ᠰᠢᠶᠠᠨ ᠤ ᠤᠯᠤᠰ ᠲᠥᠷᠥ ᠶᠢᠨ ᠵᠥᠪᠯᠡᠯᠭᠡᠨ ᠵᠢᠷᠭᠤᠳᠤᠭᠠᠷ ᠰᠤᠮᠤ ᠪᠠᠯᠭᠠᠰᠤ ᠵᠡᠷᠭᠡ ᠦᠨᠡᠯᠡᠯᠲᠡ ᠬᠦᠯᠢᠶᠡᠭᠰᠡᠨ ᠨᠢᠭᠡᠴᠡ ᠳᠤ ᠭᠦᠨᠵᠡᠭᠡᠶᠢᠷᠡᠨ 2020 ᠣᠨ ᠤ ᠠᠷᠠᠳᠴᠢᠯᠠᠯ ᠢᠶᠠᠷ ᠦᠨᠡᠯᠡᠯᠲᠡ ᠬᠢᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020-07-27
  7 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠵᠧᠦ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ  ᠤᠨ ᠳᠤᠭᠤᠶᠢᠯᠠᠩ ᠢ ᠳᠠᠭᠠᠭᠤᠯᠤᠨ ᠤᠷᠢᠳ ᠬᠤᠵᠢᠳ ᠵᠢᠷᠭᠤᠳᠤᠭᠠᠷ ᠰᠤᠮᠤ ᠪᠠᠯᠭᠠᠰᠤ᠂ ᠰᠢᠶᠠᠨ ᠤ ᠬᠤᠲᠠ ᠶᠢᠨ  ᠬᠠᠮᠢᠶᠠᠷᠤᠯᠳᠡ ᠶᠢᠨ ᠲᠣᠪᠴᠢᠶ᠎ᠠ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠦᠨᠵᠡᠭᠡᠶᠢᠷᠡᠨ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠢ ᠥᠷᠨᠢᠭᠦᠯᠪᠡ᠃    ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠤᠨ ᠳᠤᠭᠤᠶᠢᠯᠠᠩ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ  ᠪᠤᠯᠤᠨ ᠵᠢᠷᠭᠤᠳᠤᠭᠠᠷ ᠰᠤᠮᠤ ᠪᠠᠯᠭᠠᠰᠤᠨ ᠳᠤ ᠲᠤᠰ ᠲᠤᠰ ᠠᠷᠠᠳᠴᠢᠯᠠᠯ ᠢᠶᠠᠷ ᠦᠨᠡᠯᠡᠬᠦ ᠠᠵᠢᠯ ᠤᠨ  ᠲᠠᠶᠢᠴᠢᠯᠠᠯᠳᠡ ᠶᠢᠨ ᠬᠤᠷᠠᠯ ᠬᠢᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ  ︽2020 ᠤᠨ ᠤ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠤᠨ ᠲᠥᠰᠦᠯ︾ ᠢ ᠤᠯᠠᠮᠵᠢᠯᠠᠪᠠ᠃ ᠦᠨᠡᠯᠡᠭᠳᠡᠭᠰᠡᠨ ᠨᠢᠭᠡᠴᠡ᠂ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠤ  ᠤᠶᠢᠷ᠎ᠠ ᠶᠢᠨ ᠬᠤᠭᠤᠴᠠᠭᠠᠨ ᠤ ᠠᠵᠢᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     ᠯᠢ ᡁᠢ  ᠵᠧᠦ ᠵᠢᠭᠠᠵᠤ ᠭᠠᠷᠭᠠᠭᠰᠠᠨ ᠨᠢ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠠᠵᠢᠯ ᠥᠷᠨᠢᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠡᠭᠦᠷᠭᠡ ᠴᠢᠳᠠᠪᠤᠷᠢ ᠶᠢ  ᠭᠦᠢᠴᠡᠳᠭᠡᠬᠦ ᠶᠢᠨ  ᠴᠢᠬᠤᠯᠠ ᠠᠭᠤᠯᠭ᠎ᠠ ᠮᠥᠨ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠢᠷᠢ ᠬᠡᠮᠵᠢᠶ᠎ᠡ ᠪᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠃ ᠦᠨᠡᠯᠡᠨ ᠵᠥᠪᠯᠡᠬᠦ ᠳᠤᠭᠤᠶᠢᠯᠠᠩ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠢ ᠪᠣᠳᠣᠯᠬᠢᠯᠠᠨ᠂ ᠭᠤᠤᠯ ᠠᠵᠢᠯ ᠪᠣᠯᠤᠨ ᠣᠶᠤᠨ ᠴᠢᠳᠠᠯ ᠢᠶᠠᠨ ᠠᠵᠢᠯ ᠤᠨ ᠶᠡᠷᠦᠩᠬᠡᠶ ᠴᠣᠭᠴᠠ ᠶᠢᠨ ᠦᠨᠡᠯᠡᠯᠲᠡ ᠳᠡᠭᠡᠷ᠎ᠡ ᠲᠠᠯᠪᠢᠵᠤ᠂ ᠰᠠᠨᠠᠯ ᠵᠥᠪᠯᠡᠯᠭᠡ ᠳᠤᠷᠠᠳᠬᠤ ᠶᠢ ᠵᠠᠩᠭᠢᠯᠠᠭ᠎ᠠ ᠶᠢᠨ ᠭᠠᠵᠠᠷ ᠪᠠᠶᠢᠭᠤᠯᠵᠤ᠂ ᠠᠷᠠᠳᠴᠢᠯᠠᠯ ᠢᠶᠠᠷ ᠦᠨᠡᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ ᠭᠡᠪᠡ᠃     ᠯᠢ ᡁᠢ ᠵᠧᠦ ᠱᠠᠭᠠᠷᠳᠠᠭᠰᠠᠨ ᠨᠢ᠂ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠤᠯᠴᠢ᠂ ᠭᠤᠤᠯᠳᠠᠯᠭ᠎ᠠ ᠶᠢ ᠳᠣᠪᠤᠶᠢᠯᠭᠠᠬᠤ᠂ ᠪᠣᠳᠠᠲᠤ ᠦᠷ᠎ᠡ  ᠪᠦᠳᠦᠮᠵᠢ ᠶᠢ ᠴᠢᠬᠤᠯᠠᠴᠢᠯᠠᠬᠤ ᠵᠠᠷᠴᠢᠮ  ᠢ ᠪᠠᠷᠢᠮᠲᠠᠯᠠᠵᠤ᠂ ᠦᠨᠡᠯᠡᠭᠳᠡᠭᠰᠡᠨ ᠨᠢᠭᠡᠴᠡ ᠶᠢᠨ ᠲᠤᠷᠰᠢᠯᠭ᠎ᠠ ᠪᠠᠨ ᠳ᠋ᠦᠩᠨᠡᠬᠦ ᠶᠢ ᠠᠬᠢᠭᠤᠯᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠡᠷᠢᠵᠦ᠂  ᠤᠶᠢᠯᠡᠴᠢᠯᠡᠭᠡᠨ ᠤ ᠶᠠᠰᠤ ᠴᠢᠨᠠᠷ  ᠢ ᠳᠡᠭᠡᠭᠰᠢᠯᠡᠭᠦᠯᠦᠨ᠂ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ  ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ ᠡᠯ᠎ᠡ ᠵᠤᠶᠢᠯ ᠤᠨ ᠬᠡᠯᠪᠡᠷᠢ ᠪᠠᠷ ᠠᠷᠠᠳᠴᠢᠯᠠᠯ ᠢᠶᠠᠷ ᠦᠨᠡᠯᠡᠬᠦ ᠠᠵᠢᠯ ᠢ ᠥᠷᠭᠡᠨ ᠢᠶᠠᠷ  ᠤᠬᠠᠭᠤᠯᠬᠤ ᠬᠡᠷᠡᠭᠲᠡᠶ᠃ ᠦᠨᠡᠯᠡᠨ ᠶᠠᠷᠢᠯᠴᠠᠬᠤ ᠠᠵᠢᠯ ᠢ ᠵᠣᠬᠢᠶᠠᠨ ᠪᠠᠶᠢᠭᠤᠯᠤᠨ ᠳᠠᠶᠢᠴᠢᠯᠠᠬᠤ ᠶᠢ ᠦᠨᠡᠨᠬᠦ ᠴᠢᠩᠭᠠᠳᠬᠠᠵᠤ᠂ ᠤᠯᠤᠰ ᠲᠥᠷᠥ  ᠶᠢᠨ ᠵᠥᠪᠯᠡᠯᠭᠡᠨ ᠤ ᠭᠡᠰᠢᠭᠦᠳ᠂ ᠡᠯ᠎ᠡ ᠡᠲᠡᠭᠡᠳ ᠤᠨ ᠲᠥᠯᠥᠭᠡᠯᠡᠭᠴᠢ ᠬᠥᠮᠦᠰ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠥᠷᠭᠡᠨ ᠢᠶᠠᠷ ᠣᠷᠣᠯᠴᠠᠬᠤ ᠶᠢ  ᠭᠦᠢᠴᠡᠳ ᠳᠠᠶᠢᠴᠢᠯᠠᠬᠤ ᠬᠡᠷᠡᠭᠲᠡᠶ᠃     ᠠᠷᠠᠳᠴᠢᠯᠠᠯ ᠢᠶᠠᠷ ᠦᠨᠡᠯᠡᠬᠦ ᠭᠤᠷᠪᠠᠨ ᠠᠵᠢᠯ ᠤᠨ ᠳᠤᠭᠤᠶᠢᠯᠠᠩ ᠰᠢᠶᠠᠨ ᠤ ᠦᠯᠦ ᠬᠥᠳᠡᠯᠬᠦ ᠬᠥᠷᠥᠩᠭᠡ ᠶᠢᠨ ᠲᠠᠩᠰᠠᠯᠠᠯᠳᠡ ᠶᠢᠨ ᠲᠥᠪ ᠤᠨ ᠪᠦᠲᠦᠭᠡᠨ ᠪᠠᠶᠢᠭᠤᠯᠤᠯᠲᠠ᠂  ᠮᠠᠶᠢᠬᠠᠨᠳᠤ ᠶᠢᠨ ᠪᠠᠶᠢᠭᠠᠯᠢ ᠶᠢᠨ ᠡᠬᠢ ᠪᠠᠶᠠᠯᠢᠭ ᠤᠨ  ᠠᠵᠢᠯᠯᠠᠭᠠᠨ ᠤ ᠪᠠᠶᠢᠳᠠᠯ ᠵᠡᠭᠦᠨ ᠮᠦᠸᠧ ᠯᠢ  ᠾᠧ ᠭᠤᠤᠯ ᠤᠨ ᠵᠠᠰᠠᠯᠲᠠ ᠵᠢᠴᠢ ᠬᠤᠭ ᠨᠣᠪᠰᠢ ᠶᠢᠨ ᠵᠥᠭᠡᠭᠡᠪᠦᠷᠢ ᠶᠢᠨ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠠᠶ᠃ ᠵᠢᠷᠭᠤᠳᠤᠭᠠᠷ ᠰᠤᠮᠤ ᠪᠠᠯᠭᠠᠰᠤᠨ ᠤ ᠵᠢᠦ ᠵᠢᠤᠢ ᠨᠢᠤ ᠭᠸᠦ ᠪᠠᠶ ᠷᠦᠢ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠶᠢᠯᠡᠳᠪᠤᠷᠢ ᠪᠠᠶᠢᠭᠤᠯᠤᠭᠰᠠᠨ ᠪᠠ ᠵᠠᠮ ᠳᠠᠭᠠᠤ ᠣᠷᠴᠢᠨ ᠲᠣᠭᠤᠷᠢᠨ ᠤ ᠠᠷᠢᠭᠤᠨ ᠴᠡᠪᠡᠷ  ᠢ ᠴᠡᠭᠴᠡᠯᠡᠨ ᠵᠠᠰᠠᠭᠰᠠᠨ ᠠᠵᠢᠯ ᠤᠨ  ᠪᠠᠶᠢᠳᠠᠯ ᠲᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠳᠡ ᠬᠢᠪᠡ᠃                                                                                             ᠵᠤᠬᠢᠶᠠᠭᠴᠢ᠄ ᠱᠠᠩ ᠶᠦᠨ ᠰᠢᠶᠠ                                         ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2