ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠳ᠋ᠠ ᠶᠤᠸᠠᠨ ᠱᠠᠨ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ ᠵᠠᠩ ᠲᠤᠤ  ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020-07-23
    ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠶᠠᠳᠠᠭᠤ ᠬᠦᠴᠢᠷᠳᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠪᠡ᠃ ᠶᠠᠳᠠᠭᠤ ᠶᠢ ᠲᠡᠳᠬᠦᠬᠦ ᠵᠠᠮ ᠳᠡᠭᠡᠷ᠎ᠡ᠂ ᠡᠶᠢᠮᠦ ᠨᠢᠭᠡ ᠪᠦᠯᠦᠭ ᠬᠥᠮᠦᠨ ᠪᠤᠢ᠃ ᠲᠡᠳᠡ ᠰᠥᠨᠢ ᠳᠦᠯᠢ ᠪᠠᠷ ᠬᠠᠮᠲᠤ ᠠᠶᠠᠯᠠᠵᠤ᠂ ᠡᠳᠦᠷ ᠰᠥᠨᠢ ᠦᠭᠡᠢ ᠰᠠᠬᠢᠨ ᠪᠠᠷᠠᠯᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠵᠤ᠂ ᠬᠡᠳᠦᠨ ᠵᠢᠯ ᠤᠨ ᠶᠠᠳᠠᠭᠤ ᠶᠢ ᠲᠡᠳᠬᠦᠬᠦ ᠵᠠᠮ  ᠲᠡᠭᠡᠷ᠎ᠡ᠂ ᠨᠢᠭᠡ ᠨᠠᠰᠤ ᠪᠠᠷ ᠢᠶᠠᠨ ᠨᠤᠲᠤᠭ ᠤᠨ ᠬᠠᠶᠢᠷ᠎ᠠ ᠰᠡᠳᠬᠢᠯᠭᠡ᠂ ᠠᠷᠠᠳ ᠲᠦᠮᠡᠨ ᠳᠤ ᠪᠤᠶᠠᠨ ᠵᠢᠷᠭᠠᠯ ᠣᠯᠭᠤᠵᠤ᠂  ᠨᠡᠶᠢᠭᠡᠮ ᠳᠤ ᠦᠨ᠎ᠡ ᠥᠷᠲᠡᠭ ᠡᠭᠦᠳᠴᠦ ᠥᠭᠭᠦᠨ᠎ᠡ᠃
       ᠮᠠᠩᠬᠠᠨ ᠪᠠᠯᠭᠠᠰᠤᠨ ᠤ ᠳ᠋ᠠ ᠶᠤᠸᠠᠨ ᠱᠠᠨ ᠲᠣᠰᠬᠤᠨ ᠤ ᠨᠠᠮ ᠤᠨ ᠡᠭᠦᠷ ᠤᠨ ᠱᠦᠵᠢ ᠵᠠᠩ ᠲᠤᠤ ᠪᠣᠯ ᠲᠡᠭᠦᠨ ᠤ ᠳᠣᠲᠣᠷᠠᠬᠢ ᠨᠢᠭᠡ ᠭᠡᠰᠢᠭᠦᠨ ᠪᠣᠯᠤᠨ᠎ᠠ᠃ ᠶᠠᠳᠠᠭᠤ ᠶᠢ ᠲᠡᠳᠬᠦᠬᠦ ᠵᠠᠮ ᠳᠡᠭᠡᠷ᠎ᠡ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ  ᠬᠦᠷᠭᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ᠃
      2018 ᠣᠨ ᠤ 11 ᠰᠠᠷ᠎ᠠ ᠳᠤ᠂ ᠮᠠᠩᠬᠠᠨ ᠪᠠᠯᠭᠠᠰᠤᠨ ᠤ ᠺᠠᠳ᠋ᠷ ᠵᠠᠩ ᠲᠤᠤ ᠵᠣᠬᠢᠶᠠᠨ ᠪᠠᠶᠢᠭᠤᠯᠤᠯᠲᠠ ᠶᠢᠨ ᠲᠣᠮᠢᠯᠠᠯᠲᠠ ᠪᠠᠷ  ᠯᠢᠶᠠᠩᠴᠧᠩ ᠰᠢᠶᠠᠨ ᠤ  ᠮᠠᠩᠬᠠᠨ ᠪᠠᠯᠭᠠᠰᠤᠨ ᠤ ᠳ᠋ᠠ ᠶᠤᠸᠠᠨ ᠱᠠᠨ ᠲᠣᠰᠬᠤᠨ ᠳᠤ ᠬᠦᠷᠴᠦ ᠲᠣᠰᠬᠤᠨ ᠤ ᠨᠠᠮ ᠤᠨ ᠡᠭᠦᠷ ᠤᠨ ᠱᠦᠵᠢ ᠪᠣᠯᠵᠠᠶ᠃   ᠲᠡᠷᠡ‌ᠭᠤᠷᠪᠠᠨ ᠰᠠᠷ᠎ᠠ ᠶᠢᠨ ᠴᠠᠭ ᠢ ᠵᠠᠷᠤᠴᠠᠭᠤᠯᠤᠨ ᠨᠢᠳᠦ ᠪᠠᠷ ᠢᠶᠠᠨ ᠦᠵᠡᠵᠦ᠂ ᠰᠡᠳᠬᠢᠯ ᠲᠠᠯᠪᠢᠨ ᠰᠣᠨᠣᠰᠴᠤ᠂ ᠳ᠋ᠠ ᠶᠤᠸᠠᠨ ᠠᠭᠤᠯᠠᠨ ᠲᠣᠰᠬᠤᠨ ᠤ ᠢᠮᠠᠬᠤ ᠶᠢᠨ ᠭᠠᠵᠠᠷ ᠪᠣᠯᠭᠠᠨ ᠢᠶᠠᠷ ᠶᠠᠪᠤᠵᠤ ᠰᠢᠶᠣᠣ ᠰᠢᠩ ᠶᠣᠣ ᠲᠣᠰᠬᠤᠨ  ᠡᠷᠦᠬᠡ ᠠᠮᠠ ᠲᠠᠢ ᠬᠥᠮᠦᠨ ᠠᠮᠠ 121 ᠡᠷᠦᠬᠡ ᠶᠢ ᠢᠯᠡᠷᠡᠭᠦᠯᠵᠡᠶ᠃ 45 ᠡᠷᠦᠬᠡ ᠯᠡ ᠪᠠᠶᠢᠩᠭᠤ ᠰᠠᠭᠤᠳᠠᠭ᠂ ᠡᠨᠡ ᠬᠦ ᠪᠠᠶᠢᠳᠠᠯ ᠨᠢ ᠵᠠᠩ ᠲᠤᠤ ᠶᠢ ᠴᠢᠬᠤᠯᠠᠴᠢᠯᠠᠨ ᠦᠵᠡᠵᠦ᠂ ᠲᠤᠰ ᠭᠠᠴᠠᠭᠠᠨ ᠤ ᠵᠠᠯᠠᠭᠤᠴᠤᠳ ᠢᠳᠡᠷᠴᠦᠳ ᠶᠡᠭᠡ ᠬᠡᠮᠵᠢᠶ᠎ᠡ ᠪᠠᠷ ᠭᠠᠳᠠᠭᠰᠢ ᠭᠠᠷᠴᠤ᠂ ᠶᠡᠬᠡᠩᠬᠢ ᠬᠡᠰᠡᠭ ᠭᠠᠵᠠᠷ ᠢ ᠰᠤᠯᠠ ᠲᠠᠯᠪᠢᠵᠤ᠂ ᠲᠣᠰᠬᠤᠨ ᠤ ᠬᠠᠮᠲᠤ ᠶᠢᠨ ᠪᠡᠯᠡ ᠮᠥᠩᠭᠦ ᠡᠳ᠋ ᠬᠥᠷᠥᠩᠭᠡ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ  ᠴᠢᠬᠤᠯᠠᠳᠠᠢ ᠪᠠᠶᠢᠨ᠎ᠠ᠃ ᠲᠣᠰᠬᠤᠨ ᠤ ᠠᠷᠠᠳ ᠤᠨ ᠬᠠᠷᠮᠠᠨ ᠢ ᠬᠡᠷᠬᠢᠨ ᠬᠥᠪᠴᠢᠯᠡᠬᠦ ᠨᠢ ᠵᠠᠩ ᠲᠤᠤ ᠶᠢᠨ ᠰᠡᠳᠬᠢᠯ ᠤᠨ ᠲᠣᠮᠣ ᠶᠠᠪᠤᠳᠠᠯ  ᠪᠤᠯᠵᠠᠢ᠃
       ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠪᠦᠬᠦ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂  ᠲᠡᠭᠡᠳᠦ ᠱᠠᠲᠤᠨ ᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠴᠤᠯᠪᠤᠷᠲᠤ ᠵᠢᠭᠠᠰᠤᠨ ᠤ ᠦᠢᠯᠡᠳᠦᠯ ᠢ  ᠪᠠᠳᠠᠷᠠᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠢᠭᠡ ᠨᠠᠭᠤᠷ ᠴᠥᠭᠦᠷᠥᠮ᠂ 2019 ᠤᠨ ᠤ ᠬᠠᠪᠤᠷ᠂ ᠵᠠᠩ ᠲᠤᠤ ᠨᠠᠮ ᠤᠨ ᠡᠭᠦᠷ ᠤᠨ ᠨᠢᠭᠡ ᠪᠠᠭ ᠢᠶᠠᠨ ᠳᠠᠭᠠᠭᠤᠯᠤᠨ ᠰᠢᠶᠣᠣ ᠰᠢᠩ ᠶᠣᠣ ᠲᠣᠰᠬᠤᠨ ᠤ ᠰᠤᠯᠠ ᠭᠠᠵᠠᠷ  ᠰᠢᠷᠦᠢ ᠶᠢ ᠡᠷᠭᠢᠯᠳᠦᠭᠦᠯᠬᠦ ᠶᠢ ᠠᠬᠢᠭᠤᠯᠵᠠᠶ᠃ ᠲᠣᠰᠬᠤᠨ ᠤ ᠬᠠᠮᠲᠤ ᠶᠢᠨ ᠳᠠᠭᠠᠭᠠᠴᠢᠯᠠᠯᠲᠠ ᠬᠢᠭᠰᠡᠨ ᠲᠣᠰᠬᠤᠨ ᠤ ᠠᠷᠠᠳ ᠤᠨ  ᠭᠠᠵᠠᠷ 300  ᠭᠠᠷᠦᠢ ᠮᠦ᠂ ᠭᠠᠵᠠᠷ ᠰᠢᠷᠣᠶ ᠶᠢ ᠰᠠᠶᠢᠵᠢᠷᠠᠭᠤᠯᠬᠤ᠂ ᠡᠮᠬᠢᠯᠡᠬᠦ᠂ ᠳᠤᠰᠤᠯᠭᠠᠨ ᠤᠰᠤᠯᠠᠬᠤ ᠲᠥᠬᠦᠭᠡᠷᠦᠮᠵᠢ ᠶᠢ  ᠭᠦᠢᠴᠡᠳ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠨᠳᠥᠷ ᠪᠦᠲᠦᠮᠵᠢᠲᠡᠶ ᠲᠠᠷᠢᠶᠠᠨ ᠭᠠᠵᠠᠷ ᠢ ᠪᠥᠲᠥᠭᠡᠨ  ᠪᠠᠶᠢᠭᠤᠯᠬᠤ ᠠᠩᠬᠠᠨ ᠤ ᠠᠯᠬᠤᠮ ᠢ ᠠᠯᠬᠤᠪᠠ᠃ ᠲᠤᠬᠠᠶ ᠶᠢᠨ ᠵᠢᠯ ᠳᠤ ᠥᠭᠡᠷᠡᠴᠢᠯᠡᠭᠰᠡᠨ ᠤ ᠳᠠᠷᠠᠭ᠎ᠠ 90 ᠭᠠᠷᠤᠶ ᠮᠦ ᠰᠢᠰᠢ᠂ 200 ᠭᠠᠷᠤᠶ ᠮᠦ ᠳᠠᠷᠤᠰᠢᠭᠤᠯᠤᠭᠰᠠᠨ ᠡᠷᠳᠡᠨᠢ ᠰᠢᠰᠢ ᠲᠠᠷᠢᠪᠠ᠃ ᠲᠠᠷᠢᠮᠠᠯ ᠤᠨ ᠬᠡᠪᠴᠢᠶᠡᠵᠢᠯ ᠪᠠ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠥᠯᠥᠭᠡ᠂ ᠲᠣᠰᠬᠤᠨ ᠤ ᠬᠠᠮᠲᠤ ᠨᠡᠶᠢᠲᠡ ᠠᠴᠠ ᠪᠠᠰᠠ ᠲᠷᠠᠺᠲ᠋ᠣᠷ᠂ ᠦᠷ᠎ᠡ ᠰᠠᠴᠤᠬᠤ ᠮᠠᠰᠢᠨ᠂ ᠡᠮ ᠴᠣᠬᠢᠬᠤ ᠮᠠᠰᠢᠨ᠂  ᠠᠨᠵᠢᠰᠦ᠂ ᠨᠠᠷᠬ᠎ᠠ ᠵᠡᠷᠭᠡ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠴᠤ᠂ ᠲᠠᠷᠢᠶᠠᠨ ᠠᠵᠢᠯ ᠶᠠᠭᠠᠷᠠᠤ ᠴᠠᠭ ᠲᠤ ᠬᠥᠮᠦᠨ ᠤ ᠬᠦᠴᠦ ᠪᠣᠳᠠᠰ ᠤᠨ ᠬᠦᠴᠦ᠂ ᠨᠡᠶᠢᠲᠡ ᠶᠢᠨ ᠠᠰᠠᠷᠠᠮᠵᠢ ᠪᠠᠷ ᠲᠠᠷᠢᠶᠠᠯᠠᠩ ᠢ ᠲᠤᠰᠠᠯᠠᠨ᠎ᠠ᠃      ᠨᠠᠮᠤᠷ ᠤᠨ ᠬᠤᠷᠢᠶᠠᠯᠲᠠ ᠶᠢᠨ ᠳᠠᠷᠠᠭ᠎ᠠ᠂ ︽ᠨᠠᠮ ᠤᠨ ᠡᠭᠦᠷ + ᠲᠠᠷᠢᠶᠠᠴᠢᠨ ᠡᠷᠦᠬᠡ︾ ᠶᠢᠨ ᠬᠡᠪ ᠵᠠᠭᠪᠤᠷ ᠤᠨ ᠤᠶᠢᠯᠡᠳᠤᠯ ᠢᠯᠡᠷᠡᠵᠦ᠂ ᠤᠯᠠᠷᠢᠯ ᠤᠨ ᠴᠢᠨᠠᠷᠲᠠᠶ ᠬᠥᠯᠥᠰᠥᠯᠡᠭᠰᠡᠨ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠡᠷᠦᠬᠡ ᠪᠣᠯᠤᠨ ᠣᠶᠢᠷ᠎ᠠ ᠬᠠᠪᠢ ᠶᠢᠨ 30 ᠭᠠᠷᠤᠶ ᠲᠠᠷᠢᠶᠠᠴᠢᠳ ᠲᠤ ᠬᠥᠮᠦᠨ ᠪᠦᠷᠢ ᠶᠢᠨ ᠴᠠᠯᠢᠩ ᠤᠨ ᠴᠢᠨᠠᠷᠲᠠᠶ ᠣᠷᠣᠯᠭ᠎ᠠ 4000 ᠭᠠᠷᠤᠶ ᠲᠥᠭᠦᠷᠢᠭ ᠬᠦᠷᠴᠡᠶ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠦᠬᠦ ᠣᠷᠣᠯᠭ᠎ᠠ 23 ᠲᠦᠮᠡᠨ ᠲᠥᠭᠦᠷᠢᠭ ᠲᠤ ᠬᠦᠷᠬᠦ ᠶᠢᠨ ᠬᠠᠮᠲᠤ  ᠭᠠᠴᠠᠭᠠᠨ ᠤ ᠬᠠᠮᠲᠤ ᠶᠢᠨ ᠲᠣᠭᠲᠠᠮᠠᠯ ᠬᠥᠷᠥᠩᠭᠡ ᠬᠤᠷᠠᠮᠳᠤᠪᠠ᠃ ᠠᠭᠤᠯᠠ ᠤᠰᠤ ᠣᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠢ ᠬᠠᠮᠵᠢᠯᠴᠠᠨ ᠠᠵᠢᠯᠯᠠᠭᠤᠯᠬᠤ ᠶᠢᠨ ᠲᠥᠯᠥᠭᠡ᠂ ᠵᠠᠩ ᠲᠤᠤ ᠪᠠᠰᠠ ᠨᠠᠮ ᠤᠨ ᠭᠡᠰᠢᠭᠦᠨ ᠣᠯᠠᠨ ᠲᠦᠮᠡᠨ ᠢ ᠳᠠᠭᠠᠭᠤᠯᠤᠨ ᠠᠭᠯᠠᠭ ᠠᠭᠤᠯᠠ ᠶᠢᠨ ᠥᠭᠡᠷᠡᠴᠢᠯᠡᠯᠲᠡ  ᠦᠷᠨᠢᠭᠦᠯᠵᠦ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠣᠷᠣᠭᠤᠯᠵᠠᠶ᠃ ᠠᠭᠤᠯᠠᠨ ᠭᠠᠵᠠᠷ ᠢ ᠵᠠᠰᠠᠵᠤ ᠲᠡᠭᠰᠢᠯᠡᠭᠡᠳ᠂ 800 ᠭᠠᠷᠤᠶ ᠮᠦ ᠠᠭᠤᠯᠠᠷᠬᠠᠭ ᠣᠷᠣᠨ ᠤ ᠠᠵᠤ ᠠᠬᠤᠶ ᠶᠢᠨ ᠣᠶ ᠶᠢ ᠲᠠᠷᠢᠵᠤ᠂ ᠳᠠᠷᠠᠭ᠎ᠠ ᠵᠢᠯ ᠵᠢᠮᠢᠰ ᠰᠠᠭᠤᠬᠤ  ᠶᠢ ᠪᠡᠶᠡᠯᠡᠭᠦᠯᠵᠡᠶ᠃     ᠡᠨᠡ ᠬᠠᠪᠤᠷ ᠨᠠᠮ ᠤᠨ ᠡᠭᠦᠷ  ᠠᠴᠠ ᠭᠠᠵᠠᠷ ᠰᠢᠷᠣᠶ ᠶᠢᠨ ᠡᠷᠭᠢᠯᠲᠡ ᠶᠢᠨ ᠡᠷᠴᠢᠮ ᠢᠶᠠᠨ ᠴᠢᠩᠬᠠᠷᠠᠭᠤᠯᠵᠤ᠂ 500  ᠭᠠᠷᠦᠢ ᠮᠦ ᠭᠠᠵᠠᠷ ᠰᠢᠷᠣᠶ ᠶᠢ ᠳᠠᠭᠠᠭᠠᠴᠢᠯᠠᠵᠠᠶ᠃ ᠰᠤᠯᠠ ᠪᠠᠶᠢᠬᠤ ᠭᠠᠵᠠᠷ ᠰᠢᠷᠣᠶ ᠶᠢ ᠦᠨᠳᠦᠰᠦᠨ ᠳᠡᠭᠡᠨ ᠲᠡᠭᠰᠢᠯᠡᠵᠦ᠂ ᠭᠠᠵᠠᠷ ᠰᠢᠷᠣᠶ ᠶᠢ ᠬᠡᠪᠴᠢᠶᠡᠵᠢᠭᠦᠯᠦᠨ  ᠡᠵᠡᠩᠨᠡᠬᠦ ᠶᠢᠨ ᠬᠠᠮᠲᠤ ᠬᠥᠳᠡᠭᠡ ᠲᠣᠰᠬᠤᠨ ᠤ ᠦᠯᠡᠭᠦᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ  ᠠᠰᠠᠭᠤᠳᠠᠯ ᠢ  ᠰᠢᠢᠳᠪᠤᠷᠢᠯᠡᠵᠦ᠂ ᠲᠠᠷᠢᠶᠠᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠪᠠ᠃    ᠵᠠᠩ ᠲᠤᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠪᠠ ᠤᠷᠲᠤ ᠬᠤᠭᠤᠴᠠᠭᠠᠨ ᠤ ᠪᠣᠳᠣᠯᠭ᠎ᠠ ᠮᠥᠨ ᠭᠡᠳᠡᠭ ᠢ ᠭᠦᠨᠵᠡᠭᠡᠶ ᠣᠶᠢᠯᠠᠭᠠᠵᠤ᠂  ᠠᠵᠤ ᠠᠬᠤᠢ  ᠶᠢᠨ ᠣᠢ ᠰᠢᠭᠤᠶ ᠳᠤ᠂ ᠵᠠᠩ ᠲᠤᠤ ᠬᠠᠮᠲᠤ ᠶᠢᠨ ᠠᠵᠤ ᠤᠶᠢᠯᠡᠰ ᠤᠨ ᠬᠦᠷᠢᠶᠡᠯᠡᠩ ᠪᠣᠯᠭᠠᠨ ᠪᠠᠶᠢᠭᠤᠯᠵᠤ᠂ ᠲᠣᠭᠤᠷᠢᠨ ᠦᠵᠡᠬᠦ ᠲᠠᠷᠢᠶᠠᠯᠠᠩ᠂ ᠠᠮᠢ ᠠᠬᠤᠶ ᠶᠢᠨ ᠠᠵᠤ  ᠤᠶᠢᠯᠡᠰ ᠢ ᠬᠥᠭᠵᠢᠭᠦᠯᠵᠡᠶ᠃ ᠲᠣᠰᠬᠤᠨ ᠤ ᠠᠵᠤ ᠦᠢᠯᠡᠰ ᠢ ︽ᠠᠮᠢᠳᠤᠯᠢᠭ ᠪᠣᠯᠭᠠᠵᠤ︾᠂ ᠭᠡᠷ ᠢᠶᠠᠨ ᠰᠠᠬᠢᠵᠤ ᠬᠤᠴᠣᠷᠤᠭᠰᠠᠨ ᠲᠣᠰᠬᠤᠨ ᠤ ᠠᠷᠠᠳ ᠢ ︽ᠬᠥᠳᠡᠯᠭᠡᠵᠦ︾᠂ ᠲᠡᠳᠡᠨ ᠢ ᠭᠡᠷ ᠤᠨ  ᠬᠠᠵᠠᠭᠤ ᠳᠤ ᠠᠵᠢᠯ ᠬᠢᠯᠭᠡᠵᠦ᠂ ᠭᠡᠷ ᠠᠴᠠ ᠪᠠᠨ ᠭᠠᠷᠬᠤ ᠦᠭᠡᠢ ᠪᠠᠷ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠨ᠎ᠡ᠃      ᠲᠡᠭᠡᠳᠦ ᠱᠠᠲᠤᠨ ᠤ ᠪᠡᠯᠡ ᠮᠥᠩᠭᠦ ᠶᠢᠨ ᠴᠢᠰᠤ ᠶᠡᠭᠦᠯᠡᠭᠰᠡᠨ ᠠᠴᠠ ᠬᠠᠮᠲᠤ ᠶᠢᠨ ᠡᠳ᠋ ᠬᠥᠷᠥᠩᠭᠡ ᠶᠢ  ᠠᠮᠢᠳᠤᠯᠢᠭᠵᠢᠭᠤᠯᠵᠤ᠂ ᠠᠰᠢᠭ ᠬᠤᠨᠵᠢᠪᠣᠷᠢ ᠣᠯᠬᠤ ᠶᠢ ᠪᠡᠶᠡᠯᠡᠭᠦᠯᠬᠦ ᠴᠢᠰᠤ ᠪᠦᠲᠦᠭᠡᠬᠦ ᠬᠦᠷᠲᠡᠯ᠎ᠡ᠂ ᠵᠠᠩ ᠲᠤᠤ ᠨᠠᠮ ᠤᠨ ᠡᠭᠦᠷ ᠤᠨ ᠤᠳᠤᠷᠢᠳᠬᠤ ᠪᠠᠭ ᠢ ᠪᠦᠯᠬᠦᠮᠳᠡᠭᠦᠯᠦᠨ ᠳᠠᠶᠢᠴᠢᠯᠠᠵᠤ᠂ ᠠᠰᠠᠭᠤᠳᠠᠯ ᠢᠶᠠᠷ  ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠠᠶ᠃ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠣᠰᠬᠤᠨ ᠤ ᠠᠷᠠᠳ ᠲᠠᠢ  ᠬᠠᠮᠳᠤ ᠪᠠᠷ ᠲᠡᠮᠡᠴᠡᠵᠦ᠂ ᠡᠨᠡ ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ᠃ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ᠂ ᠵᠠᠩ ᠲᠤᠤ ᠢᠩᠭᠢᠵᠦ ᠬᠡᠯᠡᠭᠰᠡᠨ ᠨᠢ᠄ ︽ᠪᠢᠳᠡ ︿ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ﹀ ᠶᠢᠨ ᠬᠡᠪ ᠵᠠᠭᠪᠤᠷ ᠶᠣᠰᠣᠭᠠᠷ᠂ ᠨᠠᠮ ᠤᠨ ᠡᠭᠦᠷ ᠬᠥᠲᠥᠯᠥᠨ ᠳᠠᠭᠠᠭᠤᠯᠬᠤ ᠪᠥᠭᠡᠳ ᠬᠢᠨᠠᠯᠲᠠ ᠲᠠᠯᠪᠢᠵᠤ᠂ ᠺᠣᠮᠫᠠᠨᠢ ᠪᠠᠷ ᠡᠵᠡᠩᠨᠡᠭᠦᠯᠬᠦ ᠪᠠᠷ ᠪᠡᠯᠡᠳᠬᠡᠵᠦ ᠪᠠᠶᠢᠨ᠎ᠠ᠃ ᠲᠠᠷᠢᠶᠠᠴᠢᠨ ᠡᠷᠦᠬᠡ ᠶᠢᠨ ︿ᠠᠵᠢᠯ ᠣᠯᠭᠤᠯᠲᠠ ᠶᠢᠨ ᠴᠠᠯᠢᠩ + ᠠᠵᠤ  ᠤᠶᠢᠯᠡᠰ ᠤᠨ ᠠᠰᠢᠭ ᠬᠤᠪᠢᠶᠠᠷᠢᠯᠠᠯᠲᠠ﹀ ᠶᠢᠨ  ᠬᠤᠶᠠᠷ ᠵᠤᠶᠢᠯ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ  ᠃      ︽ᠢᠲᠡᠭᠡᠯ ᠵᠣᠷᠢᠭ ᠲᠠᠢ ᠯᠠ ᠶᠤᠮ ᠪᠣᠯ ᠰᠢᠷ᠎ᠠ ᠬᠥᠷᠥᠰᠥ ᠶᠢ ᠠᠯᠲᠠ ᠪᠣᠯᠭᠠᠮᠤᠢ︾  ᠃ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠤᠨ ᠠᠰᠠᠭᠤᠳᠠᠯ ᠢ  ᠰᠢᠢᠳᠪᠤᠷᠢᠯᠡᠬᠦ ᠪᠣᠯ ᠮᠠᠨ ᠤ ᠨᠠᠮ ᠤᠨ ᠠᠷᠠᠳ ᠲᠦᠮᠡᠨ᠂ ᠲᠡᠤᠬᠡ ᠶᠢᠨ ᠲᠤᠬᠠᠶ ᠠᠮᠠᠯᠠᠯᠲᠠ ᠮᠥᠨ᠃ ᠨᠠᠮ ᠤᠨ ᠡᠭᠦᠷ ᠢ ᠠᠵᠤ  ᠤᠶᠢᠯᠡᠰ ᠤᠨ ᠬᠡᠯᠬᠢᠶ᠎ᠡ ᠶᠢᠨ ᠨᠢᠭᠡᠳᠦᠭᠡᠷ ᠹᠷᠣᠨᠲ ᠲᠤ ᠪᠠᠶᠢᠭᠤᠯᠵᠤ᠂  ︽ᠴᠡᠭ ᠢᠶᠠᠷ  ᠤᠷᠤᠨ ᠪᠦᠰᠡ ᠶᠢ ᠲᠠᠶᠢᠴᠢᠯᠠᠵᠦ᠂ ᠦᠯᠢᠭᠡᠷ ᠵᠢᠱᠢᠶ᠎ᠡ ᠪᠠᠷ ᠤᠯᠠᠨ ᠢ ᠲᠠᠭᠠᠭᠤᠯᠬᠤ︾ ᠠᠵᠢᠯ ᠤᠨ ᠰᠡᠳᠭᠢᠴᠡ ᠪᠠᠷ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠭᠰᠡᠨ‌ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠨᠡ ᠬᠦ ᠬᠠᠲᠠᠭᠤ ᠳᠠᠶᠢᠯᠠᠯᠳᠤᠭᠠᠨ ᠬᠠᠮᠤᠭ ᠰᠡᠭᠦᠯ ᠳᠤ ᠨᠢ ᠬᠦᠷᠬᠦ ᠲᠤᠲᠤᠮ ᠤᠯᠠᠮ ᠴᠢᠩᠭ᠎ᠠ ᠬᠥᠪᠴᠢᠯᠡᠵᠦ᠂ ᠬᠦᠴᠦᠯᠡᠨ ᠴᠢᠷᠮᠠᠶᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠭᠠᠪᠰᠢᠭᠠᠶᠢᠯᠠᠨ ᠪᠠᠶᠢᠯᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠵᠤ᠂ ᠴᠢᠨᠡᠭᠡᠯᠢᠭ  ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ  ᠴᠤᠭᠴᠠᠯᠠᠨ᠎ᠠ᠃                          ᠰᠤᠷᠪᠤᠯᠵᠢᠯᠠᠭᠴᠢ᠄ ᠮᠠ ᠹᠠᠩ                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2