢ ᠲᠣᠰᠬᠤᠨ ᠤ ᠨᠡᠷᠡᠰ ᠢ ᠨᠡᠶᠢᠲᠡᠯᠡᠬᠦ ᠲᠤᠬᠠᠶ ᠠᠯᠪᠠᠨ ᠵᠠᠷ  ᠨᠡᠶᠢᠳᠡᠯᠡᠵᠦ᠂ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠳᠤ  ᠰᠤᠩᠭᠤᠭᠳᠠᠬᠤ ᠪᠠᠷ ᠪᠠᠶᠢᠭ᠎ᠠ 680 ᠨᠡᠷᠡᠰ ᠰᠢᠶᠠᠩ ᠲᠣᠰᠬᠤᠨ ᠢ ᠵᠠᠷᠯᠠᠨ ᠨᠡᠶᠢᠲᠡᠯᠡᠵᠡᠶ᠃ ᠮᠠᠨ ᠤ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠲᠣᠰᠬᠤᠨ ᠰᠤᠩᠭᠤᠯᠳᠡ ᠳᠤ ᠣᠷᠣᠪᠠ᠃ ᠬᠤᠶᠠᠳᠤᠭᠠᠷ ᠪᠦᠯᠦᠭ ᠤᠨ ᠪᠦᠬᠦ ᠤᠯᠤᠰ  ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠢᠯᠡ ᠨᠡᠶᠢᠲᠡᠯᠡᠬᠦ ᠨᠡᠷᠡᠰ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 15 ᠲᠣᠰᠬᠤᠨ ᠰᠣᠩᠭᠤᠭᠳᠠᠵᠤ᠂ ᠤᠯᠠᠭᠠᠨᠴᠠᠪ ᠬᠤᠲᠠ ᠳᠤ ᠵᠥᠪᠬᠡᠨ ᠮᠠᠨ ᠤ ᠰᠢᠶᠠᠨ ᠤ ᠲᠠᠭ᠎ᠠ  ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠲᠣᠰᠬᠤᠨ ᠰᠣᠩᠭᠤᠭᠳᠠᠪᠠ᠃
       ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤ ᠲᠣᠰᠬᠤᠨ  ᠡᠮᠦᠨ᠎ᠡ ᠪᠠᠨ ᠳᠠᠭ᠎ᠠ ᠶᠢᠨ ᠨᠠᠭᠤᠷ ᠤᠨ  ᠵᠢᠭᠤᠯᠴᠢᠯᠠᠯ ᠤᠨ ᠠᠮᠠᠷᠠᠯᠲᠠ ᠶᠢᠨ ᠣᠷᠣᠨ ᠂  ᠬᠤᠶᠢᠨ᠎ᠠ ᠪᠠᠨ ᠳᠠᠭ᠎ᠠ ᠶᠢᠨ ᠨᠠᠭᠤᠷ ᠤᠨ ᠣᠯᠠᠨ ᠤᠯᠤᠰ  ᠤᠨ ᠴᠠᠰᠤᠨ ᠳᠤ ᠭᠤᠯᠭᠤᠬᠤ ᠲᠠᠯᠠᠪᠠᠢ ᠂ ᠳᠤᠮᠳᠠ  ᠪᠠᠨ ᠪᠦᠲᠦᠭᠡᠨ ᠪᠠᠶᠢᠭᠤᠯᠤᠯᠲᠠ ᠶᠢᠨ ᠳᠤᠮᠳᠠ ᠪᠠᠶᠢᠭ᠎ᠠ ᠬᠠᠯᠠᠭᠤᠨ ᠷᠠᠰᠢᠶᠠᠨ ᠳᠤ ᠬᠦᠷᠴᠦ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠃ ᠬᠢᠯᠢ ᠶᠢᠨ ᠳᠣᠲᠣᠷ᠎ᠠ   ᠰᠢᠩ ᠾᠧ ᠠᠴᠠ ᠪᠠᠶᠠᠨᠨᠠᠭᠤᠷ ᠬᠦᠷᠬᠦ ᠬᠦᠨᠳᠦ ᠠᠴᠢᠶᠠᠨ ᠤ ᠵᠠᠰᠠᠮᠠᠯ ᠵᠠᠮ᠂ ᠬᠥᠬᠡᠬᠤᠲᠠ ᠵᠠᠰᠠᠮᠠᠯ ᠵᠠᠮ ᠬᠢᠯᠢ ᠪᠠᠷ ᠥᠩᠭᠡᠷᠡᠵᠦ᠂ ᠵᠠᠮ ᠬᠠᠷᠢᠯᠴᠠᠭ᠎ᠠ ᠳᠥᠭᠦᠮ ᠳᠥᠲᠡ ᠪᠣᠯᠪᠠ᠃
    ᠤᠶᠢᠷ᠎ᠠ ᠶᠢᠨ ᠵᠢᠯ ᠳᠤ᠂ ᠭᠤᠷᠪᠠᠳᠤᠭᠠᠷ ᠰᠤᠮᠤ ᠲᠣᠰᠬᠤᠨ ᠤ ᠬᠢᠨ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠲᠣᠮᠣ ᠰᠢᠶᠠᠨ ᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠵᠤ᠂ ᠵᠢᠭᠤᠯᠴᠢᠯᠠᠭᠴᠢᠳ ᠤᠨ  ᠤᠶᠢᠯᠡᠴᠢᠯᠡᠭᠡᠨ ᠤ ᠲᠥᠪ ᠂ ᠡᠤ ᠯᠢ ᠫᠢᠩ ᠤᠷᠠᠯᠢᠭ ᠤᠨ ᠲᠣᠮᠣ ᠲᠠᠶᠢᠰᠠ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ  ᠵᠡᠷᠭᠡ ᠤᠶᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠵᠠᠶ᠃ ︽ᠬᠤᠷᠢᠨ ᠳᠥᠷᠪᠡᠨ ᠠᠴᠢᠯᠠᠯᠲᠤ ᠵᠢᠷᠤᠭ︾ ᠤᠨ ᠰᠣᠶᠣᠯ ᠤᠨ ᠬᠡᠷᠡᠮ ᠪᠠ  ᠲᠠᠩ ᠤᠨ ᠴᠡᠴᠡᠷᠯᠢᠭ᠂ ᠰᠦᠩ ᠶᠤᠸᠠᠨ ᠴᠡᠴᠡᠷᠯᠢᠭ᠂ ᠮᠢᠩ ᠶᠤᠸᠠᠨ ᠴᠡᠴᠡᠷᠯᠢᠭ ᠵᠡᠷᠭᠡ ᠣᠨᠴᠠᠯᠢᠭᠲᠤ ᠲᠠᠷᠢᠶᠠᠴᠢᠨ  ᠠᠶᠢᠯ ᠤᠨ ᠬᠦᠷᠢᠶᠡᠯᠡᠩ ᠢ ᠪᠠᠶᠢᠭᠤᠯᠪᠠ᠃     ︽ᠴᠢ ᠨᠠᠮᠠᠶᠢ ᠲᠡᠳᠬᠦᠭᠰᠡᠨ᠂  ᠪᠢ ᠴᠢᠮ᠎ᠠ ᠶᠢ ᠡᠷᠡᠭᠦᠯ ᠮᠡᠨᠳᠦ ᠪᠠᠷ ᠬᠠᠷᠢᠭᠤᠯᠤᠶ᠎ᠠ︾ ᠭᠡᠬᠦ ᠬᠥᠭᠵᠢᠯᠲᠡ ᠶᠢᠨ ᠦᠵᠡᠯᠲᠡ ᠶᠢᠨ ᠳᠣᠤᠷ᠎ᠠ᠂  ᠲᠠᠷᠢᠶᠠᠴᠢᠨ ᠠᠶᠢᠯ ᠤᠨ ᠵᠤᠭᠠᠴᠠᠯ᠂ ᠵᠢᠭᠠᠰᠤᠴᠢᠨ ᠠᠶᠢᠯ ᠵᠡᠷᠭᠡ 24 ᠡᠷᠦᠬᠡ ᠶᠢ  ᠡᠷᠬᠢᠯᠡᠪᠡ᠃ ᠦᠵᠡᠭᠦᠯᠦᠯᠭᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠲᠠᠷᠢᠶᠠᠯᠠᠩ ᠢ ᠨᠡᠭᠡᠭᠡᠨ  ᠬᠦᠭᠵᠢᠭᠦᠯᠵᠦ᠂ ᠲᠣᠰᠬᠤᠨ ᠤ ᠠᠷᠠᠳ ᠵᠢᠭᠤᠯᠴᠢᠯᠠᠯ ᠤᠨ  ᠤᠶᠢᠯᠡᠰ ᠤᠨ ᠲᠣᠭᠤᠷᠢᠨ ᠳᠤ ᠣᠨᠴᠠᠯᠢᠭᠲᠤ ᠲᠠᠷᠢᠵᠤ ᠲᠡᠵᠢᠭᠡᠬᠦ  ᠤᠶᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠡᠶ᠃ ᠪᠦᠬᠦ ᠲᠣᠰᠬᠤᠨ ᠢᠶᠠᠷ ᠢᠶᠠᠨ ᠠᠶᠢᠯ ᠪᠣᠯᠭᠠᠨ ᠰᠠᠶᠢᠨ ᠰᠠᠶᠢᠬᠠᠨ ᠠᠮᠢᠳᠤᠷᠠᠵᠤ᠂ 2019 ᠣᠨ ᠳᠤ ᠲᠣᠰᠬᠤᠨ ᠶᠠᠳᠠᠭᠤ  ᠠᠴᠠ ᠠᠩᠬᠢᠵᠢᠷᠠᠨ ᠶᠠᠳᠠᠭᠤ ᠮᠠᠯᠠᠭᠠᠢ ᠪᠠᠨ ᠲᠠᠶᠠᠭᠳᠠᠵᠠᠢ᠃ ᠡᠭᠦᠨ ᠤ ᠬᠠᠮᠲᠤ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢᠨ ᠲᠥᠷᠥᠯ ᠵᠤᠶᠢᠯ ᠤᠨ ᠢᠨᠵᠧᠨᠧᠷᠢᠩ ᠢ  ᠬᠡᠷᠡᠭᠵᠢᠭᠦᠯᠬᠦ  ᠲᠠᠢ ᠤᠶᠠᠯᠳᠤᠭᠤᠯᠵᠠᠶ᠃ ᠲᠣᠰᠬᠤᠨ ᠳᠤ ᠪᠣᠬᠢᠷ ᠤᠰᠤᠨ ᠤ ᠬᠤᠭᠤᠯᠠᠶ ᠶᠢ  ᠰᠢᠢᠳᠪᠤᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠡᠷ ᠪᠦᠯᠢ   ᠶᠢᠨ ᠠᠷᠢᠭᠤᠨ ᠴᠡᠪᠡᠷ ᠵᠣᠷᠯᠣᠩ ᠢ ᠳᠣᠭᠢᠷᠠᠭᠤᠯᠤᠨ ᠪᠠᠶᠢᠭᠤᠯᠵᠤ᠂ ᠠᠷᠠᠳ ᠤᠨ ᠵᠠᠩ  ᠤᠶᠢᠯᠡ   ᠶᠢᠨ ᠵᠢᠭᠤᠯᠴᠢᠯᠠᠯ ᠤᠨ  ᠤᠶᠢᠯᠡᠳᠭᠦᠨ — ᠳᠠᠭ᠎ᠠ ᠶᠢᠨ ᠨᠠᠭᠤᠷ ᠤᠨ ᠬᠡᠷ ᠪᠦᠯᠢ ᠶᠢ ᠴᠣᠭᠴᠠᠯᠠᠪᠠ ᠁ ᠲᠣᠰᠬᠤᠨ ᠤ ᠳᠦᠷᠰᠦ ᠪᠠᠶᠢᠳᠠᠯ ᠴᠣ᠋  ᠰᠢᠨ᠎ᠡ ᠪᠣᠯᠵᠣ᠂ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠲᠦᠢᠯᠪᠤᠷᠢᠲᠠᠶ ᠰᠠᠶᠢᠵᠢᠷᠠᠪᠠ᠃     ᠲᠣᠯᠢ ᠮᠡᠲᠦ ᠭᠤᠶᠣ ᠰᠠᠶᠢᠬᠠᠨ ᠳᠠᠭ᠎ᠠ ᠶᠢᠨ ᠨᠠᠭᠤᠷ ᠤᠨ ᠲᠤᠰᠤᠯᠲᠠ ᠳᠣᠣᠷ᠎ᠠ᠂ ᠴᠠᠭᠠᠨ ᠬᠡᠷᠡᠮ ᠬᠥᠬᠡ ᠸᠠᠭᠠᠷ ᠢᠶᠠᠷ ᠡᠷᠲᠡᠨ ᠤ ᠪᠣᠷᠣᠭᠵᠢᠭᠤᠨ ᠭᠤᠷᠪᠠᠨ ᠰᠤᠮᠤ ᠲᠣᠰᠬᠤᠨ ᠨᠣᠭᠤᠭᠠᠷᠠᠨ ᠨᠣᠭᠤᠭᠠᠷᠠᠵᠤ ᠪᠠᠶᠢᠯ᠎ᠠ᠃ ᠵᠡᠭᠡᠯᠢ ᠭᠤᠳᠤᠮᠵᠢ ᠪᠠᠷ ᠬᠥᠬᠡᠷᠡᠨ  ᠂ ᠵᠠᠮ ᠤᠨ ᠬᠠᠵᠠᠭᠤ ᠪᠠᠷ ᠬᠥᠬᠡᠷᠡᠨ ᠬᠠᠷᠠᠯᠠᠵᠤ᠂ ᠨᠣᠭᠤᠭᠠᠷᠠᠭᠤᠯᠤᠯᠲᠠ ᠶᠢᠨ ᠪᠦᠰᠡ ᠨᠢ ᠬᠦᠷᠢᠶ᠎ᠡ ᠬᠠᠰᠢᠶ᠎ᠠ ᠶᠢ ᠲᠣᠭᠤᠷᠢᠨ᠂ ᠭᠤᠶᠤ ᠰᠠᠶᠢᠬᠠᠨ ᠢᠶᠠᠷ ᠲᠤᠰᠬᠤᠨ ᠢ ᠴᠢᠮᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠮᠵᠢ ᠬᠠᠷᠠᠭᠳᠠᠨ᠎ᠠ᠃    ᠣᠶᠢᠯᠠᠭᠠᠭᠰᠠᠨ ᠢᠶᠠᠷ᠂ ︽︿13 · 5﹀ ᠶᠢᠨ ᠵᠢᠭᠤᠯᠴᠢᠯᠠᠯ ᠤᠨ  ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠥᠳᠡᠭᠡ ᠲᠣᠰᠬᠤᠨ ᠤ ᠠᠵᠤ  ᠤᠶᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠵᠢᠯᠤᠭᠤᠳᠬᠤ ᠰᠠᠨᠠᠯ︾ ᠳᠤ ᠳᠤᠷᠠᠳᠤᠭᠰᠠᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ   ᠲᠠᠢ ᠲᠣᠰᠬᠤᠨ ᠤ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠣᠶᠣᠯ ᠪᠠ  ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠤᠶᠠᠳᠤᠭᠠᠷ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠰᠢᠯᠢᠨ ᠰᠣᠩᠭᠤᠬᠤ ᠠᠵᠢᠯ ᠢ  ᠦᠷᠨᠢᠭᠦᠯᠪᠡ᠃    ᠰᠣᠶᠣᠯ ᠪᠠ ᠵᠢᠭᠤᠯᠴᠢᠯᠠᠯ ᠤᠨ ᠶᠠᠮᠤᠨ ᠤ ᠱᠠᠭᠠᠷᠳᠠᠯᠭ᠎ᠠ ᠶᠢ ᠦᠨᠳᠦᠰᠦᠯᠡᠪᠡᠯ᠂ ᠪᠥᠬᠦ ᠤᠯᠤᠰ ᠤᠨ ᠬᠥᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠳᠤ ᠪᠦᠷᠢᠯᠳᠦᠭᠦᠯᠪᠡᠰᠦ ᠵᠣᠬᠢᠬᠤ ᠪᠠᠷᠢᠮᠵᠢᠶ᠎ᠠ  ᠭᠡᠪᠡᠯ᠄  ᠰᠤᠶᠤᠯ ᠪᠠ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠠᠰᠢᠭᠯᠠᠯᠲᠠ ᠵᠦᠶ ᠵᠣᠬᠢᠰᠲᠠᠶ ᠪᠠᠶᠢᠬᠤ︔ ᠬᠥᠳᠡᠭᠡ ᠲᠣᠰᠬᠤᠨ ᠤ ᠰᠣᠶᠣᠯ ᠢ ᠤᠯᠠᠮᠵᠢᠯᠠᠨ ᠬᠠᠮᠠᠭᠠᠯᠠᠵᠤ᠂ ᠤᠯᠠᠷᠢᠭᠤᠯᠤᠨ ᠬᠥᠭᠵᠢᠭᠦᠯᠬᠦ ᠨᠢ ᠨᠡᠯᠢᠶᠡᠳ ᠰᠠᠶᠢᠨ︔ ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮ ᠪᠣᠯᠪᠠᠰᠤᠷᠠᠩᠭᠤᠶ᠂ ᠴᠢᠨᠠᠷ ᠴᠢᠨᠰᠠᠭ᠎ᠠ ᠨᠡᠯᠢᠶᠡᠳ ᠥᠨᠳᠥᠷ︔ ᠠᠷᠠᠳ ᠤᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠰᠡᠳᠦᠪ ᠲᠣᠪᠤᠶᠢᠮ᠎ᠠ᠂ ᠵᠢᠷᠤᠮᠵᠢᠯ ᠲᠠᠢ ᠡᠮᠬᠢ  ᠵᠢᠷᠤᠮ ᠲᠠᠢ︔ ᠠᠮᠢ ᠠᠬᠤᠢ ᠶᠢᠨ ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ︔ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠨᠡᠯᠢᠶᠡᠳ  ᠲᠡᠭᠦᠯᠳᠡᠷᠵᠢᠭᠰᠡᠨ︔ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠨᠢ ᠵᠦᠶ ᠵᠣᠬᠢᠰᠲᠠᠶ᠂ ᠡᠵᠡᠩᠨᠡᠯᠲᠡ ᠨᠢ ᠥᠨᠳᠥᠷ ᠦᠷ᠎ᠡ ᠪᠦᠲᠦᠮᠵᠢ ᠲᠠᠢ ᠪᠠᠶᠢᠬᠤ︔ ᠠᠳᠠᠯ ᠤᠶᠢᠯᠡᠰ ᠴᠣᠭᠴᠠᠯᠠᠨ ᠠᠵᠢᠯ ᠣᠯᠭᠤᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠦᠷ᠎ᠡ ᠠᠰᠢᠭ ᠢ ᠢᠯᠡᠳᠲᠡ ᠳᠠᠶᠢᠴᠢᠯᠠᠪᠠ᠃                                                                                     ᠰᠤᠷᠪᠤᠯᠵᠢᠯᠠᠭᠴᠢ  ᠄ ᠰᠦᠩ ᠹᠦ᠋ ᠾᠧᠩ                             ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2