ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠸᠧᠨ ᠢᠦᠢ ᠮᠠᠨ ᠤ ᠰᠢᠶᠠᠨ ᠳᠤ ᠬᠦᠷᠴᠦ ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-24
   7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠸᠧᠨ ᠢᠦᠶ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ ᠮᠠᠨ ᠤ ᠰᠢᠶᠠᠨ ᠳᠤ ᠭᠦᠨᠵᠡᠭᠡᠶᠢᠷᠡᠨ  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠫᠧᠩ ᠭᠠᠩ᠂ ᠰᠢᠶᠠᠨ ᠤ ᠨᠠᠮ ᠤᠨ ᠬᠤᠷᠢᠶᠠᠨ ᠤ ᠳᠡᠳ᠋  ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠴᠧᠨ ᠸᠧᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠢᠶᠠ ᠰᠢᠶᠤᠤ ᠫᠢᠩ ᠪᠠᠷ᠎ᠠ ᠪᠤᠯᠵᠤ  ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃
        ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠲᠢᠶᠠᠨ ᠴᠧᠩ ᠰᠢᠶᠠᠩ ᠤᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠳᠠᠭ᠎ᠠ ᠶᠢᠨ ᠨᠠᠭᠤᠷ ᠤᠨ ᠴᠠᠬᠢᠯᠭᠠᠨ ᠤ  ᠤᠶᠢᠯᠡᠳᠪᠤᠷᠢ᠂ ᠳᠠᠭ᠎ᠠ ᠶᠢᠨ ᠨᠠᠭᠤᠷ ᠤᠨ ᠡᠮᠦᠨ᠎ᠡ ᠡᠷᠭᠢ ᠳᠤ ᠭᠦᠨᠵᠡᠭᠡᠶᠢᠷᠡᠨ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠲᠠᠷᠢᠵᠤ ᠲᠡᠵᠢᠭᠡᠨ ᠦᠷᠡᠵᠢᠭᠦᠯᠬᠦ ᠲᠠᠯᠠᠪᠠᠢ ᠶᠢ ᠴᠡᠪᠡᠷᠯᠡᠨ  ᠨᠡᠭᠦᠯᠭᠡᠵᠦ ᠲᠥᠪᠬᠢᠨᠡᠭᠦᠯᠬᠦ᠂ ᠳᠠᠭ᠎ᠠ ᠶᠢᠨ ᠨᠠᠭᠤᠷ ᠤᠨ ᠴᠠᠬᠢᠯᠭᠠᠨ ᠤ  ᠤᠶᠢᠯᠡᠳᠪᠤᠷᠢ ᠶᠢᠨ ᠳᠤᠮᠳᠠᠬᠢ ᠤᠰᠤ ᠶᠢ ᠡᠭᠡᠭᠦᠯᠦᠨ  ᠬᠡᠷᠡᠭᠯᠡᠬᠦ ᠵᠢᠴᠢ ᠮᠠᠰᠢᠨ ᠴᠣᠭᠴᠠᠯᠠᠪᠤᠷᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠲᠤᠬᠠᠶ ᠲᠤᠬᠠᠶ ᠶᠢᠨ  ᠭᠠᠵᠠᠷ ᠲᠤᠨᠢ ᠪᠠᠶᠢᠴᠠᠭᠠᠨ ᠰᠤᠳᠤᠯᠤᠯᠲᠠ  ᠬᠢᠵᠦ᠂ ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠪᠠ᠃
       ᠬᠤᠷᠠᠯ ᠳᠡᠭᠡᠷ᠎ᠡ᠂ ᠢᠦᠢ ᠳ᠋ᠠᠢ ᠴᠢᠩ ᠮᠠᠨ ᠤ ᠰᠢᠶᠠᠨ ᠤ  ᠲᠠᠭ᠎ᠠ ᠶᠢᠨ  ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ‌ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢᠨ ᠵᠠᠰᠠᠯᠲᠠ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠮᠥᠷᠲᠡᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃  ᠤᠶᠢᠷ᠎ᠠ ᠶᠢᠨ ᠵᠢᠯ ᠤᠨ ᠲᠤᠷᠰᠢ᠂ ᠯᠢᠶᠠᠩᠴᠧᠩ ᠰᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ  ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠳᠣᠪᠤᠶᠢᠮ᠎ᠠ ᠪᠠᠶᠢᠷᠢᠨ ᠳᠤ ᠲᠠᠯᠪᠢᠵᠠᠶ᠃ ᠠᠮᠢ ᠠᠬᠤᠶ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ  ᠤᠯᠵᠦ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠪᠡ᠃
        ᠪᠠᠶᠢᠴᠠᠭᠠᠨ ᠰᠤᠳᠤᠯᠬᠤ ᠳᠤᠭᠤᠶᠢᠯᠠᠩ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠶᠢ ᠡᠷᠬᠢᠮᠯᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠲᠠᠢ  ᠨᠢᠭᠡᠳᠭᠡᠵᠦ᠂ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ  ᠡᠭᠦᠷᠭᠡᠯᠡᠬᠦ ᠬᠡᠷᠡᠭᠳᠡᠢ ᠭᠡᠪᠡ᠃
        ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ︽ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ︵ᠵᠠᠰᠠᠪᠤᠷᠢ ᠣᠷᠣᠭᠤᠯᠬᠤ︶︾ ᠪᠣᠯ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠪᠣᠳᠠᠲᠠᠶ ᠲᠠᠢ ᠨᠡᠶᠢᠴᠡᠭᠰᠡᠨ ᠲᠥᠯᠥᠪᠵᠢᠭᠦᠯᠭᠡ ᠮᠥᠨ᠂ ᠯᠢᠶᠠᠩᠴᠧᠩ ᠰᠢᠶᠠᠨ ᠲᠥᠯᠥᠪᠵᠢᠭᠦᠯᠭᠡ ᠪᠠᠷ ᠤᠳᠤᠷᠢᠳᠤᠮᠵᠢ ᠪᠣᠯᠭᠠᠬᠤ ᠬᠡᠷᠡᠭᠲᠡᠶ᠃ ᠪᠣᠳᠠᠲᠠᠶ ᠲᠥᠷᠥᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠲᠥᠯᠥᠪᠵᠢᠭᠦᠯᠭᠡ ᠶᠢ ᠴᠢᠩᠭ᠎ᠠ  ᠵᠢᠷᠤᠮᠯᠠᠨ ᠬᠡᠷᠡᠭᠵᠢᠭᠦᠯᠵᠦ᠂ ᠲᠡᠮᠦᠷ ᠳᠡᠭᠡᠷ᠎ᠡ ᠮᠥᠷ ᠲᠠᠢ᠂ ᠴᠢᠯᠠᠭᠤᠨ ᠳᠡᠭᠡᠷ᠎ᠡ ᠮᠥᠷ ᠲᠠᠢ᠂ ᠤᠳᠠᠭᠠᠨ ᠳᠠᠭᠠᠭᠠᠮᠠᠭᠠᠢ ᠠᠵᠢᠯᠯᠠᠵᠤ᠂ ᠡᠯ᠎ᠡ ᠵᠦᠢᠯ ᠤᠨ ᠵᠠᠰᠠᠯᠲᠠ ᠶᠢᠨ ᠠᠵᠢᠯ ᠥᠨᠳᠥᠷ ᠪᠦᠲᠦᠮᠵᠢᠲᠡᠢ᠂ ᠡᠮᠬᠢ  ᠵᠢᠷᠤᠮ ᠲᠠᠢ᠂ ᠯᠠᠪᠳᠠᠭᠤᠨ ᠪᠠᠲᠤᠲᠠᠢ ᠠᠬᠢᠬᠤ ᠶᠢ ᠪᠠᠲᠤᠯᠠᠨ᠎ᠠ᠃  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠨᠢ ᠬᠦᠴᠦᠨ ᠢᠶᠠᠨ  ᠨᠢᠭᠡᠳᠭᠡᠵᠦ᠂  ᠲᠤᠪᠤᠶᠢᠮ᠎ᠠ ᠲᠥᠪᠯᠡᠷᠡᠭᠦᠯᠬᠦ ᠪᠠᠷ ᠪᠠᠷᠠᠬᠤ ᠦᠭᠡᠢ ᠪᠠᠰᠠ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂  ᠬᠠᠮᠵᠢᠯᠴᠠᠬᠤ ᠶᠢ ᠴᠢᠬᠤᠯᠠᠴᠢᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ  ᠶᠤᠰᠤᠭᠠᠷ ᠵᠣᠬᠢᠴᠠᠭᠤᠯᠤᠨ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂  ᠲᠡᠭᠡᠳᠦ ᠳᠣᠣᠷᠠᠳᠤ ᠱᠠᠲᠤ ᠬᠦᠴᠦ ᠪᠠᠨ ᠬᠠᠮᠲᠤᠳᠬᠠᠨ᠂  ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠴᠠᠭ ᠲᠤᠨᠢ ᠴᠢᠨᠠᠷ  ᠢ ᠪᠠᠲᠤᠯᠠᠨ  ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ  ᠲᠤᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ  ᠲᠤᠪᠴᠢᠶ᠎ᠠ  ᠵᠡᠷᠭᠡ ᠬᠠᠮᠢᠶ᠎ᠠ ᠪᠦᠬᠦᠢ ᠨᠢᠭᠡᠴᠢ ᠵᠢᠴᠢ ᠬᠡᠰᠡᠭ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                                    ᠰᠤᠷᠪᠤᠯᠵᠢᠯᠠᠭᠴᠢ᠄  ᠵᠠᠩ ᠰᠢᠶᠣᠤ ᠢᠩ                                    ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                    ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2