ᠮᠠᠨ ᠤ ᠰᠢᠶᠠᠨ ᠣᠷᠭᠠᠨᠢᠭ ᠬᠠᠭᠤᠷᠠᠶ ᠲᠠᠷᠢᠶᠠᠯᠠᠩ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-22
    ᠮᠠᠨ ᠤ ᠰᠢᠶᠠᠨ ᠤ ᠣᠷᠭᠠᠨᠢᠭ ᠬᠠᠭᠤᠷᠠᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ 7 ᠰᠠᠷ᠎ᠠ ᠶᠢᠨ 21 ᠤ ᠡᠳᠦᠷ᠂ ᠣᠷᠭᠠᠨᠢᠭ ᠬᠠᠭᠤᠷᠠᠶ ᠲᠠᠷᠢᠶᠠᠯᠠᠩ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠯᠢ  ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
         ᠬᠤᠷᠠᠯ ᠳᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ  ᠤᠨ ᠰᠤᠳᠤᠯᠤᠭᠴᠢ ᠵᠠᠩ ᠴᠢᠩ ᠫᠢᠩ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ  ᠬᠦᠷᠢᠶᠡᠯᠡᠩ ᠤᠨ ᠲᠠᠷᠢᠮᠠᠯ ᠤᠨ ᠦᠷ᠎ᠡ ᠪᠤᠶᠢᠵᠢᠭᠤᠯᠬᠤ ᠪᠠ ᠳᠠᠷᠢᠵᠤ ᠪᠤᠶᠢᠵᠢᠭᠤᠯᠬᠤ ᠰᠤᠳᠤᠯᠭᠠᠨ ᠤ ᠭᠠᠵᠠᠷ ᠤᠨ ᠳᠠᠷᠤᠭ᠎ᠠ ᠵᠣᠣ ᠫᠸᠢ ᠢ ᠲᠣᠰ ᠲᠣᠰ ᠣᠷᠭᠠᠨᠢᠭ ᠲᠠᠷᠢᠶᠠᠯᠠᠩ ᠤᠨ ᠤᠷᠭᠤᠮᠠᠯ ᠤᠨ ᠬᠠᠮᠠᠭᠠᠯᠠᠯᠲᠠ ᠪᠠ ᠬᠠᠭᠤᠷᠠᠶ ᠲᠠᠷᠢᠮᠠᠯ ᠤᠨ ᠪᠥᠬᠦ ᠪᠦᠷᠬᠦᠭᠦᠯ ᠤᠨ ᠪᠦᠷᠬᠦᠯᠲᠡ ᠬᠢᠭᠡᠳ ᠳᠠᠯᠠᠩ ᠤᠨ ᠬᠤᠭᠤᠷᠣᠨᠳᠣᠬᠢ ᠪᠦᠷᠬᠦᠭᠦᠯ ᠪᠦᠷᠬᠦᠬᠦ ᠮᠡᠷᠭᠡᠵᠢᠯ ᠤᠨ ᠲᠤᠬᠠᠶ ᠪᠥᠬᠦ ᠲᠠᠯ᠎ᠠ ᠪᠠᠷ ᠭᠦᠨᠵᠡᠭᠡᠶ ᠲᠠᠶᠢᠯᠤᠮᠵᠢ ᠪᠠ ᠲᠣᠳᠣᠷᠬᠠᠶᠢᠯᠠᠯᠲᠠ ᠬᠢᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠪᠣᠯᠤᠨ ᠲᠠᠷᠢᠮᠠᠯ ᠤᠨ ᠲᠣᠮᠣ ᠡᠷᠦᠬᠡ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠡᠨᠡ ᠤᠳᠠᠭᠠᠨ ᠤ ᠪᠣᠯᠪᠠᠰᠤᠷᠠᠯ ᠤᠨ ᠬᠤᠷᠠᠯ ᠳᠤ ᠰᠣᠷᠣᠭᠰᠠᠨ ᠮᠡᠳᠡᠯᠭᠡ ᠪᠠᠨ ᠬᠤᠶᠢᠰᠢᠳᠠ ᠶᠢᠨ ᠠᠵᠢᠯ ᠤᠨ  ᠤᠶᠢᠯᠡᠳᠤᠯᠭᠡ ᠳᠡᠭᠡᠨ ᠬᠡᠷᠡᠭᠯᠡᠵᠦ᠂ ᠤᠶᠢᠯᠡᠳᠤᠯᠭᠡ ᠶᠢᠨ ᠳᠤᠮᠳᠠ ᠨᠡᠩ ᠣᠯᠠᠨ ᠲᠤᠷᠰᠢᠯᠭ᠎ᠠ ᠬᠤᠷᠠᠮᠳᠤᠭᠤᠯᠵᠠᠶ᠃ ᠨᠠᠩ ᠣᠯᠠᠨ ᠮᠡᠷᠭᠡᠵᠢᠯ ᠢ ᠡᠵᠡᠮᠰᠢᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ ᠠᠯᠤᠰ ᠬᠡᠳᠦ ᠶᠢᠨ ᠬᠠᠷᠠᠴᠠ᠂ ᠪᠣᠳᠠᠲᠠᠢ ᠶᠢ ᠡᠷᠬᠢᠮᠯᠡᠬᠦ ᠰᠤᠷᠲᠠᠯ  ᠢᠶᠠᠷ ᠠᠵᠢᠯ ᠬᠢᠵᠦ ᠦᠢᠯᠡᠰ ᠪᠤᠰᠬᠠᠵᠤ᠂ ᠮᠠᠨ ᠤ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ  ᠬᠦᠭᠵᠢᠯᠳᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ  ᠭᠡᠪᠡ᠃     ᠪᠣᠯᠪᠠᠰᠤᠷᠠᠯ ᠨᠢ ᠪᠣᠳᠠᠲᠤ  ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠷᠭᠠᠨᠢᠭ ᠬᠠᠭᠤᠷᠠᠶ ᠲᠠᠷᠢᠶᠠᠯᠠᠩ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠭᠤᠯᠬᠤᠨ ᠤ ᠮᠥᠨ ᠴᠢᠨᠠᠷ ᠢ  ᠤᠶᠢᠯᠠᠭᠠᠨ ᠮᠡᠳᠡᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠪᠣᠯᠤᠨ ᠲᠠᠷᠢᠮᠠᠯ ᠤᠨ ᠡᠷᠦᠬᠡ ᠶᠢᠨ ᠮᠡᠷᠭᠡᠵᠢᠯ ᠤᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠡᠶ᠃ ᠮᠠᠨ ᠤ ᠰᠢᠶᠠᠨ ᠤ ᠣᠷᠭᠠᠨᠢᠭ ᠬᠠᠭᠤᠷᠠᠶ ᠲᠠᠷᠢᠶᠠᠯᠠᠩ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠬᠤ ᠨᠢ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃      ᠪᠣᠯᠪᠠᠰᠤᠷᠠᠯ ᠳᠤ ᠣᠷᠣᠯᠴᠠᠭᠰᠠᠨ ᠲᠠᠷᠢᠮᠠᠯ ᠤᠨ ᠡᠷᠦᠬᠡ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠪᠤᠯᠪᠠᠰᠤᠷᠠᠭᠤᠯᠤᠯ  ᠨᠢ   ᠣᠯᠤᠯᠲᠠ  ᠠᠷᠪᠢᠨ᠂ ᠬᠤᠶᠢᠰᠢᠳᠠ ᠮᠡᠷᠭᠡᠵᠢᠯ ᠤᠨ ᠱᠠᠭᠠᠷᠳᠠᠯᠭ᠎ᠠ ᠪᠣᠯᠤᠨ ᠲᠠᠷᠢᠮᠠᠯ ᠤᠨ ᠬᠠᠮᠢᠶᠠᠷᠤᠯᠲᠠ ᠶᠢᠨ ᠠᠷᠭ᠎ᠠ ᠪᠠᠷᠢᠯ ᠶᠣᠰᠣᠭᠠᠷ  ᠤᠶᠢᠯᠡᠳᠤᠯᠭᠡ ᠶᠢᠨ ᠳᠤᠮᠳᠠ ᠬᠡᠷᠡᠭᠯᠡᠵᠦ᠂ ᠣᠷᠭᠠᠨᠢᠭ ᠬᠠᠭᠤᠷᠠᠶ ᠲᠠᠷᠢᠶᠠᠯᠠᠩ ᠤᠨ ᠥᠨᠳᠥᠷ ᠤᠨᠠᠯᠲᠠ ᠲᠠᠢ ᠴᠢᠨᠠᠷ ᠰᠠᠶᠢᠲᠠᠶ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ  ᠭᠡᠪᠡ᠃      ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠳᠠᠨ ᠵᠢᠴᠢ ᠲᠤᠰᠬᠠᠶ ᠮᠡᠷᠭᠡᠵᠢᠯ ᠤᠨ ᠠᠵᠢᠯᠲᠠᠨ᠂ ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠲᠠᠷᠢᠶᠠᠯᠠᠩ ᠤᠨ  ᠦᠷᠳᠡᠭᠡ ᠶᠢᠨ ᠥᠷᠲᠡᠭᠡᠨ ᠳᠠᠷᠤᠭ᠎ᠠ᠂ ᠣᠷᠭᠠᠨᠢᠭ ᠬᠠᠭᠤᠷᠠᠶ ᠲᠠᠷᠢᠶᠠᠯᠠᠩ ᠤᠨ ᠲᠠᠷᠢᠮᠠᠯ ᠤᠨ ᠲᠠᠷᠢᠶᠠᠴᠢᠨ ᠡᠷᠦᠬᠡ  ᠪᠤᠯᠪᠠᠰᠤᠷᠠᠯ ᠤᠨ ᠬᠤᠷᠠᠯ ᠳᠤ ᠣᠷᠣᠯᠴᠠᠵᠠᠶ᠃                                                                        ᠰᠤᠷᠪᠤᠯᠵᠢᠯᠠᠭᠴᠢ᠄ ᠸᠠᠩ ᠪᠢᠨ    ᠸᠠᠩ ᠭᠦᠸᠧ ᠵᠢᠶᠦ᠋ᠨ                              ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                              ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2